ᠰᠢᠶᠠᠨ ᠤ ᠲᠤᠭ᠎ᠠ ᠪᠦᠷᠢᠳᠬᠡᠯ ᠤᠨ ᠲᠣᠪᠴᠢᠶ᠎ᠠ ᠨᠢ ᠪᠦᠬᠦ ᠰᠢᠶᠠᠨ ᠤ ᠲᠤᠭ᠎ᠠ ᠪᠦᠷᠢᠳᠬᠡᠯ ᠤᠨ ᠵᠠᠰᠠᠭ | ᠵᠠᠬᠢᠷᠭᠠᠨ ᠤ ᠠᠵᠢᠯ ᠢ ᠬᠠᠮᠢᠶᠠᠷᠴᠤ ᠪᠠᠶᠢᠭ᠎ᠠ ᠵᠠᠰᠠᠭ ᠤᠨ ᠣᠷᠳᠣᠨ ᠤ ᠠᠵᠢᠯ ᠤᠨ ᠰᠠᠯᠠᠭ᠎ᠠ ᠮᠥᠴᠢᠷ ᠤᠨ ᠠᠵᠢᠯ ᠢ | ᠡᠭᠦᠷᠭᠡᠯᠡᠵᠦ ᠪᠠᠶᠢᠭ᠎ᠠ ᠺᠠᠳ᠋ᠷ ᠠᠵᠢᠯᠲᠠᠨ 17᠂ ᠠᠵᠢᠯ ᠠᠴᠠ ᠪᠠᠨ ᠰᠠᠯᠵᠤ ᠠᠮᠠᠷᠠᠭᠰᠠᠨ ᠪᠠ ᠠᠵᠢᠯ ᠠᠴᠠ ᠪᠠᠨ | ᠪᠠᠭᠤᠵᠤ ᠠᠮᠠᠷᠠᠭᠰᠠᠨ ᠬᠥᠮᠦᠰ 5 ᠪᠠᠶᠢᠨ᠎ᠠ᠃ ᠡᠭᠦᠨ ᠳᠤ ᠠᠵᠢᠯᠯᠠᠵᠤ ᠪᠠᠶᠢᠭ᠎ᠠ ᠠᠵᠢᠯᠲᠠᠨ ᠤ ᠰᠤᠷᠤᠯᠭ᠎ᠠ ᠶᠢᠨ | ᠨᠠᠮᠲᠠᠷ ᠤᠨ ᠪᠦᠷᠢᠯᠳᠦᠯ ᠨᠢ 1 ᠬᠦᠮᠦᠨ᠂ ᠶᠡᠭᠡ ᠰᠤᠷᠭᠠᠭᠤᠯᠢ ᠶᠢᠨ ᠵᠢᠩᠬᠢᠨᠢ ᠠᠩᠭᠢ ᠶᠢᠨ ᠰᠤᠷᠤᠯᠭ᠎ᠠ ᠶᠢᠨ | ᠨᠠᠮᠳᠠᠷ ᠲᠠᠢ᠃ ᠳᠣᠲᠣᠭᠠᠳᠤ ᠪᠠᠶᠢᠭᠤᠯᠤᠮᠵᠢ᠄ ᠳᠣᠲᠣᠭᠠᠳᠤ ᠳᠠᠭᠠᠨ ᠪᠠᠶᠢᠭᠤᠯᠤᠭᠰᠠᠨ ᠠᠯᠪᠠᠨ ᠭᠡᠷ᠂ | ᠶᠡᠷᠦᠩᠬᠡᠶᠢᠯᠡᠭᠰᠡᠨ ᠲᠤᠬᠠᠶᠢᠯᠠᠭᠰᠠᠨ ᠠᠵᠢᠯ ᠤᠨ ᠲᠠᠰᠤᠭ᠂ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ | ᠲᠠᠰᠤᠭ᠂ ᠳᠣᠣᠷ᠎ᠠ ᠨᠢ ᠰᠢᠩ ᠾᠧ ᠰᠢᠶᠠᠨ ᠤ ᠬᠤᠲᠠ ᠬᠥᠳᠡᠭᠡ ᠶᠢᠨ ᠨᠡᠶᠢᠭᠡᠮ ᠤᠨ ᠠᠵᠤ ᠠᠬᠤᠶ ᠶᠢᠨ | ᠪᠠᠶᠢᠴᠠᠭᠠᠯᠲᠠ ᠶᠢᠨ ᠲᠥᠪ ᠪᠠᠶᠢᠵᠤ᠂ ᠣᠳᠣᠬᠠᠨ ᠳᠤ ᠨᠡᠶᠢᠲᠡ ᠵᠢᠷᠭᠤᠭᠠᠨ ᠲᠠᠰᠤᠯᠭ᠎ᠠ ᠠᠯᠪᠠᠨ ᠭᠡᠷ᠂ ᠣᠯᠠᠨ | ᠴᠢᠳᠠᠮᠵᠢᠲᠤ ᠬᠤᠷᠠᠯ ᠤᠨ ᠭᠡᠷ ᠲᠤ ᠨᠢᠭᠡ ᠲᠠᠰᠤᠯᠭ᠎ᠠ ᠪᠠᠶᠢᠨ᠎ᠠ᠃ | ᠰᠢᠶᠠᠨ ᠤ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠭᠤᠣᠯ ᠠᠵᠢᠯ ᠤᠨ ᠡᠭᠦᠷᠭᠡ ᠴᠢᠳᠠᠪᠤᠷᠢ ᠪᠣᠯ ᠳᠡᠭᠡᠳᠦ | ᠱᠠᠲᠤᠨ ᠤ ᠲᠤᠭ᠎ᠠ ᠪᠦᠷᠢᠳᠬᠡᠯ ᠤᠨ ᠠᠵᠢᠯ ᠤᠨ ᠴᠢᠭᠯᠡᠯᠲᠡ᠂ ᠲᠦᠷᠦ ᠶᠢᠨ ᠪᠤᠳᠤᠯᠭ᠎ᠠ ᠪᠠ ᠬᠠᠤᠯᠢ ᠴᠠᠭᠠᠵᠠ᠂ | ᠬᠠᠤᠯᠢ ᠲᠣᠭᠲᠠᠭᠠᠯ ᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠪᠦᠬᠦ ᠰᠢᠶᠠᠨ ᠤ ᠲᠤᠭ᠎ᠠ ᠪᠦᠷᠢᠳᠬᠡᠯ ᠤᠨ | ᠥᠭᠡᠷᠡᠴᠢᠯᠡᠯᠲᠡ᠂ ᠲᠤᠭ᠎ᠠ ᠪᠦᠷᠢᠳᠬᠡᠯ ᠤᠨ ᠪᠠᠶᠢᠭᠤᠯᠤᠯᠲᠠ ᠶᠢᠨ ᠲᠥᠯᠥᠪᠵᠢᠭᠦᠯᠭᠡ ᠶᠢ ᠲᠣᠭᠲᠠᠭᠠᠵᠤ᠂ ᠡᠯ᠎ᠡ | ᠰᠢᠶᠠᠩ ᠪᠠᠯᠭᠠᠰᠤ᠂ ᠡᠯ᠎ᠡ ᠰᠠᠯᠠᠭ᠎ᠠ ᠮᠥᠴᠢᠷ ᠤᠨ ᠲᠤᠭ᠎ᠠ ᠪᠦᠷᠢᠳᠬᠡᠯ ᠤᠨ ᠪᠠᠶᠢᠴᠠᠭᠠᠯᠲᠠ ᠪᠠ ᠤᠯᠤᠰ ᠠᠷᠠᠳ ᠤᠨ | ᠠᠵᠤ ᠠᠬᠤᠢ ᠶᠢᠨ ᠲᠣᠭᠠᠴᠠᠭ᠎ᠠ ᠬᠢᠬᠦ ᠠᠵᠢᠯ ᠢ ᠵᠣᠬᠢᠶᠠᠨ ᠪᠠᠶᠢᠭᠤᠯᠤᠨ ᠤᠳᠤᠷᠢᠳᠬᠤ ᠪᠠ ᠬᠢᠨᠠᠯᠲᠠ ᠲᠠᠯᠪᠢᠨ | ᠪᠠᠶᠢᠴᠠᠭᠠᠵᠤ᠂ ᠲᠤᠭ᠎ᠠ ᠪᠦᠷᠢᠳᠬᠡᠯ ᠤᠨ ᠬᠠᠤᠯᠢ ᠴᠠᠭᠠᠵᠠ᠂ ᠬᠠᠤᠯᠢ ᠲᠣᠭᠲᠠᠭᠠᠯ ᠢ ᠬᠡᠷᠡᠭᠵᠢᠭᠦᠯᠬᠦ ᠳᠤ ᠬᠢᠨᠠᠯᠲᠠ | ᠲᠠᠯᠪᠢᠨ ᠪᠠᠶᠢᠴᠠᠭᠠᠨ᠎ᠠ᠃ ᠳᠡᠭᠡᠳᠦ ᠱᠠᠲᠤᠨ ᠤ ᠨᠢᠭᠡᠳᠦᠯᠲᠡᠶ ᠦᠨᠳᠦᠰᠦᠨ ᠲᠤᠭ᠎ᠠ ᠪᠦᠷᠢᠳᠬᠡᠯ ᠤᠨ ᠳᠦᠷᠢᠮ ᠢ | ᠲᠤᠤᠱᠯᠠᠭᠤᠯᠵᠤ᠂ ᠪᠦᠬᠦ ᠰᠢᠶᠠᠨ ᠤ ᠲᠤᠭ᠎ᠠ ᠪᠦᠷᠢᠳᠬᠡᠯ ᠤᠨ ᠪᠠᠶᠢᠴᠠᠭᠠᠯᠲᠠ ᠶᠢᠨ ᠲᠥᠷᠥᠯ ᠵᠦᠢᠯ ᠢ ᠵᠣᠬᠢᠶᠠᠨ | ᠪᠠᠶᠢᠭᠤᠯᠤᠨ ᠬᠠᠮᠢᠶᠠᠷᠴᠤ᠂ ᠡᠯ᠎ᠡ ᠰᠢᠶᠠᠩ ᠪᠠᠯᠭᠠᠰᠤ᠂ ᠡᠯ᠎ᠡ ᠰᠠᠯᠠᠭ᠎ᠠ ᠮᠥᠴᠢᠷ ᠤᠨ ᠲᠤᠭ᠎ᠠ ᠪᠦᠷᠢᠳᠬᠡᠯ ᠤᠨ | ᠪᠠᠶᠢᠴᠠᠭᠠᠯᠲᠠ ᠶᠢᠨ ᠲᠥᠯᠥᠪᠯᠡᠭᠡ᠂ ᠪᠠᠶᠢᠴᠠᠭᠠᠯᠲᠠ ᠶᠢᠨ ᠲᠥᠰᠦᠯ ᠢ ᠬᠢᠨᠠᠨ ᠬᠠᠷᠭᠤᠭᠤᠯᠵᠤ᠂ ᠪᠦᠬᠦ ᠰᠢᠶᠠᠨ ᠤ | ᠲᠤᠭ᠎ᠠ ᠪᠦᠷᠢᠳᠬᠡᠯ ᠤᠨ ᠰᠢᠰᠲ᠋ᠧᠮ ᠤᠨ ᠪᠠᠶᠢᠭᠤᠯᠤᠮᠵᠢ ᠶᠢᠨ ᠠᠵᠢᠯᠲᠠᠨ ᠤ ᠲᠤᠰᠬᠠᠶ ᠮᠡᠷᠭᠡᠵᠢᠯ ᠤᠨ ᠲᠣᠬᠢᠷᠠᠭᠤᠯᠤᠯᠲᠠ | ᠪᠣᠯᠤᠨ ᠰᠠᠭᠤᠷᠢ ᠲᠥᠬᠦᠭᠡᠷᠦᠮᠵᠢ ᠶᠢᠨ ᠣᠷᠣᠨ ᠪᠠᠶᠢᠷᠢ ᠶᠢ ᠵᠢᠯᠣᠭᠤᠳᠤᠨ ᠪᠠᠶᠢᠴᠠᠭᠠᠵᠤ᠂ ᠡᠯ᠎ᠡ ᠱᠠᠲᠤᠨ ᠤ ᠲᠤᠭ᠎ᠠ | ᠪᠦᠷᠢᠳᠬᠡᠯ ᠤᠨ ᠠᠵᠢᠯᠲᠠᠨ ᠤ ᠲᠤᠬᠠᠶᠢᠯᠠᠭᠰᠠᠨ ᠠᠵᠢᠯ ᠤᠨ ᠪᠣᠯᠪᠠᠰᠤᠷᠠᠭᠤᠯᠤᠯ ᠢ ᠵᠣᠬᠢᠶᠠᠨ ᠪᠠᠶᠢᠭᠤᠯᠬᠤ ᠬᠡᠷᠡᠭᠲᠡᠶ᠃ | ᠡᠯ᠎ᠡ ᠰᠢᠶᠠᠩ ᠪᠠᠯᠭᠠᠰᠤ᠂ ᠡᠯ᠎ᠡ ᠰᠠᠯᠠᠭ᠎ᠠ ᠮᠥᠴᠢᠷ ᠤᠨ ᠨᠡᠶᠢᠭᠡᠮ ᠤᠨ ᠠᠵᠤ ᠠᠬᠤᠶ ᠶᠢᠨ ᠪᠠᠶᠢᠴᠠᠭᠠᠯᠲᠠ᠂ ᠲᠤᠭ᠎ᠠ | ᠪᠠᠷᠢᠮᠲᠠ ᠶᠢ ᠬᠤᠷᠢᠶᠠᠩᠭᠤᠶᠢᠯᠠᠨ ᠡᠮᠬᠢᠳᠬᠡᠬᠦ ᠪᠠ ᠡᠮᠬᠢᠳᠬᠡᠵᠦ᠂ ᠤᠯᠤᠰ ᠠᠷᠠᠳ ᠤᠨ ᠠᠵᠤ ᠠᠬᠤᠶ᠂ ᠰᠢᠨᠵᠢᠯᠡᠬᠦ | ᠤᠬᠠᠭᠠᠨ ᠮᠡᠷᠭᠡᠵᠢᠯ ᠤᠨ ᠳᠠᠪᠰᠢᠯᠲᠠ ᠪᠠ ᠨᠡᠶᠢᠭᠡᠮ ᠤᠨ ᠬᠥᠭᠵᠢᠯᠲᠡ ᠵᠡᠷᠭᠡ ᠪᠠᠶᠢᠳᠠᠯ ᠳᠤ ᠲᠤᠭ᠎ᠠ ᠪᠦᠷᠢᠳᠬᠡᠯ ᠤᠨ | ᠵᠠᠳᠠᠯᠤᠯᠲᠠ᠂ ᠲᠤᠭ᠎ᠠ ᠪᠦᠷᠢᠳᠬᠡᠯ ᠤᠨ ᠵᠢᠱᠢᠯᠲᠡ ᠪᠠ ᠲᠤᠭ᠎ᠠ ᠪᠦᠷᠢᠳᠬᠡᠯ ᠤᠨ ᠬᠢᠨᠠᠯᠲᠠ ᠲᠠᠯᠪᠢᠯᠲᠠ ᠬᠢᠵᠦ᠂ | ᠰᠢᠶᠠᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ ᠲᠤᠭ᠎ᠠ | ᠪᠦᠷᠢᠳᠬᠡᠯ ᠤᠨ ᠮᠡᠳᠡᠭᠡ ᠵᠠᠩᠭᠢ ᠪᠠ ᠯᠠᠪᠯᠠᠭ᠎ᠠ ᠶᠢᠨ ᠪᠦᠲᠦᠭᠡᠨ ᠪᠠᠶᠢᠭᠤᠯᠤᠯᠲᠠ ᠬᠠᠩᠭᠠᠨ᠎ᠠ᠃ ᠪᠦᠬᠦ ᠰᠢᠶᠠᠨ ᠤ | ᠦᠨᠳᠦᠰᠦᠨ ᠲᠤᠭ᠎ᠠ ᠪᠦᠷᠢᠳᠬᠡᠯ ᠤᠨ ᠮᠠᠲ᠋ᠧᠷᠢᠶᠠᠯ ᠢ ᠨᠢᠭᠡᠳᠦᠯᠲᠡᠶ ᠬᠠᠮᠢᠶᠠᠷᠤᠨ ᠨᠡᠶᠢᠲᠡᠯᠡᠵᠦ᠂ ᠨᠡᠶᠢᠭᠡᠮ ᠨᠡᠶᠢᠲᠡ ᠳᠤ | ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠪᠠᠶᠢᠳᠠᠯ ᠤᠨ ᠲᠤᠭ᠎ᠠ ᠪᠦᠷᠢᠳᠬᠡᠯ ᠤᠨ | ᠠᠯᠪᠠᠨ ᠮᠡᠳᠡᠭᠡ ᠪᠠ ᠲᠤᠭ᠎ᠠ ᠪᠦᠷᠢᠳᠬᠡᠯ ᠤᠨ ᠮᠡᠳᠡᠭᠡ ᠵᠠᠩᠭᠢ ᠶᠢ ᠲᠣᠭᠲᠠᠮᠠᠯ ᠬᠤᠭᠤᠴᠠᠭ᠎ᠠ ᠲᠠᠢ ᠪᠠᠷ ᠨᠡᠶᠢᠲᠡᠯᠡᠨ᠎ᠡ᠃ | ᠰᠢᠶᠠᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠣᠯᠤᠨ ᠬᠤᠲᠠ ᠶᠢᠨ ᠲᠤᠭ᠎ᠠ ᠪᠦᠷᠢᠳᠬᠡᠯ ᠤᠨ ᠲᠣᠪᠴᠢᠶ᠎ᠠ ᠶᠢᠨ | ᠲᠤᠰᠢᠶᠠᠭᠰᠠᠨ ᠪᠤᠰᠤᠳ ᠠᠵᠢᠯ ᠢ ᠳᠠᠭᠠᠭᠠᠨ ᠭᠦᠢᠴᠡᠳᠬᠡᠨ᠎ᠡ᠃ | ᠪᠠᠶᠢᠭᠤᠯᠭ᠎ᠠ ᠶᠢᠨ ᠬᠠᠷᠢᠯᠴᠠᠬᠤ ᠤᠲᠠᠰᠤ᠄ 0474 - 7212020︔ | ᠨᠢᠭᠡᠴᠡ ᠶᠢᠨ ᠬᠠᠶ᠋ᠢᠭ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠲᠣᠮᠣ ᠠᠰᠠᠷ ︵ᠨᠢᠭᠡᠳᠦᠭᠡᠷ | ᠳᠠᠪᠬᠤᠷᠯᠢᠭ᠂ ᠭᠤᠷᠪᠠᠳᠤᠭᠠᠷ ᠳᠠᠪᠬᠤᠷ︶ | ᠠᠯᠪᠠᠯᠠᠬᠤ ᠴᠠᠭ᠄ ᠭᠠᠷᠠᠭ ᠤᠨ ᠨᠢᠭᠡᠨ ᠠᠴᠠ ᠭᠠᠷᠠᠭ ᠤᠨ ᠲᠠᠪᠤᠨ ᠤ 9᠄ 00-12᠄ 00 14᠄ 30 - | 18᠄ 00 | ᠬᠠᠷᠢᠭᠤᠴᠠᠯᠭᠠᠲᠠᠨ ᠤ ᠣᠪᠣᠭ ᠨᠡᠷ᠎ᠡ ᠰᠦᠩ ᠶᠢᠨ ᠳ᠋ᠦᠩ | |