ᠰᠢᠩ ᠾᠧ ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠪᠣᠯ ᠲᠤᠰ ᠰᠢᠶᠠᠨ ᠤ ᠳᠣᠲᠣᠭᠠᠳᠤ ᠶᠢ | ᠬᠠᠮᠠᠭᠠᠯᠠᠬᠤ ᠠᠵᠢᠯ ᠢ ᠭᠤᠤᠯᠴᠢᠯᠠᠨ ᠬᠠᠮᠢᠶᠠᠷᠬᠤ ᠰᠢᠶᠠᠨ ᠤ ᠵᠠᠰᠠᠭ ᠤᠨ ᠣᠷᠳᠣᠨ ᠤ ᠪᠦᠷᠢᠯᠳᠦᠬᠦᠨ ᠰᠠᠯᠠᠭ᠎ᠠ | ᠮᠥᠴᠢᠷ᠂ ᠳᠣᠤᠷ᠎ᠠ ᠨᠢ ᠠᠷᠪᠠᠨ ᠲᠤᠯᠤᠭᠠᠨ ᠲᠣᠮᠢᠯᠠᠭᠰᠠᠨ ᠰᠠᠯᠪᠤᠷᠢ᠂ ᠠᠷᠪᠠᠨ ᠵᠢᠷᠭᠤᠭᠠᠨ ᠲᠤᠬᠠᠶᠢᠯᠠᠭᠰᠠᠨ | ᠠᠵᠢᠯ ᠤᠨ ᠰᠠᠯᠠᠭ᠎ᠠ ᠮᠥᠴᠢᠷ᠂ ᠰᠢᠶᠠᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠣᠯᠤᠨ ᠳᠡᠭᠡᠳᠦ ᠱᠠᠲᠤᠨ ᠤ | ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠤᠳᠤᠷᠢᠳᠤᠯᠭ᠎ᠠ ᠶᠢᠨ ᠳᠣᠤᠷ᠎ᠠ᠂ ᠳᠣᠤᠷᠠᠬᠢ ᠠᠵᠢᠯ ᠤᠨ ᠡᠭᠦᠷᠭᠡ | ᠬᠠᠷᠢᠭᠤᠴᠠᠯᠭ᠎ᠠ ᠶᠢ ᠡᠭᠦᠷᠭᠡᠯᠡᠪᠡ᠄ | 1. ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ | ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠵᠤ᠂ ᠨᠠᠮ ᠤᠨ ᠦᠨᠳᠦᠰᠦᠨ ᠣᠨᠣᠯ᠂ ᠦᠨᠳᠦᠰᠦᠨ | ᠱᠤᠭᠤᠮ᠂ ᠦᠨᠳᠦᠰᠦᠨ ᠠᠷᠭ᠎ᠠ ᠪᠣᠳᠣᠯᠭ᠎ᠠ ᠪᠠ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ | ᠪᠠᠶᠢᠷᠢᠯᠠᠭᠤᠯᠤᠯᠲᠠ ᠶᠢ ᠭᠦᠨᠵᠡᠭᠡᠶ ᠲᠤᠭᠤᠰᠢᠯᠠᠭᠤᠯᠵᠤ᠂ ᠳᠣᠲᠣᠭᠠᠳᠤ ᠶᠢ ᠬᠠᠮᠠᠭᠠᠯᠠᠬᠤ ᠠᠵᠢᠯ ᠳᠠᠬᠢ ᠨᠠᠮ ᠤᠨ | ᠬᠠᠷᠢᠴᠠᠯᠠᠰᠢᠭᠦᠶ ᠤᠳᠤᠷᠢᠳᠤᠯᠭ᠎ᠠ ᠶᠢ ᠪᠠᠷᠢᠮᠲᠠᠯᠠᠵᠤ᠂ ᠳᠣᠲᠣᠭᠠᠳᠤ ᠶᠢ ᠬᠠᠮᠠᠭᠠᠯᠠᠬᠤ ᠡᠯ᠎ᠡ ᠰᠠᠯᠠᠭ᠎ᠠ ᠮᠥᠴᠢᠷ ᠤᠨ | ᠦᠵᠡᠯ ᠰᠠᠨᠠᠭ᠎ᠠ ᠪᠠ ᠦᠢᠯᠡ ᠠᠵᠢᠯᠯᠠᠭ᠎ᠠ ᠶᠢ ᠨᠢᠭᠡᠳᠬᠡᠵᠦ᠂ ᠨᠠᠮ ᠤᠨ ᠲᠥᠪ ᠬᠤᠷᠢᠶᠠᠨ ᠤ ᠡᠷᠬᠡ ᠰᠦᠷ ᠪᠠ | ᠲᠥᠪᠯᠡᠷᠡᠩᠭᠦᠶ ᠨᠢᠭᠡᠳᠦᠯᠲᠡᠶ ᠤᠳᠤᠷᠢᠳᠤᠯᠭ᠎ᠠ ᠶᠢ ᠡᠷᠡᠰ ᠬᠠᠮᠠᠭᠠᠯᠠᠨ᠎ᠠ᠃ | 2. ᠳᠣᠲᠣᠭᠠᠳᠤ ᠶᠢ ᠬᠠᠮᠠᠭᠠᠯᠠᠬᠤ ᠠᠵᠢᠯ ᠤᠨ ᠲᠤᠬᠠᠶ ᠨᠠᠮ ᠪᠠ ᠤᠯᠤᠰ ᠤᠨ ᠴᠢᠭᠯᠡᠯᠲᠡ᠂ ᠲᠥᠷᠥ ᠶᠢᠨ | ᠪᠣᠳᠣᠯᠭ᠎ᠠ ᠶᠢ ᠲᠤᠤᠱᠯᠠᠭᠤᠯᠤᠨ ᠬᠡᠷᠡᠭᠵᠢᠭᠦᠯᠵᠦ᠂ ᠪᠦᠬᠦ ᠰᠢᠶᠠᠨ ᠤ ᠳᠣᠲᠣᠭᠠᠳᠤ ᠶᠢ ᠬᠠᠮᠠᠭᠠᠯᠠᠬᠤ ᠠᠵᠢᠯ ᠢ | ᠪᠠᠶᠢᠷᠢᠯᠠᠭᠤᠯᠤᠨ ᠥᠷᠨᠢᠭᠦᠯᠬᠦ ᠬᠡᠷᠡᠭᠲᠡᠶ᠃ | 3. ᠪᠦᠬᠦ ᠰᠢᠶᠠᠨ ᠤ ᠨᠡᠶᠢᠭᠡᠮ ᠤᠨ ᠠᠮᠤᠷ ᠲᠦᠪᠰᠢᠨ ᠤ ᠪᠠᠶᠢᠳᠠᠯ ᠪᠠ ᠳᠠᠶᠢᠰᠤᠨ ᠤ ᠨᠡᠶᠢᠭᠡᠮ ᠤᠨ | ᠪᠠᠶᠢᠳᠠᠯ ᠤᠨ ᠪᠠᠶᠢᠳᠠᠯ ᠢ ᠡᠵᠡᠮᠰᠢᠨ ᠵᠠᠳᠠᠯᠵᠤ᠂ ᠡᠯ᠎ᠡ ᠱᠠᠲᠤᠨ ᠤ ᠤᠳᠤᠷᠢᠳᠤᠯᠭ᠎ᠠ ᠶᠢᠨ ᠰᠢᠢᠳᠪᠦᠷᠢᠲᠦ ᠪᠤᠳᠤᠯᠭ᠎ᠠ | ᠲᠣᠭᠲᠠᠭᠠᠬᠤ ᠳᠤ ᠨᠡᠶᠢᠭᠡᠮ ᠤᠨ ᠠᠮᠤᠷ ᠲᠦᠪᠰᠢᠨ ᠤ ᠲᠠᠯ᠎ᠠ ᠶᠢᠨ ᠴᠢᠬᠤᠯᠠ ᠮᠡᠳᠡᠭᠡ ᠵᠠᠩᠭᠢ ᠪᠠ ᠦᠨᠳᠦᠰᠦᠯᠡᠯ | ᠬᠠᠩᠭᠠᠬᠤ ᠶᠢᠨ ᠬᠠᠮᠲᠤ ᠬᠠᠨᠳᠤᠯᠭᠠᠲᠤ ᠴᠢᠨᠠᠷᠲᠠᠢ ᠪᠠᠷ ᠠᠵᠢᠯ ᠢᠶᠠᠨ ᠥᠷᠨᠢᠭᠦᠯᠦᠨ᠎ᠡ᠃ | 4. ᠪᠦᠬᠦ ᠰᠢᠶᠠᠨ ᠤ ᠳᠣᠲᠣᠭᠠᠳᠤ ᠶᠢ ᠬᠠᠮᠠᠭᠠᠯᠠᠬᠤ ᠮᠥᠷᠳᠡᠨ ᠪᠠᠶᠢᠴᠠᠭᠠᠬᠤ ᠠᠵᠢᠯ ᠢ ᠬᠠᠷᠢᠭᠤᠴᠠᠵᠤ᠂ | ᠡᠭᠦᠰᠦᠭᠰᠡᠨ ᠡᠯ᠎ᠡ ᠲᠥᠷᠥᠯ ᠤᠨ ᠬᠡᠷᠡᠭ᠂ ᠠᠮᠤᠷ ᠢ ᠬᠠᠮᠠᠭᠠᠯᠠᠬᠤ ᠠᠳᠡᠯ ᠪᠠ ᠰᠠᠮᠠᠭᠤᠷᠠᠯ ᠢ ᠢᠳᠡᠪᠬᠢᠲᠡᠶ ᠪᠠᠷ ᠲᠠᠩᠨᠠᠨ | ᠢᠯᠡᠷᠡᠭᠦᠯᠵᠦ᠂ ᠰᠢᠢᠳᠪᠤᠷᠢᠯᠡᠬᠦ ᠬᠡᠷᠡᠭᠲᠡᠶ᠃ | 5. ᠠᠮᠤᠷ ᠢ ᠬᠠᠮᠠᠭᠠᠯᠠᠬᠤ᠂ ᠡᠷᠦᠬᠡ ᠠᠮᠠ ᠶᠢᠨ ᠶᠠᠪᠤᠳᠠᠯ᠂ ᠬᠢᠯᠢ ᠪᠠᠷ ᠣᠷᠣᠵᠤ ᠭᠠᠷᠬᠤ᠂ ᠵᠠᠮ ᠬᠠᠷᠢᠯᠴᠠᠭ᠎ᠠ | ᠂ ᠣᠯᠠᠨ ᠨᠡᠶᠢᠲᠡ ᠶᠢᠨ ᠮᠡᠳᠡᠭᠡ ᠵᠠᠩᠭᠢ ᠶᠢᠨ ᠲᠣᠤᠷ ᠰᠦᠯᠵᠢᠶᠡᠨ ᠤ ᠬᠠᠮᠢᠶᠠᠷᠤᠯᠲᠠ ᠶᠢ ᠬᠠᠤᠯᠢ ᠶᠣᠰᠣᠭᠠᠷ ᠵᠣᠬᠢᠶᠠᠨ | ᠪᠠᠶᠢᠭᠤᠯᠤᠨ ᠬᠢᠬᠦ ᠬᠡᠷᠡᠭᠲᠡᠶ᠃ | 6. ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠲᠥᠷᠥ ᠶᠢᠨ ᠪᠠᠶᠢᠭᠤᠯᠤᠯᠭ᠎ᠠ᠂ ᠨᠡᠶᠢᠭᠡᠮ ᠤᠨ ᠪᠦᠯᠬᠦᠮ᠂ | ᠠᠵᠤ ᠠᠬᠤᠶᠢᠯᠠᠯ ᠠᠵᠢᠯ ᠦᠢᠯᠡᠰ ᠪᠣᠯᠤᠨ ᠭᠤᠤᠯᠳᠠᠯᠭ᠎ᠠ ᠲᠠᠢ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ | ᠠᠮᠤᠷ ᠢ ᠬᠠᠮᠠᠭᠠᠯᠠᠬᠤ ᠠᠵᠢᠯ ᠵᠢᠴᠢ ᠣᠯᠠᠨ ᠲᠦᠮᠡᠨᠴᠢ ᠴᠢᠨᠠᠷᠲᠠᠶ ᠠᠮᠤᠷ ᠢ ᠬᠠᠮᠠᠭᠠᠯᠠᠬᠤ ᠵᠣᠬᠢᠶᠠᠨ | ᠪᠠᠶᠢᠭᠤᠯᠤᠯᠲᠠ ᠶᠢᠨ ᠠᠮᠤᠷ ᠢ ᠬᠠᠮᠠᠭᠠᠯᠠᠬᠤ ᠠᠵᠢᠯ ᠢ ᠵᠢᠯᠣᠭᠤᠳᠬᠤ᠂ ᠬᠢᠨᠠᠯᠲᠠ ᠲᠠᠯᠪᠢᠬᠤ ᠪᠠ ᠪᠠᠶᠢᠴᠠᠭᠠᠬᠤ ᠬᠡᠷᠡᠭᠲᠡᠶ | ᠃ | 7. ᠡᠷᠡᠭᠦᠦ ᠰᠢᠢᠳᠬᠡᠯ ᠭᠦᠢᠴᠡᠳᠬᠡᠬᠦ ᠠᠵᠢᠯ ᠵᠢᠴᠢ ᠬᠢᠨᠠᠨ ᠬᠠᠮᠢᠶᠠᠷᠬᠤ ᠲᠠᠯᠠᠪᠤᠷ ᠤᠨ ᠬᠠᠮᠢᠶᠠᠷᠤᠯᠲᠠ᠂ | ᠪᠦᠲᠦᠭᠡᠨ ᠪᠠᠶᠢᠭᠤᠯᠤᠯᠲᠠ᠂ ᠠᠵᠢᠯ ᠢ ᠬᠠᠤᠯᠢ ᠶᠣᠰᠣᠭᠠᠷ ᠡᠭᠦᠷᠭᠡᠯᠡᠨ᠎ᠡ᠃ | 8. ᠳᠣᠲᠣᠭᠠᠳᠤ ᠶᠢ ᠬᠠᠮᠠᠭᠠᠯᠠᠬᠤ ᠬᠠᠤᠯᠢ ᠪᠠᠷ ᠵᠠᠰᠠᠬᠤ ᠪᠠᠶᠢᠭᠤᠯᠤᠯᠲᠠ ᠪᠠ ᠬᠠᠤᠯᠢ ᠬᠡᠷᠡᠭᠵᠢᠭᠦᠯᠬᠦ ᠠᠵᠢᠯ ᠢ | ᠴᠢᠩᠭᠠᠳᠬᠠᠵᠤ᠂ ᠡᠯ᠎ᠡ ᠲᠥᠷᠥᠯ ᠤᠨ ᠡᠷᠡᠭᠦᠦ ᠶᠢᠨ ᠬᠡᠷᠡᠭ᠂ ᠠᠮᠤᠷ ᠲᠦᠪᠰᠢᠨ ᠤ ᠬᠡᠷᠡᠭ ᠢ ᠬᠠᠤᠯᠢ ᠶᠣᠰᠣᠭᠠᠷ | ᠰᠢᠢᠳᠪᠦᠷᠢᠯᠡᠨ᠎ᠡ᠃ | 9. ᠳᠣᠲᠣᠭᠠᠳᠤ ᠶᠢ ᠬᠠᠮᠠᠭᠠᠯᠠᠬᠤ ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯ᠂ ᠴᠢᠮᠡᠭᠡ ᠬᠤᠯᠪᠣᠭᠠᠨ ᠤ | ᠠᠵᠢᠯ᠂ ᠲᠣᠨᠤᠭ ᠲᠥᠬᠦᠭᠡᠷᠦᠮᠵᠢ ᠶᠢᠨ ᠠᠵᠢᠯ᠂ ᠺᠣᠮᠫᠢᠦ᠋ᠲ᠋ᠧᠷ ᠤᠨ ᠬᠡᠷᠡᠭᠯᠡᠭᠡᠨ ᠤ ᠠᠵᠢᠯ ᠢ ᠵᠣᠬᠢᠶᠠᠨ ᠪᠠᠶᠢᠭᠤᠯᠤᠨ | ᠥᠷᠨᠢᠭᠦᠯᠬᠦ ᠬᠡᠷᠡᠭᠲᠡᠶ᠃ | 10. ᠵᠡᠪᠰᠡᠭᠲᠦ ᠴᠠᠭᠳᠠᠭ᠎ᠠ ᠶᠢᠨ ᠴᠡᠷᠢᠭ ᠠᠩᠭᠢ ᠶᠢᠨ ᠠᠵᠢᠯ ᠢ ᠵᠢᠯᠣᠭᠤᠳᠬᠤ ᠪᠠ ᠬᠢᠨᠠᠯᠲᠠ ᠲᠠᠯᠪᠢᠵᠤ᠂ | ᠪᠦᠬᠦ ᠰᠢᠶᠠᠨ ᠤ ᠴᠢᠨᠠᠷᠲᠠᠶ ᠲᠣᠮᠣ ᠬᠡᠯᠪᠡᠷᠢ ᠶᠢᠨ ᠬᠤᠷᠠᠯ ᠪᠠ ᠣᠯᠠᠨ ᠲᠦᠮᠡᠨ ᠤ ᠠᠵᠢᠯᠯᠠᠭ᠎ᠠ ᠶᠢᠨ ᠠᠮᠤᠷ | ᠲᠦᠪᠰᠢᠨ ᠢ ᠬᠠᠮᠠᠭᠠᠯᠠᠬᠤ ᠠᠵᠢᠯ ᠢ ᠬᠠᠷᠢᠭᠤᠴᠠᠨ᠎ᠠ᠃ | 11. ᠪᠦᠬᠦ ᠰᠢᠶᠠᠨ ᠤ ᠳᠣᠲᠣᠭᠠᠳᠤ ᠶᠢ ᠬᠠᠮᠠᠭᠠᠯᠠᠬᠤ ᠡᠩᠨᠡᠭᠡᠨ ᠤ ᠪᠠᠶᠢᠭᠤᠯᠤᠯᠲᠠ ᠶᠢᠨ ᠠᠵᠢᠯ ᠢ | ᠬᠠᠷᠢᠭᠤᠴᠠᠵᠤ᠂ ᠲᠣᠭᠲᠠᠭᠰᠠᠨ ᠡᠷᠬᠡ ᠮᠡᠳᠡᠯ ᠤᠨ ᠬᠡᠪᠴᠢᠶ᠎ᠡ ᠶᠣᠰᠣᠭᠠᠷ ᠺᠠᠳ᠋ᠷ ᠢ ᠬᠠᠮᠢᠶᠠᠷᠴᠤ᠂ ᠤᠯᠤᠰ ᠲᠦᠷᠦ | ᠦᠵᠡᠯ ᠰᠠᠨᠠᠭᠠᠨ ᠤ ᠬᠥᠮᠦᠵᠢᠯ ᠪᠠ ᠤᠬᠠᠭᠤᠯᠭ᠎ᠠ ᠶᠢᠨ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ | 12᠂ ᠳᠣᠲᠣᠭᠠᠳᠤ ᠶᠢ ᠬᠠᠮᠠᠭᠠᠯᠠᠬᠤ ᠰᠢᠮᠳᠠᠭᠤᠯᠤᠨ ᠪᠠᠶᠢᠴᠠᠭᠠᠬᠤ᠂ ᠵᠠᠬᠢᠳᠠᠯ ᠰᠣᠷᠪᠤᠯᠵᠢᠯᠠᠭ᠎ᠠ ᠶᠢᠨ ᠠᠵᠢᠯ ᠢ | ᠵᠣᠬᠢᠶᠠᠨ ᠪᠠᠶᠢᠭᠤᠯᠤᠨ ᠥᠷᠨᠢᠭᠦᠯᠵᠦ᠂ ᠰᠢᠶᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ | ᠵᠥᠪᠯᠡᠯ ᠲᠠᠢ ᠬᠠᠮᠵᠢᠯᠴᠠᠨ ᠳᠣᠲᠣᠭᠠᠳᠤ ᠶᠢ ᠬᠠᠮᠠᠭᠠᠯᠠᠬᠤ ᠰᠠᠬᠢᠯᠭ᠎ᠠ ᠪᠠᠲᠤ ᠪᠠᠶᠢᠴᠠᠭᠠᠬᠤ ᠳᠤᠭᠤᠶᠢᠯᠠᠩ ᠳᠤ ᠲᠣᠮᠢᠯᠠᠨ | ᠰᠠᠭᠤᠯᠭᠠᠵᠤ ᠳᠣᠲᠣᠭᠠᠳᠤ ᠶᠢ ᠬᠠᠮᠠᠭᠠᠯᠠᠬᠤ ᠡᠩᠨᠡᠭᠡ ᠶᠢᠨ ᠬᠠᠤᠯᠢ ᠰᠠᠬᠢᠯᠭ᠎ᠠ ᠠᠴᠠ ᠵᠥᠷᠢᠴᠡᠭᠰᠡᠨ ᠬᠡᠷᠡᠭ ᠢ | ᠪᠠᠶᠢᠴᠠᠭᠠᠨ ᠰᠢᠢᠳᠪᠦᠷᠢᠯᠡᠨ᠎ᠡ᠃ | 13᠂ ᠬᠠᠤᠯᠢ ᠴᠠᠭᠠᠵᠠ ᠠᠴᠠ ᠣᠯᠭᠤᠭᠰᠠᠨ ᠪᠤᠰᠤᠳ ᠡᠭᠦᠷᠭᠡ ᠬᠠᠷᠢᠭᠤᠴᠠᠯᠭ᠎ᠠ ᠶᠢ ᠭᠦᠢᠴᠡᠳᠭᠡᠨ᠎ᠡ᠃ | ᠰᠢᠶᠠᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ᠂ ᠰᠢᠶᠠᠨ ᠤ ᠨᠠᠮ ᠤᠨ ᠬᠤᠷᠢᠶᠠᠨ ᠤ ᠤᠯᠤᠰ ᠲᠥᠷᠥ ᠬᠠᠤᠯᠢ | ᠴᠠᠭᠠᠵᠠ ᠶᠢᠨ ᠬᠤᠷᠢᠶ᠎ᠠ ᠵᠢᠴᠢ ᠳᠡᠭᠡᠳᠦ ᠱᠠᠲᠤᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠲᠤᠰᠢᠶᠠᠭᠰᠠᠨ | ᠪᠤᠰᠤᠳ ᠤᠴᠢᠷ ᠶᠠᠪᠤᠳᠠᠯ ᠢ ᠳᠠᠭᠠᠭᠠᠨ ᠭᠦᠢᠴᠡᠳᠭᠡᠨ᠎ᠡ᠃ | ᠳᠣᠲᠣᠭᠠᠳᠤ ᠶᠢᠨ ᠪᠠᠶᠢᠭᠤᠯᠤᠮᠵᠢ᠄ | ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠳᠤ ᠣᠳᠣ ᠨᠢᠭᠤᠴᠠ ᠮᠡᠳᠡᠭᠡᠨ ᠤ ᠵᠢᠯᠣᠭᠤᠳᠬᠤ ᠲᠥᠪ | ᠂ ᠬᠠᠤᠯᠢ ᠳᠦᠷᠢᠮ ᠤᠨ ᠶᠡᠭᠡ ᠠᠩᠭᠢ᠂ ᠰᠢᠮᠳᠠᠭᠤᠯᠤᠨ ᠪᠠᠶᠢᠴᠠᠭᠠᠬᠤ ᠶᠡᠭᠡ ᠠᠩᠭᠢ᠂ ᠤᠯᠤᠰ ᠲᠥᠷᠥ ᠶᠢᠨ ᠠᠮᠤᠷ | ᠲᠦᠪᠰᠢᠨ ᠢ ᠬᠠᠮᠠᠭᠠᠯᠠᠬᠤ ᠶᠡᠭᠡ ᠠᠩᠭᠢ᠂ ᠠᠮᠤᠷ ᠢ ᠬᠠᠮᠠᠭᠠᠯᠠᠬᠤ ᠬᠠᠮᠢᠶᠠᠷᠤᠯᠲᠠ ᠶᠢᠨ ᠶᠡᠭᠡ ᠠᠩᠭᠢ᠂ ᠡᠷᠡᠭᠦᠦ ᠶᠢᠨ | ᠬᠡᠷᠡᠭ ᠢ ᠲᠤᠷᠰᠢᠨ ᠪᠠᠶᠢᠴᠠᠭᠠᠬᠤ ᠶᠡᠭᠡ ᠠᠩᠭᠢ᠂ ᠴᠠᠭᠳᠠᠭᠠᠨ ᠤ ᠰᠠᠯᠪᠤᠷᠢ ᠠᠩᠭᠢ᠂ ᠰᠦᠷᠳᠡᠭᠦᠯᠦᠯ ᠢ ᠡᠰᠡᠷᠭᠦᠴᠡᠬᠦ | ᠪᠠ ᠣᠨᠴᠠ ᠴᠠᠭᠳᠠᠭᠠᠨ ᠤ ᠶᠡᠭᠡ ᠠᠩᠭᠢ᠂ ᠤᠯᠤᠰ ᠲᠥᠷᠥ ᠶᠢᠨ ᠠᠵᠢᠯ ᠤᠨ ᠠᠯᠪᠠᠨ ᠭᠡᠷ᠂ ᠴᠠᠭᠳᠠᠭᠠᠨ ᠤ | ᠶᠠᠪᠤᠳᠠᠯ ᠤᠨ ᠪᠠᠲᠤᠯᠠᠭ᠎ᠠ ᠶᠢᠨ ᠲᠠᠰᠤᠭ᠂ ᠠᠵᠤ ᠠᠬᠤᠢ ᠶᠢᠨ ᠶᠠᠯᠠᠲᠤ ᠠᠵᠢᠯᠯᠠᠭ᠎ᠠ ᠶᠢ ᠮᠥᠷᠳᠡᠨ ᠪᠠᠶᠢᠴᠠᠭᠠᠬᠤ ᠶᠡᠭᠡ | ᠠᠩᠭᠢ᠂ ᠬᠤᠣᠷ ᠴᠠᠭᠠᠵᠠᠯᠠᠬᠤ ᠶᠡᠭᠡ ᠠᠩᠭᠢ ᠵᠡᠷᠭᠡ 13 ᠳᠣᠲᠣᠭᠠᠳᠤ ᠪᠠᠶᠢᠭᠤᠯᠤᠮᠵᠢ᠂ ᠰᠢᠨ᠎ᠡ ᠲᠣᠭᠤᠷᠢᠭ ᠤᠨ | ᠲᠣᠮᠢᠯᠠᠭᠰᠠᠨ ᠰᠠᠯᠪᠤᠷᠢ᠂ ᠴᠧᠩ ᠭᠤᠸᠠᠨ ᠲᠣᠮᠢᠯᠠᠭᠰᠠᠨ ᠰᠠᠯᠪᠤᠷᠢ᠂ ᠬᠤᠷᠢᠬᠤ ᠭᠠᠵᠠᠷ᠂ ᠲᠦᠷ ᠬᠤᠷᠢᠬᠤ ᠭᠠᠵᠠᠷ | ᠵᠡᠷᠭᠡ 19 ᠲᠣᠮᠢᠯᠠᠭᠰᠠᠨ ᠪᠠᠶᠢᠭᠤᠯᠤᠮᠵᠢ᠂ ᠠᠶᠠᠨᠴᠢᠳ ᠤᠨ ᠲᠡᠭᠡᠭᠡᠪᠦᠷᠢ ᠶᠢᠨ ᠠᠮᠤᠷ ᠢ ᠬᠠᠮᠠᠭᠠᠯᠠᠬᠤ | ᠬᠠᠮᠢᠶᠠᠷᠤᠯᠲᠠ ᠶᠢᠨ ᠲᠥᠪ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠬᠠᠮᠢᠶᠠᠷᠤᠯᠲᠠ ᠶᠢᠨ ᠲᠥᠪ᠂ | ᠭᠤᠤ ᠮᠢᠶᠣᠣ ᠽᠢ ᠳᠣᠲᠣᠭᠠᠳᠤ ᠶᠢ ᠬᠠᠮᠠᠭᠠᠯᠠᠬᠤ ᠪᠠᠶᠢᠴᠠᠭᠠᠬᠤ ᠥᠷᠲᠡᠭᠡ ᠵᠡᠷᠭᠡ 3 ᠰᠢᠭᠤᠳ ᠬᠠᠷᠢᠶ᠎ᠠ ᠨᠢᠭᠡᠴᠡ ᠶᠢ | ᠪᠠᠶᠢᠭᠤᠯᠪᠠ᠃ | ᠰᠢᠦᠳᠠᠨ ᠨᠣᠮᠧᠷ᠄ 013650 | ᠠᠮᠤᠷ ᠢ ᠬᠠᠮᠠᠭᠠᠯᠠᠬᠤ ᠲᠦᠭᠰᠢᠭᠦᠷᠢ ᠮᠡᠳᠡᠭᠡᠯᠡᠭᠰᠡᠨ ᠨᠢ᠄ 110᠂ 0474 - 7218900 | ᠭᠠᠯ ᠤᠨ ᠠᠶᠤᠯ ᠢ ᠮᠡᠳᠡᠭᠦᠯᠬᠦ 119 | ᠵᠠᠮ ᠬᠠᠷᠢᠯᠴᠠᠭᠠᠨ ᠤ ᠠᠳᠡᠭᠳᠡᠯ᠄ 122 | ᠬᠠᠶ᠋ᠢᠭ᠄ ᠰᠢᠩ ᠾᠧ ᠰᠢᠶᠠᠨ ᠤ ᠰᠢᠨ᠎ᠡ ᠬᠤᠲᠠ ᠲᠣᠭᠤᠷᠢᠭ ᠤᠨ ᠬᠤᠶᠢᠲᠤ ᠴᠠᠭᠠᠷᠢᠭ | ᠠᠯᠪᠠᠯᠠᠬᠤ ᠴᠠᠭ᠄ ᠭᠠᠷᠠᠭ ᠤᠨ ᠨᠢᠭᠡᠨ ᠠᠴᠠ ᠭᠠᠷᠠᠭ ᠤᠨ ᠲᠠᠪᠤᠨ ᠤ 9᠄ 00-12᠄ 00 14᠄ 30 - | 18᠄ 00 | ᠬᠠᠷᠢᠯᠴᠠᠬᠤ ᠤᠲᠠᠰᠤ᠄ 0474 - 7218900 | ᠬᠠᠷᠢᠭᠤᠴᠠᠯᠭᠠᠲᠠᠨ᠄ ᠰᠦᠨ ᠬᠠᠶ ᠵᠢᠶᠦ᠋ᠨ | |