ᠰᠢᠩ ᠾᠧ ᠰᠢᠶᠠᠨ ᠤ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ ᠪᠣᠯ ᠰᠢᠩ ᠾᠧ ᠰᠢᠶᠠᠨ ᠤ | ᠠᠷᠠᠳ ᠤᠨ ᠵᠠᠰᠠᠭ ᠤᠨ ᠣᠷᠳᠣᠨ ᠤ ᠠᠵᠢᠯ ᠤᠨ ᠰᠠᠯᠠᠭ᠎ᠠ ᠮᠥᠴᠢᠷ ᠮᠥᠨ᠂ ᠵᠢᠩᠬᠢᠨᠢ ᠰᠠᠯᠠᠭᠠᠨ ᠤ ᠳᠡᠰ᠃ | ᠲᠤᠤᠷ᠎ᠠ ᠨᠢ ᠠᠯᠪᠠᠨ ᠬᠡᠷ ︵ᠵᠠᠰᠠᠭ ᠵᠠᠬᠢᠷᠭᠠᠨ ᠤ ᠬᠢᠨᠠᠨ ᠵᠦᠪᠰᠢᠶᠡᠷᠡᠬᠦ ᠲᠠᠰᠤᠭ︶᠂ ᠵᠤᠬᠢᠶᠠᠨ ᠪᠠᠶᠢᠭᠤᠯᠬᠤ | ᠠᠵᠢᠯᠳᠠᠨ ᠤ ᠶᠠᠪᠤᠳᠠᠯ ᠤᠨ ᠳᠠᠰᠤᠭ᠂ ᠲᠦᠯᠦᠪᠯᠡᠭᠡ ᠡᠳ᠋ ᠤᠨ ᠶᠠᠪᠤᠳᠠᠯ ᠤᠨ ᠳᠠᠰᠤᠭ᠂ ᠰᠠᠭᠤᠷᠢ ᠰᠤᠷᠭᠠᠨ | ᠬᠦᠮᠦᠵᠢᠯ ᠤᠨ ᠳᠠᠰᠤᠭ᠂ ᠶᠤᠰᠤ ᠮᠤᠷᠠᠯ ᠤᠨ ᠬᠦᠮᠦᠵᠢᠯ ᠤᠨ ᠳᠠᠰᠤᠭ᠂ ᠬᠢᠨᠠᠨ ᠵᠢᠯᠤᠭᠤᠳᠬᠤ ᠳᠠᠰᠤᠭ᠂ ᠪᠡᠶ᠎ᠡ ᠶᠢᠨ | ᠲᠠᠮᠢᠷ ᠡᠷᠡᠬᠦᠯ ᠬᠠᠮᠠᠭᠠᠯᠠᠯ ᠪᠠ ᠤᠷᠠᠯᠢᠭ ᠤᠨ ᠰᠤᠷᠭᠠᠨ ᠬᠦᠮᠦᠵᠢᠯ ᠤᠨ ᠳᠠᠰᠤᠭ᠂ ᠰᠤᠷᠭᠠᠭᠤᠯᠢ ᠶᠢᠨ ᠠᠮᠤᠷ | ᠲᠦᠪᠰᠢᠨ ᠤ ᠬᠠᠮᠢᠶᠠᠷᠤᠯᠳᠠ ᠶᠢᠨ ᠳᠠᠰᠤᠭ᠂ ᠲᠦᠷᠦᠯ ᠵᠦᠢᠯ ᠤᠨ ᠳᠠᠰᠤᠭ ᠵᠡᠷᠬᠡ 9 ᠳᠤᠳᠤᠭᠠᠳᠤ ᠪᠠᠶᠢᠭᠤᠯᠤᠮᠵᠢ | ᠪᠠᠶᠢᠭᠤᠯᠵᠤ᠂ ᠰᠤᠷᠤᠭᠴᠢ ᠡᠯᠰᠡᠬᠦ ᠠᠯᠪᠠᠨ ᠬᠡᠷ᠂ ᠰᠤᠷᠤᠭᠴᠢ ᠶᠢᠨ ᠬᠠᠮᠢᠶᠠᠷᠤᠯᠳᠠ ᠪᠠᠷ ᠳᠤᠰᠠᠯᠠᠬᠤ ᠳᠦᠪ᠂ | ᠴᠠᠬᠢᠯᠭᠠᠨᠴᠢᠯᠠᠭᠰᠠᠨ ᠰᠤᠷᠭᠠᠨ ᠬᠦᠮᠦᠵᠢᠯ ᠤᠨ ᠦᠷᠳᠡᠭᠡ᠂ ᠪᠦᠬᠦ ᠠᠷᠠᠳ ᠤᠨ ᠪᠡᠶ᠎ᠡ ᠴᠢᠬᠢᠷᠠᠭᠵᠢᠭᠤᠯᠬᠤ | ᠠᠵᠢᠯᠯᠠᠭᠠᠨ ᠤ ᠳᠦᠪ᠂ ᠠᠵᠢᠯ ᠤᠨ ᠴᠢᠯᠦᠬᠡᠨ ᠤ ᠪᠡᠶ᠎ᠡ ᠶᠢᠨ ᠳᠠᠮᠢᠷ ᠤᠨ ᠰᠤᠷᠭᠠᠭᠤᠯᠢ᠂ ᠳᠠᠪᠳᠠᠨ ᠪᠤᠯᠪᠠᠰᠤᠷᠠᠭᠤᠯᠬᠤ | ᠰᠤᠷᠭᠠᠭᠤᠯᠢ ᠪᠠᠷ ᠳᠤᠤᠷ᠎ᠡ ᠬᠤᠶᠠᠳᠤᠭᠠᠷ ᠳᠡᠰ ᠤᠨ ᠨᠢᠬᠡᠴᠢ᠂ ᠳᠤᠪᠴᠢᠶ᠎ᠠ ᠶᠢᠨ ᠪᠠᠶᠢᠭᠤᠯᠭ᠎ᠠ ᠶᠢᠨ ᠠᠵᠢᠯ ᠤᠨ | ᠪᠠᠶᠢᠷᠢ ᠳᠤ ᠪᠠᠶᠢᠭ᠎ᠠ ᠺᠠᠳ᠋ᠷ ᠠᠵᠢᠯᠳᠠᠨ 81 ᠬᠦᠮᠦᠨ ᠪᠠᠶᠢᠪᠠ᠃ | 2019 ᠣᠨ ᠤ ᠡᠴᠦᠰ ᠪᠣᠯᠲᠠᠯ᠎ᠠ᠂ ᠮᠠᠨ ᠤ ᠰᠢᠶᠠᠨ ᠳᠤ ᠳᠤᠮᠳᠠᠳᠤ ᠪᠠᠭ᠎ᠠ ᠰᠤᠷᠭᠠᠭᠤᠯᠢ ᠬᠡᠤᠬᠡᠳ ᠤᠨ | ᠴᠡᠴᠡᠷᠯᠢᠭ ᠨᠡᠶᠢᠲᠡ 24 ᠪᠣᠶ᠃ ᠪᠠᠭ᠎ᠠ ᠰᠤᠷᠭᠠᠭᠤᠯᠢ 16 ︵ᠬᠤᠳᠠ ᠶᠢᠨ ᠳᠤᠳᠤᠷᠠᠬᠢ 9 ᠰᠠᠭᠤᠷᠢ᠂ ᠰᠢᠶᠠᠩ | ᠪᠠᠯᠭᠠᠰᠤᠨ ᠤ 7᠂ 7 ᠵᠢᠭᠠᠨ ᠰᠤᠷᠭᠠᠬᠤ ᠴᠡᠭ︶᠂ ᠵᠢᠭᠠᠨ ᠰᠤᠷᠭᠠᠬᠤ ᠠᠩᠬᠢ 236᠂ ᠰᠤᠷᠭᠠᠭᠤᠯᠢ ᠳᠤ ᠪᠠᠶᠢᠭ᠎ᠠ | ᠰᠤᠷᠤᠭᠴᠢ 9717 ᠪᠤᠢ︔ ᠠᠩᠬ᠎ᠠ ᠵᠡᠷᠬᠡ ᠶᠢᠨ ᠳᠤᠮᠳᠠᠳᠤ ᠰᠤᠷᠭᠠᠭᠤᠯᠢ 3᠂ ᠵᠢᠭᠠᠨ ᠰᠤᠷᠭᠠᠬᠤ ᠠᠩᠬᠢ 69᠂ | ᠰᠤᠷᠭᠠᠭᠤᠯᠢ ᠳᠤ ᠪᠠᠶᠢᠭ᠎ᠠ ᠰᠤᠷᠤᠭᠴᠢ 3119 ᠪᠤᠢ︔ ᠳᠡᠬᠡᠳᠤ ᠵᠡᠷᠬᠡ ᠶᠢᠨ ᠳᠤᠮᠳᠠᠳᠤ ᠰᠤᠷᠭᠠᠭᠤᠯᠢ 1᠂ | ᠡᠩ ᠤᠨ ᠳᠡᠬᠡᠳᠤ ᠵᠡᠷᠬᠡ ᠶᠢᠨ ᠳᠤᠮᠳᠠᠳᠤ ᠰᠤᠷᠭᠠᠭᠤᠯᠢ ᠶᠢᠨ ᠰᠤᠷᠭᠠᠭᠤᠯᠢ ᠳᠤ ᠪᠠᠶᠢᠭ᠎ᠠ ᠰᠤᠷᠤᠭᠴᠢ 1772᠂ | ᠵᠢᠭᠠᠨ ᠰᠤᠷᠭᠠᠬᠤ ᠠᠩᠬᠢ 38᠂ ᠠᠵᠢᠯ ᠮᠡᠷᠬᠡᠵᠢᠯ ᠤᠨ ᠳᠡᠬᠡᠳᠤ ᠵᠡᠷᠬᠡ ᠶᠢᠨ ᠳᠤᠮᠳᠠᠳᠤ ᠰᠤᠷᠭᠠᠭᠤᠯᠢ ᠶᠢᠨ | ᠰᠤᠷᠤᠭᠴᠢ 285᠂ ᠵᠢᠭᠠᠨ ᠰᠤᠷᠭᠠᠬᠤ ᠠᠩᠬᠢ 5 ᠪᠤᠢ︔ ᠠᠯᠪᠠᠨ ᠠᠴᠠ ᠡᠷᠬᠢᠯᠡᠭᠰᠡᠨ ᠬᠡᠦᠬᠡᠳ ᠤᠨ ᠴᠡᠴᠡᠷᠯᠢᠭ | 18᠂ ᠴᠡᠴᠡᠷᠯᠢᠭ ᠲᠤ ᠰᠠᠭᠤᠭ᠎ᠠ ᠬᠡᠦᠬᠡᠳ 3598 ᠪᠠᠶᠢᠪᠠ᠃ ᠪᠦᠬᠦ ᠰᠢᠶᠠᠨ ᠳᠤ ᠪᠠᠭᠰᠢ᠂ ᠠᠵᠢᠯᠳᠠᠨ᠂ | ᠠᠵᠢᠯᠴᠢᠨ 1 743 ᠪᠠᠶᠢᠵᠦ᠂ ᠡᠬᠦᠨ ᠳᠤ ᠳᠤᠰᠬᠠᠢ ᠪᠠᠭᠰᠢ 1 141 ᠪᠠᠶᠢᠪᠠ᠃ ᠪᠠᠭ᠎ᠠ ᠰᠤᠷᠭᠠᠭᠤᠯᠢ ᠶᠢᠨ | ᠲᠤᠰᠬᠠᠶ ᠪᠠᠭᠰᠢ 666 ᠬᠥᠮᠦᠨ᠂ ᠳᠡᠭᠡᠳᠦ ᠵᠡᠷᠭᠡ ᠶᠢᠨ ᠲᠤᠰᠬᠠᠶ ᠮᠡᠷᠭᠡᠵᠢᠯ ᠤᠨ ᠰᠤᠷᠭᠠᠭᠤᠯᠢ ᠠᠴᠠ ᠳᠡᠭᠡᠭᠰᠢᠬᠢ | ᠰᠤᠷᠤᠯᠭ᠎ᠠ ᠶᠢᠨ ᠨᠠᠮᠲᠠᠷ ᠲᠠᠢ ᠬᠥᠮᠦᠨ 100% ᠳᠤ ᠬᠦᠷᠪᠡ᠃ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ | ᠲᠤᠰᠬᠠᠢ ᠪᠠᠭᠰᠢ 249 ᠪᠠᠶᠢᠵᠤ᠂ ᠵᠢᠩᠬᠢᠨᠢ ᠠᠩᠭᠢ ᠠᠴᠠ ᠳᠡᠭᠡᠭᠰᠢᠬᠢ ᠰᠤᠷᠤᠯᠭ᠎ᠠ ᠶᠢᠨ ᠨᠠᠮᠲᠠᠷ ᠲᠠᠢ ᠨᠢ 77. | 9% ᠶᠢ ᠡᠵᠡᠯᠡᠵᠦ ᠪᠠᠶᠢᠪᠠ᠃ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠲᠤᠰᠬᠠᠶ ᠪᠠᠭᠰᠢ 112 ᠬᠥᠮᠦᠨ | ᠂ ᠵᠢᠩᠬᠢᠨᠢ ᠠᠩᠭᠢ ᠠᠴᠠ ᠳᠡᠭᠡᠭᠰᠢᠬᠢ ᠰᠤᠷᠤᠯᠭ᠎ᠠ ᠶᠢᠨ ᠨᠠᠮᠲᠠᠷ ᠲᠠᠢ ᠨᠢ 94.6% ᠶᠢ ᠡᠵᠡᠯᠡᠨ᠎ᠡ᠃ ᠵᠢᠩᠬᠢᠨᠢ | ᠬᠡᠤᠬᠡᠳ ᠤᠨ ᠴᠡᠴᠡᠷᠯᠢᠭ ᠤᠨ ᠲᠤᠰᠬᠠᠢ ᠪᠠᠭᠰᠢ 61 ᠪᠠᠶᠢᠵᠤ᠂ ᠴᠡᠴᠡᠷᠯᠢᠭ ᠤᠨ ᠪᠠᠭᠰᠢ ᠶᠢᠨ ᠲᠤᠰᠬᠠᠢ | ᠮᠡᠷᠭᠡᠵᠢᠯ ᠤᠨ ᠰᠤᠷᠤᠯᠭ᠎ᠠ ᠶᠢᠨ ᠨᠠᠮᠲᠠᠷ ᠲᠠᠢ ᠬᠦᠮᠦᠨ 100% ᠳᠤ ᠬᠦᠷᠪᠡ᠃ | ᠭᠤᠣᠯ ᠡᠭᠦᠷᠭᠡ ᠬᠠᠷᠢᠭᠤᠴᠠᠯᠭ᠎ᠠ᠄ | ︵ᠨᠢᠭᠡ︶ ᠨᠠᠮ ᠪᠠ ᠤᠯᠤᠰ ᠤᠨ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠠᠵᠢᠯ ᠤᠨ ᠴᠢᠭᠯᠡᠯᠲᠡ᠂ | ᠲᠥᠷᠥ ᠶᠢᠨ ᠪᠣᠳᠣᠯᠭ᠎ᠠ ᠪᠠ ᠬᠠᠤᠯᠢ ᠴᠠᠭᠠᠵᠠ᠂ ᠬᠠᠤᠯᠢ ᠲᠣᠭᠲᠠᠭᠠᠯ ᠢ ᠲᠤᠤᠱᠯᠠᠭᠤᠯᠤᠨ ᠬᠡᠷᠡᠭᠵᠢᠭᠦᠯᠵᠦ᠂ ᠪᠦᠬᠦ | ᠰᠢᠶᠠᠨ ᠤ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠥᠭᠡᠷᠡᠴᠢᠯᠡᠯᠲᠡ ᠬᠥᠭᠵᠢᠯᠲᠡ ᠶᠢᠨ ᠪᠠᠶᠢᠯᠳᠤᠬᠤ ᠪᠣᠳᠣᠯᠭ᠎ᠠ | ᠪᠠ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠬᠥᠭᠵᠢᠯᠲᠡ ᠶᠢᠨ ᠲᠥᠯᠥᠪᠵᠢᠭᠦᠯᠭᠡ᠂ ᠲᠥᠷᠥ ᠶᠢᠨ ᠪᠣᠳᠣᠯᠭ᠎ᠠ ᠶᠢᠨ | ᠠᠷᠭ᠎ᠠ ᠬᠡᠮᠵᠢᠶ᠎ᠡ ᠶᠢ ᠰᠤᠳᠤᠯᠤᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠢᠨᠠᠯᠲᠠ ᠲᠠᠯᠪᠢᠨ | ᠬᠡᠷᠡᠭᠵᠢᠭᠦᠯᠦᠨ᠎ᠡ᠃ | ︵ᠬᠤᠶᠠᠷ︶ ᠪᠦᠬᠦ ᠰᠢᠶᠠᠨ ᠤ ᠰᠠᠭᠤᠷᠢ ᠰᠤᠷᠭᠠᠨ ᠬᠥᠮᠦᠵᠢᠯ ᠢ ᠨᠢᠭᠡᠳᠦᠯᠲᠡᠶ ᠲᠥᠯᠥᠪᠵᠢᠭᠦᠯᠬᠦ ᠪᠠ | ᠵᠣᠬᠢᠴᠠᠭᠤᠯᠤᠨ ᠬᠠᠮᠢᠶᠠᠷᠬᠤ ᠶᠢ ᠬᠠᠷᠢᠭᠤᠴᠠᠵᠤ᠂ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠪᠣᠯᠤᠨ ᠠᠯᠪᠠᠨ | ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠤ ᠡᠯ᠎ᠡ ᠲᠥᠷᠥᠯ ᠤᠨ ᠰᠤᠷᠭᠠᠭᠤᠯᠢ ᠶᠢᠨ ᠰᠤᠷᠭᠠᠭᠤᠯᠢ ᠡᠷᠬᠢᠯᠡᠬᠦ | ᠪᠠᠷᠢᠮᠵᠢᠶ᠎ᠠ ᠶᠢ ᠬᠡᠷᠡᠭᠵᠢᠭᠦᠯᠬᠦ ᠪᠠ ᠰᠤᠷᠭᠠᠨ ᠬᠥᠮᠦᠵᠢᠯ ᠵᠢᠭᠠᠨ ᠰᠤᠷᠭᠠᠬᠤ ᠥᠭᠡᠷᠡᠴᠢᠯᠡᠯᠲᠡ ᠶᠢ ᠵᠢᠯᠣᠭᠤᠳᠴᠤ᠂ | ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠪᠣᠯᠤᠨ ᠬᠡᠤᠬᠡᠳ ᠤᠨ ᠴᠡᠴᠡᠷᠯᠢᠭ ᠤᠨ ᠵᠢᠷᠤᠮᠵᠢᠭᠰᠠᠨ | ᠬᠠᠮᠢᠶᠠᠷᠤᠯᠲᠠ ᠶᠢ ᠬᠢᠨᠠᠨ ᠪᠠᠶᠢᠴᠠᠭᠠᠨ᠎ᠠ᠃ | ︵ᠭᠤᠷᠪᠠ︶ ᠲᠤᠰ ᠰᠢᠰᠲ᠋ᠧᠮ ᠤᠨ ᠢᠶᠠᠨ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠵᠠᠷᠤᠳᠠᠯ ᠢ | ᠨᠢᠭᠡᠳᠦᠯᠲᠡᠶ ᠲᠥᠯᠥᠪᠯᠡᠨ ᠬᠠᠮᠢᠶᠠᠷᠬᠤ ᠶᠢ ᠬᠠᠷᠢᠭᠤᠴᠠᠵᠤ᠂ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠵᠠᠷᠤᠳᠠᠯ ᠢ | ᠴᠤᠭᠯᠠᠭᠤᠯᠤᠨ ᠬᠡᠷᠡᠭᠯᠡᠬᠦ ᠬᠠᠮᠢᠶᠠᠷᠤᠯᠲᠠ ᠶᠢᠨ ᠲᠥᠷᠥ ᠶᠢᠨ ᠪᠣᠳᠣᠯᠭ᠎ᠠ ᠶᠢ ᠵᠣᠬᠢᠶᠠᠨ ᠪᠠᠶᠢᠭᠤᠯᠤᠨ ᠲᠤᠭᠤᠷᠪᠢᠨ | ᠲᠣᠭᠲᠠᠭᠠᠵᠤ᠂ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠵᠠᠷᠤᠳᠠᠯ ᠤᠨ ᠬᠡᠷᠡᠭᠯᠡᠯᠲᠡ ᠶᠢᠨ ᠪᠠᠶᠢᠳᠠᠯ ᠢ ᠲᠥᠰᠦᠭᠡᠯᠡᠨ | ᠪᠣᠳᠣᠬᠤ ᠪᠠ ᠬᠢᠨᠠᠨ ᠬᠡᠮᠵᠢᠵᠦ ᠦᠨᠡᠯᠡᠨ ᠵᠢᠱᠢᠵᠦ᠂ ᠪᠦᠬᠦ ᠰᠢᠶᠠᠨ ᠤ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ | ᠵᠠᠷᠤᠳᠠᠯ ᠤᠨ ᠣᠷᠣᠭᠤᠯᠤᠯᠲᠠ ᠪᠠ ᠲᠤᠷᠰᠢᠨ ᠬᠡᠷᠡᠭᠵᠢᠭᠦᠯᠵᠦ ᠪᠠᠶᠢᠭ᠎ᠠ ᠪᠠᠶᠢᠳᠠᠯ ᠢ ᠪᠦᠷᠢᠳᠬᠡᠬᠦ ᠶᠢ ᠬᠠᠷᠢᠭᠤᠴᠠᠵᠤ᠂ | ᠡᠯ᠎ᠡ ᠲᠥᠷᠥᠯ ᠤᠨ ᠰᠤᠷᠭᠠᠭᠤᠯᠢ ᠶᠢᠨ ᠰᠤᠷᠤᠭᠴᠢᠳ ᠢ ᠲᠤᠰᠠᠯᠠᠬᠤ ᠠᠵᠢᠯ ᠢ ᠵᠢᠯᠣᠭᠤᠳᠤᠨ᠎ᠠ᠃ | ︵ᠲᠦᠷᠪᠡ︶ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤ ᠦᠶ᠎ᠡ ᠶᠢᠨ ᠰᠤᠷᠭᠠᠭᠤᠯᠢ ᠶᠢᠨ | ᠪᠠᠷᠢᠮᠵᠢᠶᠠᠵᠢᠭᠤᠯᠬᠤ ᠪᠠᠶᠢᠭᠤᠯᠤᠯᠲᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠠᠯᠪᠠᠨ ᠵᠢᠷᠤᠮ ᠤᠨ ᠰᠤᠷᠭᠠᠨ | ᠬᠥᠮᠦᠵᠢᠯ ᠤᠨ ᠴᠢᠨᠠᠷ ᠰᠠᠶᠢᠲᠠᠶ ᠲᠡᠩᠴᠡᠭᠦᠷᠢᠲᠡᠶ ᠬᠥᠭᠵᠢᠯᠲᠡ ᠶᠢ ᠠᠬᠢᠭᠤᠯᠤᠨ᠂ ᠣᠯᠠᠨ ᠨᠡᠶᠢᠲᠡ ᠶᠢᠨ ᠰᠤᠷᠭᠠᠨ | ᠬᠥᠮᠦᠵᠢᠯ ᠤᠨ ᠡᠬᠢ ᠪᠠᠶᠠᠯᠢᠭ ᠢ ᠬᠥᠳᠡᠭᠡ ᠲᠣᠰᠬᠤᠨ᠂ ᠦᠨᠳᠦᠰᠦᠲᠡᠨ ᠤ ᠰᠤᠷᠭᠠᠨ ᠬᠥᠮᠦᠵᠢᠯ ᠳᠠᠰᠢ | ᠬᠡᠯᠪᠠᠶᠢᠯᠭᠡᠬᠦ ᠶᠢ ᠠᠬᠢᠭᠤᠯᠵᠤ᠂ ᠰᠤᠷᠭᠠᠨ ᠬᠥᠮᠦᠵᠢᠯ ᠤᠨ ᠡᠷᠬᠡ ᠲᠡᠭᠰᠢ ᠪᠠᠶᠢᠬᠤ ᠶᠢ ᠠᠬᠢᠭᠤᠯᠤᠨ᠎ᠠ᠃ | ︵ᠲᠠᠪᠤ︶ ᠥᠨᠳᠥᠷ ᠬᠢᠷᠢ ᠲᠦᠪᠰᠢᠨ ᠪᠦᠬᠦᠢ ᠴᠢᠨᠠᠷ ᠰᠠᠶᠢᠲᠠᠶ ᠠᠯᠪᠠᠨ ᠵᠢᠷᠤᠮ ᠤᠨ ᠰᠤᠷᠭᠠᠨ ᠬᠥᠮᠦᠵᠢᠯ ᠤᠨ | ᠲᠡᠩᠴᠡᠭᠦᠷᠢᠲᠡᠶ ᠬᠥᠭᠵᠢᠯᠲᠡ ᠶᠢ ᠬᠡᠷᠡᠭᠵᠢᠭᠦᠯᠵᠦ᠂ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠭᠠᠨ | ᠬᠥᠮᠦᠵᠢᠯ᠂ ᠬᠡᠤᠬᠡᠳ ᠤᠨ ᠰᠤᠷᠭᠠᠨ ᠬᠥᠮᠦᠵᠢᠯ᠂ ᠣᠨᠴᠠᠭᠠᠶ ᠰᠤᠷᠭᠠᠨ ᠬᠥᠮᠦᠵᠢᠯ ᠪᠣᠯᠤᠨ ᠠᠷᠠᠳ ᠠᠴᠠ ᠡᠷᠬᠢᠯᠡᠭᠰᠡᠨ | ᠰᠠᠭᠤᠷᠢ ᠰᠤᠷᠭᠠᠨ ᠬᠥᠮᠦᠵᠢᠯ ᠤᠨ ᠠᠵᠢᠯ ᠢ ᠵᠢᠯᠣᠭᠤᠳᠤᠨ᠎ᠠ᠃ ᠰᠤᠷᠭᠠᠨ ᠬᠥᠮᠦᠵᠢᠯ ᠤᠨ ᠮᠡᠳᠡᠭᠡ ᠵᠠᠩᠭᠢᠵᠢᠯᠲᠠ ᠶᠢᠨ | ᠪᠠᠶᠢᠭᠤᠯᠤᠯᠲᠠ ᠶᠢᠨ ᠠᠵᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠰᠠᠭᠤᠷᠢ ᠰᠤᠷᠭᠠᠨ ᠬᠥᠮᠦᠵᠢᠯ ᠤᠨ ᠵᠢᠭᠠᠨ | ᠰᠤᠷᠭᠠᠯᠲᠠ ᠶᠢᠨ ᠦᠨᠳᠦᠰᠦᠨ ᠱᠠᠭᠠᠷᠳᠠᠯᠭ᠎ᠠ ᠪᠠ ᠵᠢᠭᠠᠨ ᠰᠤᠷᠭᠠᠯᠲᠠ ᠶᠢᠨ ᠦᠨᠳᠦᠰᠦᠨ ᠪᠢᠴᠢᠭ ᠮᠠᠲ᠋ᠧᠷᠢᠶᠠᠯ ᠢ | ᠲᠣᠭᠲᠠᠭᠠᠨ᠎ᠠ᠃ ᠳᠤᠮᠳᠠᠳᠤ ᠪᠠᠭ᠎ᠠ ᠰᠤᠷᠭᠠᠭᠤᠯᠢ ᠶᠢᠨ ᠭᠠᠳᠠᠨᠠᠬᠢ ᠰᠤᠷᠭᠠᠨ ᠬᠥᠮᠦᠵᠢᠯ ᠪᠠ ᠠᠮᠤᠷ ᠲᠦᠪᠰᠢᠨ ᠤ | ᠬᠠᠮᠢᠶᠠᠷᠤᠯᠲᠠ ᠶᠢ ᠵᠢᠯᠣᠭᠤᠳᠤᠨ᠎ᠠ᠃ ᠬᠡᠪ ᠴᠢᠨᠠᠷ ᠤᠨ ᠰᠤᠷᠭᠠᠨ ᠬᠥᠮᠦᠵᠢᠯ ᠢ ᠪᠦᠬᠦ ᠲᠠᠯ᠎ᠠ ᠪᠠᠷ ᠬᠡᠷᠡᠭᠵᠢᠭᠦᠯᠵᠦ᠂ | ᠶᠣᠰᠣ ᠮᠣᠷᠠᠯ ᠣᠶᠤᠨ ᠤᠬᠠᠭᠠᠨ ᠪᠡᠶ᠎ᠡ ᠮᠠᠬᠠᠪᠣᠳ ᠭᠤᠸ᠎ᠠ ᠰᠠᠶᠢᠬᠠᠨ ᠬᠥᠳᠡᠯᠮᠦᠷᠢ ᠪᠦᠬᠦ ᠲᠠᠯ᠎ᠠ ᠪᠠᠷ ᠬᠥᠭᠵᠢᠭᠰᠡᠨ | ᠰᠤᠷᠭᠠᠨ ᠬᠥᠮᠦᠵᠢᠯ ᠤᠨ ᠰᠢᠰᠲ᠋ᠧᠮᠵᠢ ᠶᠢ ᠪᠠᠶᠢᠭᠤᠯᠬᠤ ᠬᠡᠷᠡᠭᠲᠡᠶ᠃ ᠡᠯ᠎ᠡ ᠰᠤᠷᠭᠠᠭᠤᠯᠢ᠂ ᠬᠡᠤᠬᠡᠳ ᠤᠨ | ᠴᠡᠴᠡᠷᠯᠢᠭ ᠤᠨ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠤᠷᠭᠠᠨ ᠬᠥᠮᠦᠵᠢᠯ ᠤᠨ ᠠᠵᠢᠯ | ᠥᠷᠨᠢᠭᠦᠯᠬᠦ ᠶᠢ ᠵᠢᠯᠣᠭᠤᠳᠤᠨ᠎ᠠ᠃ | ︵ᠵᠢᠷᠭᠤᠭ᠎ᠠ︶ ᠠᠵᠢᠯ ᠣᠯᠭᠤᠯᠲᠠ ᠪᠠᠷ ᠤᠳᠤᠷᠢᠳᠤᠮᠵᠢ ᠪᠣᠯᠭᠠᠭᠰᠠᠨ ᠠᠵᠢᠯ ᠮᠡᠷᠭᠡᠵᠢᠯ ᠤᠨ ᠰᠤᠷᠭᠠᠨ | ᠬᠥᠮᠦᠵᠢᠯ ᠤᠨ ᠬᠥᠭᠵᠢᠯᠲᠡ ᠬᠢᠭᠡᠳ ᠥᠭᠡᠷᠡᠴᠢᠯᠡᠯᠲᠡ ᠶᠢ ᠵᠢᠯᠣᠭᠤᠳᠴᠤ᠂ ᠳᠤᠮᠳᠠ ᠵᠡᠷᠭᠡ ᠶᠢᠨ ᠠᠵᠢᠯ | ᠮᠡᠷᠭᠡᠵᠢᠯ ᠤᠨ ᠰᠤᠷᠭᠠᠨ ᠬᠥᠮᠦᠵᠢᠯ᠂ ᠠᠵᠢᠯᠲᠠᠨ ᠠᠵᠢᠯᠴᠢᠨ ᠤ ᠰᠤᠷᠭᠠᠨ ᠬᠥᠮᠦᠵᠢᠯ᠂ ᠮᠠᠯᠴᠢᠨ ᠲᠠᠷᠢᠶᠠᠴᠢᠨ ᠤ | ᠰᠤᠷᠭᠠᠨ ᠬᠥᠮᠦᠵᠢᠯ᠂ ᠨᠡᠶᠢᠭᠡᠮ ᠲᠣᠭᠤᠷᠢᠭ ᠤᠨ ᠰᠤᠷᠭᠠᠨ ᠬᠥᠮᠦᠵᠢᠯ ᠵᠢᠴᠢ ᠡᠯ᠎ᠡ ᠲᠥᠷᠥᠯ ᠤᠨ ᠨᠠᠰᠤᠨ ᠳᠤ | ᠬᠦᠷᠦᠭᠰᠡᠳ ᠤᠨ ᠰᠤᠷᠭᠠᠨ ᠬᠥᠮᠦᠵᠢᠯ ᠢ ᠵᠢᠯᠣᠭᠤᠳᠤᠨ᠎ᠠ᠃ | ︵ᠳᠤᠯᠤᠭ᠎ᠠ︶ ᠦᠨᠳᠦᠰᠦᠲᠡᠨ ᠤ ᠰᠤᠷᠭᠠᠨ ᠬᠥᠮᠦᠵᠢᠯ ᠤᠨ ᠠᠵᠢᠯ ᠢ ᠨᠢᠭᠡᠳᠦᠯᠲᠡᠶ ᠲᠥᠯᠥᠪᠯᠡᠨ | ᠵᠣᠬᠢᠴᠠᠭᠤᠯᠬᠤ ᠪᠠ ᠵᠢᠯᠣᠭᠤᠳᠴᠤ᠂ ᠦᠨᠳᠦᠰᠦᠲᠡᠨ ᠤ ᠰᠤᠷᠭᠠᠨ ᠬᠥᠮᠦᠵᠢᠯ ᠤᠨ ᠬᠥᠭᠵᠢᠭᠦᠯᠦᠯᠲᠡ | ᠥᠭᠡᠷᠡᠴᠢᠯᠡᠯᠲᠡ ᠶᠢᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠤᠭᠤᠷᠪᠢᠨ ᠲᠣᠭᠲᠠᠭᠠᠬᠤ ᠶᠢᠨ ᠬᠠᠮᠲᠤ | ᠵᠣᠬᠢᠶᠠᠨ ᠪᠠᠶᠢᠭᠤᠯᠵᠤ ᠬᠢᠨᠠᠯᠲᠠ ᠲᠠᠯᠪᠢᠨ ᠬᠡᠷᠡᠭᠵᠢᠭᠦᠯᠦᠨ᠎ᠡ᠃ ᠦᠨᠳᠦᠰᠦᠲᠡᠨ ᠤ ᠰᠤᠷᠭᠠᠨ ᠬᠥᠮᠦᠵᠢᠯ ᠵᠢᠭᠠᠨ | ᠰᠤᠷᠭᠠᠯᠲᠠ ᠶᠢᠨ ᠠᠵᠢᠯ᠂ ᠪᠠᠭᠰᠢ ᠶᠢᠨ ᠡᠩᠨᠡᠭᠡᠨ ᠤ ᠪᠠᠶᠢᠭᠤᠯᠤᠯᠲᠠ ᠶᠢ ᠲᠥᠯᠥᠪᠵᠢᠭᠦᠯᠦᠨ ᠵᠢᠯᠣᠭᠤᠳᠤᠨ᠎ᠠ᠃ | ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠰᠢᠰᠲ᠋ᠧᠮ ᠤᠨ | ᠦᠨᠳᠦᠰᠦᠲᠡᠨ ᠤ ᠪᠦᠯᠬᠦᠮᠳᠡᠯ ᠤᠨ ᠬᠥᠮᠦᠵᠢᠯ ᠪᠣᠯᠤᠨ ᠴᠥᠭᠡᠨ ᠲᠣᠭᠠᠲᠤ ᠦᠨᠳᠦᠰᠦᠲᠡᠨ ᠤ ᠦᠭᠡ ᠬᠡᠯᠡ ᠦᠰᠦᠭ | ᠪᠢᠴᠢᠭ ᠢ ᠵᠢᠷᠤᠮᠵᠢᠭᠤᠯᠬᠤ ᠠᠵᠢᠯ ᠢ ᠵᠢᠯᠣᠭᠤᠳᠤᠨ᠎ᠠ᠃ | ︵ᠨᠠᠢᠮᠠ︶ ᠡᠯ᠎ᠡ ᠲᠥᠷᠥᠯ ᠤᠨ ᠠᠷᠠᠳ ᠠᠴᠠ ᠡᠷᠬᠢᠯᠡᠭᠰᠡᠨ ᠰᠤᠷᠭᠠᠨ ᠬᠥᠮᠦᠵᠢᠯ ᠢ ᠨᠢᠭᠡᠳᠦᠯᠲᠡᠶ | ᠲᠥᠯᠥᠪᠵᠢᠭᠦᠯᠬᠦ ᠪᠠ ᠵᠢᠯᠣᠭᠤᠳᠴᠤ᠂ ᠠᠷᠠᠳ ᠠᠴᠠ ᠡᠷᠬᠢᠯᠡᠭᠰᠡᠨ ᠰᠤᠷᠭᠠᠨ ᠬᠥᠮᠦᠵᠢᠯ ᠤᠨ ᠬᠠᠮᠢᠶᠠᠷᠤᠯᠲᠠ ᠶᠢᠨ | ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠤᠭᠤᠷᠪᠢᠨ ᠲᠣᠭᠲᠠᠭᠠᠵᠤ᠂ ᠠᠷᠠᠳ ᠠᠴᠠ ᠡᠷᠬᠢᠯᠡᠭᠰᠡᠨ ᠰᠤᠷᠭᠠᠨ | ᠬᠥᠮᠦᠵᠢᠯ ᠤᠨ ᠰᠤᠷᠭᠠᠭᠤᠯᠢ ᠡᠷᠬᠢᠯᠡᠬᠦ ᠡᠮᠬᠢ ᠳᠢᠭᠯᠢᠮ ᠢ ᠵᠢᠯᠣᠭᠤᠳᠤᠨ ᠵᠢᠷᠤᠮᠵᠢᠭᠤᠯᠵᠤ᠂ ᠠᠷᠠᠳ ᠠᠴᠠ ᠡᠷᠬᠢᠯᠡᠭᠰᠡᠨ | ᠰᠤᠷᠭᠠᠭᠤᠯᠢ ᠶᠢᠨ ᠪᠠᠶᠢᠷᠢᠯᠠᠭᠤᠯᠤᠯᠲᠠ ᠶᠢ ᠬᠢᠨᠠᠨ ᠬᠠᠷᠭᠤᠭᠤᠯᠵᠤ᠂ ᠠᠷᠠᠳ ᠠᠴᠠ ᠡᠷᠬᠢᠯᠡᠭᠰᠡᠨ ᠰᠤᠷᠭᠠᠨ | ᠬᠥᠮᠦᠵᠢᠯ ᠤᠨ ᠦᠢᠯᠡᠰ ᠤᠨ ᠡᠷᠡᠭᠦᠯ ᠢᠶᠠᠷ ᠬᠥᠭᠵᠢᠬᠦ ᠶᠢ ᠠᠬᠢᠭᠤᠯᠤᠨ᠎ᠠ᠃ | ︵ᠶᠢᠰᠦ︶ ᠰᠤᠷᠭᠠᠨ ᠬᠥᠮᠦᠵᠢᠯ ᠤᠨ ᠬᠢᠨᠠᠨ ᠵᠢᠯᠣᠭᠤᠳᠬᠤ ᠠᠵᠢᠯ ᠢ ᠵᠢᠯᠣᠭᠤᠳᠬᠤ ᠶᠢᠨ ᠬᠠᠮᠲᠤ ᠵᠣᠬᠢᠶᠠᠨ | ᠪᠠᠶᠢᠭᠤᠯᠵᠤ᠂ ᠡᠯ᠎ᠡ ᠲᠥᠷᠥᠯ ᠤᠨ ᠰᠤᠷᠭᠠᠨ ᠬᠥᠮᠦᠵᠢᠯ ᠤᠨ ᠬᠢᠨᠠᠨ ᠵᠢᠯᠣᠭᠤᠳᠴᠤ ᠪᠠᠶᠢᠴᠠᠭᠠᠬᠤ ᠪᠠ ᠦᠨᠡᠯᠡᠨ | ᠵᠢᠱᠢᠵᠦ ᠰᠢᠯᠭᠠᠨ ᠠᠪᠬᠤ ᠠᠵᠢᠯ ᠢ ᠬᠠᠷᠢᠭᠤᠴᠠᠨ᠎ᠠ᠃ ᠰᠠᠭᠤᠷᠢ ᠰᠤᠷᠭᠠᠨ ᠬᠥᠮᠦᠵᠢᠯ ᠤᠨ ᠬᠥᠭᠵᠢᠯᠲᠡ ᠶᠢᠨ ᠬᠢᠷᠢ | ᠲᠦᠪᠰᠢᠨ ᠪᠠ ᠶᠠᠰᠤ ᠴᠢᠨᠠᠷ ᠢ ᠬᠢᠨᠠᠨ ᠬᠡᠮᠵᠢᠬᠦ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠰᠤᠷᠭᠠᠨ | ᠬᠥᠮᠦᠵᠢᠯ ᠤᠨ ᠬᠢᠨᠠᠨ ᠵᠢᠯᠣᠭᠤᠳᠬᠤ ᠮᠡᠳᠡᠭᠦᠯᠦᠯᠲᠡ ᠶᠢ ᠨᠡᠶᠢᠲᠡᠯᠡᠨ᠎ᠡ᠃ | ︵ᠠᠷᠪᠠ︶ ᠡᠯ᠎ᠡ ᠲᠥᠷᠥᠯ ᠤᠨ ᠰᠤᠷᠭᠠᠭᠤᠯᠢ ᠶᠢᠨ ᠦᠵᠡᠯ ᠰᠠᠨᠠᠭ᠎ᠠ ᠤᠯᠤᠰ ᠲᠥᠷᠥ ᠪᠠ ᠦᠵᠡᠯ | ᠤᠬᠠᠮᠰᠠᠷ ᠤᠨ ᠬᠡᠯᠪᠡᠷᠢ ᠶᠢᠨ ᠠᠵᠢᠯ ᠢ ᠵᠢᠯᠣᠭᠤᠳᠤᠨ᠎ᠠ᠃ ᠡᠯ᠎ᠡ ᠲᠥᠷᠥᠯ ᠤᠨ ᠰᠤᠷᠭᠠᠭᠤᠯᠢ ᠶᠢᠨ ᠶᠣᠰᠣ | ᠰᠤᠷᠲᠠᠬᠤᠨ ᠤ ᠬᠥᠮᠦᠵᠢᠯ᠂ ᠪᠡᠶ᠎ᠡ ᠶᠢᠨ ᠲᠠᠮᠢᠷ ᠤᠨ ᠬᠥᠮᠦᠵᠢᠯ᠂ ᠡᠷᠡᠭᠦᠯ ᠬᠠᠮᠠᠭᠠᠯᠠᠯ ᠬᠢᠭᠡᠳ ᠡᠷᠡᠭᠦᠯ ᠮᠡᠨᠳᠦ ᠶᠢᠨ | ᠬᠥᠮᠦᠵᠢᠯ᠂ ᠤᠷᠠᠯᠢᠭ ᠬᠢᠭᠡᠳ ᠬᠥᠳᠡᠯᠮᠦᠷᠢ ᠶᠢᠨ ᠬᠥᠮᠦᠵᠢᠯ ᠵᠢᠴᠢ ᠤᠯᠤᠰ ᠤᠨ ᠪᠠᠲᠤᠯᠠᠨ ᠬᠠᠮᠠᠭᠠᠯᠠᠯᠲᠠ ᠶᠢᠨ | ᠬᠥᠮᠦᠵᠢᠯ ᠤᠨ ᠠᠵᠢᠯ ᠢ ᠵᠢᠯᠣᠭᠤᠳᠤᠨ᠎ᠠ᠃ | ︵ᠠᠷᠪᠠᠨ ᠨᠢᠭᠡ︶ ᠪᠦᠬᠦ ᠰᠢᠶᠠᠨ ᠤ ᠪᠠᠭᠰᠢ ᠶᠢᠨ ᠠᠵᠢᠯ ᠢ ᠡᠷᠬᠢᠯᠡᠨ ᠬᠠᠮᠢᠶᠠᠷᠴᠤ᠂ ᠳᠤᠮᠳᠠᠳᠤ ᠪᠠᠭ᠎ᠠ | ᠰᠤᠷᠭᠠᠭᠤᠯᠢ ᠶᠢᠨ ᠪᠠᠭᠰᠢ ᠶᠢᠨ ᠡᠩᠨᠡᠭᠡ᠂ ᠰᠤᠷᠭᠠᠭᠤᠯᠢ ᠶᠢᠨ ᠵᠠᠬᠢᠷᠤᠯ ᠤᠨ ᠡᠩᠨᠡᠭᠡ ᠪᠣᠯᠤᠨ ᠰᠤᠷᠭᠠᠨ ᠬᠥᠮᠦᠵᠢᠯ ᠤᠨ | ᠵᠠᠰᠠᠭ ᠵᠠᠬᠢᠷᠭᠠᠨ ᠤ ᠺᠠᠳ᠋ᠷ ᠤᠨ ᠡᠩᠨᠡᠭᠡᠨ ᠤ ᠪᠠᠶᠢᠭᠤᠯᠤᠯᠲᠠ ᠶᠢᠨ ᠠᠵᠢᠯ ᠢ ᠵᠢᠯᠣᠭᠤᠳᠤᠨ᠎ᠠ᠃ ᠪᠦᠬᠦ ᠰᠢᠶᠠᠨ ᠤ | ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠰᠢᠰᠲ᠋ᠧᠮ ᠤᠨ ᠴᠢᠳᠠᠪᠤᠷᠢᠲᠠᠨ ᠤ ᠠᠵᠢᠯ ᠢ ᠨᠢᠭᠡᠳᠦᠯᠲᠡᠶ ᠲᠥᠯᠥᠪᠯᠡᠨ᠎ᠡ᠃ | ᠪᠠᠭᠰᠢ ᠶᠢᠨ ᠬᠢᠷᠢ ᠭᠡᠮ ᠢ ᠮᠠᠭᠠᠳᠯᠠᠨ ᠲᠣᠭᠲᠠᠭᠠᠬᠤ ᠪᠠ ᠪᠠᠭᠰᠢ ᠶᠢᠨ ᠦᠷᠭᠦᠯᠵᠢᠯᠡᠭᠰᠡᠨ ᠰᠤᠷᠭᠠᠨ ᠬᠥᠮᠦᠵᠢᠯ ᠤᠨ | ᠠᠵᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠡᠯ᠎ᠡ ᠲᠥᠷᠥᠯ ᠤᠨ ᠰᠤᠷᠭᠠᠭᠤᠯᠢ ᠶᠢᠨ ᠣᠷᠣᠨ ᠲᠤᠭ᠎ᠠ ᠶᠢ | ᠲᠣᠬᠢᠷᠠᠭᠤᠯᠬᠤ ᠪᠠ ᠬᠡᠷᠡᠭᠯᠡᠬᠦ ᠶᠢ ᠨᠢᠭᠡᠳᠦᠯᠲᠡᠶ ᠲᠥᠯᠥᠪᠯᠡᠨ ᠵᠢᠯᠣᠭᠤᠳᠤᠨ᠎ᠠ᠃ | ︵ᠠᠷᠪᠠᠨ ᠬᠤᠶᠠᠷ︶ ᠲᠤᠰ ᠰᠢᠰᠲ᠋ᠧᠮ ᠤᠨ ᠢᠶᠠᠨ ᠵᠥᠷᠢᠴᠡᠯ ᠢ ᠨᠠᠮᠳᠠᠭᠤᠯᠬᠤ᠂ ᠵᠠᠬᠢᠳᠠᠯ ᠰᠤᠷᠪᠤᠯᠵᠢᠯᠠᠯ ᠪᠠ | ᠲᠣᠭᠲᠠᠭᠤᠨ ᠪᠠᠶᠢᠳᠠᠯ ᠢ ᠬᠠᠮᠠᠭᠠᠯᠠᠬᠤ ᠠᠵᠢᠯ ᠢ ᠰᠠᠶᠢᠲᠤᠷ ᠬᠢᠨ᠎ᠡ᠃ | ︵ᠠᠷᠪᠠᠨ ᠭᠤᠷᠪᠠ︶ ᠪᠦᠬᠦ ᠰᠢᠶᠠᠨ ᠤ ᠳᠤᠮᠳᠠᠳᠤ ᠪᠠᠭ᠎ᠠ ᠰᠤᠷᠭᠠᠭᠤᠯᠢ᠂ ᠬᠡᠦᠬᠡᠳ ᠤᠨ ᠴᠡᠴᠡᠷᠯᠢᠭ ᠤᠨ | ᠠᠮᠤᠷ ᠲᠦᠪᠰᠢᠨ ᠲᠣᠭᠲᠠᠭᠤᠨ᠂ ᠠᠷᠤ ᠲᠠᠯ᠎ᠠ ᠶᠢᠨ ᠦᠢᠯᠡᠴᠢᠯᠡᠭᠡ ᠪᠠ ᠬᠠᠤᠯᠢ ᠲᠦᠭᠡᠮᠡᠯᠵᠢᠭᠦᠯᠬᠦ ᠠᠵᠢᠯ ᠢ | ᠨᠢᠭᠡᠳᠦᠯᠲᠡᠢ ᠲᠥᠯᠥᠪᠵᠢᠭᠦᠯᠦᠨ ᠬᠠᠮᠢᠶᠠᠷᠴᠤ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠪᠠ | ᠰᠤᠷᠭᠠᠭᠤᠯᠢ ᠶᠢᠨ ᠢᠳᠡᠭᠡᠨ ᠤ ᠡᠷᠡᠭᠦᠯ ᠬᠠᠮᠠᠭᠠᠯᠠᠯ ᠤᠨ ᠠᠮᠤᠷ ᠲᠦᠪᠰᠢᠨ ᠵᠢᠴᠢ ᠪᠠᠴᠢᠮ ᠪᠠᠶᠢᠳᠠᠯ ᠢ ᠠᠷᠭᠠᠴᠠᠬᠤ | ᠬᠠᠮᠢᠶᠠᠷᠤᠯᠲᠠ ᠶᠢᠨ ᠠᠵᠢᠯ ᠢ ᠬᠢᠨᠠᠨ ᠪᠠᠶᠢᠴᠠᠭᠠᠨ᠎ᠠ᠃ ᠰᠤᠷᠤᠭᠴᠢ ᠵᠥᠭᠡᠭᠡᠪᠦᠷᠢᠯᠡᠬᠦ ᠲᠡᠷᠭᠡ ᠶᠢ ᠬᠡᠷᠡᠭᠯᠡᠬᠦ ᠵᠥᠪᠰᠢᠶᠡᠷᠡᠯ | ᠣᠯᠭᠤᠨ᠎ᠠ᠃ | ︵ᠠᠷᠪᠠᠨ ᠳᠥᠷᠪᠡᠳᠦᠭᠡᠷ︶ ᠡᠯ᠎ᠡ ᠲᠥᠷᠥᠯ ᠤᠨ ᠰᠤᠷᠭᠠᠨ ᠬᠥᠮᠦᠵᠢᠯ ᠤᠨ ᠰᠤᠷᠤᠭᠴᠢ ᠡᠯᠰᠡᠬᠦ | ᠰᠢᠯᠭᠠᠯᠲᠠ ᠶᠢᠨ ᠠᠵᠢᠯ ᠢ ᠬᠠᠷᠢᠭᠤᠴᠠᠨ᠎ᠠ᠃ | ︵ᠠᠷᠪᠠᠨ ᠲᠠᠪᠤ︶ ᠪᠦᠬᠦ ᠰᠢᠶᠠᠨ ᠤ ᠰᠤᠷᠭᠠᠨ ᠬᠥᠮᠦᠵᠢᠯ ᠤᠨ ᠰᠢᠨᠵᠢᠯᠡᠬᠦ ᠤᠬᠠᠭᠠᠨ ᠤ ᠰᠤᠳᠤᠯᠭᠠᠨ᠂ | ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠰᠤᠳᠤᠯᠭᠠᠨ᠂ ᠰᠤᠷᠭᠠᠨ ᠬᠥᠮᠦᠵᠢᠯ ᠤᠨ ᠮᠡᠷᠭᠡᠵᠢᠯ ᠲᠣᠨᠣᠭᠯᠠᠯ ᠪᠠ | ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠶᠢᠨ ᠠᠵᠢᠯ ᠢ ᠵᠢᠯᠣᠭᠤᠳᠤᠨ᠎ᠠ᠃ | ︵ᠠᠷᠪᠠᠨ ᠵᠢᠷᠭᠤᠭ᠎ᠠ︶ ᠰᠤᠷᠭᠠᠨ ᠬᠥᠮᠦᠵᠢᠯ ᠤᠨ ᠭᠠᠳᠠᠭᠠᠳᠤ ᠬᠠᠮᠵᠢᠯᠴᠠᠭ᠎ᠠ ᠰᠣᠯᠢᠯᠴᠠᠭ᠎ᠠ ᠪᠠ ᠭᠠᠳᠠᠭᠠᠳᠤ | ᠤᠬᠠᠭᠤᠯᠭ᠎ᠠ ᠶᠢᠨ ᠠᠵᠢᠯ ᠢ ᠵᠣᠬᠢᠶᠠᠨ ᠪᠠᠶᠢᠭᠤᠯᠤᠨ ᠵᠢᠯᠣᠭᠤᠳᠤᠨ᠎ᠠ᠃ | ︵ᠠᠷᠪᠠᠨ ᠳᠣᠯᠤᠭ᠎ᠠ︶ ᠤᠯᠤᠰ ᠤᠨ ᠦᠭᠡ ᠬᠡᠯᠡ ᠦᠰᠦᠭ ᠪᠢᠴᠢᠭ ᠤᠨ ᠠᠵᠢᠯ ᠤᠨ ᠴᠢᠭᠯᠡᠯᠲᠡ᠂ | ᠲᠦᠷᠦ ᠶᠢᠨ ᠪᠤᠳᠤᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠪᠦᠬᠦ ᠰᠢᠶᠠᠨ ᠤ ᠬᠢᠲᠠᠳ ᠦᠭᠡ ᠬᠡᠯᠡ | ᠦᠰᠦᠭ ᠪᠢᠴᠢᠭ ᠤᠨ ᠠᠵᠢᠯ ᠤᠨ ᠳᠤᠮᠳᠠ ᠤᠷᠲᠤ ᠬᠤᠭᠤᠴᠠᠭᠠᠨ ᠤ ᠲᠥᠯᠥᠪᠵᠢᠭᠦᠯᠭᠡ ᠶᠢ ᠲᠤᠭᠤᠷᠪᠢᠨ | ᠲᠣᠭᠲᠠᠭᠠᠨ᠎ᠠ᠃ ᠬᠢᠲᠠᠳ ᠦᠭᠡ ᠬᠡᠯᠡ ᠦᠰᠦᠭ ᠪᠢᠴᠢᠭ ᠤᠨ ᠠᠵᠢᠯ ᠢ ᠵᠢᠯᠣᠭᠤᠳᠬᠤ ᠪᠠ ᠬᠢᠨᠠᠯᠲᠠ ᠲᠠᠯᠪᠢᠨ | ᠪᠠᠶᠢᠴᠠᠭᠠᠵᠤ᠂ ᠨᠡᠶᠢᠲᠡᠯᠢᠭ ᠬᠡᠯᠡ ᠶᠢ ᠳᠡᠯᠭᠡᠷᠡᠭᠦᠯᠬᠦ ᠪᠠ ᠬᠢᠲᠠᠳ ᠦᠰᠦᠭ ᠪᠢᠴᠢᠭ ᠢ ᠵᠢᠷᠤᠮᠵᠢᠭᠤᠯᠬᠤ ᠠᠵᠢᠯ ᠢ | ᠵᠢᠯᠣᠭᠤᠳᠤᠨ᠎ᠠ᠃ | ︵ᠠᠷᠪᠠᠨ ᠨᠠᠢᠮᠠ︶ ᠪᠦᠬᠦ ᠰᠢᠶᠠᠨ ᠤ ᠤᠷᠤᠯᠳᠤᠭᠠᠨ ᠤ ᠪᠡᠶ᠎ᠡ ᠶᠢᠨ ᠲᠠᠮᠢᠷ ᠤᠨ ᠬᠥᠭᠵᠢᠯᠲᠡ ᠶᠢ ᠨᠢᠭᠡᠳᠦᠯᠲᠡᠶ | ᠲᠥᠯᠥᠪᠵᠢᠭᠦᠯᠦᠨ᠂ ᠤᠷᠤᠯᠳᠤᠭᠠᠨ ᠤ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠲᠥᠷᠥᠯ ᠵᠦᠢᠯ ᠤᠨ | ᠪᠠᠶᠢᠷᠢᠯᠠᠭᠤᠯᠤᠯᠲᠠ ᠶᠢ ᠰᠢᠨᠵᠢᠯᠡᠬᠦ ᠤᠬᠠᠭᠠᠨᠴᠢ ᠪᠠᠷ ᠪᠠᠶᠢᠷᠢᠰᠢᠭᠤᠯᠤᠨ᠎ᠠ᠃ ᠤᠷᠤᠯᠳᠤᠭᠠᠨ ᠤ ᠪᠡᠶ᠎ᠡ ᠶᠢᠨ ᠲᠠᠮᠢᠷ ᠤᠨ | ᠪᠣᠯᠪᠠᠰᠤᠷᠠᠯ᠂ ᠲᠠᠮᠢᠷᠴᠢᠳ ᠤᠨ ᠨᠡᠶᠢᠭᠡᠮ ᠤᠨ ᠪᠠᠲᠤᠯᠠᠭ᠎ᠠ ᠵᠡᠷᠭᠡ ᠠᠵᠢᠯ ᠢ ᠵᠢᠯᠣᠭᠤᠳᠤᠨ ᠵᠣᠬᠢᠴᠠᠭᠤᠯᠤᠨ᠎ᠠ᠃ | ︵ᠠᠷᠪᠠ ᠶᠢᠰᠦ︶ ᠪᠦᠬᠦ ᠰᠢᠶᠠᠨ ᠤ ᠶᠡᠷᠦᠩᠬᠡᠶᠢᠯᠡᠭᠰᠡᠨ ᠴᠢᠨᠠᠷᠲᠠᠶ ᠪᠡᠶ᠎ᠡ ᠶᠢᠨ ᠲᠠᠮᠢᠷ ᠤᠨ ᠤᠷᠤᠯᠳᠤᠭᠠᠨ ᠢ | ᠵᠣᠬᠢᠶᠠᠨ ᠪᠠᠶᠢᠭᠤᠯᠤᠨ ᠡᠷᠬᠢᠯᠡᠵᠦ᠂ ᠬᠥᠭᠡᠷᠦᠭᠦᠯᠬᠦ ᠡᠮ ᠢ ᠡᠰᠡᠷᠭᠦᠴᠡᠬᠦ ᠠᠵᠢᠯ ᠢ ᠥᠷᠨᠢᠭᠦᠯᠦᠨ᠎ᠡ᠃ | ︵ᠬᠤᠷᠢᠨ︶ ᠪᠦᠬᠦ ᠰᠢᠶᠠᠨ ᠤ ᠤᠯᠠᠨ ᠲᠦᠮᠡᠨ ᠤ ᠪᠡᠶ᠎ᠡ ᠶᠢᠨ ᠲᠠᠮᠢᠷ ᠤᠨ ᠬᠥᠭᠵᠢᠯᠲᠡ ᠶᠢ ᠨᠢᠭᠡᠳᠦᠯᠲᠡᠢ | ᠲᠥᠯᠥᠪᠵᠢᠭᠦᠯᠵᠦ᠂ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠲᠥᠯᠥᠪᠯᠡᠭᠡ ᠶᠢ ᠬᠡᠷᠡᠭᠵᠢᠭᠦᠯᠵᠦ᠂ ᠤᠯᠤᠰ ᠤᠨ | ᠪᠡᠶ᠎ᠡ ᠶᠢᠨ ᠲᠠᠮᠢᠷ ᠤᠨ ᠪᠣᠯᠪᠠᠰᠤᠷᠠᠯ ᠤᠨ ᠪᠠᠷᠢᠮᠵᠢᠶ᠎ᠠ ᠶᠢ ᠬᠢᠨᠠᠯᠲᠠ ᠲᠠᠯᠪᠢᠨ ᠬᠡᠷᠡᠭᠵᠢᠭᠦᠯᠵᠦ᠂ ᠴᠥᠭᠡᠨ ᠲᠣᠭᠠᠲᠤ | ᠦᠨᠳᠦᠰᠦᠲᠡᠨ ᠤ ᠪᠡᠶ᠎ᠡ ᠶᠢᠨ ᠲᠠᠮᠢᠷ ᠤᠨ ᠦᠢᠯᠡᠰ ᠤᠨ ᠬᠥᠭᠵᠢᠯᠲᠡ ᠶᠢ ᠠᠬᠢᠭᠤᠯᠵᠤ᠂ ᠤᠯᠤᠰ ᠠᠷᠠᠳ ᠤᠨ ᠪᠡᠶ᠎ᠡ | ᠮᠠᠬᠠᠪᠣᠳ ᠤᠨ ᠬᠢᠨᠠᠨ ᠬᠡᠮᠵᠢᠯᠲᠡ ᠪᠠ ᠨᠡᠶᠢᠭᠡᠮ ᠤᠨ ᠪᠡᠶ᠎ᠡ ᠶᠢᠨ ᠲᠠᠮᠢᠷ ᠤᠨ ᠠᠵᠢᠯ ᠤᠨ ᠵᠢᠯᠣᠭᠤᠳᠬᠤ ᠠᠵᠢᠯ ᠤᠨ | ᠡᠩᠨᠡᠭᠡ ᠶᠢᠨ ᠲᠦᠷᠢᠮ ᠤᠨ ᠪᠠᠶᠢᠭᠤᠯᠤᠯᠲᠠ ᠶᠢ ᠠᠬᠢᠭᠤᠯᠤᠨ᠎ᠠ᠃ | ︵ᠬᠤᠷᠢᠨ ᠨᠢᠭᠡ︶ ᠪᠦᠬᠦ ᠰᠢᠶᠠᠨ ᠤ ᠵᠠᠯᠠᠭᠤᠴᠤᠳ ᠪᠠᠭᠠᠴᠤᠳ ᠤᠨ ᠪᠡᠶ᠎ᠡ ᠶᠢᠨ ᠲᠠᠮᠢᠷ ᠤᠨ ᠬᠥᠭᠵᠢᠯᠲᠡ ᠶᠢ | ᠨᠢᠭᠡᠳᠦᠯᠲᠡᠶ ᠲᠥᠯᠥᠪᠵᠢᠭᠦᠯᠦᠨ᠂ ᠵᠠᠯᠠᠭᠤᠴᠤᠳ ᠪᠠᠭᠠᠴᠤᠳ ᠤᠨ ᠪᠡᠶ᠎ᠡ ᠶᠢᠨ ᠲᠠᠮᠢᠷ ᠤᠨ ᠠᠵᠢᠯ ᠢ ᠲᠦᠯᠬᠢᠨ | ᠠᠬᠢᠭᠤᠯᠵᠤ᠂ ᠪᠦᠬᠦ ᠰᠢᠶᠠᠨ ᠤ ᠵᠠᠯᠠᠭᠤᠴᠤᠳ ᠪᠠᠭᠠᠴᠤᠳ ᠤᠨ ᠪᠡᠯᠡᠳᠬᠡᠯ ᠴᠢᠳᠠᠪᠤᠷᠢᠲᠠᠨ ᠤ ᠰᠠᠭᠤᠷᠢᠨ ᠭᠠᠵᠠᠷ ᠤᠨ | ᠪᠦᠲᠦᠭᠡᠨ ᠪᠠᠶᠢᠭᠤᠯᠤᠯᠲᠠ ᠶᠢᠨ ᠠᠵᠢᠯ ᠢ ᠬᠠᠷᠢᠭᠤᠴᠠᠵᠤ᠂ ᠪᠡᠶ᠎ᠡ ᠶᠢᠨ ᠲᠠᠮᠢᠷ ᠤᠨ ᠰᠤᠷᠭᠠᠭᠤᠯᠢ ᠶᠢᠨ ᠪᠦᠲᠦᠭᠡᠨ | ᠪᠠᠶᠢᠭᠤᠯᠤᠯᠲᠠ ᠶᠢ ᠵᠢᠯᠣᠭᠤᠳᠤᠨ᠎ᠠ᠃ | ︵ᠬᠤᠷᠢᠨ ᠬᠤᠶᠠᠷ︶ ᠪᠦᠬᠦ ᠰᠢᠶᠠᠨ ᠤ ᠪᠡᠶ᠎ᠡ ᠶᠢᠨ ᠲᠠᠮᠢᠷ ᠤᠨ ᠠᠵᠤ ᠦᠢᠯᠡᠰ ᠤᠨ ᠬᠥᠭᠵᠢᠯᠲᠡ ᠶᠢᠨ | ᠲᠥᠯᠥᠪᠵᠢᠭᠦᠯᠭᠡ ᠪᠣᠯᠤᠨ ᠲᠥᠷᠥ ᠶᠢᠨ ᠪᠣᠳᠣᠯᠭ᠎ᠠ ᠶᠢ ᠲᠤᠭᠤᠷᠪᠢᠨ ᠲᠣᠭᠲᠠᠭᠠᠵᠤ᠂ ᠪᠡᠶ᠎ᠡ ᠶᠢᠨ ᠲᠠᠮᠢᠷ ᠤᠨ | ᠦᠢᠯᠡᠴᠢᠯᠡᠭᠡᠨ ᠤ ᠬᠠᠮᠢᠶᠠᠷᠤᠯᠲᠠ ᠶᠢ ᠵᠢᠷᠤᠮᠵᠢᠭᠤᠯᠤᠨ᠂ ᠪᠡᠶ᠎ᠡ ᠶᠢᠨ ᠲᠠᠮᠢᠷ ᠤᠨ ᠦᠢᠯᠡᠴᠢᠯᠡᠭᠡᠨ ᠤ | ᠪᠠᠷᠢᠮᠵᠢᠶᠠᠵᠢᠭᠤᠯᠬᠤ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠪᠦᠬᠦ ᠰᠢᠶᠠᠨ ᠤ ᠪᠡᠶ᠎ᠡ ᠶᠢᠨ ᠲᠠᠮᠢᠷ ᠤᠨ ᠱᠠᠩᠨᠠᠯᠲᠤ | ᠰᠤᠭᠤᠯᠤᠭ᠎ᠠ ᠲᠠᠷᠬᠠᠭᠠᠬᠤ ᠬᠠᠮᠢᠶᠠᠷᠤᠯᠲᠠ ᠶᠢ ᠬᠠᠷᠢᠭᠤᠴᠠᠨ᠎ᠠ᠃ | ︵ᠬᠤᠷᠢᠨ ᠭᠤᠷᠪᠠᠨ︶ ᠪᠦᠬᠦ ᠰᠢᠶᠠᠨ ᠤ ᠪᠡᠶ᠎ᠡ ᠶᠢᠨ ᠲᠠᠮᠢᠷ ᠤᠨ ᠪᠡᠯᠡᠳᠬᠡᠮᠵᠢ ᠶᠢᠨ ᠪᠠᠶᠢᠷᠢᠰᠢᠭᠤᠯᠤᠯᠲᠠ ᠶᠢᠨ | ᠲᠥᠯᠥᠪᠵᠢᠭᠦᠯᠭᠡ ᠶᠢ ᠲᠤᠭᠤᠷᠪᠢᠨ ᠲᠣᠭᠲᠠᠭᠠᠬᠤ ᠳᠤ ᠣᠷᠣᠯᠴᠠᠵᠤ᠂ ᠪᠡᠶ᠎ᠡ ᠶᠢᠨ ᠲᠠᠮᠢᠷ ᠤᠨ ᠪᠡᠯᠡᠳᠬᠡᠮᠵᠢ ᠶᠢᠨ | ᠬᠠᠮᠢᠶᠠᠷᠤᠯᠲᠠ ᠪᠠ ᠬᠡᠷᠡᠭᠯᠡᠯᠲᠡ ᠶᠢ ᠬᠢᠨᠠᠨ ᠪᠠᠶᠢᠴᠠᠭᠠᠵᠤ᠂ ᠤᠯᠠᠨ ᠡᠰᠢᠵᠢᠭᠰᠡᠨ ᠪᠡᠶ᠎ᠡ ᠶᠢᠨ ᠲᠠᠮᠢᠷ ᠤᠨ | ᠦᠢᠯᠡᠴᠢᠯᠡᠭᠡᠨ ᠤ ᠰᠢᠰᠲ᠋ᠧᠮᠵᠢ ᠶᠢᠨ ᠪᠠᠶᠢᠭᠤᠯᠤᠯᠲᠠ ᠶᠢ ᠲᠦᠯᠬᠢᠨ ᠠᠬᠢᠭᠤᠯᠬᠤ ᠶᠢ ᠬᠠᠷᠢᠭᠤᠴᠠᠵᠤ᠂ ᠪᠡᠶ᠎ᠡ ᠶᠢᠨ | ᠲᠠᠮᠢᠷ ᠤᠨ ᠤᠯᠠᠨ ᠨᠡᠶᠢᠲᠡ ᠶᠢᠨ ᠦᠢᠯᠡᠴᠢᠯᠡᠭᠡ ᠪᠠ ᠪᠡᠶ᠎ᠡ ᠶᠢᠨ ᠲᠠᠮᠢᠷ ᠤᠨ ᠪᠠᠶᠢᠭᠤᠯᠤᠯ ᠤᠨ ᠥᠭᠡᠷᠡᠴᠢᠯᠡᠯᠲᠡ ᠶᠢ | ᠲᠦᠯᠬᠢᠨ ᠠᠬᠢᠭᠤᠯᠤᠨ᠎ᠠ᠃ | ︵ᠬᠤᠷᠢᠨ ᠳᠥᠷᠪᠡᠨ︶ ᠪᠡᠶ᠎ᠡ ᠶᠢᠨ ᠲᠠᠮᠢᠷ ᠤᠨ ᠵᠠᠬ᠎ᠠ ᠳᠡᠯᠭᠡᠭᠦᠷ ᠢ ᠪᠤᠶᠢᠵᠢᠭᠤᠯᠤᠨ ᠬᠥᠭᠵᠢᠭᠦᠯᠵᠦ᠂ | ᠪᠡᠶ᠎ᠡ ᠶᠢᠨ ᠲᠠᠮᠢᠷ ᠤᠨ ᠡᠵᠡᠩᠨᠡᠯᠲᠡ ᠶᠢᠨ ᠠᠵᠢᠯᠯᠠᠭ᠎ᠠ ᠶᠢ ᠵᠢᠷᠤᠮᠵᠢᠭᠤᠯᠬᠤ ᠬᠡᠷᠡᠭᠲᠡᠶ᠃ | ︵ᠬᠤᠷᠢᠨ ᠲᠠᠪᠤᠨ︶ ᠰᠢᠶᠠᠨ ᠤ ᠱᠠᠲᠤᠨ ᠤ ᠪᠡᠶ᠎ᠡ ᠶᠢᠨ ᠲᠠᠮᠢᠷ ᠤᠨ ᠨᠡᠶᠢᠭᠡᠮᠯᠢᠭ ᠢ ᠪᠠᠶᠢᠭᠤᠯᠬᠤ ᠪᠠᠷ | ᠭᠤᠶᠤᠴᠢᠯᠠᠬᠤ ᠪᠠ ᠬᠤᠪᠢᠷᠠᠭᠤᠯᠬᠤ᠂ ᠬᠦᠴᠦᠨ ᠦᠭᠡᠢ ᠪᠣᠯᠭᠠᠬᠤ ᠵᠡᠷᠭᠡ ᠵᠦᠢᠯᠡᠰ ᠢ ᠬᠢᠨᠠᠨ ᠪᠠᠶᠢᠴᠠᠭᠠᠬᠤ ᠶᠢ | ᠬᠠᠷᠢᠭᠤᠴᠠᠨ᠎ᠠ᠃ | ︵ᠬᠤᠷᠢᠨ ᠵᠢᠷᠭᠤᠭᠠᠨ︶ ᠪᠡᠶ᠎ᠡ ᠶᠢᠨ ᠲᠠᠮᠢᠷ ᠤᠨ ᠲᠥᠷᠥᠯ ᠤᠨ ᠠᠷᠠᠳ ᠠᠴᠠ ᠡᠷᠬᠢᠯᠡᠭᠰᠡᠨ ᠠᠵᠤ | ᠠᠬᠤᠶᠢᠯᠠᠯ ᠤᠨ ᠪᠤᠰᠤ ᠨᠢᠭᠡᠴᠢ ᠶᠢᠨ ᠳᠠᠩᠰᠠᠯᠠᠭᠤᠯᠬᠤ ᠪᠠ ᠬᠤᠪᠢᠷᠠᠭᠤᠯᠬᠤ᠂ ᠬᠦᠴᠦᠨ ᠥᠬᠡᠶ ᠪᠣᠯᠭᠠᠬᠤ ᠵᠡᠷᠭᠡ | ᠵᠤᠶᠢᠯᠡᠰ ᠢ ᠬᠢᠨᠠᠨ ᠪᠠᠶᠢᠴᠠᠭᠠᠬᠤ ᠶᠢ ᠬᠠᠷᠢᠭᠤᠴᠠᠨ᠎ᠠ᠃ | ︵ᠬᠤᠷᠢᠨ ᠳᠣᠯᠤᠭ᠎ᠠ︶ ᠠᠶᠤᠯ ᠦᠭᠡᠶ ᠴᠢᠨᠠᠷᠲᠠᠶ ᠪᠡᠶ᠎ᠡ ᠶᠢᠨ ᠲᠠᠮᠢᠷ ᠤᠨ ᠲᠥᠷᠥᠯ ᠵᠦᠢᠯ ᠡᠵᠡᠩᠨᠡᠬᠦ ᠶᠢ | ᠬᠢᠨᠠᠨ ᠵᠥᠪᠰᠢᠶᠡᠷᠡᠬᠦ ᠶᠢ ᠬᠠᠷᠢᠭᠤᠴᠠᠨ᠎ᠠ᠃ | ︵ᠬᠤᠷᠢᠨ ᠨᠠᠢᠮᠠ︶ ᠪᠡᠶ᠎ᠡ ᠴᠢᠭᠢᠷᠠᠭᠵᠢᠭᠤᠯᠬᠤ ᠠᠮᠢᠰᠬᠤᠯ ᠤᠨ ᠲᠠᠮᠢᠷ ᠤᠨ ᠠᠵᠢᠯᠯᠠᠭ᠎ᠠ ᠡᠷᠬᠢᠯᠡᠬᠦ ᠵᠢᠴᠢ | ᠥᠷᠲᠡᠭᠡ ᠴᠢᠭ ᠪᠠᠶᠢᠭᠤᠯᠬᠤ ᠶᠢ ᠬᠢᠨᠠᠨ ᠵᠥᠪᠰᠢᠶᠡᠷᠡᠬᠦ ᠶᠢ ᠬᠠᠷᠢᠭᠤᠴᠠᠨ᠎ᠠ᠃ | ︵ᠬᠤᠷᠢ ᠶᠢᠰᠦ︶ ᠲᠤᠰ ᠰᠢᠰᠲ᠋ᠧᠮ ᠤᠨ ᠠᠵᠢᠯ ᠲᠥᠷᠥᠯ ᠢᠶᠠᠷ ᠶᠠᠳᠠᠭᠤ ᠶᠢ ᠲᠡᠳᠬᠦᠬᠦ ᠠᠵᠢᠯ ᠢ ᠰᠠᠶᠢᠲᠤᠷ | ᠬᠢᠨ᠎ᠡ᠃ | ︵ᠭᠤᠴᠢᠨ︶ ᠰᠢᠶᠠᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠡᠭᠦᠷᠭᠡ ᠶᠢ | ᠪᠡᠶᠡᠯᠡᠭᠦᠯᠦᠨ᠎ᠡ᠃ | ᠳᠣᠲᠣᠭᠠᠳᠤ ᠶᠢᠨ ᠪᠠᠶᠢᠭᠤᠯᠤᠮᠵᠢ᠄ | ᠰᠢᠩ ᠾᠧ ᠰᠢᠶᠠᠨ ᠤ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ ᠳᠤ ᠪᠠᠶᠢᠭᠤᠯᠭ᠎ᠠ ᠶᠢᠨ ᠺᠠᠳ᠋ᠷ | ᠠᠵᠢᠯᠲᠠᠨ ᠠᠵᠢᠯᠴᠢᠨ 76 ᠬᠥᠮᠦᠨ᠂ ᠳᠣᠤᠷ᠎ᠠ ᠨᠢ ᠠᠯᠪᠠᠨ ᠬᠡᠷ᠂ ᠵᠣᠬᠢᠶᠠᠨ ᠪᠠᠶᠢᠭᠤᠯᠬᠤ ᠠᠵᠢᠯᠲᠠᠨ ᠤ | ᠶᠠᠪᠤᠳᠠᠯ ᠤᠨ ᠲᠠᠰᠤᠭ᠂ ᠲᠥᠯᠥᠪᠯᠡᠭᠡ ᠡᠳ᠋ ᠤᠨ ᠶᠠᠪᠤᠳᠠᠯ ᠤᠨ ᠲᠠᠰᠤᠭ᠂ ᠰᠠᠭᠤᠷᠢ ᠰᠤᠷᠭᠠᠨ ᠬᠥᠮᠦᠵᠢᠯ ᠤᠨ ᠲᠠᠰᠤᠭ | ᠂ ᠶᠣᠰᠣ ᠰᠤᠷᠲᠠᠬᠤᠨ ᠤ ᠬᠥᠮᠦᠵᠢᠯ ᠤᠨ ᠲᠠᠰᠤᠭ᠂ ᠬᠢᠨᠠᠨ ᠵᠢᠯᠣᠭᠤᠳᠬᠤ ᠲᠠᠰᠤᠭ᠂ ᠪᠡᠶ᠎ᠡ ᠶᠢᠨ ᠲᠠᠮᠢᠷ ᠡᠷᠡᠭᠦᠯ | ᠬᠠᠮᠠᠭᠠᠯᠠᠯ ᠪᠠ ᠤᠷᠠᠯᠢᠭ ᠤᠨ ᠰᠤᠷᠭᠠᠨ ᠬᠥᠮᠦᠵᠢᠯ ᠤᠨ ᠲᠠᠰᠤᠭ᠂ ᠰᠤᠷᠭᠠᠭᠤᠯᠢ ᠶᠢᠨ ᠠᠮᠤᠷ ᠲᠦᠪᠰᠢᠨ ᠤ | ᠬᠠᠮᠢᠶᠠᠷᠤᠯᠲᠠ ᠶᠢᠨ ᠲᠠᠰᠤᠭ ᠪᠠ ᠲᠥᠷᠥᠯ ᠵᠦᠢᠯ ᠤᠨ ᠲᠠᠰᠤᠭ ᠵᠡᠷᠭᠡ 9 ᠡᠭᠦᠷᠭᠡ ᠴᠢᠳᠠᠪᠤᠷᠢ ᠶᠢᠨ ᠲᠠᠰᠤᠭ ᠪᠣᠶ᠃ | ︵ᠨᠢᠭᠡ︶ ᠠᠯᠪᠠᠨ ᠭᠡᠷ᠄ | ᠡᠭᠦᠷᠭᠡ ᠴᠢᠳᠠᠪᠬᠢ᠄ ᠪᠠᠶᠢᠭᠤᠯᠭ᠎ᠠ ᠶᠢᠨ ᠡᠳᠦᠷ ᠲᠤᠲᠤᠮ ᠤᠨ ᠠᠵᠢᠯ ᠢ ᠬᠠᠷᠢᠭᠤᠴᠠᠨ᠎ᠠ᠃ ᠪᠠᠶᠢᠭᠤᠯᠭ᠎ᠠ ᠶᠢᠨ | ᠵᠠᠰᠠᠭ ᠤᠨ ᠶᠠᠪᠤᠳᠠᠯ᠂ ᠬᠡᠷᠡᠭ ᠶᠠᠪᠤᠳᠠᠯ᠂ ᠡᠳ᠋ ᠤᠨ ᠶᠠᠪᠤᠳᠠᠯ᠂ ᠡᠳ᠋ ᠬᠥᠷᠥᠩᠭᠡ ᠵᠡᠷᠭᠡ ᠠᠵᠢᠯ ᠢ ᠶᠡᠷᠦᠩᠬᠡᠶᠢᠯᠡᠨ | ᠬᠠᠮᠢᠶᠠᠷᠤᠨ᠎ᠠ᠃ ᠪᠠᠶᠢᠭᠤᠯᠭ᠎ᠠ ᠶᠢᠨ ᠨᠠᠷᠢᠨ ᠪᠢᠴᠢᠭ᠂ ᠲᠠᠩᠰᠠ ᠡᠪᠬᠡᠮᠡᠯ ᠤᠨ ᠬᠠᠮᠢᠶᠠᠷᠤᠯᠲᠠ᠂ ᠤᠬᠠᠭᠤᠯᠭ᠎ᠠ᠂ ᠠᠮᠤᠷ | ᠲᠦᠪᠰᠢᠨ᠂ ᠨᠢᠭᠤᠴᠠ ᠶᠢ ᠬᠠᠮᠠᠭᠠᠯᠠᠬᠤ᠂ ᠠᠮᠤᠷ ᠢ ᠬᠠᠮᠠᠭᠠᠯᠠᠬᠤ᠂ ᠮᠡᠳᠡᠭᠡ ᠵᠠᠩᠭᠢ᠂ ᠭᠠᠳᠠᠭᠠᠳᠤ ᠲᠠᠢ ᠬᠠᠷᠢᠯᠴᠠᠬᠤ | ᠪᠠ ᠡᠯ᠎ᠡ ᠲᠥᠷᠥᠯ ᠤᠨ ᠬᠤᠷᠠᠯ ᠤᠨ ᠵᠣᠬᠢᠶᠠᠨ ᠪᠠᠶᠢᠭᠤᠯᠤᠯᠲᠠ ᠵᠡᠷᠭᠡ ᠶᠢ ᠬᠠᠷᠢᠭᠤᠴᠠᠨ᠎ᠠ᠃ ᠵᠥᠪᠯᠡᠯᠭᠡ ᠰᠠᠨᠠᠯ | ᠵᠥᠪᠯᠡᠯᠭᠡ ᠶᠢ ᠰᠢᠢᠳᠪᠦᠷᠢᠯᠡᠬᠦ ᠶᠢ ᠵᠣᠬᠢᠴᠠᠭᠤᠯᠤᠨ ᠵᠣᠬᠢᠶᠠᠨ ᠪᠠᠶᠢᠭᠤᠯᠤᠨ᠎ᠠ᠃ | ︵ᠬᠤᠶᠠᠷ︶ ᠵᠣᠬᠢᠶᠠᠨ ᠪᠠᠢᠭᠤᠯᠬᠤ ᠠᠵᠢᠯᠲᠠᠨ ᠤ ᠶᠠᠪᠤᠳᠠᠯ ᠤᠨ ᠲᠠᠰᠤᠭ᠄ | ᠡᠭᠦᠷᠭᠡ ᠴᠢᠳᠠᠪᠤᠷᠢ᠄ ᠰᠢᠰᠲ᠋ᠧᠮ ᠤᠨ ᠣᠷᠣᠨ ᠲᠤᠭ᠎ᠠ ᠶᠢᠨ ᠬᠠᠮᠢᠶᠠᠷᠤᠯᠲᠠ᠂ ᠠᠵᠢᠯᠲᠠᠨ ᠤ ᠶᠠᠪᠤᠳᠠᠯ᠂ | ᠠᠵᠢᠯᠴᠢᠨ ᠴᠠᠯᠢᠩ᠂ ᠺᠠᠳ᠋ᠷ ᠢ ᠰᠣᠩᠭᠤᠨ ᠲᠣᠮᠢᠯᠠᠬᠤ᠂ ᠮᠡᠷᠭᠡᠵᠢᠯ ᠤᠨ ᠴᠣᠯᠠ ᠲᠣᠭᠲᠠᠭᠠᠨ ᠤᠷᠢᠬᠤ᠂ ᠠᠵᠢᠯᠲᠠᠨ ᠤ | ᠶᠠᠪᠤᠳᠠᠯ ᠤᠨ ᠲᠠᠩᠰᠠ ᠡᠪᠬᠡᠮᠡᠯ ᠤᠨ ᠬᠠᠮᠢᠶᠠᠷᠤᠯᠲᠠ᠂ ᠪᠠᠭᠰᠢ ᠡᠯᠰᠡᠬᠦ᠂ ᠬᠥᠬᠢᠭᠦᠯᠦᠨ ᠱᠠᠩᠨᠠᠬᠤ᠂ ᠴᠢᠳᠠᠪᠤᠷᠢᠲᠠᠨ ᠤ | ᠡᠩᠨᠡᠭᠡ ᠶᠢᠨ ᠪᠠᠶᠢᠭᠤᠯᠤᠯᠲᠠ ᠵᠡᠷᠭᠡ ᠠᠵᠢᠯ ᠢ ᠡᠭᠦᠷᠭᠡᠯᠡᠨ᠎ᠡ᠃ ᠪᠠᠶᠢᠭᠤᠯᠭ᠎ᠠ ᠶᠢᠨ ᠺᠠᠳ᠋ᠷ ᠤᠨ ᠡᠩᠨᠡᠭᠡᠨ ᠤ | ᠪᠠᠶᠢᠭᠤᠯᠤᠯᠲᠠ ᠪᠣᠯᠤᠨ ᠺᠠᠳ᠋ᠷ ᠤᠨ ᠦᠵᠡᠯ ᠰᠠᠨᠠᠭ᠎ᠠ ᠶᠢ ᠬᠢᠨᠠᠨ ᠰᠢᠯᠭᠠᠬᠤ ᠠᠵᠢᠯ ᠢ ᠬᠠᠷᠢᠭᠤᠴᠠᠨ᠎ᠠ᠃ ᠪᠦᠬᠦ | ᠰᠢᠶᠠᠨ ᠤ ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠶᠢᠨ ᠡᠩᠨᠡᠭᠡᠨ ᠤ ᠬᠤᠷᠸ᠎ᠠ ᠬᠠᠮᠢᠶᠠᠷᠤᠯᠲᠠ ᠶᠢ ᠡᠭᠦᠷᠭᠡᠯᠡᠵᠦ᠂ | ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠶᠢᠨ ᠡᠩᠨᠡᠭᠡᠨ ᠤ ᠪᠠᠶᠢᠭᠤᠯᠤᠯᠲᠠ ᠪᠠ ᠬᠠᠮᠢᠶᠠᠷᠤᠯᠲᠠ ᠶᠢᠨ ᠲᠦᠷᠦ ᠶᠢᠨ | ᠪᠤᠳᠤᠯᠭ᠎ᠠ ᠠᠷᠭ᠎ᠠ ᠬᠡᠮᠵᠢᠶ᠎ᠡ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠢᠯᠣᠭᠤᠳᠤᠨ ᠬᠡᠷᠡᠭᠵᠢᠭᠦᠯᠦᠨ᠎ᠡ᠃ | ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠶᠢᠨ ᠪᠣᠯᠪᠠᠰᠤᠷᠠᠭᠤᠯᠤᠯ ᠪᠠ ᠦᠷᠭᠦᠯᠵᠢᠯᠡᠭᠰᠡᠨ ᠰᠤᠷᠭᠠᠨ ᠬᠥᠮᠦᠵᠢᠯ ᠤᠨ | ᠠᠵᠢᠯ ᠢ ᠨᠢᠭᠡᠳᠦᠯᠲᠡᠶ ᠲᠥᠯᠥᠪᠵᠢᠭᠦᠯᠬᠦ ᠪᠠ ᠵᠢᠯᠣᠭᠤᠳᠤᠨ᠎ᠠ᠃ ᠪᠠᠭᠰᠢ ᠶᠢᠨ ᠬᠢᠷᠢ ᠭᠡᠮ ᠤᠨ ᠳᠦᠷᠢᠮ ᠢ ᠵᠣᠬᠢᠶᠠᠨ | ᠪᠠᠶᠢᠭᠤᠯᠤᠨ ᠬᠡᠷᠡᠭᠵᠢᠭᠦᠯᠬᠦ ᠶᠢ ᠬᠠᠷᠢᠭᠤᠴᠠᠨ᠎ᠠ᠃ ᠪᠠᠭᠰᠢ ᠶᠢᠨ ᠶᠣᠰᠣ ᠮᠣᠷᠠᠯ ᠤᠨ ᠪᠠᠶᠢᠭᠤᠯᠤᠯᠲᠠ ᠶᠢᠨ ᠣᠷᠳᠣ | ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠲᠣᠭᠲᠠᠭᠠᠬᠤ ᠶᠢᠨ ᠬᠠᠮᠲᠤ ᠵᠢᠯᠣᠭᠤᠳᠤᠨ ᠬᠡᠷᠡᠭᠵᠢᠭᠦᠯᠦᠨ᠎ᠡ᠃ ᠪᠦᠬᠦ | ᠰᠢᠶᠠᠨ ᠤ ᠬᠢᠲᠠᠳ ᠦᠭᠡ ᠬᠡᠯᠡ ᠦᠰᠦᠭ ᠪᠢᠴᠢᠭ ᠢ ᠵᠢᠷᠤᠮᠵᠢᠭᠤᠯᠬᠤ ᠠᠵᠢᠯ ᠢ ᠵᠢᠯᠣᠭᠤᠳᠬᠤ ᠪᠠ ᠬᠢᠨᠠᠯᠲᠠ ᠲᠠᠯᠪᠢᠨ | ᠪᠠᠶᠢᠴᠠᠭᠠᠨ᠎ᠠ᠃ ᠡᠯ᠎ᠡ ᠲᠥᠷᠥᠯ ᠤᠨ ᠰᠤᠷᠭᠠᠭᠤᠯᠢ ᠶᠢᠨ ᠵᠠᠬᠢᠷᠤᠯ ᠤᠨ ᠡᠩᠨᠡᠭᠡᠨ ᠤ ᠪᠠᠶᠢᠭᠤᠯᠤᠯᠲᠠ ᠶᠢ ᠵᠢᠯᠣᠭᠤᠳᠤᠨ᠎ᠠ | ᠃ ᠲᠤᠰ ᠰᠢᠰᠲ᠋ᠧᠮ ᠤᠨ ᠢᠶᠠᠨ ᠵᠥᠷᠢᠴᠡᠯ ᠢ ᠨᠠᠮᠳᠠᠭᠤᠯᠬᠤ᠂ ᠵᠠᠬᠢᠳᠠᠯ ᠰᠤᠷᠪᠤᠯᠵᠢᠯᠠᠯ ᠪᠠ ᠲᠣᠭᠲᠠᠭᠤᠨ ᠪᠠᠶᠢᠳᠠᠯ ᠢ | ᠬᠠᠮᠠᠭᠠᠯᠠᠬᠤ ᠠᠵᠢᠯ ᠢ ᠰᠠᠶᠢᠲᠤᠷ ᠬᠢᠨ᠎ᠡ᠃ ᠠᠬᠠᠮᠠᠳ ᠺᠠᠳ᠋ᠷ ᠢ ᠬᠠᠮᠢᠶᠠᠷᠤᠨ ᠦᠢᠯᠡᠴᠢᠯᠡᠬᠦ ᠠᠵᠢᠯ᠃ | ︵ᠭᠤᠷᠪᠠ︶ ᠲᠥᠯᠥᠪᠯᠡᠭᠡ ᠡᠳ᠋ ᠤᠨ ᠶᠠᠪᠤᠳᠠᠯ ᠤᠨ ᠲᠠᠰᠤᠭ | ᠡᠭᠦᠷᠭᠡ ᠴᠢᠳᠠᠪᠤᠷᠢ : ᠲᠥᠯᠥᠪᠯᠡᠭᠡ ᠡᠳ᠋ ᠤᠨ ᠶᠠᠪᠤᠳᠠᠯ ᠤᠨ ᠲᠠᠰᠤᠭ᠃ ᠪᠦᠬᠦ ᠰᠢᠶᠠᠨ ᠤ ᠰᠤᠷᠭᠠᠨ | ᠬᠥᠮᠦᠵᠢᠯ ᠪᠡᠶ᠎ᠡ ᠶᠢᠨ ᠲᠠᠮᠢᠷ ᠤᠨ ᠦᠢᠯᠡᠰ ᠤᠨ ᠬᠥᠭᠵᠢᠯᠲᠡ ᠶᠢᠨ ᠲᠥᠯᠥᠪᠵᠢᠭᠦᠯᠭᠡ ᠶᠢ ᠲᠤᠭᠤᠷᠪᠢᠨ ᠲᠣᠭᠲᠠᠭᠠᠵᠤ᠂ | ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠦᠢᠯᠡᠰ ᠤᠨ ᠲᠤᠭ᠎ᠠ ᠪᠦᠷᠢᠳᠬᠡᠯ᠂ ᠵᠠᠳᠠᠯᠤᠯᠲᠠ ᠶᠢᠨ ᠠᠵᠢᠯ ᠢ | ᠬᠠᠷᠢᠭᠤᠴᠠᠨ᠎ᠠ᠃ ᠪᠦᠬᠦ ᠰᠢᠶᠠᠨ ᠤ ᠳᠤᠮᠳᠠᠳᠤ ᠪᠠᠭ᠎ᠠ ᠰᠤᠷᠭᠠᠭᠤᠯᠢ᠂ ᠬᠡᠦᠬᠡᠳ ᠤᠨ ᠴᠡᠴᠡᠷᠯᠢᠭ ᠤᠨ | ᠪᠠᠶᠢᠷᠢᠯᠠᠭᠤᠯᠤᠯᠲᠠ ᠶᠢ ᠲᠣᠬᠢᠷᠠᠭᠤᠯᠬᠤ ᠪᠠ ᠰᠠᠭᠤᠷᠢ ᠪᠦᠲᠦᠭᠡᠨ ᠪᠠᠶᠢᠭᠤᠯᠤᠯᠲᠠ ᠶᠢ ᠵᠢᠯᠣᠭᠤᠳᠤᠨ᠎ᠠ᠃ ᠬᠤᠯᠪᠣᠭᠳᠠᠯ | ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠤᠰᠬᠠᠶ ᠵᠦᠢᠯ ᠤᠨ | ᠵᠠᠷᠤᠳᠠᠯ ᠢ ᠬᠠᠮᠢᠶᠠᠷᠬᠤ᠂ ᠵᠠᠷᠤᠳᠠᠯ ᠤᠨ ᠬᠡᠷᠡᠭᠯᠡᠯᠲᠡ ᠶᠢ ᠬᠢᠨᠠᠨ ᠬᠡᠮᠵᠢᠬᠦ ᠪᠠ ᠦᠨᠡᠯᠡᠨ ᠵᠢᠱᠢᠬᠦ ᠶᠢ ᠥᠷᠨᠢᠭᠦᠯᠦᠨ᠎ᠡ᠃ | ᠬᠠᠷᠢᠶ᠎ᠠ ᠪᠥᠬᠦᠶ ᠲᠥᠰᠦᠪ ᠤᠨ ᠨᠢᠭᠡᠴᠢ ᠶᠢᠨ ᠲᠥᠰᠦᠪ ᠪᠠ ᠲᠥᠰᠦᠪ ᠤᠨ ᠭᠦᠢᠴᠡᠳᠬᠡᠯ᠂ ᠵᠠᠰᠠᠭ ᠤᠨ ᠣᠷᠳᠣᠨ ᠤ | ᠬᠤᠳᠠᠯᠳᠤᠨ ᠠᠪᠬᠤ᠂ ᠤᠯᠤᠰ ᠤᠨ ᠥᠮᠴᠢᠯᠡᠯᠲᠦ ᠡᠳ᠋ ᠬᠥᠷᠥᠩᠭᠡ᠂ ᠡᠳ᠋ ᠤᠨ ᠶᠠᠪᠤᠳᠠᠯ ᠤᠨ ᠬᠠᠮᠢᠶᠠᠷᠤᠯᠲᠠ ᠪᠠ | ᠳᠣᠲᠣᠭᠠᠳᠤ ᠶᠢᠨ ᠬᠢᠨᠠᠨ ᠪᠤᠳᠤᠬᠤ ᠠᠵᠢᠯ ᠢ ᠡᠭᠦᠷᠭᠡᠯᠡᠨ᠎ᠡ᠃ ᠰᠤᠷᠤᠭᠴᠢᠳ ᠢ ᠲᠤᠰᠠᠯᠠᠬᠤ᠂ ᠰᠤᠷᠭᠠᠨ | ᠬᠥᠮᠦᠵᠢᠯ ᠤᠨ ᠪᠡᠯᠡᠭ᠂ ᠰᠤᠷᠭᠠᠨ ᠬᠥᠮᠦᠵᠢᠯ ᠤᠨ ᠰᠦᠢᠳᠬᠡᠯ ᠬᠤᠷᠢᠶᠠᠬᠤ ᠵᠡᠷᠭᠡ ᠠᠵᠢᠯ ᠢ ᠵᠢᠯᠣᠭᠤᠳᠤᠨ᠎ᠠ᠃ | ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠤᠨ ᠶᠠᠳᠠᠭᠤ ᠶᠢ ᠲᠡᠳᠬᠦᠬᠦ ᠠᠵᠢᠯ ᠢ ᠬᠠᠷᠢᠯᠴᠠᠬᠤ ᠪᠠ ᠵᠢᠯᠣᠭᠤᠳᠤᠨ᠎ᠠ᠃ | ︵ᠲᠦᠷᠪᠡ︶ ᠰᠠᠭᠤᠷᠢ ᠰᠤᠷᠭᠠᠨ ᠬᠥᠮᠦᠵᠢᠯ ᠤᠨ ᠲᠠᠰᠤᠭ | ᠡᠭᠦᠷᠭᠡ ᠴᠢᠳᠠᠪᠤᠷᠢ᠄ ᠰᠠᠭᠤᠷᠢ ᠰᠤᠷᠭᠠᠨ ᠬᠥᠮᠦᠵᠢᠯ ᠤᠨ ᠬᠤᠷᠸ᠎ᠠ ᠬᠠᠮᠢᠶᠠᠷᠤᠯᠲᠠ ᠶᠢᠨ ᠠᠵᠢᠯ ᠢ | ᠬᠠᠷᠢᠭᠤᠴᠠᠵᠤ᠂ ᠬᠡᠦᠬᠡᠳ ᠤᠨ ᠰᠤᠷᠭᠠᠨ ᠬᠥᠮᠦᠵᠢᠯ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠲᠡᠩᠴᠡᠭᠦᠷᠢᠲᠡᠶ | ᠬᠥᠭᠵᠢᠯᠲᠡ ᠪᠠ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠭᠠᠨ ᠬᠥᠮᠦᠵᠢᠯ ᠤᠨ | ᠬᠥᠭᠵᠢᠯᠲᠡ ᠶᠢ ᠠᠬᠢᠭᠤᠯᠬᠤ ᠲᠥᠷᠥ ᠶᠢᠨ ᠪᠣᠳᠣᠯᠭ᠎ᠠ ᠶᠢ ᠲᠤᠭᠤᠷᠪᠢᠨ ᠲᠣᠭᠲᠠᠭᠠᠵᠤ᠂ ᠬᠤᠯᠪᠣᠭᠳᠠᠯ ᠪᠥᠬᠦᠶ ᠰᠠᠯᠠᠭ᠎ᠠ | ᠮᠥᠴᠢᠷ ᠲᠠᠢ ᠬᠠᠮᠲᠤᠷᠠᠨ ᠤᠯᠤᠰ ᠪᠠ ᠥᠪᠡᠷᠲᠡᠭᠡᠨ ᠵᠠᠰᠠᠬᠤ ᠣᠷᠣᠨ ᠤ ᠰᠠᠭᠤᠷᠢ ᠰᠤᠷᠭᠠᠨ ᠬᠥᠮᠦᠵᠢᠯ ᠤᠨ | ᠬᠥᠭᠵᠢᠯᠲᠡ ᠶᠢᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ᠎ᠠ᠃ ᠰᠠᠭᠤᠷᠢ ᠰᠤᠷᠭᠠᠨ ᠬᠥᠮᠦᠵᠢᠯ᠂ | ᠬᠡᠦᠬᠡᠳ ᠤᠨ ᠴᠡᠴᠡᠷᠯᠢᠭ ᠤᠨ ᠰᠤᠷᠭᠠᠭᠤᠯᠢ ᠡᠷᠬᠢᠯᠡᠬᠦ ᠦᠢᠯᠡ ᠠᠵᠢᠯᠯᠠᠭ᠎ᠠ ᠪᠠ ᠰᠤᠷᠭᠠᠭᠤᠯᠢ ᠶᠢᠨ ᠬᠠᠷᠢᠶᠠᠯᠠᠯ ᠤᠨ | ᠬᠠᠮᠢᠶᠠᠷᠤᠯᠲᠠ ᠶᠢᠨ ᠠᠵᠢᠯ ᠢ ᠵᠢᠷᠤᠮᠵᠢᠭᠤᠯᠬᠤ ᠶᠢ ᠵᠢᠯᠣᠭᠤᠳᠴᠤ᠂ ᠰᠠᠭᠤᠷᠢ ᠰᠤᠷᠭᠠᠨ ᠬᠥᠮᠦᠵᠢᠯ ᠤᠨ ᠦᠨᠳᠦᠰᠦᠨ | ᠵᠢᠭᠠᠨ ᠰᠤᠷᠭᠠᠯᠲᠠ ᠶᠢᠨ ᠪᠢᠴᠢᠭ ᠮᠠᠲ᠋ᠧᠷᠢᠶᠠᠯ ᠢ ᠲᠣᠭᠲᠠᠭᠠᠬᠤ ᠶᠢᠨ ᠬᠠᠮᠲᠤ ᠵᠢᠯᠣᠭᠤᠳᠤᠨ ᠬᠡᠷᠡᠭᠵᠢᠭᠦᠯᠦᠨ᠎ᠡ᠃ | ᠵᠢᠭᠠᠬᠤ ᠮᠠᠲ᠋ᠧᠷᠢᠶᠠᠯ ᠪᠣᠯᠤᠨ ᠰᠤᠷᠭᠠᠭᠤᠯᠢ ᠶᠢᠨ ᠬᠢᠴᠢᠶᠡᠯ ᠤᠨ ᠪᠠᠶᠢᠭᠤᠯᠤᠯᠲᠠ ᠪᠣᠯᠤᠨ ᠬᠠᠮᠢᠶᠠᠷᠤᠯᠲᠠ ᠶᠢᠨ ᠠᠵᠢᠯ ᠢ | ᠵᠢᠯᠣᠭᠤᠳᠤᠨ᠎ᠠ᠃ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ᠂ ᠨᠠᠰᠤᠨ ᠳᠤ ᠬᠦᠷᠦᠭᠰᠡᠳ ᠤᠨ | ᠰᠤᠷᠭᠠᠨ ᠬᠥᠮᠦᠵᠢᠯ ᠤᠨ ᠠᠵᠢᠯ ᠢ ᠨᠢᠭᠡᠳᠦᠯᠲᠡᠶ ᠲᠥᠯᠥᠪᠯᠡᠨ ᠬᠠᠮᠢᠶᠠᠷᠤᠨ᠎ᠠ᠃ ᠳᠤᠮᠳᠠ ᠵᠡᠷᠭᠡ ᠶᠢᠨ ᠠᠵᠢᠯ | ᠮᠡᠷᠭᠡᠵᠢᠯ ᠤᠨ ᠰᠤᠷᠭᠠᠭᠤᠯᠢ ᠶᠢᠨ ᠰᠤᠷᠤᠭᠴᠢᠳ ᠤᠨ ᠰᠤᠷᠭᠠᠭᠤᠯᠢ ᠶᠢᠨ ᠬᠠᠷᠢᠶᠠᠯᠠᠯ ᠤᠨ ᠬᠠᠮᠢᠶᠠᠷᠤᠯᠲᠠ᠂ ᠠᠵᠢᠯ | ᠮᠡᠷᠭᠡᠵᠢᠯ ᠤᠨ ᠵᠢᠯᠣᠭᠤᠳᠣᠯᠭ᠎ᠠ ᠶᠢ ᠬᠠᠷᠢᠭᠤᠴᠠᠨ᠎ᠠ᠃ ᠪᠦᠬᠦ ᠰᠢᠶᠠᠨ ᠤ ᠠᠷᠠᠳ ᠠᠴᠠ ᠡᠷᠬᠢᠯᠡᠭᠰᠡᠨ ᠰᠤᠷᠭᠠᠨ | ᠬᠥᠮᠦᠵᠢᠯ ᠤᠨ ᠨᠢᠭᠡᠳᠦᠯᠲᠡᠶ ᠲᠥᠯᠥᠪᠵᠢᠭᠦᠯᠭᠡ᠂ ᠶᠡᠷᠦᠩᠬᠡᠶᠢᠯᠡᠨ ᠵᠣᠬᠢᠴᠠᠭᠤᠯᠬᠤ ᠪᠠ ᠬᠤᠷᠸ᠎ᠠ ᠬᠠᠮᠢᠶᠠᠷᠤᠯᠲᠠ ᠶᠢ | ᠡᠭᠦᠷᠭᠡᠯᠡᠨ᠎ᠡ᠃ ᠠᠷᠠᠳ ᠠᠴᠠ ᠡᠷᠬᠢᠯᠡᠭᠰᠡᠨ ᠳᠤᠮᠳᠠᠳᠤ ᠪᠠᠭ᠎ᠠ ᠰᠤᠷᠭᠠᠭᠤᠯᠢ᠂ ᠬᠡᠤᠬᠡᠳ ᠤᠨ ᠴᠡᠴᠡᠷᠯᠢᠭ᠂ | ᠰᠤᠷᠭᠠᠭᠤᠯᠢ ᠶᠢᠨ ᠭᠠᠳᠠᠨᠠᠬᠢ ᠰᠤᠷᠭᠠᠨ ᠬᠥᠮᠦᠵᠢᠯ ᠤᠨ ᠲᠥᠷᠥᠯ ᠤᠨ ᠪᠣᠯᠪᠠᠰᠤᠷᠠᠭᠤᠯᠤᠯ ᠤᠨ ᠪᠠᠶᠢᠭᠤᠯᠤᠮᠵᠢ ᠶᠢᠨ | ᠬᠥᠭᠵᠢᠯᠲᠡ ᠪᠠ ᠵᠢᠷᠤᠮᠵᠢᠭᠰᠠᠨ ᠬᠠᠮᠢᠶᠠᠷᠤᠯᠲᠠ ᠶᠢ ᠵᠢᠯᠣᠭᠤᠳᠤᠨ᠎ᠠ᠃ ᠡᠯ᠎ᠡ ᠲᠥᠷᠥᠯ ᠤᠨ ᠰᠤᠷᠭᠠᠨ ᠬᠥᠮᠦᠵᠢᠯ ᠤᠨ | ᠰᠤᠷᠤᠭᠴᠢ ᠡᠯᠰᠡᠬᠦ ᠰᠢᠯᠭᠠᠯᠲᠠ ᠶᠢᠨ ᠰᠤᠷᠭᠠᠭᠤᠯᠢ ᠶᠢᠨ ᠬᠠᠷᠢᠶᠠᠯᠠᠯ ᠢ ᠬᠢᠨᠠᠨ ᠪᠠᠶᠢᠴᠠᠭᠠᠬᠤ ᠠᠵᠢᠯ ᠢ ᠬᠠᠷᠢᠭᠤᠴᠠᠨ᠎ᠠ᠃ | ᠬᠤᠷᠸ᠎ᠠ ᠲᠠᠯ᠎ᠠ ᠠᠴᠠ ᠠᠵᠢᠯᠲᠠᠨ ᠠᠵᠢᠯᠴᠢᠨ ᠤ ᠰᠤᠷᠭᠠᠨ ᠬᠥᠮᠦᠵᠢᠯ᠂ ᠮᠠᠯᠴᠢᠨ ᠲᠠᠷᠢᠶᠠᠴᠢᠨ ᠤ ᠰᠤᠷᠭᠠᠨ | ᠬᠥᠮᠦᠵᠢᠯ᠂ ᠨᠡᠶᠢᠭᠡᠮ ᠲᠣᠭᠤᠷᠢᠭ ᠤᠨ ᠰᠤᠷᠭᠠᠨ ᠬᠥᠮᠦᠵᠢᠯ᠂ ᠨᠠᠰᠤᠨ ᠳᠤ ᠬᠦᠷᠦᠭᠰᠡᠳ ᠤᠨ ᠰᠤᠷᠭᠠᠨ | ᠬᠥᠮᠦᠵᠢᠯ ᠤᠨ ᠠᠵᠢᠯ ᠢ ᠵᠢᠯᠣᠭᠤᠳᠤᠨ᠎ᠠ᠃ ᠰᠤᠷᠭᠠᠨ ᠬᠥᠮᠦᠵᠢᠯ ᠤᠨ ᠭᠠᠳᠠᠭᠠᠳᠤ ᠯᠤᠭ᠎ᠠ ᠶᠢᠨ ᠰᠣᠯᠢᠯᠴᠠᠭ᠎ᠠ | ᠬᠠᠮᠲᠤᠷᠠᠯᠴᠠᠭᠠᠨ ᠤ ᠠᠵᠢᠯ ᠢ ᠬᠠᠷᠢᠭᠤᠴᠠᠨ᠎ᠠ᠃ ᠡᠯ᠎ᠡ ᠰᠤᠷᠭᠠᠭᠤᠯᠢ᠂ ᠬᠡᠤᠬᠡᠳ ᠤᠨ ᠴᠡᠴᠡᠷᠯᠢᠭ ᠤᠨ ᠠᠮᠢ ᠠᠬᠤᠶ | ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠤᠷᠭᠠᠨ ᠬᠥᠮᠦᠵᠢᠯ ᠤᠨ ᠠᠵᠢᠯ ᠥᠷᠨᠢᠭᠦᠯᠬᠦ ᠶᠢ ᠵᠢᠯᠣᠭᠤᠳᠤᠨ᠎ᠠ᠃ | | ᠲᠠᠪᠤ᠂ ᠶᠤᠰᠤ ᠮᠤᠷᠠᠯ ᠤᠨ ᠬᠦᠮᠦᠵᠢᠯ ᠤᠨ ᠲᠠᠰᠤᠭ | ᠡᠭᠦᠷᠭᠡ ᠴᠢᠳᠠᠪᠤᠷᠢ᠄ ᠪᠦᠬᠦ ᠰᠢᠶᠠᠨ ᠤ ᠰᠤᠷᠭᠠᠭᠤᠯᠢ ᠶᠢᠨ ᠶᠣᠰᠣ ᠰᠤᠷᠲᠠᠬᠤᠨ ᠤ ᠬᠥᠮᠦᠵᠢᠯ ᠤᠨ ᠠᠵᠢᠯ ᠢ | ᠵᠢᠯᠣᠭᠤᠳᠤᠨ ᠬᠠᠮᠢᠶᠠᠷᠴᠤ᠂ ᠳᠤᠮᠳᠠᠳᠤ ᠪᠠᠭ᠎ᠠ ᠰᠤᠷᠭᠠᠭᠤᠯᠢ ᠶᠢᠨ ᠶᠣᠰᠣ ᠰᠤᠷᠲᠠᠬᠤᠨ ᠤ ᠬᠥᠮᠦᠵᠢᠯ ᠤᠨ ᠠᠵᠢᠯ ᠤᠨ | ᠵᠢᠯᠣᠭᠤᠳᠬᠤ ᠴᠢᠨᠠᠷᠲᠠᠶ ᠪᠢᠴᠢᠭ ᠮᠠᠲ᠋ᠧᠷᠢᠶᠠᠯ ᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠵᠤ | ᠬᠡᠷᠡᠭᠵᠢᠭᠦᠯᠦᠨ᠎ᠡ᠃ ᠪᠦᠬᠦ ᠰᠢᠶᠠᠨ ᠤ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠰᠢᠰᠲ᠋ᠧᠮ ᠤᠨ ᠨᠡᠶᠢᠭᠡᠮ | ᠵᠢᠷᠤᠮ ᠤᠨ ᠭᠤᠤᠯᠯᠠᠭᠴᠢ ᠦᠷᠳᠡᠭ ᠤᠨ ᠦᠵᠡᠯᠲᠡ ᠶᠢᠨ ᠬᠥᠮᠦᠵᠢᠯ ᠪᠣᠯᠤᠨ ᠨᠠᠰᠤᠨ ᠳᠤ ᠦᠯᠦ ᠬᠦᠷᠦᠭᠰᠡᠳ ᠤᠨ | ᠦᠵᠡᠯ ᠰᠠᠨᠠᠭ᠎ᠠ ᠶᠣᠰᠣ ᠰᠤᠷᠲᠠᠬᠤᠨ ᠤ ᠪᠠᠶᠢᠭᠤᠯᠤᠯᠲᠠ ᠶᠢ ᠨᠢᠭᠡᠳᠦᠯᠲᠡᠶ ᠲᠥᠯᠥᠪᠯᠡᠨ ᠵᠢᠯᠣᠭᠤᠳᠴᠤ᠂ ᠶᠣᠰᠣ | ᠰᠤᠷᠲᠠᠬᠤᠨ ᠢ ᠪᠤᠢ ᠪᠣᠯᠭᠠᠵᠤ ᠬᠥᠮᠦᠨ ᠢ ᠬᠥᠮᠦᠵᠢᠭᠦᠯᠬᠦ ᠢᠨᠵᠧᠨᠧᠷᠢᠩ ᠢ ᠬᠡᠷᠡᠭᠵᠢᠭᠦᠯᠵᠦ᠂ ᠪᠠᠭ᠎ᠠ ᠰᠤᠷᠭᠠᠭᠤᠯᠢ ᠠᠴᠠ | ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠬᠦᠷᠲᠡᠯ᠎ᠡ᠂ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠡᠯ᠎ᠡ | ᠰᠤᠷᠤᠯᠭ᠎ᠠ ᠶᠢᠨ ᠱᠠᠲᠤ ᠦᠶ᠎ᠡ ᠶᠢ ᠵᠣᠯᠭᠠᠭᠤᠯᠬᠤ ᠪᠠ ᠪᠦᠬᠦ ᠠᠵᠢᠯᠲᠠᠨ ᠬᠥᠮᠦᠨ ᠢ ᠬᠥᠮᠦᠵᠢᠭᠦᠯᠬᠦ᠂ ᠪᠦᠬᠦ | ᠶᠠᠪᠤᠴᠠ ᠳᠤ ᠬᠥᠮᠦᠨ ᠬᠥᠮᠦᠵᠢᠭᠦᠯᠬᠦ᠂ ᠪᠦᠬᠦ ᠲᠠᠯ᠎ᠠ ᠪᠠᠷ ᠬᠥᠮᠦᠨ ᠢ ᠬᠥᠮᠦᠵᠢᠭᠦᠯᠬᠦ ᠶᠡᠭᠡ ᠶᠣᠰᠣ ᠰᠤᠷᠲᠠᠬᠤᠨ ᠤ | ᠬᠥᠮᠦᠵᠢᠯ ᠤᠨ ᠪᠠᠶᠢᠷᠢᠰᠢᠯ ᠢ ᠪᠤᠢ ᠪᠣᠯᠭᠠᠨ᠎ᠠ᠃ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ | ᠰᠡᠳᠬᠢᠴᠡ ᠶᠢᠨ ᠡᠷᠡᠭᠦᠯ ᠮᠡᠨᠳᠦ᠂ ᠭᠤᠸ᠎ᠠ ᠰᠠᠶᠢᠬᠠᠨ ᠤ ᠬᠥᠮᠦᠵᠢᠯ᠂ ᠨᠡᠶᠢᠭᠡᠮ ᠤᠨ ᠦᠢᠯᠡᠳᠦᠯᠭᠡ ᠵᠢᠴᠢ | ᠰᠤᠷᠭᠠᠭᠤᠯᠢ ᠶᠢᠨ ᠰᠣᠶᠣᠯ ᠤᠨ ᠪᠠᠶᠢᠭᠤᠯᠤᠯᠲᠠ᠂ ᠭᠡᠷ ᠪᠦᠯᠢ ᠶᠢᠨ ᠬᠥᠮᠦᠵᠢᠯ᠂ ᠰᠤᠷᠤᠭᠴᠢᠳ ᠤᠨ ᠬᠠᠤᠯᠢ ᠠᠴᠠ | ᠵᠥᠷᠢᠴᠡᠨ ᠶᠠᠯ᠎ᠠ ᠬᠢᠬᠦ ᠶᠢ ᠰᠡᠷᠭᠡᠶᠢᠯᠡᠬᠦ ᠵᠡᠷᠭᠡ ᠠᠵᠢᠯ ᠢ ᠵᠢᠯᠣᠭᠤᠳᠤᠨ᠎ᠠ᠃ ᠰᠤᠷᠭᠠᠭᠤᠯᠢ ᠶᠢᠨ ᠰᠣᠶᠣᠯ ᠤᠨ | ᠪᠠᠶᠢᠭᠤᠯᠤᠯᠲᠠ᠂ ᠰᠤᠷᠭᠠᠭᠤᠯᠢ ᠶᠢᠨ ᠡᠪ ᠬᠠᠮᠲᠤ ᠵᠠᠯᠠᠭᠤᠴᠤᠳ ᠤᠨ ᠡᠪᠯᠡᠯ᠂ ᠪᠠᠭᠠᠴᠤᠳ ᠤᠨ ᠬᠤᠰᠢᠭᠤᠴᠢ ᠠᠩᠭᠢ᠂ | ᠣᠶᠤᠨ ᠤ ᠪᠣᠯᠪᠠᠰᠤᠨ ᠤ ᠪᠠᠶᠢᠭᠤᠯᠤᠯᠲᠠ ᠵᠡᠷᠭᠡ ᠠᠵᠢᠯ ᠢ ᠵᠢᠯᠣᠭᠤᠳᠤᠨ᠎ᠠ᠃ ᠬᠤᠶᠢᠴᠢ ᠦᠶ᠎ᠡ ᠶᠢᠨ ᠬᠠᠯᠠᠮᠵᠢᠯᠠᠬᠤ | ᠠᠵᠢᠯ ᠢ ᠵᠣᠬᠢᠴᠠᠭᠤᠯᠵᠤ᠃ | ︵ᠵᠢᠷᠭᠤᠭ᠎ᠠ︶ ᠰᠢᠮᠳᠠᠭᠤᠯᠤᠨ ᠵᠢᠯᠣᠭᠤᠳᠬᠤ ᠲᠠᠰᠤᠭ᠄ | ᠡᠭᠦᠷᠭᠡ ᠴᠢᠳᠠᠪᠤᠷᠢ᠄ ᠰᠤᠷᠭᠠᠨ ᠬᠥᠮᠦᠵᠢᠯ ᠤᠨ ᠬᠢᠨᠠᠨ ᠵᠢᠯᠣᠭᠤᠳᠬᠤ ᠠᠵᠢᠯ ᠤᠨ ᠲᠦᠷᠢᠮ᠂ ᠠᠷᠭ᠎ᠠ ᠪᠠ | ᠦᠨᠡᠯᠡᠨ ᠵᠢᠱᠢᠬᠦ ᠪᠠᠷᠢᠮᠵᠢᠶ᠎ᠠ ᠶᠢ ᠲᠤᠭᠤᠷᠪᠢᠨ ᠲᠣᠭᠲᠠᠭᠠᠵᠤ᠂ ᠡᠯ᠎ᠡ ᠲᠥᠷᠥᠯ ᠤᠨ ᠰᠤᠷᠭᠠᠭᠤᠯᠢ ᠳᠤ ᠰᠤᠷᠭᠠᠨ | ᠬᠥᠮᠦᠵᠢᠯ ᠤᠨ ᠬᠢᠨᠠᠨ ᠵᠢᠯᠣᠭᠤᠳᠴᠤ ᠦᠨᠡᠯᠡᠨ ᠵᠢᠱᠢᠬᠦ ᠶᠢ ᠵᠣᠬᠢᠶᠠᠨ ᠪᠠᠶᠢᠭᠤᠯᠵᠤ᠂ ᠰᠠᠭᠤᠷᠢ ᠰᠤᠷᠭᠠᠨ | ᠬᠥᠮᠦᠵᠢᠯ ᠤᠨ ᠬᠥᠭᠵᠢᠯᠲᠡ ᠶᠢᠨ ᠬᠢᠷᠢ ᠲᠦᠪᠰᠢᠨ ᠪᠠ ᠶᠠᠰᠤ ᠴᠢᠨᠠᠷ ᠤᠨ ᠬᠢᠨᠠᠨ ᠬᠡᠮᠵᠢᠯᠲᠡ ᠶᠢ ᠵᠣᠬᠢᠶᠠᠨ | ᠪᠠᠶᠢᠭᠤᠯᠤᠨ ᠥᠷᠨᠢᠭᠦᠯᠵᠦ᠂ ᠰᠤᠷᠭᠠᠨ ᠬᠥᠮᠦᠵᠢᠯ ᠤᠨ ᠬᠢᠨᠠᠨ ᠵᠢᠯᠣᠭᠤᠳᠤᠭᠰᠠᠨ ᠮᠡᠳᠡᠭᠦᠯᠦᠯᠲᠡ ᠶᠢ ᠨᠡᠶᠢᠲᠡᠯᠡᠨ᠎ᠡ᠃ | ︵ᠳᠤᠯᠤᠭ᠎ᠠ︶ ᠪᠡᠶ᠎ᠡ ᠶᠢᠨ ᠲᠠᠮᠢᠷ ᠡᠷᠡᠭᠦᠯ ᠬᠠᠮᠠᠭᠠᠯᠠᠯ ᠪᠣᠯᠣᠨ ᠤᠷᠠᠯᠢᠭ ᠤᠨ ᠰᠤᠷᠭᠠᠨ ᠬᠥᠮᠦᠵᠢᠯ ᠤᠨ | ᠲᠠᠰᠤᠭ | ᠡᠭᠦᠷᠭᠡ ᠴᠢᠳᠠᠪᠤᠷᠢ᠄ ᠰᠤᠷᠭᠠᠭᠤᠯᠢ ᠶᠢᠨ ᠪᠡᠶ᠎ᠡ ᠶᠢᠨ ᠲᠠᠮᠢᠷ᠂ ᠡᠷᠡᠭᠦᠯ ᠬᠠᠮᠠᠭᠠᠯᠠᠯ ᠬᠢᠭᠡᠳ ᠡᠷᠡᠭᠦᠯ | ᠮᠡᠨᠳᠦ ᠶᠢᠨ ᠬᠥᠮᠦᠵᠢᠯ᠂ ᠤᠷᠠᠯᠢᠭ ᠤᠨ ᠰᠤᠷᠭᠠᠨ ᠬᠥᠮᠦᠵᠢᠯ ᠪᠠ ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠤᠷᠭᠠᠨ | ᠬᠥᠮᠦᠵᠢᠯ ᠤᠨ ᠠᠵᠢᠯ ᠢ ᠵᠢᠯᠣᠭᠤᠳᠴᠤ᠂ ᠰᠤᠷᠭᠠᠭᠤᠯᠢ ᠶᠢᠨ ᠪᠡᠶ᠎ᠡ ᠶᠢᠨ ᠲᠠᠮᠢᠷ᠂ ᠡᠷᠡᠭᠦᠯ ᠬᠠᠮᠠᠭᠠᠯᠠᠯ ᠬᠢᠭᠡᠳ ᠡᠷᠡᠭᠦᠯ | ᠮᠡᠨᠳᠦ ᠶᠢᠨ ᠬᠥᠮᠦᠵᠢᠯ ᠵᠢᠴᠢ ᠤᠷᠠᠯᠢᠭ ᠤᠨ ᠰᠤᠷᠭᠠᠨ ᠬᠥᠮᠦᠵᠢᠯ ᠤᠨ ᠠᠵᠢᠯ ᠤᠨ ᠵᠢᠯᠣᠭᠤᠳᠬᠤ ᠴᠢᠨᠠᠷᠲᠠᠶ ᠪᠢᠴᠢᠭ | ᠮᠠᠲ᠋ᠧᠷᠢᠶᠠᠯ ᠢ ᠲᠣᠭᠲᠠᠭᠠᠨ᠎ᠠ᠃ ᠪᠦᠬᠦ ᠰᠢᠶᠠᠨ ᠤ ᠰᠤᠷᠭᠠᠭᠤᠯᠢ ᠶᠢᠨ ᠬᠦᠷᠢᠶᠡᠨ ᠤ ᠬᠥᠯ ᠪᠥᠮᠪᠦᠭᠡ ᠶᠢᠨ ᠠᠵᠢᠯ ᠢ | ᠵᠢᠯᠣᠭᠤᠳᠤᠨ᠎ᠠ᠃ ᠪᠦᠬᠦ ᠰᠢᠶᠠᠨ ᠤ ᠤᠷᠤᠯᠳᠤᠭᠠᠨ ᠤ ᠪᠡᠶ᠎ᠡ ᠶᠢᠨ ᠲᠠᠮᠢᠷ ᠤᠨ ᠬᠥᠭᠵᠢᠯᠲᠡ ᠶᠢ ᠨᠢᠭᠡᠳᠦᠯᠲᠡᠶ | ᠲᠥᠯᠥᠪᠵᠢᠭᠦᠯᠦᠨ᠂ ᠤᠷᠤᠯᠳᠤᠭᠠᠨ ᠤ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠲᠥᠷᠥᠯ ᠵᠦᠢᠯ ᠤᠨ | ᠪᠠᠶᠢᠷᠢᠯᠠᠭᠤᠯᠤᠯᠲᠠ ᠶᠢ ᠰᠢᠨᠵᠢᠯᠡᠬᠦ ᠤᠬᠠᠭᠠᠨᠴᠢ ᠪᠠᠷ ᠪᠠᠶᠢᠷᠢᠰᠢᠭᠤᠯᠤᠨ᠎ᠠ᠃ ᠤᠷᠤᠯᠳᠤᠭᠠᠨ ᠤ ᠪᠡᠶ᠎ᠡ ᠶᠢᠨ ᠲᠠᠮᠢᠷ ᠤᠨ | ᠪᠣᠯᠪᠠᠰᠤᠷᠠᠯ᠂ ᠲᠠᠮᠢᠷᠴᠢᠳ ᠤᠨ ᠨᠡᠶᠢᠭᠡᠮ ᠤᠨ ᠪᠠᠲᠤᠯᠠᠭ᠎ᠠ ᠵᠡᠷᠭᠡ ᠠᠵᠢᠯ ᠢ ᠵᠢᠯᠣᠭᠤᠳᠤᠨ ᠵᠣᠬᠢᠴᠠᠭᠤᠯᠤᠨ᠎ᠠ᠃ ᠪᠦᠬᠦ | ᠰᠢᠶᠠᠨ ᠤ ᠶᠡᠷᠦᠩᠬᠡᠶᠢᠯᠡᠭᠰᠡᠨ ᠴᠢᠨᠠᠷᠲᠠᠶ ᠪᠡᠶ᠎ᠡ ᠶᠢᠨ ᠲᠠᠮᠢᠷ ᠤᠨ ᠤᠷᠤᠯᠳᠤᠭᠠᠨ ᠢ ᠵᠣᠬᠢᠶᠠᠨ ᠪᠠᠶᠢᠭᠤᠯᠵᠤ᠂ | ᠬᠥᠭᠡᠷᠦᠭᠦᠯᠬᠦ ᠡᠮ ᠢ ᠡᠰᠡᠷᠭᠦᠴᠡᠬᠦ ᠠᠵᠢᠯ ᠢ ᠵᠣᠬᠢᠶᠠᠨ ᠪᠠᠶᠢᠭᠤᠯᠵᠤ ᠤᠬᠠᠭᠤᠯᠤᠨ᠎ᠠ᠃ ᠪᠦᠬᠦ ᠰᠢᠶᠠᠨ ᠤ ᠤᠯᠠᠨ | ᠲᠦᠮᠡᠨ ᠤ ᠪᠡᠶ᠎ᠡ ᠶᠢᠨ ᠲᠠᠮᠢᠷ ᠤᠨ ᠬᠥᠭᠵᠢᠯᠲᠡ ᠶᠢ ᠨᠢᠭᠡᠳᠦᠯᠲᠡᠢ ᠲᠥᠯᠥᠪᠵᠢᠭᠦᠯᠵᠦ᠂ ᠪᠦᠬᠦ ᠠᠷᠠᠳ ᠤᠨ ᠪᠡᠶ᠎ᠡ | ᠴᠢᠭᠢᠷᠠᠭᠵᠢᠭᠤᠯᠬᠤ ᠲᠥᠯᠥᠪᠯᠡᠭᠡ ᠶᠢ ᠬᠡᠷᠡᠭᠵᠢᠭᠦᠯᠵᠦ᠂ ᠤᠯᠤᠰ ᠤᠨ ᠪᠡᠶ᠎ᠡ ᠶᠢᠨ ᠲᠠᠮᠢᠷ ᠤᠨ ᠪᠣᠯᠪᠠᠰᠤᠷᠠᠯ ᠤᠨ | ᠪᠠᠷᠢᠮᠵᠢᠶ᠎ᠠ ᠶᠢ ᠬᠢᠨᠠᠯᠲᠠ ᠲᠠᠯᠪᠢᠨ ᠬᠡᠷᠡᠭᠵᠢᠭᠦᠯᠵᠦ᠂ ᠴᠥᠭᠡᠨ ᠲᠣᠭᠠᠲᠤ ᠦᠨᠳᠦᠰᠦᠲᠡᠨ ᠤ ᠪᠡᠶ᠎ᠡ ᠶᠢᠨ ᠲᠠᠮᠢᠷ ᠤᠨ | ᠦᠢᠯᠡᠰ ᠤᠨ ᠬᠥᠭᠵᠢᠯᠲᠡ ᠶᠢ ᠠᠬᠢᠭᠤᠯᠵᠤ᠂ ᠤᠯᠤᠰ ᠠᠷᠠᠳ ᠤᠨ ᠪᠡᠶ᠎ᠡ ᠮᠠᠬᠠᠪᠣᠳ ᠤᠨ ᠬᠢᠨᠠᠨ ᠬᠡᠮᠵᠢᠯᠲᠡ ᠪᠠ | ᠨᠡᠶᠢᠭᠡᠮ ᠤᠨ ᠪᠡᠶ᠎ᠡ ᠶᠢᠨ ᠲᠠᠮᠢᠷ ᠤᠨ ᠠᠵᠢᠯ ᠤᠨ ᠵᠢᠯᠣᠭᠤᠳᠬᠤ ᠠᠵᠢᠯ ᠤᠨ ᠡᠩᠨᠡᠭᠡ ᠶᠢᠨ ᠲᠦᠷᠢᠮ ᠤᠨ | ᠪᠠᠶᠢᠭᠤᠯᠤᠯᠲᠠ ᠶᠢ ᠠᠬᠢᠭᠤᠯᠤᠨ᠎ᠠ᠃ ᠪᠦᠬᠦ ᠰᠢᠶᠠᠨ ᠤ ᠵᠠᠯᠠᠭᠤᠴᠤᠳ ᠪᠠᠭᠠᠴᠤᠳ ᠤᠨ ᠪᠡᠶ᠎ᠡ ᠶᠢᠨ ᠲᠠᠮᠢᠷ ᠤᠨ | ᠬᠥᠭᠵᠢᠯᠲᠡ ᠶᠢ ᠨᠢᠭᠡᠳᠦᠯᠲᠡᠶ ᠲᠥᠯᠥᠪᠵᠢᠭᠦᠯᠦᠨ᠂ ᠵᠠᠯᠠᠭᠤᠴᠤᠳ ᠪᠠᠭᠠᠴᠤᠳ ᠤᠨ ᠪᠡᠶ᠎ᠡ ᠶᠢᠨ ᠲᠠᠮᠢᠷ ᠤᠨ ᠠᠵᠢᠯ ᠢ | ᠲᠦᠯᠬᠢᠨ ᠠᠬᠢᠭᠤᠯᠵᠤ᠂ ᠪᠦᠬᠦ ᠰᠢᠶᠠᠨ ᠤ ᠵᠠᠯᠠᠭᠤᠴᠤᠳ ᠪᠠᠭᠠᠴᠤᠳ ᠤᠨ ᠪᠡᠯᠡᠳᠬᠡᠯ ᠴᠢᠳᠠᠪᠤᠷᠢᠲᠠᠨ ᠤ ᠰᠠᠭᠤᠷᠢᠨ | ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠠᠵᠢᠯ ᠢ ᠬᠠᠷᠢᠭᠤᠴᠠᠵᠤ᠂ ᠪᠡᠶ᠎ᠡ ᠶᠢᠨ ᠲᠠᠮᠢᠷ ᠤᠨ ᠰᠤᠷᠭᠠᠭᠤᠯᠢ ᠶᠢᠨ | ᠪᠦᠲᠦᠭᠡᠨ ᠪᠠᠶᠢᠭᠤᠯᠤᠯᠲᠠ ᠶᠢ ᠵᠢᠯᠣᠭᠤᠳᠤᠨ᠎ᠠ᠃ ᠪᠦᠬᠦ ᠰᠢᠶᠠᠨ ᠤ ᠪᠡᠶ᠎ᠡ ᠶᠢᠨ ᠲᠠᠮᠢᠷ ᠤᠨ ᠠᠵᠤ ᠦᠢᠯᠡᠰ ᠤᠨ | ᠬᠥᠭᠵᠢᠯᠲᠡ ᠶᠢᠨ ᠲᠥᠯᠥᠪᠵᠢᠭᠦᠯᠭᠡ ᠪᠣᠯᠤᠨ ᠲᠥᠷᠥ ᠶᠢᠨ ᠪᠣᠳᠣᠯᠭ᠎ᠠ ᠶᠢ ᠲᠤᠭᠤᠷᠪᠢᠨ ᠲᠣᠭᠲᠠᠭᠠᠵᠤ᠂ ᠪᠡᠶ᠎ᠡ ᠶᠢᠨ | ᠲᠠᠮᠢᠷ ᠤᠨ ᠦᠢᠯᠡᠴᠢᠯᠡᠭᠡᠨ ᠤ ᠬᠠᠮᠢᠶᠠᠷᠤᠯᠲᠠ ᠶᠢ ᠵᠢᠷᠤᠮᠵᠢᠭᠤᠯᠤᠨ᠂ ᠪᠡᠶ᠎ᠡ ᠶᠢᠨ ᠲᠠᠮᠢᠷ ᠤᠨ ᠦᠢᠯᠡᠴᠢᠯᠡᠭᠡᠨ ᠤ | ᠪᠠᠷᠢᠮᠵᠢᠶᠠᠵᠢᠭᠤᠯᠬᠤ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠪᠦᠬᠦ ᠰᠢᠶᠠᠨ ᠤ ᠪᠡᠶ᠎ᠡ ᠶᠢᠨ ᠲᠠᠮᠢᠷ ᠤᠨ ᠱᠠᠩᠨᠠᠯᠲᠤ | ᠰᠤᠭᠤᠯᠤᠭ᠎ᠠ ᠲᠠᠷᠬᠠᠭᠠᠬᠤ ᠬᠠᠮᠢᠶᠠᠷᠤᠯᠲᠠ ᠶᠢ ᠬᠠᠷᠢᠭᠤᠴᠠᠨ᠎ᠠ᠃ ᠪᠦᠬᠦ ᠰᠢᠶᠠᠨ ᠤ ᠪᠡᠶ᠎ᠡ ᠶᠢᠨ ᠲᠠᠮᠢᠷ ᠤᠨ | ᠪᠡᠯᠡᠳᠬᠡᠮᠵᠢ ᠶᠢᠨ ᠪᠠᠶᠢᠷᠢᠰᠢᠭᠤᠯᠤᠯᠲᠠ ᠶᠢᠨ ᠲᠥᠯᠥᠪᠵᠢᠭᠦᠯᠭᠡ ᠶᠢ ᠲᠤᠭᠤᠷᠪᠢᠨ ᠲᠣᠭᠲᠠᠭᠠᠬᠤ ᠳᠤ ᠣᠷᠣᠯᠴᠠᠵᠤ᠂ | ᠪᠡᠶ᠎ᠡ ᠶᠢᠨ ᠲᠠᠮᠢᠷ ᠤᠨ ᠪᠡᠯᠡᠳᠬᠡᠮᠵᠢ ᠶᠢᠨ ᠬᠠᠮᠢᠶᠠᠷᠤᠯᠲᠠ ᠪᠠ ᠬᠡᠷᠡᠭᠯᠡᠯᠲᠡ ᠶᠢ ᠬᠢᠨᠠᠨ ᠪᠠᠶᠢᠴᠠᠭᠠᠵᠤ᠂ ᠤᠯᠠᠨ | ᠡᠰᠢᠵᠢᠭᠰᠡᠨ ᠪᠡᠶ᠎ᠡ ᠶᠢᠨ ᠲᠠᠮᠢᠷ ᠤᠨ ᠦᠢᠯᠡᠴᠢᠯᠡᠭᠡᠨ ᠤ ᠰᠢᠰᠲ᠋ᠧᠮᠵᠢ ᠶᠢᠨ ᠪᠠᠶᠢᠭᠤᠯᠤᠯᠲᠠ ᠶᠢ ᠲᠦᠯᠬᠢᠨ | ᠠᠬᠢᠭᠤᠯᠬᠤ ᠶᠢ ᠬᠠᠷᠢᠭᠤᠴᠠᠵᠤ᠂ ᠪᠡᠶ᠎ᠡ ᠶᠢᠨ ᠲᠠᠮᠢᠷ ᠤᠨ ᠤᠯᠠᠨ ᠨᠡᠶᠢᠲᠡ ᠶᠢᠨ ᠦᠢᠯᠡᠴᠢᠯᠡᠭᠡ ᠪᠠ ᠪᠡᠶ᠎ᠡ ᠶᠢᠨ | ᠲᠠᠮᠢᠷ ᠤᠨ ᠪᠠᠶᠢᠭᠤᠯᠤᠯ ᠤᠨ ᠥᠭᠡᠷᠡᠴᠢᠯᠡᠯᠲᠡ ᠶᠢ ᠲᠦᠯᠬᠢᠨ ᠠᠬᠢᠭᠤᠯᠤᠨ᠎ᠠ᠃ ᠪᠡᠶ᠎ᠡ ᠶᠢᠨ ᠲᠠᠮᠢᠷ ᠤᠨ ᠵᠠᠬ᠎ᠠ | ᠳᠡᠯᠭᠡᠭᠦᠷ ᠢ ᠪᠤᠶᠢᠵᠢᠭᠤᠯᠤᠨ ᠬᠥᠭᠵᠢᠭᠦᠯᠵᠦ᠂ ᠪᠡᠶ᠎ᠡ ᠶᠢᠨ ᠲᠠᠮᠢᠷ ᠤᠨ ᠡᠵᠡᠩᠨᠡᠯᠲᠡ ᠶᠢᠨ ᠠᠵᠢᠯᠯᠠᠭ᠎ᠠ ᠶᠢ | ᠵᠢᠷᠤᠮᠵᠢᠭᠤᠯᠬᠤ ᠬᠡᠷᠡᠭᠲᠡᠶ᠃ ᠰᠢᠶᠠᠨ ᠤ ᠱᠠᠲᠤᠨ ᠤ ᠪᠡᠶ᠎ᠡ ᠶᠢᠨ ᠲᠠᠮᠢᠷ ᠤᠨ ᠨᠡᠶᠢᠭᠡᠮ ᠤᠨ ᠪᠦᠯᠬᠦᠮ ᠤᠨ ᠬᠢᠷᠢ ᠭᠡᠮ ᠢ | ᠬᠢᠨᠠᠨ ᠪᠠᠶᠢᠴᠠᠭᠠᠬᠤ ᠪᠠ ᠲᠤᠬᠠᠶᠢᠯᠠᠭᠰᠠᠨ ᠠᠵᠢᠯ ᠤᠨ ᠵᠢᠯᠣᠭᠤᠳᠣᠯᠭ᠎ᠠ ᠶᠢ ᠬᠠᠷᠢᠭᠤᠴᠠᠨ᠎ᠠ᠃ | ︵ᠨᠠᠢᠮᠠ︶ ᠰᠤᠷᠭᠠᠭᠤᠯᠢ ᠶᠢᠨ ᠠᠮᠤᠷ ᠲᠦᠪᠰᠢᠨ ᠤ ᠬᠠᠮᠢᠶᠠᠷᠤᠯᠲᠠ ᠶᠢᠨ ᠲᠠᠰᠤᠭ᠄ | ᠡᠭᠦᠷᠭᠡ ᠴᠢᠳᠠᠪᠬᠢ᠄ ᠪᠥᠬᠦ ᠰᠢᠶᠠᠨ ᠤ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠰᠢᠰᠲ᠋ᠧᠮ ᠤᠨ ᠠᠮᠤᠷ | ᠲᠦᠪᠰᠢᠨ᠂ ᠲᠣᠭᠲᠠᠭᠤᠨ ᠢ ᠬᠠᠮᠠᠭᠠᠯᠠᠬᠤ᠂ ᠪᠠᠴᠢᠮ ᠪᠠᠶᠢᠳᠠᠯ ᠢ ᠠᠷᠭᠠᠴᠠᠬᠤ᠂ ᠠᠮᠤᠷ ᠢ ᠬᠠᠮᠠᠭᠠᠯᠠᠬᠤ᠂ | ᠶᠡᠷᠦᠩᠬᠡᠶᠢᠯᠡᠨ ᠵᠠᠰᠠᠬᠤ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ᠂ ᠭᠠᠵᠢᠭᠤ ᠨᠣᠮᠯᠠᠯ ᠢ ᠰᠡᠷᠭᠡᠶᠢᠯᠡᠨ | ᠰᠢᠢᠳᠪᠤᠷᠢᠯᠡᠬᠦ ᠵᠡᠷᠭᠡ ᠠᠵᠢᠯ ᠢ ᠨᠢᠭᠡᠳᠦᠯᠲᠡᠶ ᠲᠥᠯᠥᠪᠯᠡᠨ ᠵᠣᠬᠢᠴᠠᠭᠤᠯᠤᠨ ᠬᠠᠮᠢᠶᠠᠷᠤᠨ᠎ᠠ᠃ ᠳᠡᠭᠡᠳᠦ ᠱᠠᠲᠤᠨ ᠤ | ᠰᠠᠯᠠᠭ᠎ᠠ ᠮᠥᠴᠢᠷ ᠤᠨ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠣᠰᠣᠭᠠᠷ᠂ ᠰᠤᠷᠭᠠᠭᠤᠯᠢ ᠶᠢᠨ ᠠᠮᠤᠷ ᠲᠦᠪᠰᠢᠨ ᠤ | ᠠᠵᠢᠯ ᠤᠨ ᠲᠦᠷᠢᠮ ᠪᠠ ᠠᠷᠭ᠎ᠠ ᠬᠡᠮᠵᠢᠶ᠎ᠡ ᠶᠢ ᠲᠣᠭᠲᠠᠭᠠᠬᠤ ᠶᠢᠨ ᠬᠠᠮᠲᠤ ᠵᠢᠯᠣᠭᠤᠳᠤᠨ ᠬᠡᠷᠡᠭᠵᠢᠭᠦᠯᠵᠦ᠂ | ᠰᠤᠷᠭᠠᠭᠤᠯᠢ ᠶᠢᠨ ᠠᠮᠤᠷ ᠲᠦᠪᠰᠢᠨ ᠲᠣᠭᠲᠠᠭᠤᠨ ᠪᠠ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠠᠵᠢᠯ ᠢ | ᠰᠢᠮᠳᠠᠭᠤᠯᠤᠨ ᠪᠠᠶᠢᠴᠠᠭᠠᠨ᠎ᠠ᠃ ᠰᠤᠷᠭᠠᠭᠤᠯᠢ ᠶᠢᠨ ᠬᠦᠨᠳᠦ ᠶᠡᠭᠡ ᠠᠮᠤᠷ ᠲᠦᠪᠰᠢᠨ ᠤ ᠡ᠊ᠨᠳᠡᠯ᠂ ᠭᠡᠨᠡᠳᠲᠡ ᠶᠢᠨ | ᠴᠢᠨᠠᠷᠲᠠᠶ ᠬᠡᠷᠡᠭ ᠢ ᠵᠣᠬᠢᠴᠠᠭᠤᠯᠤᠨ ᠰᠢᠢᠳᠪᠦᠷᠢᠯᠡᠨ᠎ᠡ᠃ ᠪᠦᠬᠦ ᠰᠢᠶᠠᠨ ᠤ ᠬᠥᠳᠡᠭᠡ ᠲᠣᠰᠬᠤᠨ ᠤ ᠠᠯᠪᠠᠨ | ᠵᠢᠷᠤᠮ ᠤᠨ ᠰᠤᠷᠭᠠᠨ ᠬᠥᠮᠦᠵᠢᠯ ᠤᠨ ᠰᠤᠷᠭᠠᠭᠤᠯᠢ ᠶᠢᠨ ᠰᠤᠷᠤᠭᠴᠢᠳ ᠤᠨ ᠰᠢᠮ᠎ᠡ ᠲᠡᠵᠢᠭᠡᠯ ᠢ ᠰᠠᠶᠢᠵᠢᠷᠠᠭᠤᠯᠬᠤ | ᠲᠥᠯᠥᠪᠯᠡᠭᠡ ᠶᠢᠨ ᠠᠵᠢᠯ ᠢ ᠬᠠᠷᠢᠭᠤᠴᠠᠨ᠎ᠠ᠃ | ︵ᠶᠢᠰᠦ︶ ᠲᠥᠷᠥᠯ ᠵᠦᠢᠯ ᠤᠨ ᠰᠲ᠋ᠣᠺ᠄ | ᠡᠭᠦᠷᠭᠡ ᠴᠢᠳᠠᠪᠬᠢ᠄ ᠪᠥᠬᠦ ᠰᠢᠶᠠᠨ ᠤ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠦᠨᠳᠦᠰᠦᠨ ᠪᠥᠲᠥᠭᠡᠨ | ᠪᠠᠶᠢᠭᠤᠯᠤᠯᠲᠠ ᠶᠢᠨ ᠬᠥᠭᠵᠢᠯᠲᠡ ᠶᠢᠨ ᠶᠡᠷᠦᠩᠬᠡᠶ ᠲᠥᠯᠥᠪᠵᠢᠭᠦᠯᠭᠡ ᠪᠠ ᠣᠨ ᠤ ᠬᠡᠷᠡᠭᠵᠢᠭᠦᠯᠬᠦ ᠲᠥᠯᠥᠪᠯᠡᠭᠡ ᠶᠢ | ᠲᠣᠭᠲᠠᠭᠠᠨ᠎ᠠ᠃ ᠡᠯ᠎ᠡ ᠳᠤᠮᠳᠠᠳᠤ ᠪᠠᠭ᠎ᠠ ᠰᠤᠷᠭᠠᠭᠤᠯᠢ ᠶᠢ ᠵᠣᠬᠢᠶᠠᠨ ᠪᠠᠶᠢᠭᠤᠯᠤᠨ ᠵᠢᠯᠣᠭᠤᠳᠴᠤ ᠪᠠᠶᠢᠭᠠᠳ | ᠰᠤᠷᠭᠠᠭᠤᠯᠢ ᠶᠢᠨ ᠦᠨᠳᠦᠰᠦᠨ ᠪᠦᠲᠦᠭᠡᠨ ᠪᠠᠶᠢᠭᠤᠯᠤᠯᠲᠠ ᠶᠢᠨ ᠬᠥᠭᠵᠢᠯᠲᠡ ᠶᠢᠨ ᠲᠥᠯᠥᠪᠵᠢᠭᠦᠯᠭᠡ ᠶᠢ | ᠲᠣᠭᠲᠠᠭᠠᠵᠤ᠂ ᠰᠤᠷᠭᠠᠭᠤᠯᠢ ᠶᠢᠨ ᠪᠠᠶᠢᠷᠢᠯᠠᠭᠤᠯᠤᠯᠲᠠ ᠶᠢ ᠲᠣᠬᠢᠷᠠᠭᠤᠯᠬᠤ ᠠᠵᠢᠯ ᠢ ᠵᠣᠬᠢᠴᠠᠭᠤᠯᠤᠨ ᠬᠠᠮᠵᠢᠯᠴᠠᠨ᠎ᠠ᠃ | ᠳᠤᠮᠳᠠᠳᠤ ᠪᠠᠭ᠎ᠠ ᠰᠤᠷᠭᠠᠭᠤᠯᠢ ᠶᠢᠨ ᠰᠤᠷᠭᠠᠭᠤᠯᠢ ᠶᠢᠨ ᠪᠠᠶᠢᠷᠢ ᠶᠢᠨ ᠪᠠᠶᠢᠳᠠᠯ ᠢ ᠪᠠᠶᠢᠴᠠᠭᠠᠨ ᠰᠤᠳᠤᠯᠬᠤ ᠪᠠ | ᠡᠵᠡᠮᠰᠢᠵᠦ᠂ ᠰᠤᠷᠭᠠᠭᠤᠯᠢ ᠶᠢᠨ ᠪᠠᠶᠢᠷᠢ ᠶᠢᠨ ᠠᠮᠤᠷ ᠲᠦᠪᠰᠢᠨ ᠢ ᠵᠢᠭᠰᠠᠭᠠᠨ ᠪᠠᠶᠢᠴᠠᠭᠠᠬᠤ ᠠᠵᠢᠯ ᠢ ᠥᠷᠨᠢᠭᠦᠯᠵᠦ᠂ | ᠪᠦᠬᠦ ᠰᠢᠶᠠᠨ ᠤ ᠳᠤᠮᠳᠠᠳᠤ ᠪᠠᠭ᠎ᠠ ᠰᠤᠷᠭᠠᠭᠤᠯᠢ ᠶᠢᠨ ᠨᠤᠷᠠᠬᠤ ᠠᠶᠤᠯᠲᠠᠢ ᠭᠡᠷ ᠪᠠᠶᠢᠰᠢᠩ ᠢ ᠥᠭᠡᠷᠡᠴᠢᠯᠡᠨ ᠵᠠᠰᠠᠬᠤ | ᠠᠵᠢᠯ ᠢ ᠨᠢᠭᠡᠳᠦᠯᠲᠡᠢ ᠲᠥᠯᠥᠪᠯᠡᠨ ᠬᠡᠷᠡᠭᠵᠢᠭᠦᠯᠦᠨ᠎ᠡ᠃ ᠬᠠᠤᠯᠢ ᠴᠠᠭᠠᠵᠠ᠂ ᠬᠠᠤᠯᠢ ᠲᠣᠭᠲᠠᠭᠠᠯ ᠪᠣᠯᠤᠨ | ᠲᠥᠷᠥ ᠶᠢᠨ ᠪᠣᠳᠣᠯᠭ᠎ᠠ ᠶᠢᠨ ᠶᠣᠰᠣᠭᠠᠷ᠂ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠦᠨᠳᠦᠰᠦᠨ ᠪᠦᠲᠦᠭᠡᠨ | ᠪᠠᠶᠢᠭᠤᠯᠤᠯᠲᠠ ᠶᠢᠨ ᠲᠥᠷᠥᠯ ᠵᠦᠢᠯ ᠤᠨ ᠬᠠᠮᠢᠶᠠᠷᠤᠯᠲᠠ ᠶᠢ ᠬᠡᠷᠡᠭᠵᠢᠭᠦᠯᠵᠦ᠂ ᠲᠥᠷᠥᠯ ᠵᠦᠢᠯ ᠤᠨ ᠡᠮᠦᠨᠡᠬᠢ | ᠬᠤᠭᠤᠴᠠᠭᠠᠨ ᠤ ᠡᠯ᠎ᠡ ᠵᠦᠢᠯ ᠤᠨ ᠠᠵᠢᠯ ᠢ ᠬᠠᠷᠢᠭᠤᠴᠠᠨ᠂ ᠪᠠᠷᠢᠯᠭ᠎ᠠ ᠪᠠᠷᠢᠬᠤ ᠲᠥᠷᠥᠯ ᠵᠦᠢᠯ ᠢ ᠰᠢᠮᠳᠠᠭᠤᠯᠤᠨ | ᠪᠠᠶᠢᠴᠠᠭᠠᠬᠤ ᠪᠠᠨ ᠴᠢᠩᠭᠠᠳᠬᠠᠵᠤ᠂ ᠪᠠᠷᠢᠯᠭ᠎ᠠ ᠶᠢᠨ ᠶᠠᠰᠤ ᠴᠢᠨᠠᠷ ᠲᠤ ᠬᠢᠨᠠᠯᠲᠠ ᠲᠠᠯᠪᠢᠵᠤ᠂ ᠲᠥᠷᠥᠯ ᠵᠦᠢᠯ ᠤᠨ | ᠪᠡᠯᠡ ᠮᠥᠩᠭᠦ ᠶᠢᠨ ᠲᠤᠰᠬᠠᠶ ᠵᠣᠭᠤᠰ ᠢ ᠲᠤᠰᠬᠠᠶ ᠵᠦᠢᠯ ᠳᠤᠨᠢ ᠬᠡᠷᠡᠭᠯᠡᠬᠦ ᠶᠢ ᠪᠠᠲᠤᠯᠠᠬᠤ ᠬᠡᠷᠡᠭᠲᠡᠶ᠃ ᠪᠦᠬᠦ | ᠰᠢᠶᠠᠨ ᠤ ᠳᠤᠮᠳᠠᠳᠤ ᠪᠠᠭ᠎ᠠ ᠰᠤᠷᠭᠠᠭᠤᠯᠢ ᠶᠢᠨ ᠦᠨᠳᠦᠰᠦᠨ ᠪᠦᠲᠦᠭᠡᠨ ᠪᠠᠶᠢᠭᠤᠯᠤᠯᠲᠠ ᠶᠢᠨ ᠵᠦᠢᠯᠡᠰ ᠤᠨ ᠳᠠᠩᠰᠠ | ᠡᠪᠬᠡᠮᠡᠯ ᠢ ᠪᠠᠶᠢᠭᠤᠯᠤᠨ ᠪᠦᠷᠢᠨᠰᠢᠭᠦᠯᠦᠨ᠎ᠡ᠃ | ᠠᠯᠪᠠᠯᠠᠬᠤ ᠴᠠᠭ᠄ ᠭᠠᠷᠠᠭ ᠤᠨ ᠨᠢᠭᠡᠨ ᠠᠴᠠ ᠭᠠᠷᠠᠭ ᠤᠨ ᠲᠠᠪᠤᠨ ᠤ ᠦᠳᠡ ᠶᠢᠨ ᠡᠮᠦᠨ᠎ᠡ 09᠄ 00-12 | ᠄ 00᠂ ᠦᠳᠡ ᠶᠢᠨ ᠬᠤᠶᠢᠨ᠎ᠠ 14᠄ 30-18᠄ 00 ︵ᠬᠠᠤᠯᠢ ᠳᠤ ᠲᠣᠭᠲᠠᠭᠠᠭᠰᠠᠨ ᠪᠠᠶᠠᠷ ᠳᠤᠷᠠᠰᠬᠠᠯ | ᠠᠮᠠᠷᠠᠯᠲᠠ ᠶᠢᠨ ᠡᠳᠦᠷ ᠠᠴᠠ ᠭᠠᠳᠠᠨ᠎ᠠ︶᠃ | ᠬᠠᠶ᠋ᠢᠭ᠄ ᠰᠢᠩ ᠾᠧ ᠰᠢᠶᠠᠨ ᠤ ᠰᠢᠨ᠎ᠡ ᠬᠤᠲᠠ ᠲᠣᠭᠤᠷᠢᠭ ᠤᠨ ᠰᠤᠷᠭᠠᠨ ᠬᠥᠮᠦᠵᠢᠯ ᠤᠨ ᠬᠦᠷᠢᠶᠡᠯᠡᠩ | ᠲᠣᠭᠤᠷᠢᠭ | ᠬᠠᠷᠢᠯᠴᠠᠬᠤ ᠤᠲᠠᠰᠤ᠄ 0474 - 7212632 | ᠬᠠᠷᠢᠭᠤᠴᠠᠯᠭᠠᠲᠠᠨ ᠤ ᠣᠪᠣᠭ ᠨᠡᠷ᠎ᠡ᠄ ᠮᠠ ᠰᠢ | |