​ ᠰᠢᠩ ᠾᠧ ᠰᠢᠶᠠᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ  ᠲᠤᠪᠴᠢᠶ᠎ᠡ
ᠨᠡᠶᠢᠲᠡᠯᠡᠭᠰᠡᠨ ᠴᠠᠭ᠄
2025/3/30
     ᠨᠢᠭᠡᠴᠡ ᠶᠢᠨ ᠲᠣᠪᠴᠢ ᠲᠠᠨᠢᠯᠴᠠᠭᠤᠯᠭ᠎ᠠ᠄ ᠰᠢᠩ ᠾᠧ ᠰᠢᠶᠠᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠪᠣᠯ ᠰᠢᠶᠠᠨ ᠤ ᠵᠠᠰᠠᠭ ᠤᠨ ᠣᠷᠳᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠡᠭᠦᠷᠭᠡ ᠴᠢᠳᠠᠪᠤᠷᠢ ᠶᠢᠨ ᠪᠦᠷᠢᠯᠳᠦᠬᠦᠨ ᠰᠠᠯᠠᠭ᠎ᠠ ᠮᠥᠴᠢᠷ ᠢ ᠬᠠᠷᠢᠭᠤᠴᠠᠵᠤ᠂ 2019 ᠣᠨ ᠤ 3 ᠰᠠᠷ᠎ᠠ ᠳᠤ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠭᠡᠵᠦ ᠥᠭᠡᠷᠡᠴᠢᠯᠡᠪᠡ᠃ ᠰᠢᠩ ᠾᠧ ᠰᠢᠶᠠᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠪᠣᠯ ᠰᠢᠩ ᠾᠧ ᠰᠢᠶᠠᠨ ᠤ ᠠᠷᠠᠳ ᠤᠨ ᠵᠠᠰᠠᠭ ᠤᠨ ᠣᠷᠳᠣᠨ ᠤ ᠠᠵᠢᠯ ᠤᠨ ᠰᠠᠯᠠᠭ᠎ᠠ ᠮᠥᠴᠢᠷ ᠪᠣᠯᠤᠨ᠎ᠠ᠂ ᠵᠢᠩᠬᠢᠨᠢ ᠰᠠᠯᠠᠭᠠᠨ ᠤ ᠳᠡᠰ ᠲᠤ ᠰᠢᠶᠠᠨ ᠤ ᠮᠣᠩᠭᠤᠯ ᠬᠢᠲᠠᠳ ᠡᠮ ᠡᠮᠨᠡᠯᠭᠡ ᠶᠢᠨ ᠬᠠᠮᠢᠶᠠᠷᠤᠯᠲᠠ ᠶᠢᠨ ᠲᠣᠪᠴᠢᠶ᠎ᠠ᠂ ᠰᠢᠶᠠᠨ ᠤ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠥᠳᠡᠯᠭᠡᠭᠡᠨ ᠤ ᠵᠥᠪᠯᠡᠯ ᠤᠨ ᠠᠯᠪᠠᠨ ᠬᠡᠷ ᠤᠨ ᠫᠠᠶᠢᠰᠠ ᠶᠢ ᠨᠡᠮᠡᠵᠦ ᠡᠯᠭᠦᠨ᠎ᠡ᠃      ᠭᠤᠣᠯ ᠡᠭᠦᠷᠭᠡ ᠬᠠᠷᠢᠭᠤᠴᠠᠯᠭ᠎ᠠ᠄      1. ᠤᠯᠤᠰ᠂ ᠥᠪᠡᠷᠲᠡᠭᠡᠨ ᠵᠠᠰᠠᠬᠤ ᠣᠷᠣᠨ᠂ ᠤᠯᠠᠭᠠᠨᠴᠠᠪ ᠬᠤᠲᠠ ᠶᠢᠨ ᠬᠠᠮᠢᠶ᠎ᠠ ᠪᠥᠬᠦᠶ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠲᠥᠷᠥ ᠶᠢᠨ ᠪᠣᠳᠣᠯᠭ᠎ᠠ ᠶᠢ ᠲᠤᠤᠱᠯᠠᠭᠤᠯᠤᠨ ᠬᠡᠷᠡᠭᠵᠢᠭᠦᠯᠵᠦ᠂ ᠤᠯᠤᠰ ᠪᠠ ᠥᠪᠡᠷᠲᠡᠭᠡᠨ ᠵᠠᠰᠠᠬᠤ ᠣᠷᠣᠨ ᠤ ᠲᠣᠭᠲᠠᠭᠠᠭᠰᠠᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠠᠵᠢᠯ ᠤᠨ ᠴᠢᠭᠯᠡᠯᠲᠡ ᠵᠢᠴᠢ ᠬᠠᠤᠯᠢ ᠴᠠᠭᠠᠵᠠ᠂ ᠬᠠᠤᠯᠢ ᠲᠣᠭᠲᠠᠭᠠᠯ ᠢ ᠲᠤᠤᠱᠯᠠᠭᠤᠯᠤᠨ ᠬᠡᠷᠡᠭᠵᠢᠭᠦᠯᠵᠦ᠂ ᠪᠥᠬᠦ ᠰᠢᠶᠠᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠲᠥᠷᠥ ᠶᠢᠨ ᠪᠣᠳᠣᠯᠭ᠎ᠠ ᠶᠢ ᠵᠣᠬᠢᠶᠠᠨ ᠪᠠᠶᠢᠭᠤᠯᠤᠨ ᠲᠤᠭᠤᠷᠪᠢᠵᠤ᠂ ᠪᠥᠬᠦ ᠰᠢᠶᠠᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠦᠢᠯᠡᠰ ᠤᠨ ᠬᠥᠭᠵᠢᠯᠲᠡ ᠶᠢᠨ ᠲᠥᠯᠥᠪᠵᠢᠭᠦᠯᠭᠡ ᠶᠢ ᠲᠣᠭᠲᠠᠭᠠᠵᠤ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠪᠠᠷᠢᠮᠵᠢᠶ᠎ᠠ᠂ ᠵᠢᠷᠤᠮᠵᠢᠯ ᠢ ᠲᠤᠤᠱᠯᠠᠭᠤᠯᠤᠨ ᠬᠡᠷᠡᠭᠵᠢᠭᠦᠯᠦᠨ᠎ᠡ᠃ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠡᠬᠢ ᠪᠠᠶᠠᠯᠢᠭ ᠤᠨ ᠲᠤᠭ᠎ᠠ ᠬᠡᠮᠵᠢᠶ᠎ᠡ ᠶᠢ ᠨᠢᠭᠡᠳᠦᠯᠲᠡᠶ ᠲᠥᠯᠥᠪᠵᠢᠭᠦᠯᠵᠦ᠂ ᠣᠷᠣᠨ ᠪᠦᠰᠡ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠪᠠ ᠬᠡᠷᠡᠭᠵᠢᠭᠦᠯᠬᠦ ᠶᠢ ᠵᠢᠯᠣᠭᠤᠳᠤᠨ᠎ᠠ᠃ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠦᠨᠳᠦᠰᠦᠨ ᠣᠯᠠᠨ ᠨᠡᠶᠢᠲᠡ ᠶᠢᠨ ᠦᠢᠯᠡᠴᠢᠯᠡᠭᠡ ᠶᠢ ᠲᠡᠩᠴᠡᠭᠦᠷᠢᠰᠢᠭᠦᠯᠬᠦ᠂ ᠲᠦᠭᠡᠮᠡᠯ ᠬᠠᠷᠠᠭᠠᠯᠵᠠᠯ ᠦᠵᠡᠭᠦᠯᠬᠦ᠂ ᠳᠥᠭᠦᠮ ᠳᠥᠲᠡ ᠪᠣᠯᠭᠠᠬᠤ᠂ ᠣᠯᠠᠨ ᠡᠰᠢᠵᠢᠭᠦᠯᠬᠦ ᠪᠠ ᠣᠯᠠᠨ ᠨᠡᠶᠢᠲᠡ ᠶᠢᠨ ᠡᠬᠢ ᠪᠠᠶᠠᠯᠢᠭ ᠢ ᠦᠨᠳᠦᠰᠦᠨ ᠱᠠᠲᠤ ᠲᠡᠰᠢ ᠤᠷᠲᠤᠳᠬᠠᠬᠤ ᠵᠡᠷᠭᠡ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃      2. ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠶᠢ ᠵᠣᠬᠢᠴᠠᠭᠤᠯᠤᠨ ᠠᠬᠢᠭᠤᠯᠵᠤ᠂ ᠠᠯᠪᠠᠨ ᠠᠴᠠ ᠪᠠᠶᠢᠭᠤᠯᠤᠭᠰᠠᠨ ᠡᠮᠨᠡᠯᠭᠡ᠂ ᠡᠮᠨᠡᠯᠭᠡ ᠶᠢᠨ ᠬᠤᠷᠢᠶᠠᠨ ᠤ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠵᠣᠬᠢᠶᠠᠨ ᠪᠠᠶᠢᠭᠤᠯᠤᠨ ᠭᠦᠨᠵᠡᠭᠡᠶᠢᠷᠡᠭᠦᠯᠵᠦ᠂ ᠬᠠᠮᠢᠶᠠᠷᠬᠤ ᠪᠠ ᠡᠷᠬᠢᠯᠡᠬᠦ ᠶᠢ ᠰᠠᠯᠭᠠᠬᠤ ᠶᠢ ᠲᠦᠯᠬᠢᠨ ᠠᠬᠢᠭᠤᠯᠵᠤ᠂ ᠣᠳᠣ ᠦᠶ᠎ᠡ ᠶᠢᠨ ᠡᠮᠨᠡᠯᠭᠡ ᠶᠢᠨ ᠬᠤᠷᠢᠶᠠᠨ ᠤ ᠬᠠᠮᠢᠶᠠᠷᠤᠯᠲᠠ ᠶᠢᠨ ᠳᠦᠷᠢᠮ ᠢ ᠪᠦᠷᠢᠨᠰᠢᠭᠦᠯᠵᠦ᠂ ᠡᠮᠴᠢᠯᠡᠭᠡᠨ ᠤ ᠦᠢᠯᠡᠴᠢᠯᠡᠭᠡ ᠪᠣᠯᠤᠨ ᠡᠮ ᠤᠨ ᠵᠦᠢᠯ ᠤᠨ ᠦᠨ᠎ᠡ ᠬᠠᠩᠰᠢ ᠶᠢᠨ ᠲᠥᠷᠥ ᠶᠢᠨ ᠪᠣᠳᠣᠯᠭ᠎ᠠ ᠶᠢᠨ ᠰᠠᠨᠠᠭᠤᠯᠭ᠎ᠠ ᠳᠤᠷᠠᠳᠤᠨ᠎ᠠ᠃      3. ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠲᠥᠯᠥᠪᠵᠢᠭᠦᠯᠭᠡ ᠵᠢᠴᠢ ᠠᠷᠠᠳ ᠲᠦᠮᠡᠨ ᠤ ᠡᠷᠡᠭᠦᠯ ᠮᠡᠨᠳᠦ ᠶᠢ ᠬᠦᠨᠳᠦ ᠨᠣᠴᠢᠲᠠᠶ ᠬᠤᠬᠢᠷᠠᠭᠤᠯᠬᠤ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠠᠰᠠᠭᠤᠳᠠᠯ ᠢ ᠬᠠᠮᠢᠶᠠᠷᠬᠤ ᠠᠷᠭ᠎ᠠ ᠬᠡᠮᠵᠢᠶ᠎ᠡ ᠶᠢ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠵᠤ᠂ ᠤᠯᠤᠰ ᠤᠨ ᠦᠯᠦ ᠬᠠᠯᠳᠠᠭᠠᠬᠤ ᠲᠥᠯᠥᠪᠵᠢᠭᠦᠯᠭᠡ ᠶᠢ ᠬᠡᠷᠡᠭᠵᠢᠭᠦᠯᠵᠦ᠂ ᠡᠷᠡᠭᠦᠯ ᠬᠠᠮᠠᠭᠠᠯᠠᠯ ᠤᠨ ᠪᠠᠴᠢᠮ ᠪᠠᠶᠢᠳᠠᠯ ᠢ ᠠᠷᠭᠠᠴᠠᠬᠤ ᠠᠵᠢᠯ ᠢ ᠬᠠᠷᠢᠭᠤᠴᠠᠨ᠂ ᠭᠡᠨᠡᠳᠲᠡ ᠡᠭᠦᠰᠬᠦ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠬᠡᠷᠡᠭ ᠢ ᠰᠡᠷᠭᠡᠶᠢᠯᠡᠨ ᠬᠢᠵᠠᠭᠠᠷᠯᠠᠬᠤ ᠪᠠ ᠡᠯ᠎ᠡ ᠲᠥᠷᠥᠯ ᠤᠨ ᠭᠡᠨᠡᠳᠲᠡ ᠡᠭᠦᠰᠬᠦ ᠣᠯᠠᠨ ᠨᠡᠶᠢᠲᠡ ᠶᠢᠨ ᠬᠡᠷᠡᠭ ᠤᠨ ᠡᠮᠨᠡᠯᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ ᠶᠢ ᠵᠣᠬᠢᠶᠠᠨ ᠪᠠᠶᠢᠭᠤᠯᠤᠨ ᠵᠢᠯᠣᠭᠤᠳᠬᠤ ᠬᠡᠷᠡᠭᠲᠡᠶ᠃      4᠂ ᠬᠥᠮᠦᠨ ᠠᠮᠠ ᠶᠢᠨ ᠨᠠᠰᠤᠵᠢᠯ ᠢ ᠠᠷᠭᠠᠴᠠᠬᠤ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠵᠣᠬᠢᠶᠠᠨ ᠪᠠᠶᠢᠭᠤᠯᠤᠨ ᠲᠤᠭᠤᠷᠪᠢᠬᠤ ᠶᠢᠨ ᠬᠠᠮᠲᠤ ᠵᠣᠬᠢᠴᠠᠭᠤᠯᠤᠨ ᠨᠠᠶᠢᠳᠠᠪᠤᠷᠢᠵᠢᠭᠤᠯᠵᠤ᠂ ᠪᠥᠬᠦ ᠰᠢᠶᠠᠨ ᠤ ᠨᠠᠰᠤᠲᠠᠶᠢᠴᠤᠳ ᠤᠨ ᠡᠷᠡᠭᠦᠯ ᠮᠡᠨᠳᠦ ᠶᠢᠨ ᠤᠶᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠪᠠ ᠡᠮᠴᠢᠯᠡᠭᠡ ᠰᠤᠪᠢᠯᠠᠯᠲᠠ ᠶᠢ ᠤᠶᠠᠯᠳᠤᠭᠤᠯᠬᠤ ᠠᠵᠢᠯ ᠢ ᠬᠠᠷᠢᠭᠤᠴᠠᠨ ᠠᠬᠢᠭᠤᠯᠤᠨ᠎ᠠ᠃      5. ᠤᠯᠤᠰ ᠤᠨ ᠡᠮ ᠤᠨ ᠵᠦᠢᠯ ᠤᠨ ᠲᠥᠷᠥ ᠶᠢᠨ ᠪᠣᠳᠣᠯᠭ᠎ᠠ ᠪᠣᠯᠤᠨ ᠦᠨᠳᠦᠰᠦᠨ ᠡᠮ ᠤᠨ ᠵᠦᠢᠯ ᠤᠨ ᠳᠦᠷᠢᠮ ᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠢᠳᠡᠭᠡᠨ ᠤ ᠠᠮᠤᠷ ᠲᠦᠪᠰᠢᠨ ᠤ ᠲᠦᠭᠰᠢᠭᠦᠷᠢ ᠶᠢ ᠬᠢᠨᠠᠨ ᠰᠢᠨᠵᠢᠯᠡᠵᠦ ᠦᠨᠡᠯᠡᠨ ᠵᠢᠱᠢᠬᠦ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠢᠳᠡᠭᠡᠨ ᠤ ᠠᠮᠤᠷ ᠲᠦᠪᠰᠢᠨ ᠤ ᠪᠠᠷᠢᠮᠵᠢᠶ᠎ᠠ ᠶᠢ ᠮᠥᠷᠳᠡᠨ ᠦᠨᠡᠯᠡᠬᠦ ᠠᠵᠢᠯ ᠢ ᠰᠠᠶᠢᠲᠤᠷ ᠬᠢᠨ᠎ᠡ᠃              6. ᠡᠭᠦᠷᠭᠡ ᠬᠠᠷᠢᠭᠤᠴᠠᠯᠭ᠎ᠠ ᠶᠢᠨ ᠬᠡᠪᠴᠢᠶᠡᠨ ᠳᠣᠲᠣᠷᠠᠬᠢ ᠠᠵᠢᠯ ᠮᠡᠷᠭᠡᠵᠢᠯ ᠤᠨ ᠡᠷᠡᠭᠦᠯ ᠬᠠᠮᠠᠭᠠᠯᠠᠯ᠂ ᠰᠠᠴᠤᠷᠠᠭ ᠤᠨ ᠡᠷᠡᠭᠦᠯ ᠬᠠᠮᠠᠭᠠᠯᠠᠯ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ᠂ ᠰᠤᠷᠭᠠᠭᠤᠯᠢ ᠶᠢᠨ ᠡᠷᠡᠭᠦᠯ ᠬᠠᠮᠠᠭᠠᠯᠠᠯ᠂ ᠤᠯᠠᠨ ᠨᠡᠶᠢᠲᠡ ᠶᠢᠨ ᠲᠠᠯᠠᠪᠤᠷ ᠤᠨ ᠡᠷᠡᠭᠦᠯ ᠬᠠᠮᠠᠭᠠᠯᠠᠯ᠂ ᠤᠤᠭᠤᠬᠤ ᠤᠰᠤᠨ ᠤ ᠠᠷᠢᠭᠤᠨ ᠴᠡᠪᠡᠷ ᠵᠡᠷᠭᠡ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠵᠤ᠂ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠵᠠᠰᠠᠬᠤ ᠬᠢᠨᠠᠯᠲᠠ ᠲᠠᠯᠪᠢᠬᠤ ᠶᠢ ᠬᠠᠷᠢᠭᠤᠴᠠᠵᠤ᠂ ᠡᠷᠡᠭᠦᠯ ᠬᠠᠮᠠᠭᠠᠯᠠᠯ ᠡᠷᠡᠭᠦᠯ ᠮᠡᠨᠳᠤ ᠶᠢᠨ ᠶᠡᠷᠦᠩᠬᠡᠶᠢᠯᠡᠭᠰᠡᠨ ᠬᠢᠨᠠᠯᠲᠠ ᠲᠠᠯᠪᠢᠬᠤ ᠰᠢᠰᠲ᠋ᠧᠮ ᠢ ᠪᠦᠷᠢᠨᠰᠢᠭᠦᠯᠦᠨ᠎ᠡ᠃ ︽ᠲᠠᠮᠠᠬᠢ ᠶᠢ ᠬᠢᠵᠠᠭᠠᠷᠯᠠᠬᠤ ᠪᠦᠳᠦᠭᠦᠪᠴᠢ ᠨᠡᠶᠢᠲᠡ ᠶᠢᠨ ᠭᠡᠷ᠎ᠡ︾ ᠶᠢ ᠭᠦᠢᠴᠡᠳᠬᠡᠬᠦ ᠠᠵᠢᠯ ᠢ ᠲᠦᠷᠦᠭᠦᠯᠡᠨ ᠬᠢᠪᠡ᠃      7. ᠡᠮᠴᠢᠯᠡᠭᠡᠨ ᠤ ᠪᠠᠶᠢᠭᠤᠯᠤᠮᠵᠢ᠂ ᠡᠮᠴᠢᠯᠡᠭᠡᠨ ᠤ ᠦᠢᠯᠡᠴᠢᠯᠡᠭᠡᠨ ᠤ ᠠᠵᠢᠯ ᠲᠥᠷᠥᠯ ᠤᠨ ᠬᠠᠮᠢᠶᠠᠷᠤᠯᠲᠠ ᠶᠢᠨ ᠠᠷᠭ᠎ᠠ ᠶᠢ ᠲᠣᠭᠲᠠᠭᠠᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠦᠨ᠎ᠡ᠃ ᠡᠮᠴᠢᠯᠡᠭᠡᠨ ᠤ ᠦᠢᠯᠡᠴᠢᠯᠡᠭᠡ ᠶᠢ ᠦᠨᠡᠯᠡᠬᠦ ᠪᠠ ᠬᠢᠨᠠᠯᠲᠠ ᠲᠠᠯᠪᠢᠵᠤ ᠬᠠᠮᠢᠶᠠᠷᠬᠤ ᠰᠢᠰᠲ᠋ᠧᠮᠵᠢ ᠶᠢ ᠪᠠᠶᠢᠭᠤᠯᠤᠨ᠎ᠠ᠃ ᠬᠤᠯᠪᠣᠭᠳᠠᠯ ᠪᠥᠬᠦᠶ ᠰᠠᠯᠠᠭ᠎ᠠ ᠮᠥᠴᠢᠷ ᠲᠠᠢ ᠬᠠᠮᠲᠤᠷᠠᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠲᠤᠰᠬᠠᠶ ᠮᠡᠷᠭᠡᠵᠢᠯ ᠤᠨ ᠠᠵᠢᠯᠲᠠᠨ ᠤ ᠬᠢᠷᠢ ᠬᠡᠮ ᠤᠨ ᠪᠠᠷᠢᠮᠵᠢᠶ᠎ᠠ ᠶᠢ ᠴᠢᠩᠭ᠎ᠠ ᠬᠡᠷᠡᠭᠵᠢᠭᠦᠯᠦᠨ᠎ᠡ᠃ ᠡᠮᠴᠢᠯᠡᠭᠡ ᠶᠢᠨ ᠦᠢᠯᠡᠴᠢᠯᠡᠭᠡᠨ ᠤ ᠵᠢᠷᠤᠮᠵᠢᠯ᠂ ᠪᠠᠷᠢᠮᠵᠢᠶ᠎ᠠ ᠪᠠ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠲᠤᠰᠬᠠᠶ ᠮᠡᠷᠭᠡᠵᠢᠯ ᠤᠨ ᠠᠵᠢᠯᠲᠠᠨ ᠤ ᠠᠵᠢᠯ ᠡᠷᠭᠢᠯᠡᠬᠦ ᠲᠦᠷᠢᠮ᠂ ᠦᠢᠯᠡᠴᠢᠯᠡᠭᠡᠨ ᠤ ᠵᠢᠷᠤᠮᠵᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃      8. ᠲᠥᠯᠥᠪᠯᠡᠭᠡᠲᠦ ᠦᠷᠡᠵᠢᠯ ᠤᠨ ᠬᠠᠮᠢᠶᠠᠷᠤᠯᠲᠠ ᠪᠠ ᠦᠢᠯᠡᠴᠢᠯᠡᠭᠡᠨ ᠤ ᠠᠵᠢᠯ ᠢ ᠬᠠᠷᠢᠭᠤᠴᠠᠵᠤ᠂ ᠬᠥᠮᠦᠨ ᠠᠮᠠ ᠶᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠬᠦᠯᠬᠦ ᠠᠵᠢᠯ ᠢ ᠥᠷᠨᠢᠭᠦᠯᠵᠦ ᠬᠥᠮᠦᠨ ᠠᠮᠠ ᠬᠢᠭᠡᠳ ᠭᠡᠷ ᠪᠦᠯᠢ ᠶᠢᠨ ᠬᠥᠭᠵᠢᠯᠲᠡ ᠶᠢᠨ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢᠨ ᠰᠠᠨᠠᠭᠤᠯᠭ᠎ᠠ ᠶᠢ ᠰᠤᠳᠤᠯᠤᠨ ᠳᠤᠷᠠᠳᠴᠤ ᠂ ᠣᠷᠣᠨ ᠨᠤᠲᠤᠭ ᠤᠨ ᠲᠥᠯᠥᠪᠯᠡᠭᠡᠲᠦ ᠦᠷᠡᠵᠢᠯ ᠤᠨ ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠦᠨ᠎ᠡ᠃      9. ᠦᠨᠳᠦᠰᠦᠨ ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ᠂ ᠡᠬᠡ ᠨᠢᠯᠬᠠᠰ ᠤᠨ ᠡᠷᠡᠭᠦᠯ ᠮᠡᠨᠳᠦ ᠶᠢᠨ ᠦᠢᠯᠡᠴᠢᠯᠡᠭᠡᠨ ᠤ ᠰᠢᠰᠲ᠋ᠧᠮᠵᠢ ᠪᠠ ᠶᠡᠷᠦᠩᠬᠡᠶ ᠰᠠᠯᠠᠭᠠᠨ ᠤ ᠡᠮᠴᠢ ᠶᠢᠨ ᠡᠩᠨᠡᠭᠡ ᠶᠢᠨ ᠪᠠᠶᠢᠭᠤᠯᠤᠯᠲᠠ ᠶᠢ ᠵᠢᠯᠣᠭᠤᠳᠴᠤ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠦᠨ ᠬᠥᠭᠵᠢᠬᠦ ᠶᠢ ᠠᠬᠢᠭᠤᠯᠤᠨ᠎ᠠ᠃      10 . ᠮᠣᠩᠭᠤᠯ ᠡᠮ ᠡᠮᠨᠡᠯᠭᠡ ᠬᠢᠲᠠᠳ ᠡᠮ ᠡᠮᠨᠡᠯᠭᠡ ᠶᠢᠨ ᠡᠮᠴᠢᠯᠡᠭᠡ᠂ ᠡᠷᠡᠭᠦᠯᠵᠢᠯ᠂ ᠰᠤᠷᠭᠠᠨ ᠬᠥᠮᠦᠵᠢᠯ᠂ ᠰᠢᠨᠵᠢᠯᠡᠬᠦ ᠤᠬᠠᠭᠠᠨ ᠤ ᠰᠤᠳᠤᠯᠤᠯ᠂ ᠰᠣᠶᠣᠯ ᠬᠢᠭᠡᠳ ᠬᠠᠮᠢᠶ᠎ᠠ ᠪᠦᠬᠦᠢ ᠠᠵᠤ ᠦᠢᠯᠡᠰ ᠤᠨ ᠥᠭᠡᠷᠡᠴᠢᠯᠡᠯᠲᠡ ᠬᠥᠭᠵᠢᠯᠲᠡ ᠬᠢᠭᠡᠳ ᠭᠠᠳᠠᠭᠠᠳᠤ ᠯᠤᠭ᠎ᠠ ᠰᠣᠯᠢᠯᠴᠠᠭ᠎ᠠ ᠬᠢᠵᠦ ᠬᠠᠮᠲᠤᠷᠠᠯᠴᠠᠬᠤ ᠶᠢ ᠪᠠᠲᠤᠯᠠᠨ ᠠᠬᠢᠭᠤᠯᠵᠤ᠂ ᠮᠣᠩᠭᠤᠯ ᠡᠮ ᠡᠮᠨᠡᠯᠭᠡ ᠬᠢᠲᠠᠳ ᠡᠮ ᠡᠮᠨᠡᠯᠭᠡ ᠶᠢ ᠤᠯᠠᠮᠵᠢᠯᠠᠨ ᠵᠠᠯᠭᠠᠮᠵᠢᠯᠠᠵᠤ ᠰᠢᠨ᠎ᠡ ᠶᠢ ᠡᠭᠦᠳᠬᠦ ᠪᠠ ᠬᠥᠭᠵᠢᠭᠦᠯᠦᠨ ᠮᠠᠨᠳᠤᠭᠤᠯᠬᠤ ᠶᠢ ᠲᠦᠯᠬᠢᠨ ᠠᠬᠢᠭᠤᠯᠤᠨ᠎ᠠ᠃      11. ᠰᠢᠶᠠᠨ ᠤ ᠡᠷᠡᠭᠦᠯᠵᠢᠯ ᠤᠨ ᠡᠲᠡᠭᠡᠳ ᠤᠨ ᠡᠮ ᠡᠮᠨᠡᠯᠭᠡ ᠡᠷᠡᠭᠦᠯᠵᠢᠯ ᠤᠨ ᠠᠵᠢᠯ ᠢ ᠬᠠᠷᠢᠭᠤᠴᠠᠵᠤ᠂ ᠴᠢᠬᠤᠯᠠ ᠬᠤᠷᠠᠯ ᠬᠢᠭᠡᠳ ᠴᠢᠬᠤᠯᠠ ᠶᠡᠭᠡ ᠠᠵᠢᠯᠯᠠᠭ᠎ᠠ ᠶᠢᠨ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠲᠤᠯᠠᠭ᠎ᠠ ᠶᠢᠨ ᠠᠵᠢᠯ ᠢ ᠬᠠᠷᠢᠭᠤᠴᠠᠨ᠎ᠠ᠃      12. ᠰᠢᠶᠠᠨ ᠤ ᠨᠠᠰᠤᠲᠠᠶᠢᠴᠤᠳ ᠤᠨ ᠡᠷᠡᠭᠦᠯ ᠮᠡᠨᠳᠦ ᠶᠢᠨ ᠠᠵᠢᠯ ᠢ ᠬᠠᠷᠢᠭᠤᠴᠠᠨ᠎ᠠ᠃      13. ᠰᠢᠶᠠᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠬᠦᠷᠢᠶᠡᠨ ᠤ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢ ᠵᠢᠯᠣᠭᠤᠳᠴᠤ᠂ ᠭᠠᠳᠠᠭᠠᠳᠤ ᠳᠤ ᠬᠠᠨᠳᠤᠭᠤᠯᠤᠭᠰᠠᠨ ᠴᠢᠳᠠᠪᠤᠷᠢᠲᠠᠨ᠂ ᠮᠡᠷᠭᠡᠵᠢᠯ ᠤᠨ ᠰᠣᠯᠢᠯᠴᠠᠭ᠎ᠠ ᠬᠠᠮᠲᠤᠷᠠᠯᠴᠠᠭ᠎ᠠ ᠶᠢ ᠥᠷᠨᠢᠭᠦᠯᠦᠨ᠎ᠡ᠃      14. ᠲᠣᠰ ᠠᠵᠢᠯ ᠲᠥᠷᠥᠯ ᠤᠨ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠶᠢ ᠬᠠᠷᠢᠭᠤᠴᠠᠵᠤ᠂ ᠲᠣᠰ ᠰᠠᠯᠠᠭ᠎ᠠ ᠮᠥᠴᠢᠷ ᠤᠨ ᠢᠶᠠᠨ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠲᠤᠰᠢᠶᠠᠯ᠂ ᠬᠠᠷᠠᠯᠲᠠ ᠪᠠ ᠡᠭᠦᠷᠭᠡ ᠶᠢᠨ ᠶᠣᠰᠣᠭᠠᠷ ᠶᠠᠳᠠᠭᠤ ᠶᠢ ᠲᠡᠳᠬᠦᠬᠦ ᠠᠵᠢᠯ ᠢ ᠰᠠᠶᠢᠲᠤᠷ ᠬᠢᠬᠦ ᠬᠡᠷᠡᠭᠲᠡᠶ᠃ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ᠂ ᠲᠤᠰ ᠠᠵᠢᠯ ᠲᠥᠷᠥᠯ ᠤᠨ ᠢᠶᠠᠨ ᠠᠶᠤᠯ ᠦᠭᠡᠶ ᠦᠢᠯᠡᠳᠪᠦᠷᠢᠯᠡᠯ ᠤᠨ ᠠᠵᠢᠯ ᠢ ᠵᠣᠬᠢᠶᠠᠨ ᠪᠠᠶᠢᠭᠤᠯᠤᠨ ᠰᠠᠶᠢᠲᠤᠷ ᠠᠳᠬᠤᠬᠤ ᠬᠡᠷᠡᠭᠲᠡᠶ᠃ ᠲᠤᠰ ᠠᠵᠢᠯ ᠲᠥᠷᠥᠯ ᠤᠨ ᠵᠥᠷᠢᠴᠡᠯ ᠢ ᠨᠠᠮᠳᠠᠭᠤᠯᠬᠤ᠂ ᠵᠠᠬᠢᠳᠠᠯ ᠰᠤᠷᠪᠤᠯᠵᠢᠯᠠᠭ᠎ᠠ ᠪᠠ ᠲᠣᠭᠲᠠᠭᠤᠨ ᠪᠠᠶᠢᠳᠠᠯ ᠢ ᠬᠠᠮᠠᠭᠠᠯᠠᠬᠤ ᠠᠵᠢᠯ ᠢ ᠰᠠᠶᠢᠲᠤᠷ ᠬᠢᠵᠦ᠃      15᠂ ᠰᠢᠶᠠᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠡᠭᠦᠷᠭᠡ ᠶᠢ ᠪᠡᠶᠡᠯᠡᠭᠦᠯᠦᠨ᠎ᠡ᠃          16᠂ ᠡᠭᠦᠷᠭᠡ ᠴᠢᠳᠠᠪᠤᠷᠢ ᠶᠢ ᠬᠤᠪᠢᠷᠠᠭᠤᠯᠬᠤ᠃ ᠰᠢᠩ ᠾᠧ ᠰᠢᠶᠠᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠨᠢ ᠶᠡᠭᠡ ᠡᠷᠡᠭᠦᠯ ᠬᠠᠮᠠᠭᠠᠯᠠᠯ᠂ ᠶᠡᠭᠡ ᠡᠷᠡᠭᠦᠯ ᠮᠡᠨᠳᠦ ᠶᠢᠨ ᠣᠶᠢᠯᠠᠭᠠᠭᠳᠠᠬᠤᠨ ᠢ ᠪᠠᠲᠤ ᠪᠠᠬᠢ ᠪᠤᠢ ᠪᠣᠯᠭᠠᠵᠤ᠂ ᠡᠷᠡᠭᠦᠯ ᠮᠡᠨᠳᠦ ᠪᠠ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠪᠠᠷ ᠬᠥᠳᠡᠯᠭᠡᠬᠦ ᠬᠦᠴᠦᠨ ᠪᠣᠯᠭᠠᠵᠤ᠂ ᠡᠷᠡᠭᠦᠯ ᠮᠡᠨᠳᠦ ᠶᠢ ᠠᠬᠢᠭᠤᠯᠬᠤ᠂ ᠬᠡᠪ ᠵᠠᠭᠪᠤᠷ ᠢ ᠬᠤᠪᠢᠷᠠᠭᠤᠯᠬᠤ᠂ ᠦᠨᠳᠦᠰᠦᠨ ᠱᠠᠲᠤ ᠶᠢ ᠴᠢᠩᠭᠠᠳᠬᠠᠬᠤ᠂ ᠪᠠᠲᠤᠯᠠᠭ᠎ᠠ ᠶᠢ ᠴᠢᠬᠤᠯᠠᠴᠢᠯᠠᠬᠤ ᠪᠠᠷ ᠬᠦᠴᠦᠯᠡᠬᠦ ᠴᠡᠭ ᠪᠣᠯᠭᠠᠵᠤ᠂ ᠡᠪᠡᠳᠴᠢᠨ ᠵᠠᠰᠠᠬᠤ ᠪᠠᠷ ᠭᠤᠤᠯ ᠪᠣᠯᠭᠠᠬᠤ ᠶᠢ ᠠᠷᠠᠳ ᠲᠦᠮᠡᠨ ᠤ ᠡᠷᠡᠭᠦᠯ ᠮᠡᠨᠳᠦ ᠪᠠᠷ ᠭᠤᠤᠯ ᠪᠣᠯᠭᠠᠬᠤ ᠪᠣᠯᠭᠠᠨ ᠬᠤᠪᠢᠷᠠᠭᠤᠯᠵᠤ᠂ ᠠᠷᠠᠳ ᠣᠯᠠᠨ ᠳᠤ ᠪᠦᠬᠦ ᠲᠠᠯ᠎ᠠ ᠶᠢᠨ ᠪᠦᠬᠦ ᠦᠶᠡᠯᠡᠯ ᠤᠨ ᠬᠤᠭᠤᠴᠠᠭᠠᠨ ᠤ ᠡᠷᠡᠭᠦᠯ ᠮᠡᠨᠳᠦ ᠶᠢᠨ ᠦᠢᠯᠡᠴᠢᠯᠡᠭᠡ ᠬᠠᠩᠭᠠᠬᠤ ᠬᠡᠷᠡᠭᠲᠡᠶ᠃ ᠨᠢᠭᠡ ᠳᠤ᠂ ᠤᠷᠢᠳᠴᠢᠯᠠᠨ ᠰᠡᠷᠭᠡᠶᠢᠯᠡᠬᠦ ᠪᠠᠷ ᠭᠤᠣᠯ ᠪᠣᠯᠭᠠᠬᠤ ᠪᠠ ᠡᠷᠡᠭᠦᠯ ᠮᠡᠨᠳᠦ ᠶᠢ ᠠᠬᠢᠭᠤᠯᠬᠤ ᠶᠢ ᠨᠡᠩ ᠴᠢᠬᠤᠯᠠᠴᠢᠯᠠᠵᠤ᠂ ᠬᠦᠨᠳᠦ ᠶᠡᠭᠡ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠠᠵᠢᠯ ᠢ ᠴᠢᠩᠭᠠᠳᠬᠠᠵᠤ᠂ ᠬᠥᠮᠦᠨ ᠠᠮᠠ ᠶᠢᠨ ᠨᠠᠰᠤᠵᠢᠯ ᠢ ᠢᠳᠡᠪᠬᠢᠲᠡᠢ ᠠᠷᠭᠠᠴᠠᠭᠠᠵᠤ᠂ ᠡᠷᠡᠭᠦᠯ ᠮᠡᠨᠳᠦ ᠶᠢᠨ ᠦᠢᠯᠡᠴᠢᠯᠡᠭᠡᠨ ᠤ ᠰᠢᠰᠲ᠋ᠧᠮ ᠢ ᠲᠡᠭᠦᠯᠳᠡᠷᠵᠢᠭᠦᠯᠦᠨ᠎ᠡ᠃ ᠬᠤᠶᠠᠷ ᠲᠤ ᠠᠵᠢᠯ ᠤᠨ ᠭᠤᠤᠯᠳᠠᠯᠭ᠎ᠠ ᠪᠠᠨ ᠳᠣᠷᠣᠭᠰᠢ ᠰᠢᠯᠵᠢᠭᠦᠯᠬᠦ ᠪᠠ ᠡᠬᠢ ᠪᠠᠶᠠᠯᠢᠭ ᠢ ᠳᠣᠷᠣᠭᠰᠢ ᠪᠠᠭᠤᠯᠭᠠᠬᠤ ᠶᠢ ᠨᠠᠩ ᠴᠢᠬᠤᠯᠠᠴᠢᠯᠠᠵᠤ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠣᠯᠠᠨ ᠨᠡᠶᠢᠲᠡ ᠶᠢᠨ ᠡᠬᠢ ᠪᠠᠶᠠᠯᠢᠭ ᠢ ᠦᠨᠳᠦᠰᠦᠨ ᠱᠠᠲᠤ ᠲᠡᠶᠢᠰᠢ ᠤᠷᠲᠤᠳᠬᠠᠬᠤ ᠂ ᠮᠠᠯᠵᠢᠬᠤ ᠲᠠᠷᠢᠶᠠᠯᠠᠬᠤ ᠣᠷᠣᠨ ᠢ ᠬᠠᠮᠤᠷᠬᠤ᠂ ᠬᠢᠯᠢ ᠬᠢᠵᠠᠭᠠᠷ ᠣᠷᠣᠨ ᠪᠠ ᠠᠮᠢᠳᠤᠷᠠᠯ ᠨᠢ ᠬᠦᠴᠢᠷᠳᠡᠯᠲᠡᠶ ᠣᠯᠠᠨ ᠲᠦᠮᠡᠨ ᠲᠡᠶᠢᠰᠢ ᠬᠡᠯᠪᠠᠶᠢᠯᠭᠡᠬᠦ ᠶᠢ ᠠᠬᠢᠭᠤᠯᠤᠨ᠎ᠠ᠃ ᠭᠤᠷᠪᠠ ᠳᠤ᠂ ᠦᠢᠯᠡᠴᠢᠯᠡᠭᠡᠨ ᠤ ᠶᠠᠰᠤ ᠴᠢᠨᠠᠷ ᠪᠠ ᠬᠢᠷᠢ ᠲᠦᠪᠰᠢᠨ ᠢ ᠳᠡᠭᠡᠭᠰᠢᠯᠡᠭᠦᠯᠬᠦ ᠶᠢ ᠨᠠᠩ ᠴᠢᠬᠤᠯᠠᠴᠢᠯᠠᠵᠤ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠦᠨᠳᠦᠰᠦᠨ ᠣᠯᠠᠨ ᠨᠡᠶᠢᠲᠡ ᠶᠢᠨ ᠦᠢᠯᠡᠴᠢᠯᠡᠭᠡ ᠶᠢ ᠠᠳᠠᠯᠢ ᠲᠡᠭᠰᠢ ᠪᠣᠯᠭᠠᠬᠤ᠂ ᠲᠦᠭᠡᠮᠡᠯ ᠠᠰᠢᠭ ᠬᠦᠷᠲᠡᠭᠡᠬᠦ᠂ ᠳᠥᠭᠦᠮ ᠳᠥᠲᠡ ᠪᠣᠯᠭᠠᠬᠤ ᠶᠢ ᠠᠬᠢᠭᠤᠯᠤᠨ᠎ᠠ᠃ ᠲᠦᠷᠪᠡ ᠳᠤ᠂ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠶᠢ ᠵᠣᠬᠢᠴᠠᠭᠤᠯᠤᠨ ᠠᠬᠢᠭᠤᠯᠵᠤ᠂ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ ᠥᠭᠡᠷᠡᠴᠢᠯᠡᠯᠲᠡ ᠶᠢᠨ ᠡᠷᠴᠢᠮ ᠢ ᠴᠢᠩᠭᠠᠷᠠᠭᠤᠯᠵᠤ᠂ ᠬᠠᠮᠢᠶᠠᠷᠬᠤ ᠪᠠ ᠡᠷᠬᠢᠯᠡᠬᠦ ᠶᠢ ᠰᠠᠯᠭᠠᠬᠤ ᠶᠢ ᠠᠬᠢᠭᠤᠯᠵᠤ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠤᠯᠠᠨ ᠨᠡᠶᠢᠲᠡ ᠶᠢᠨ ᠦᠢᠯᠡᠴᠢᠯᠡᠭᠡ ᠬᠠᠩᠭᠠᠬᠤ ᠭᠤᠣᠯ ᠴᠣᠭᠴᠠ ᠶᠢᠨ ᠤᠯᠠᠨ ᠡᠰᠢᠵᠢᠯᠲᠡ᠂ ᠬᠠᠩᠭᠠᠬᠤ ᠠᠷᠭ᠎ᠠ ᠮᠠᠶ᠋ᠢᠭ ᠤᠨ ᠤᠯᠠᠨ ᠶᠠᠩᠵᠤᠴᠢᠯᠠᠬᠤ ᠶᠢ ᠠᠬᠢᠭᠤᠯᠤᠨ᠎ᠠ᠃      17. ᠬᠤᠯᠪᠣᠭᠳᠠᠯ ᠪᠦᠬᠦᠢ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ᠃      1. ᠰᠢᠩ ᠾᠧ ᠰᠢᠶᠠᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠲᠠᠢ ᠬᠤᠯᠪᠣᠭᠳᠠᠬᠤ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ᠃ ᠰᠢᠩ ᠾᠧ ᠰᠢᠶᠠᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠬᠥᠮᠦᠨ ᠠᠮᠠ ᠶᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠠᠵᠢᠯ ᠥᠷᠨᠢᠭᠦᠯᠬᠦ ᠶᠢ ᠬᠠᠷᠢᠭᠤᠴᠠᠵᠤ᠂ ᠦᠷᠡᠵᠢᠯ ᠤᠨ ᠲᠥᠷᠥ ᠶᠢᠨ ᠪᠣᠳᠣᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠬᠥᠩᠭᠡᠵᠢᠯ ᠤᠨ ᠬᠠᠮᠢᠶ᠎ᠠ ᠪᠥᠬᠦᠶ ᠬᠥᠮᠦᠨ ᠠᠮᠠ ᠶᠢᠨ ᠲᠤᠭ᠎ᠠ ᠬᠡᠮᠵᠢᠶ᠎ᠡ᠂ ᠬᠡᠪ ᠴᠢᠨᠠᠷ᠂ ᠪᠦᠲᠦᠴᠡ᠂ ᠲᠠᠷᠬᠠᠯᠲᠠ ᠶᠢᠨ ᠲᠠᠯ᠎ᠠ ᠶᠢᠨ ᠲᠥᠷᠥ ᠶᠢᠨ ᠪᠣᠳᠣᠯᠭ᠎ᠠ ᠶᠢᠨ ᠰᠠᠨᠠᠭᠤᠯᠭ᠎ᠠ ᠶᠢ ᠰᠤᠳᠤᠯᠤᠨ ᠳᠤᠷᠠᠳᠴᠤ᠂ ᠦᠷᠡᠵᠢᠯ ᠤᠨ ᠲᠥᠷᠥ ᠶᠢᠨ ᠪᠣᠳᠣᠯᠭ᠎ᠠ ᠪᠠ ᠬᠠᠮᠢᠶ᠎ᠠ ᠪᠥᠬᠦᠶ ᠠᠵᠤ ᠠᠬᠤᠶ ᠨᠡᠶᠢᠭᠡᠮ ᠤᠨ ᠲᠥᠷᠥ ᠶᠢᠨ ᠪᠣᠳᠣᠯᠭ᠎ᠠ ᠶᠢ ᠢᠵᠢ ᠪᠥᠷᠢᠳᠦᠭᠦᠯᠦᠨ ᠵᠣᠯᠭᠠᠭᠤᠯᠬᠤ ᠶᠢ ᠠᠬᠢᠭᠤᠯᠵᠤ᠂ ᠬᠥᠮᠦᠨ ᠠᠮᠠ ᠶᠢᠨ ᠬᠥᠭᠵᠢᠯᠲᠡ ᠶᠢᠨ ᠲᠥᠯᠥᠪᠵᠢᠭᠦᠯᠭᠡ ᠪᠠ ᠲᠥᠷᠥ ᠶᠢᠨ ᠪᠣᠳᠣᠯᠭ᠎ᠠ ᠶᠢ ᠲᠣᠭᠲᠠᠭᠠᠬᠤ ᠳᠤ ᠣᠷᠣᠯᠴᠠᠵᠤ᠂ ᠰᠢᠩ ᠾᠧ ᠰᠢᠶᠠᠨ ᠤ ᠬᠥᠮᠦᠨ ᠠᠮᠠ ᠶᠢᠨ ᠬᠥᠭᠵᠢᠯᠲᠡ ᠶᠢᠨ ᠲᠥᠯᠥᠪᠵᠢᠭᠦᠯᠭᠡ ᠳᠠᠬᠢ ᠬᠤᠯᠪᠣᠭᠳᠠᠯ ᠪᠥᠬᠦᠶ ᠡᠭᠦᠷᠭᠡ ᠶᠢ ᠨᠠᠶᠢᠳᠠᠪᠤᠷᠢᠵᠢᠭᠤᠯᠤᠨ᠎ᠠ᠃ ᠰᠢᠶᠠᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠠᠴᠠ ᠬᠥᠮᠦᠨ ᠠᠮᠠ ᠶᠢᠨ ᠬᠤᠪᠢᠷᠠᠯᠲᠠ ᠶᠢᠨ ᠪᠠᠶᠢᠳᠠᠯ ᠵᠢᠴᠢ ᠬᠠᠨᠳᠤᠰᠢ ᠶᠢᠨ ᠨᠥᠯᠥᠭᠡ ᠶᠢ ᠬᠢᠨᠠᠨ ᠬᠡᠮᠵᠢᠬᠦ ᠪᠠ ᠦᠨᠡᠯᠡᠨ ᠵᠢᠱᠢᠬᠦ ᠶᠢ ᠬᠠᠷᠢᠭᠤᠴᠠᠨ ᠵᠣᠬᠢᠶᠠᠨ ᠪᠠᠶᠢᠭᠤᠯᠵᠤ᠂ ᠬᠥᠮᠦᠨ ᠠᠮᠠ ᠶᠢ ᠲᠥᠰᠦᠭᠡᠯᠡᠵᠦ ᠤᠷᠢᠳᠴᠢᠯᠠᠨ ᠮᠡᠳᠡᠭᠡᠯᠡᠬᠦ ᠲᠦᠷᠢᠮ ᠢ ᠪᠠᠶᠢᠭᠤᠯᠵᠤ᠂ ᠴᠢᠬᠤᠯᠠ ᠶᠡᠭᠡ ᠰᠢᠢᠳᠪᠦᠷᠢᠲᠦ ᠪᠤᠳᠤᠯᠭ᠎ᠠ ᠶᠢᠨ ᠬᠥᠮᠦᠨ ᠠᠮᠠ ᠶᠢᠨ ᠨᠥᠯᠥᠭᠡ ᠶᠢ ᠦᠨᠡᠯᠡᠨ ᠵᠢᠱᠢᠬᠦ ᠶᠢ ᠥᠷᠨᠢᠭᠦᠯᠵᠦ᠂ ᠴᠢᠬᠤᠯᠠ ᠶᠡᠭᠡ ᠬᠥᠮᠦᠨ ᠠᠮᠠ ᠶᠢᠨ ᠲᠦᠷᠦ ᠶᠢᠨ ᠪᠤᠳᠤᠯᠭ᠎ᠠ ᠶᠢᠨ ᠵᠥᠪᠯᠡᠯᠭᠡ ᠥᠭᠬᠦ ᠲᠣᠭᠲᠠᠴᠠ ᠶᠢ ᠲᠡᠭᠦᠯᠳᠡᠷᠵᠢᠭᠦᠯᠵᠦ᠂ ᠰᠢᠶᠠᠨ ᠤ ᠬᠥᠮᠦᠨ ᠠᠮᠠ ᠶᠢᠨ ᠬᠥᠭᠵᠢᠯᠲᠡ ᠶᠢᠨ ᠪᠠᠶᠢᠯᠳᠤᠬᠤ ᠪᠤᠳᠤᠯᠭ᠎ᠠ ᠶᠢ ᠰᠤᠳᠤᠯᠤᠨ ᠳᠤᠷᠠᠳᠴᠤ᠂ ᠬᠥᠮᠦᠨ ᠠᠮᠠ ᠶᠢᠨ ᠬᠥᠭᠵᠢᠯᠲᠡ ᠶᠢᠨ ᠲᠥᠯᠥᠪᠵᠢᠭᠦᠯᠭᠡ ᠪᠠ ᠬᠥᠮᠦᠨ ᠠᠮᠠ ᠶᠢᠨ ᠲᠦᠷᠦ ᠶᠢᠨ ᠪᠤᠳᠤᠯᠭ᠎ᠠ ᠶᠢ ᠲᠤᠭᠤᠷᠪᠢᠨ ᠲᠣᠭᠲᠠᠭᠠᠵᠤ᠂ ᠬᠥᠮᠦᠨ ᠠᠮᠠ ᠬᠢᠭᠡᠳ ᠠᠵᠤ ᠠᠬᠤᠶ᠂ ᠨᠡᠶᠢᠭᠡᠮ ᠤᠨ ᠡᠬᠢ ᠪᠠᠶᠠᠯᠢᠭ᠂ ᠣᠷᠴᠢᠨ ᠲᠣᠭᠤᠷᠢᠨ ᠤ ᠵᠣᠬᠢᠴᠠᠩᠭᠤᠶ ᠦᠷᠭᠦᠯᠵᠢᠯᠡᠬᠦ ᠬᠥᠭᠵᠢᠯᠲᠡ ᠵᠢᠴᠢ ᠬᠥᠮᠦᠨ ᠠᠮᠠ ᠶᠢᠨ ᠤᠷᠲᠤ ᠬᠤᠭᠤᠴᠠᠭᠠᠨ ᠤ ᠲᠡᠩᠴᠡᠭᠦᠷᠢᠲᠡᠶ ᠬᠥᠭᠵᠢᠯᠲᠡ ᠶᠢ ᠨᠢᠭᠡᠳᠦᠯᠲᠡᠶ ᠲᠥᠯᠥᠪᠯᠡᠨ ᠠᠬᠢᠭᠤᠯᠬᠤ ᠲᠦᠷᠦ ᠶᠢᠨ ᠪᠤᠳᠤᠯᠭ᠎ᠠ ᠶᠢᠨ ᠰᠠᠨᠠᠭᠤᠯᠭ᠎ᠠ ᠶᠢ ᠰᠤᠳᠤᠯᠤᠨ ᠳᠤᠷᠠᠳᠤᠨ᠎ᠠ᠃      2. ᠰᠢᠩ ᠾᠧ ᠰᠢᠶᠠᠨ ᠤ ᠠᠷᠠᠳ ᠤᠨ ᠶᠠᠪᠤᠳᠠᠯ ᠤᠨ ᠲᠣᠪᠴᠢᠶ᠎ᠠ ᠲᠠᠢ ᠬᠤᠯᠪᠣᠭᠳᠠᠯ ᠪᠦᠬᠦᠢ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ᠃ ᠰᠢᠩ ᠾᠧ ᠰᠢᠶᠠᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠠᠴᠠ ᠬᠥᠮᠦᠨ ᠠᠮᠠ ᠶᠢᠨ ᠨᠠᠰᠤᠵᠢᠯ ᠢ ᠠᠷᠭᠠᠴᠠᠬᠤ᠂ ᠡᠮᠨᠡᠬᠦ ᠪᠠ ᠠᠰᠠᠷᠠᠬᠤ ᠶᠢ ᠤᠶᠠᠯᠳᠤᠭᠤᠯᠬᠤ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠬᠠᠷᠢᠭᠤᠴᠠᠨ ᠲᠣᠭᠲᠠᠭᠠᠵᠤ᠂ ᠨᠠᠰᠤᠲᠠᠶᠢᠴᠤᠳ ᠤᠨ ᠦᠢᠯᠡᠰ ᠤᠨ ᠬᠥᠭᠵᠢᠯᠲᠡ ᠶᠢ ᠶᠡᠷᠦᠩᠬᠡᠶᠢᠯᠡᠨ ᠵᠣᠬᠢᠴᠠᠭᠤᠯᠵᠤ᠂ ᠰᠢᠮᠳᠠᠭᠤᠯᠤᠨ ᠵᠢᠯᠣᠭᠤᠳᠴᠤ᠂ ᠵᠣᠬᠢᠶᠠᠨ ᠪᠠᠶᠢᠭᠤᠯᠤᠨ ᠠᠬᠢᠭᠤᠯᠵᠤ᠂ ᠨᠠᠰᠤᠲᠠᠶᠢᠴᠤᠳ ᠤᠨ ᠡᠪᠡᠳᠴᠢᠨ ᠡᠮᠭᠡᠭ ᠢ ᠰᠡᠷᠭᠡᠶᠢᠯᠡᠨ ᠵᠠᠰᠠᠬᠤ᠂ ᠨᠠᠰᠤᠲᠠᠶᠢᠴᠤᠳ ᠤᠨ ᠡᠮᠴᠢᠯᠡᠭᠡᠨ ᠤ ᠬᠠᠷᠠᠭᠠᠯᠵᠠᠨ ᠠᠰᠠᠷᠠᠬᠤ᠂ ᠨᠠᠰᠤᠲᠠᠶᠢᠴᠤᠳ ᠤᠨ ᠰᠡᠳᠬᠢᠴᠡ ᠶᠢᠨ ᠡᠷᠡᠭᠦᠯ ᠮᠡᠨᠳᠦ ᠬᠢᠭᠡᠳ ᠬᠠᠶᠢᠷ᠎ᠠ ᠬᠠᠯᠠᠮᠵᠢ ᠶᠢᠨ ᠦᠢᠯᠡᠴᠢᠯᠡᠭᠡ ᠵᠡᠷᠭᠡ ᠨᠠᠰᠤᠲᠠᠶᠢᠴᠤᠳ ᠤᠨ ᠡᠷᠡᠭᠦᠯ ᠮᠡᠨᠳᠦ ᠶᠢᠨ ᠠᠵᠢᠯ ᠢ ᠡᠭᠦᠷᠭᠡᠯᠡᠨ᠎ᠡ᠃ ᠰᠢᠶᠠᠨ ᠤ ᠠᠷᠠᠳ ᠤᠨ ᠶᠠᠪᠤᠳᠠᠯ ᠤᠨ ᠲᠣᠪᠴᠢᠶ᠎ᠠ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠠᠵᠢᠯ ᠢ ᠨᠢᠭᠡᠳᠦᠯᠲᠡᠶ ᠲᠥᠯᠥᠪᠯᠡᠨ ᠠᠬᠢᠭᠤᠯᠬᠤ᠂ ᠰᠢᠮᠳᠠᠭᠤᠯᠤᠨ ᠵᠢᠯᠣᠭᠤᠳᠬᠤ᠂ ᠬᠢᠨᠠᠯᠲᠠ ᠲᠠᠯᠪᠢᠵᠤ ᠬᠠᠮᠢᠶᠠᠷᠬᠤ ᠶᠢ ᠬᠠᠷᠢᠭᠤᠴᠠᠵᠤ᠂ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠶᠢᠨ ᠲᠥᠯᠥᠪᠵᠢᠭᠦᠯᠭᠡ ᠶᠢ ᠲᠤᠭᠤᠷᠪᠢᠨ ᠲᠣᠭᠲᠠᠭᠠᠵᠤ᠂ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠥᠷᠥ ᠶᠢᠨ ᠪᠣᠳᠣᠯᠭ᠎ᠠ᠂ ᠪᠠᠷᠢᠮᠵᠢᠶ᠎ᠠ ᠶᠢ ᠲᠤᠤᠱᠯᠠᠭᠤᠯᠤᠨ ᠬᠡᠷᠡᠭᠵᠢᠭᠦᠯᠵᠦ᠂ ᠨᠠᠰᠤᠲᠠᠶᠢᠴᠤᠳ ᠤᠨ ᠠᠰᠠᠷᠠᠮᠵᠢ ᠪᠠ ᠣᠨᠴᠠ ᠬᠦᠴᠢᠷᠳᠡᠯᠲᠡᠶ ᠨᠠᠰᠤᠲᠠᠶᠢᠴᠤᠳ ᠢ ᠠᠪᠤᠷᠠᠨ ᠲᠤᠰᠠᠯᠠᠬᠤ ᠠᠵᠢᠯ ᠢ ᠡᠭᠦᠷᠭᠡᠯᠡᠨ᠎ᠡ᠃      3. ᠰᠢᠩ ᠾᠧ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠲᠠᠢ ᠬᠤᠯᠪᠣᠭᠳᠠᠯ ᠪᠦᠬᠦᠢ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ᠃ ᠰᠢᠩ ᠾᠧ ᠰᠢᠶᠠᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠨᠢ ᠢᠳᠡᠭᠡᠨ ᠤ ᠠᠮᠤᠷ ᠲᠦᠪᠰᠢᠨ ᠤ ᠲᠦᠭᠰᠢᠭᠦᠷᠢ ᠶᠢ ᠦᠨᠡᠯᠡᠨ ᠵᠢᠱᠢᠬᠦ ᠠᠵᠢᠯ ᠢ ᠬᠠᠷᠢᠭᠤᠴᠠᠵᠤ᠂ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠵᠡᠷᠭᠡ ᠰᠠᠯᠠᠭ᠎ᠠ ᠮᠥᠴᠢᠷ ᠲᠠᠢ ᠬᠠᠮᠲᠤᠷᠠᠨ ᠢᠳᠡᠭᠡᠨ ᠤ ᠠᠮᠤᠷ ᠲᠦᠪᠰᠢᠨ ᠤ ᠲᠦᠭᠰᠢᠭᠦᠷᠢ ᠶᠢ ᠬᠢᠨᠠᠨ ᠬᠡᠮᠵᠢᠬᠦ ᠲᠥᠯᠥᠪᠯᠡᠭᠡ ᠶᠢ ᠲᠣᠭᠲᠠᠭᠠᠨ ᠬᠡᠷᠡᠭᠵᠢᠭᠦᠯᠦᠨ᠎ᠡ᠃ ᠰᠢᠶᠠᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠢᠳᠡᠭᠡᠨ ᠤ ᠠᠮᠤᠷ ᠲᠦᠪᠰᠢᠨ ᠤ ᠲᠦᠭᠰᠢᠭᠦᠷᠢ ᠶᠢ ᠬᠢᠨᠠᠨ ᠬᠡᠮᠵᠢᠬᠦ ᠪᠤᠶᠤ ᠢᠯᠡᠴᠢᠯᠡᠨ ᠮᠡᠳᠡᠭᠦᠯᠦᠯᠲᠡ ᠶᠢ ᠣᠯᠵᠤ ᠮᠡᠳᠡᠪᠡᠯ ᠢᠳᠡᠭᠡᠨ ᠳᠤ ᠠᠮᠤᠷ ᠲᠦᠪᠰᠢᠨ ᠤ ᠳᠠᠯᠳᠠ ᠭᠡᠮ ᠣᠷᠣᠰᠢᠵᠤ ᠮᠡᠳᠡᠬᠦ ᠶᠢ ᠣᠯᠵᠤ ᠮᠡᠳᠡᠪᠡᠯ᠂ ᠲᠡᠷᠡ ᠳᠠᠷᠤᠶ ᠳᠤᠨᠢ ᠵᠣᠬᠢᠶᠠᠨ ᠪᠠᠶᠢᠭᠤᠯᠤᠨ ᠰᠢᠯᠭᠠᠨ ᠪᠠᠶᠢᠴᠠᠭᠠᠬᠤ ᠪᠠ ᠢᠳᠡᠭᠡᠨ ᠤ ᠠᠮᠤᠷ ᠲᠦᠪᠰᠢᠨ ᠤ ᠲᠦᠭᠰᠢᠭᠦᠷᠢ ᠶᠢ ᠦᠨᠡᠯᠡᠨ ᠵᠢᠱᠢᠬᠦ ᠠᠵᠢᠯ ᠢ ᠵᠣᠬᠢᠶᠠᠨ ᠪᠠᠶᠢᠭᠤᠯᠬᠤ ᠶᠢᠨ ᠬᠠᠮᠲᠤ ᠴᠠᠭ ᠲᠤᠬᠠᠶ ᠳᠤᠨᠢ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠳᠤ ᠢᠳᠡᠭᠡᠨ ᠤ ᠠᠮᠤᠷ ᠲᠦᠪᠰᠢᠨ ᠤ ᠲᠦᠭᠰᠢᠭᠦᠷᠢ ᠶᠢ ᠦᠨᠡᠯᠡᠨ ᠵᠢᠱᠢᠭᠰᠡᠨ ᠦᠷ᠎ᠡ ᠳ᠋ᠦᠩ ᠢ ᠵᠠᠷᠯᠠᠨ ᠮᠡᠳᠡᠭᠳᠡᠵᠦ᠂ ᠠᠮᠤᠷ ᠲᠦᠪᠰᠢᠨ ᠤ ᠳ᠋ᠦᠩᠨᠡᠯᠲᠡ ᠭᠠᠷᠭᠠᠭᠰᠠᠨ ᠦᠭᠡᠢ ᠢᠳᠡᠭᠡᠨ ᠢ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠲᠡᠷᠡ ᠳᠠᠷᠤᠶ ᠳᠤᠨᠢ ᠠᠷᠭ᠎ᠠ ᠬᠡᠮᠵᠢᠶ᠎ᠡ ᠠᠪᠬᠤ ᠬᠡᠷᠡᠭᠲᠡᠶ᠃ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠵᠡᠷᠭᠡ ᠰᠠᠯᠠᠭ᠎ᠠ ᠮᠥᠴᠢᠷ ᠤᠳ ᠬᠢᠨᠠᠯᠲᠠ ᠬᠠᠮᠢᠶᠠᠷᠤᠯᠲᠠ ᠶᠢᠨ ᠠᠵᠢᠯ ᠤᠨ ᠳᠤᠮᠳᠠ ᠪᠠᠨ ᠢᠳᠡᠭᠡᠨ ᠤ ᠠᠮᠤᠷ ᠲᠦᠪᠰᠢᠨ ᠤ ᠲᠦᠭᠰᠢᠭᠦᠷᠢ ᠶᠢ ᠦᠨᠡᠯᠡᠨ ᠵᠢᠱᠢᠬᠦ ᠴᠢᠬᠤᠯᠠᠲᠠᠶ ᠪᠠᠶᠢᠬᠤ ᠶᠢ ᠣᠯᠵᠤ ᠮᠡᠳᠡᠪᠡᠯ᠂ ᠴᠠᠭ ᠲᠤᠬᠠᠶ ᠳᠤᠨᠢ ᠰᠢᠶᠠᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠳᠤ ᠰᠠᠨᠠᠭᠤᠯᠭ᠎ᠠ ᠳᠤᠷᠠᠳᠬᠤ ᠬᠡᠷᠡᠭᠲᠡᠶ᠃      ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠰᠢᠶᠠᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠲᠠᠢ ᠬᠠᠮᠲᠤᠷᠠᠨ ᠬᠦᠨᠳᠦ ᠶᠡᠭᠡ ᠡᠮ ᠤᠨ ᠵᠦᠢᠯ ᠤᠨ ᠡᠷᠡᠭᠦᠯ ᠪᠤᠰᠤ ᠲᠤᠰᠬᠠᠯ ᠪᠠ ᠡᠮᠴᠢᠯᠡᠭᠡᠨ ᠤ ᠪᠠᠭᠠᠵᠢ ᠬᠡᠷᠡᠭᠰᠡᠯ ᠤᠨ ᠡᠷᠡᠭᠦᠯ ᠪᠤᠰᠤ ᠬᠡᠷᠡᠭ ᠢ ᠬᠠᠷᠢᠯᠴᠠᠨ ᠮᠡᠳᠡᠭᠳᠡᠬᠦ ᠲᠣᠭᠲᠠᠴᠠ ᠪᠠ ᠬᠠᠮᠲᠤᠷᠠᠨ ᠰᠢᠢᠳᠪᠦᠷᠢᠯᠡᠬᠦ ᠲᠣᠭᠲᠠᠴᠠ ᠶᠢ ᠪᠠᠶᠢᠭᠤᠯᠤᠨ᠎ᠠ᠃      4. ᠰᠢᠶᠠᠨ ᠤ ᠡᠮ ᠡᠮᠨᠡᠯᠭᠡ ᠶᠢᠨ ᠪᠠᠲᠤᠯᠠᠭ᠎ᠠ ᠶᠢᠨ ᠲᠣᠪᠴᠢᠶ᠎ᠠ ᠲᠠᠢ ᠬᠤᠯᠪᠣᠭᠳᠠᠯ ᠪᠦᠬᠦᠢ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ᠃ ᠰᠢᠩ ᠾᠧ ᠰᠢᠶᠠᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠰᠢᠶᠠᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠵᠡᠷᠭᠡ ᠰᠠᠯᠠᠭ᠎ᠠ ᠮᠥᠴᠢᠷ ᠡᠮᠴᠢᠯᠡᠭᠡ᠂ ᠡᠮᠴᠢᠯᠡᠭᠡᠨ ᠤ ᠳᠠᠭᠠᠳᠬᠠᠯ᠂ ᠡᠮ ᠡᠮᠨᠡᠯᠭᠡ ᠵᠡᠷᠭᠡ ᠲᠠᠯ᠎ᠠ ᠪᠠᠷ ᠳᠦᠷᠢᠮ᠂ ᠲᠥᠷᠥ ᠶᠢᠨ ᠪᠣᠳᠣᠯᠭ᠎ᠠ ᠶᠢᠨ ᠵᠣᠯᠭᠠᠯᠴᠠᠭ᠎ᠠ ᠶᠢ ᠴᠢᠩᠭᠠᠳᠬᠠᠵᠤ᠂ ᠨᠡᠪᠲᠡᠷᠡᠯᠴᠡᠨ ᠵᠥᠪᠳᠡᠯᠴᠡᠬᠦ ᠲᠣᠭᠲᠠᠴᠠ ᠶᠢ ᠪᠠᠶᠢᠭᠤᠯᠵᠤ᠂ ᠥᠭᠡᠷᠡᠴᠢᠯᠡᠯᠲᠡ ᠶᠢ ᠬᠠᠮᠵᠢᠯᠴᠠᠨ ᠠᠬᠢᠭᠤᠯᠵᠤ᠂ ᠡᠮᠴᠢᠯᠡᠭᠡᠨ ᠤ ᠡᠬᠢ ᠪᠠᠶᠠᠯᠢᠭ ᠤᠨ ᠬᠡᠷᠡᠭᠯᠡᠯᠲᠡ ᠶᠢᠨ ᠦᠷ᠎ᠡ ᠪᠦᠲᠦᠮᠵᠢ ᠪᠠ ᠡᠮᠴᠢᠯᠡᠭᠡᠨ ᠤ ᠪᠠᠲᠤᠯᠠᠭ᠎ᠠ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃      ᠳᠣᠲᠣᠭᠠᠳᠤ ᠶᠢᠨ ᠪᠠᠶᠢᠭᠤᠯᠤᠮᠵᠢ᠄      ︵ᠨᠢᠭᠡ︶ ᠶᠡᠷᠦᠩᠬᠡᠢᠯᠡᠭᠰᠡᠨ ᠠᠯᠪᠠᠨ ᠭᠡᠷ ︵ᠬᠠᠷᠢᠭᠤᠴᠠᠯᠭᠠᠲᠠᠨ᠄ ᠶᠠᠩ ᠸᠤᠨ ᠭᠤᠸᠠᠩ︶      ︵ᠬᠤᠶᠠᠷ︶ ᠡᠮᠨᠡᠯᠭᠡ ᠶᠢᠨ ᠶᠠᠪᠤᠳᠠᠯ ᠡᠮᠨᠡᠯᠭᠡ ᠶᠢᠨ ᠬᠠᠮᠢᠶᠠᠷᠤᠯᠲᠠ ᠶᠢᠨ ᠲᠠᠰᠤᠭ ︵ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠲᠠᠰᠤᠭ︶ ︵ᠬᠠᠷᠢᠭᠤᠴᠠᠯᠭᠠᠲᠠᠨ᠄ ᠳ᠋ᠦᠩ ᠵᠢᠶᠦ᠋ᠨ︶      ︵ᠭᠤᠷᠪᠠ︶ ᠲᠦᠯᠦᠪᠵᠢᠭᠦᠯᠦᠨ ᠬᠦᠭᠵᠢᠭᠦᠯᠭᠦ ᠪᠠ ᠮᠡᠲᠡᠭᠡ ᠵᠠᠩᠭᠢ ᠤᠬᠠᠭᠤᠯᠬᠤ ᠲᠠᠰᠤᠭ ᠬᠠᠷᠢᠭᠤᠴᠠᠯᠭᠠᠲᠠᠨ ᠵᠤᠤ ᠶᠠ ᠹᠧᠢ      ︵ᠲᠦᠷᠪᠡ︶ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠪᠠ ᠡᠷᠡᠭᠦᠯ ᠬᠠᠮᠠᠭᠠᠯᠠᠯ ᠤᠨ ᠪᠠᠴᠢᠮ ᠪᠠᠶᠢᠳᠠᠯ ᠢ ᠠᠷᠭᠠᠴᠠᠬᠤ ᠲᠠᠰᠤᠭ ︵ᠬᠠᠷᠢᠭᠤᠴᠠᠯᠭᠠᠲᠠᠨ᠄ ᠯᠢ ᠱᠤ᠋ ᠵᠢᠩ︶      ︵ᠲᠠᠪᠤ︶ ᠡᠬᠡ ᠨᠢᠯᠬᠠᠰ ᠤᠨ ᠡᠷᠡᠭᠦᠯ ᠮᠡᠨᠳᠦ ᠪᠠ ᠦᠨᠳᠦᠰᠦᠨ ᠱᠠᠲᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠲᠠᠰᠤᠭ ︵ᠬᠠᠷᠢᠭᠤᠴᠠᠯᠭᠠᠲᠠᠨ᠄ ᠮᠠ ᠶᠠᠨ ᠬᠤᠩ︶      ︵ᠵᠢᠷᠭᠤᠭ᠎ᠠ︶ ᠭᠡᠷ ᠪᠦᠯᠢ ᠶᠢᠨ ᠬᠥᠭᠵᠢᠯᠲᠡ ᠶᠢᠨ ᠲᠠᠰᠤᠭ ︵ᠬᠠᠷᠢᠭᠤᠴᠠᠯᠭᠠᠲᠠᠨ᠄ ᠶᠤᠸᠠᠢ ᠼᠦᠨ ᠲᠣᠤ︶      ︵ᠳᠤᠯᠤᠭ᠎ᠠ︶ ᠮᠣᠩᠭᠤᠯ ᠬᠢᠲᠠᠳ ᠡᠮ ᠡᠮᠨᠡᠯᠭᠡ ᠶᠢᠨ ᠲᠠᠰᠤᠭ ︵ᠬᠠᠷᠢᠭᠤᠴᠠᠯᠭᠠᠲᠠᠨ᠄ ᠼᠤᠤ ᠰᠢᠤᠸᠠᠢ ᠴᠢᠨ      ᠨᠢᠭᠡᠴᠡ ᠶᠢᠨ ᠬᠠᠷᠢᠭᠤᠴᠠᠯᠭᠠᠲᠠᠨ᠄ ᠶᠠᠩ ᠢᠦᠶ ᠱᠠᠨ      ᠬᠠᠷᠢᠯᠴᠠᠬᠤ ᠤᠲᠠᠰᠤ᠄ 0474 - 7212046      ᠬᠢᠨᠠᠯᠲᠠ ᠲᠠᠯᠪᠢᠬᠤ ᠤᠲᠠᠰᠤ᠄ 0474 - 7212046      ᠠᠯᠪᠠᠯᠠᠬᠤ ᠴᠠᠭ᠄ ᠭᠠᠷᠠᠭ ᠤᠨ ᠨᠢᠭᠡᠨ ᠠᠴᠠ ᠭᠠᠷᠠᠭ ᠤᠨ ᠲᠠᠪᠤᠨ ᠤ 9᠄ 00-12᠄ 00 14᠄ 30 - 18᠄ 00      ᠬᠠᠶ᠋ᠢᠭ᠄ ᠰᠢᠩ ᠾᠧ ᠰᠢᠶᠠᠨ ᠤ ᠰᠢᠨ᠎ᠡ ᠬᠤᠲᠠ ᠲᠣᠭᠤᠷᠢᠭ ᠤᠨ ᠰᠢᠩ ᠲᠦᠩ ᠵᠠᠮ ᠤᠨ ᠨᠠᠮ ᠵᠠᠰᠠᠭ ᠤᠨ ᠲᠣᠮᠣ ᠠᠰᠠᠷ ᠤᠨ ᠵᠡᠭᠦᠨ ᠲᠠᠯ᠎ᠠ    
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠤᠷᠳᠤᠨ ᠤ ᠬᠢᠲᠠᠳ ᠲᠤᠤᠷ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3