ᠰᠢᠩ ᠾᠧ ᠰᠢᠶᠠᠨ ᠤ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠤᠨ  ᠲᠤᠪᠴᠢᠶ᠎ᠡ
ᠨᠡᠶᠢᠲᠡᠯᠡᠭᠰᠡᠨ ᠴᠠᠭ᠄
2025/3/30
     ᠰᠢᠩ ᠾᠧ ᠰᠢᠶᠠᠨ ᠤ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠪᠣᠯ ᠰᠢᠩ ᠾᠧ ᠰᠢᠶᠠᠨ ᠤ ᠠᠷᠠᠳ ᠤᠨ ᠵᠠᠰᠠᠭ ᠤᠨ ᠣᠷᠳᠣᠨ ᠤ ᠠᠵᠢᠯ ᠤᠨ ᠰᠠᠯᠠᠭ᠎ᠠ ᠮᠥᠴᠢᠷ ᠪᠣᠯᠤᠨ᠎ᠠ᠃ ᠰᠢᠩ ᠾᠧ ᠰᠢᠶᠠᠨ ᠤ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠤᠨ ᠭᠤᠣᠯ ᠡᠭᠦᠷᠭᠡ ᠴᠢᠳᠠᠪᠤᠷᠢ ᠪᠣᠯ ᠪᠦᠬᠦ ᠰᠢᠶᠠᠨ ᠤ ᠦᠨᠳᠦᠰᠦᠲᠡᠨ᠂ ᠮᠣᠩᠭᠤᠯ ᠬᠡᠯᠡ ᠪᠢᠴᠢᠭ ᠤᠨ ᠠᠵᠢᠯ ᠤᠨ ᠶᠠᠪᠤᠳᠠᠯ ᠢ ᠬᠠᠷᠢᠭᠤᠴᠠᠵᠤ᠂ ᠬᠤᠯᠪᠣᠭᠳᠠᠯ ᠪᠦᠬᠦᠢ ᠦᠨᠳᠦᠰᠦᠲᠡᠨ᠂ ᠴᠥᠭᠡᠨ ᠲᠣᠭᠠᠲᠤ ᠦᠨᠳᠦᠰᠦᠲᠡᠨ ᠤ ᠦᠭᠡ ᠬᠡᠯᠡ ᠦᠰᠦᠭ ᠪᠢᠴᠢᠭ ᠤᠨ ᠠᠵᠢᠯ ᠤᠨ ᠴᠢᠭᠯᠡᠯᠲᠡ᠂ ᠲᠦᠷᠦ ᠶᠢᠨ ᠪᠤᠳᠤᠯᠭ᠎ᠠ ᠶᠢ ᠲᠤᠤᠱᠯᠠᠭᠤᠯᠤᠨ ᠬᠡᠷᠡᠭᠵᠢᠭᠦᠯᠦᠨ᠎ᠡ︔ ᠦᠨᠳᠦᠰᠦᠲᠡᠨ ᠤ ᠤᠨᠤᠯ᠂ ᠦᠨᠳᠦᠰᠦᠲᠡᠨ᠂ ᠴᠥᠭᠡᠨ ᠲᠣᠭᠠᠲᠤ ᠦᠨᠳᠦᠰᠦᠲᠡᠨ ᠤ ᠦᠭᠡ ᠬᠡᠯᠡ ᠦᠰᠦᠭ ᠪᠢᠴᠢᠭ ᠤᠨ ᠲᠦᠷᠦ ᠶᠢᠨ ᠪᠤᠳᠤᠯᠭ᠎ᠠ ᠶᠢᠨ ᠤᠬᠠᠭᠤᠯᠭ᠎ᠠ ᠬᠥᠮᠦᠵᠢᠯ ᠤᠨ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ︔ ᠦᠨᠳᠦᠰᠦᠲᠡᠨ᠂ ᠴᠥᠭᠡᠨ ᠲᠣᠭᠠᠲᠤ ᠦᠨᠳᠦᠰᠦᠲᠡᠨ ᠤ ᠦᠭᠡ ᠬᠡᠯᠡ ᠦᠰᠦᠭ ᠪᠢᠴᠢᠭ ᠤᠨ ᠬᠠᠤᠯᠢ ᠴᠠᠭᠠᠵᠠ᠂ ᠬᠠᠤᠯᠢ ᠲᠣᠭᠲᠠᠭᠠᠯ᠂ ᠲᠦᠷᠦ ᠶᠢᠨ ᠪᠤᠳᠤᠯᠭ᠎ᠠ ᠶᠢ ᠬᠡᠷᠡᠭᠵᠢᠭᠦᠯᠵᠦ ᠪᠠᠶᠢᠭ᠎ᠠ ᠪᠠᠶᠢᠳᠠᠯ ᠢ ᠰᠢᠮᠳᠠᠭᠤᠯᠤᠨ ᠪᠠᠶᠢᠴᠠᠭᠠᠬᠤ ᠶᠢ ᠬᠠᠷᠢᠭᠤᠴᠠᠨ᠎ᠠ︔ ᠪᠦᠬᠦ ᠰᠢᠶᠠᠨ ᠤ ᠬᠤᠯᠪᠣᠭᠳᠠᠯ ᠪᠦᠬᠦᠢ ᠦᠨᠳᠦᠰᠦᠲᠡᠨ᠂ ᠴᠥᠭᠡᠨ ᠲᠣᠭᠠᠲᠤ ᠦᠨᠳᠦᠰᠦᠲᠡᠨ ᠤ ᠦᠭᠡ ᠬᠡᠯᠡ ᠦᠰᠦᠭ ᠪᠢᠴᠢᠭ ᠤᠨ ᠬᠡᠷᠡᠭ ᠶᠠᠪᠤᠳᠠᠯ ᠤᠨ ᠬᠠᠮᠢᠶᠠᠷᠤᠯᠲᠠ ᠶᠢᠨ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠲᠣᠭᠲᠠᠭᠠᠨ᠎ᠠ︔ ᠦᠨᠳᠦᠰᠦᠲᠡᠨ ᠤ ᠬᠠᠷᠢᠴᠠᠭᠠᠨ ᠳᠠᠬᠢ ᠴᠢᠬᠤᠯᠠ ᠵᠦᠢᠯᠡᠰ ᠢ ᠵᠣᠬᠢᠴᠠᠭᠤᠯᠤᠨ ᠰᠢᠶ᠋ᠳᠪᠦᠷᠢᠯᠡᠵᠦ᠂ ᠪᠦᠬᠦ ᠰᠢᠶᠠᠨ ᠤ ᠦᠨᠳᠦᠰᠦᠲᠡᠨ ᠤ ᠠᠵᠤ ᠠᠬᠤᠶ ᠨᠡᠶᠢᠭᠡᠮ ᠤᠨ ᠦᠢᠯᠡᠰ ᠤᠨ ᠬᠥᠭᠵᠢᠯᠲᠡ ᠶᠢ ᠬᠢᠨᠠᠨ ᠬᠠᠮᠢᠶᠠᠷᠤᠨ᠎ᠠ︔ ᠮᠣᠩᠭᠤᠯ ᠦᠭᠡ ᠬᠡᠯᠡ ᠦᠰᠦᠭ ᠪᠢᠴᠢᠭ ᠢ ᠰᠤᠳᠤᠯᠵᠤ᠂ ᠬᠠᠮᠢᠶᠠᠷᠴᠤ᠂ ᠬᠥᠭᠵᠢᠭᠦᠯᠦᠨ᠎ᠡ᠃      ᠨᠢᠭᠡ ᠠᠯᠪᠠᠨ ᠭᠡᠷ ᠬᠤᠶᠠᠷ ᠲᠠᠰᠤᠭ᠄ ᠠᠯᠪᠠᠨ ᠭᠡᠷ᠂ ᠦᠨᠳᠦᠰᠦᠲᠡᠨ ᠤ ᠲᠠᠰᠤᠭ᠂ ᠮᠣᠩᠭᠤᠯ ᠦᠭᠡ ᠬᠡᠯᠡ ᠦᠰᠦᠭ ᠪᠢᠴᠢᠭ ᠤᠨ ᠲᠠᠰᠤᠭ᠃      ᠠᠯᠪᠠᠨ ᠭᠡᠷ ᠤᠨ ᠠᠵᠢᠯ ᠤᠨ ᠡᠭᠦᠷᠭᠡ ᠬᠠᠷᠢᠭᠤᠴᠠᠯᠭ᠎ᠠ      ᠨᠢᠭᠡ᠂ ᠪᠠᠶᠢᠭᠤᠯᠭ᠎ᠠ ᠶᠢᠨ ᠡᠳᠦᠷ ᠲᠤᠲᠤᠮ ᠤᠨ ᠠᠵᠢᠯ ᠢ ᠬᠠᠷᠢᠭᠤᠴᠠᠵᠤ᠂ ᠪᠠᠶᠢᠭᠤᠯᠭ᠎ᠠ ᠶᠢᠨ ᠪᠢᠴᠢᠭ ᠮᠠᠲ᠋ᠧᠷᠢᠶᠠᠯ ᠴᠠᠬᠢᠯᠭᠠᠨ ᠮᠡᠳᠡᠭᠡ᠂ ᠬᠤᠷᠠᠯ ᠤᠨ ᠶᠠᠪᠤᠳᠠᠯ᠂ ᠨᠢᠭᠤᠴᠠ ᠮᠠᠲ᠋ᠧᠷᠢᠶᠠᠯ᠂ ᠳᠠᠩᠰᠠ ᠡᠪᠬᠡᠮᠡᠯ᠂ ᠮᠡᠳᠡᠭᠡ ᠵᠠᠩᠭᠢ᠂ ᠨᠢᠭᠤᠴᠠ ᠶᠢ ᠬᠠᠮᠠᠭᠠᠯᠠᠬᠤ᠂ ᠵᠠᠬᠢᠳᠠᠯ ᠰᠤᠷᠪᠤᠯᠵᠢᠯᠠᠯ᠂ ᠡᠳ᠋ ᠤᠨ ᠶᠠᠪᠤᠳᠠᠯ᠂ ᠵᠠᠰᠠᠭ ᠤᠨ ᠶᠠᠪᠤᠳᠠᠯ ᠢ ᠢᠯᠡ ᠪᠣᠯᠭᠠᠬᠤ᠂ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ᠂ ᠬᠦᠯᠢᠶᠡᠨ ᠠᠪᠬᠤ ᠵᠡᠷᠭᠡ ᠠᠵᠢᠯ ᠢ ᠡᠭᠦᠷᠭᠡᠯᠡᠨ᠎ᠡ᠃      ᠬᠤᠶᠠᠷ᠂ ᠪᠠᠶᠢᠭᠤᠯᠭ᠎ᠠ ᠶᠢᠨ ᠨᠠᠮ ᠤᠨ ᠪᠠᠶᠢᠭᠤᠯᠤᠯᠲᠠ᠂ ᠠᠵᠢᠯᠲᠠᠨ ᠤ ᠶᠠᠪᠤᠳᠠᠯ᠂ ᠬᠥᠳᠡᠯᠮᠦᠷᠢ ᠴᠠᠯᠢᠩ᠂ ᠪᠠᠶᠢᠭᠤᠯᠤᠮᠵᠢ ᠶᠢᠨ ᠣᠷᠣᠨ ᠲᠤᠭ᠎ᠠ ᠶᠢᠨ ᠠᠵᠢᠯ ᠵᠢᠴᠢ ᠲᠤᠰᠬᠠᠶ ᠮᠡᠷᠭᠡᠵᠢᠯ ᠤᠨ ᠲᠤᠰᠢᠶᠠᠯ ᠢ ᠲᠣᠭᠲᠠᠭᠠᠵᠤ ᠤᠷᠢᠬᠤ ᠠᠵᠢᠯ ᠢ ᠬᠠᠷᠢᠭᠤᠴᠠᠨ᠎ᠠ᠃      ᠭᠤᠷᠪᠠ᠂ ᠲᠤᠰ ᠪᠠᠶᠢᠭᠤᠯᠭ᠎ᠠ ᠶᠢᠨ ᠢᠶᠠᠨ ᠺᠠᠳ᠋ᠷ ᠤᠨ ᠬᠥᠮᠦᠵᠢᠯ ᠪᠣᠯᠪᠠᠰᠤᠷᠠᠭᠤᠯᠤᠯ ᠤᠨ ᠠᠵᠢᠯ ᠢ ᠬᠠᠷᠢᠭᠤᠴᠠᠵᠤ᠂ ᠠᠵᠢᠯ ᠠᠴᠠ ᠪᠠᠨ ᠪᠠᠭᠤᠵᠤ ᠠᠮᠠᠷᠠᠭᠰᠠᠳ ᠤᠨ ᠠᠵᠢᠯ ᠢ ᠬᠠᠷᠢᠭᠤᠴᠠᠨ᠎ᠠ᠃      ᠦᠨᠳᠦᠰᠦᠲᠡᠨ ᠤ ᠳᠠᠰᠤᠭ ᠤᠨ ᠠᠵᠢᠯ ᠤᠨ ᠡᠭᠦᠷᠭᠡ ᠬᠠᠷᠢᠭᠤᠴᠠᠯᠭ᠎ᠠ      ᠨᠢᠭᠡ᠂ ᠨᠠᠮ ᠤᠨ ᠦᠨᠳᠦᠰᠦᠲᠡᠨ ᠤ ᠲᠤᠬᠠᠶ ᠲᠥᠷᠥ ᠶᠢᠨ ᠪᠣᠳᠣᠯᠭ᠎ᠠ᠂ ᠬᠠᠤᠯᠢ ᠴᠠᠭᠠᠵᠠ᠂ ᠬᠠᠤᠯᠢ ᠲᠣᠭᠲᠠᠭᠠᠯ ᠢ ᠲᠤᠤᠱᠯᠠᠭᠤᠯᠤᠨ ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠬᠢᠨᠠᠯᠲᠠ ᠲᠠᠯᠪᠢᠵᠤ ᠪᠠᠶᠢᠴᠠᠭᠠᠬᠤ ᠠᠵᠢᠯ ᠢ ᠵᠣᠬᠢᠶᠠᠨ ᠪᠠᠶᠢᠭᠤᠯᠬᠤ ᠬᠡᠷᠡᠭᠲᠡᠶ      ᠬᠤᠶᠠᠷ᠂ ᠪᠦᠬᠦ ᠰᠢᠶᠠᠨ ᠤ ᠬᠤᠯᠪᠣᠭᠳᠠᠯ ᠪᠦᠬᠦᠢ ᠦᠨᠳᠦᠰᠦᠲᠡᠨ ᠤ ᠲᠠᠯ᠎ᠠ ᠶᠢᠨ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠲᠤᠭᠤᠷᠪᠢᠨ ᠲᠣᠭᠲᠠᠭᠠᠬᠤ ᠠᠵᠢᠯ ᠢ ᠡᠭᠦᠷᠭᠡᠯᠡᠨ᠎ᠡ      ᠭᠤᠷᠪᠠ᠂ ᠴᠥᠭᠡᠨ ᠲᠣᠭᠠᠲᠤ ᠦᠨᠳᠦᠰᠦᠲᠡᠨ ᠤ ᠬᠥᠭᠵᠢᠯᠲᠡ ᠶᠢᠨ ᠪᠡᠯᠡ ᠮᠥᠩᠭᠦ ᠶᠢ ᠬᠢᠨᠠᠨ ᠬᠠᠷᠭᠤᠭᠤᠯᠵᠤ ᠳᠡᠭᠡᠭᠰᠢ ᠮᠡᠳᠡᠭᠦᠯᠬᠦ᠂ ᠬᠢᠨᠠᠯᠲᠠ ᠲᠠᠯᠪᠢᠵᠤ ᠪᠠᠶᠢᠴᠠᠭᠠᠬᠤ ᠪᠠ ᠶᠠᠳᠠᠭᠤ ᠶᠢ ᠲᠡᠳᠬᠦᠬᠦ ᠠᠵᠢᠯ ᠢ ᠡᠭᠦᠷᠭᠡᠯᠡᠨ᠎ᠡ᠃              ᠮᠣᠩᠭᠤᠯ ᠦᠭᠡ ᠬᠡᠯᠡ ᠦᠰᠦᠭ ᠪᠢᠴᠢᠭ ᠤᠨ ᠲᠠᠰᠤᠭ ᠤᠨ ᠠᠵᠢᠯ ᠤᠨ ᠡᠭᠦᠷᠭᠡ ᠬᠠᠷᠢᠭᠤᠴᠠᠯᠭ᠎ᠠ      ᠨᠢᠭᠡ᠂ ᠴᠥᠭᠡᠨ ᠲᠣᠭᠠᠲᠤ ᠦᠨᠳᠦᠰᠦᠲᠡᠨ ᠤ ᠦᠭᠡ ᠬᠡᠯᠡ ᠦᠰᠦᠭ ᠪᠢᠴᠢᠭ ᠤᠨ ᠠᠵᠢᠯ ᠤᠨ ᠲᠤᠬᠠᠶ ᠤᠯᠤᠰ ᠪᠠ ᠥᠪᠡᠷᠲᠡᠭᠡᠨ ᠵᠠᠰᠠᠬᠤ ᠣᠷᠣᠨ ᠤ ᠲᠥᠷᠥ ᠶᠢᠨ ᠪᠣᠳᠣᠯᠭ᠎ᠠ᠂ ᠬᠠᠤᠯᠢ ᠲᠣᠭᠲᠠᠭᠠᠯ ᠢ ᠲᠤᠤᠱᠯᠠᠭᠤᠯᠤᠨ ᠨᠠᠶᠢᠳᠠᠪᠤᠷᠢᠵᠢᠭᠤᠯᠬᠤ ᠬᠡᠷᠡᠭᠲᠡᠶ︔ ᠪᠦᠬᠦ ᠰᠢᠶᠠᠨ ᠤ ᠮᠣᠩᠭᠤᠯ ᠦᠭᠡ ᠬᠡᠯᠡ ᠦᠰᠦᠭ ᠪᠢᠴᠢᠭ ᠢ ᠰᠤᠷᠤᠯᠴᠠᠬᠤ᠂ ᠬᠡᠷᠡᠭᠯᠡᠬᠦ ᠪᠠ ᠬᠥᠭᠵᠢᠭᠦᠯᠬᠦ ᠠᠵᠢᠯ ᠢ ᠵᠢᠯᠣᠭᠤᠳᠤᠨ᠎ᠠ᠃ ᠮᠣᠩᠭᠤᠯ ᠦᠭᠡ ᠬᠡᠯᠡ ᠦᠰᠦᠭ ᠪᠢᠴᠢᠭ ᠤᠨ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ᠂ ᠲᠥᠯᠥᠪᠵᠢᠭᠦᠯᠭᠡ ᠶᠢ ᠰᠤᠳᠤᠯᠤᠨ ᠳᠤᠷᠠᠳᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠬᠦ ᠬᠡᠷᠡᠭᠲᠡᠶ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠢ ᠬᠠᠮᠵᠢᠨ ᠦᠨᠳᠦᠰᠦᠲᠡᠨ ᠤ ᠦᠭᠡ ᠬᠡᠯᠡ ᠦᠰᠦᠭ ᠪᠢᠴᠢᠭ ᠤᠨ ᠲᠥᠷᠥ ᠶᠢᠨ ᠪᠣᠳᠣᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠬᠢᠨᠠᠯᠲᠠ ᠲᠠᠯᠪᠢᠵᠤ ᠪᠠᠶᠢᠴᠠᠭᠠᠬᠤ ᠠᠵᠢᠯ ᠢ ᠰᠠᠶᠢᠲᠤᠷ ᠬᠢᠨ᠎ᠡ᠃ ᠮᠣᠩᠭᠤᠯ ᠦᠭᠡ ᠬᠡᠯᠡ ᠦᠰᠦᠭ ᠪᠢᠴᠢᠭ ᠰᠤᠷᠴᠤ ᠬᠡᠷᠡᠭᠯᠡᠭᠰᠡᠨ ᠢ ᠬᠥᠬᠢᠭᠦᠯᠦᠨ ᠱᠠᠩᠨᠠᠬᠤ ᠠᠵᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠪᠦᠬᠦ ᠰᠢᠶᠠᠨ ᠤ ᠮᠣᠩᠭᠤᠯ ᠦᠭᠡ ᠬᠡᠯᠡ ᠦᠰᠦᠭ ᠪᠢᠴᠢᠭ ᠢ ᠵᠢᠷᠤᠮᠵᠢᠭᠤᠯᠬᠤ᠂ ᠪᠠᠷᠢᠮᠵᠢᠶᠠᠵᠢᠭᠤᠯᠬᠤ ᠠᠵᠢᠯ ᠢ ᠵᠢᠯᠣᠭᠤᠳᠤᠨ ᠠᠬᠢᠭᠤᠯᠤᠨ᠎ᠠ᠃      ᠬᠤᠶᠠᠷ᠂ ᠪᠦᠬᠦ ᠰᠢᠶᠠᠨ ᠤ ᠮᠣᠩᠭᠤᠯ ᠦᠭᠡ ᠬᠡᠯᠡ ᠦᠰᠦᠭ ᠪᠢᠴᠢᠭ ᠤᠨ ᠮᠡᠳᠡᠭᠡ ᠵᠠᠩᠭᠢᠵᠢᠯᠲᠠ ᠶᠢᠨ ᠠᠵᠢᠯ ᠢ ᠵᠢᠯᠣᠭᠤᠳᠤᠨ ᠠᠬᠢᠭᠤᠯᠵᠤ᠂ ᠮᠣᠩᠭᠤᠯ ᠦᠭᠡ ᠬᠡᠯᠡ ᠦᠰᠦᠭ ᠪᠢᠴᠢᠭ ᠤᠨ ᠮᠡᠳᠡᠭᠡ ᠵᠠᠩᠭᠢᠵᠢᠯᠲᠠ ᠶᠢᠨ ᠬᠥᠭᠵᠢᠯᠲᠡ ᠶᠢᠨ ᠲᠥᠷᠥ ᠶᠢᠨ ᠪᠣᠳᠣᠯᠭ᠎ᠠ᠂ ᠲᠥᠯᠥᠪᠵᠢᠭᠦᠯᠭᠡ ᠶᠢᠨ ᠠᠷᠭ᠎ᠠ ᠬᠡᠮᠵᠢᠶ᠎ᠡ ᠶᠢᠨ ᠰᠠᠨᠠᠭᠤᠯᠭ᠎ᠠ ᠶᠢ ᠰᠤᠳᠤᠯᠤᠨ ᠳᠤᠷᠠᠳᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠮᠣᠩᠭᠤᠯ ᠦᠭᠡ ᠬᠡᠯᠡ ᠦᠰᠦᠭ ᠪᠢᠴᠢᠭ ᠤᠨ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠶᠢᠨ ᠳᠤᠮᠳᠠᠬᠢ ᠴᠢᠬᠤᠯᠠ ᠶᠡᠭᠡ ᠠᠰᠠᠭᠤᠳᠠᠯ ᠢ ᠵᠣᠬᠢᠴᠠᠭᠤᠯᠤᠨ᠎ᠠ᠃ ᠮᠣᠩᠭᠤᠯ ᠦᠭᠡ ᠬᠡᠯᠡ ᠦᠰᠦᠭ ᠪᠢᠴᠢᠭ ᠤᠨ ᠮᠡᠳᠡᠭᠡ ᠵᠠᠩᠭᠢ ᠶᠢᠨ ᠡᠬᠢ ᠪᠠᠶᠠᠯᠢᠭ ᠢ ᠨᠡᠭᠡᠭᠡᠬᠦ᠂ ᠠᠰᠢᠭᠯᠠᠬᠤ ᠪᠠ ᠬᠠᠮᠲᠤ ᠳᠤ ᠪᠠᠨ ᠬᠦᠷᠲᠡᠬᠦ ᠶᠢ ᠵᠣᠬᠢᠶᠠᠨ ᠪᠠᠶᠢᠭᠤᠯᠤᠨ ᠠᠬᠢᠭᠤᠯᠵᠤ᠂ ᠮᠣᠩᠭᠤᠯ ᠦᠭᠡ ᠬᠡᠯᠡ ᠦᠰᠦᠭ ᠪᠢᠴᠢᠭ ᠤᠨ ᠮᠡᠳᠡᠭᠡ ᠵᠠᠩᠭᠢ ᠶᠢᠨ ᠮᠡᠷᠭᠡᠵᠢᠯ ᠢ ᠰᠤᠳᠤᠯᠬᠤ ᠪᠠ ᠳᠡᠯᠭᠡᠷᠡᠭᠦᠯᠦᠨ ᠬᠡᠷᠡᠭᠯᠡᠬᠦ ᠶᠢ ᠵᠢᠯᠣᠭᠤᠳᠤᠨ ᠠᠬᠢᠭᠤᠯᠤᠨ᠎ᠠ᠃      ᠭᠤᠷᠪᠠ᠂ ᠮᠣᠩᠭᠤᠯ ᠬᠡᠯᠡ ᠪᠠᠷ ᠬᠢᠴᠢᠶᠡᠯᠯᠡᠬᠦ ᠪᠠᠷ ᠭᠤᠤᠯ ᠪᠣᠯᠭᠠᠭᠰᠠᠨ ᠦᠨᠳᠦᠰᠦᠲᠡᠨ ᠤ ᠰᠤᠷᠭᠠᠨ ᠬᠥᠮᠦᠵᠢᠯ᠂ ᠦᠨᠳᠦᠰᠦᠲᠡᠨ ᠤ ᠰᠣᠶᠣᠯ ᠤᠷᠠᠯᠢᠭ᠂ ᠮᠣᠩᠭᠤᠯ ᠬᠡᠯᠡᠨ ᠤ ᠰᠣᠨᠢᠨ ᠮᠡᠳᠡᠭᠡ ᠬᠡᠪᠯᠡᠯ᠂ ᠮᠣᠩᠭᠤᠯ ᠬᠡᠯᠡᠨ ᠤ ᠷᠠᠳᠢᠣ᠋ ᠨᠡᠪᠲᠡᠷᠡᠭᠦᠯᠭᠡ ᠺᠢᠨᠣ᠋ ᠲᠧᠯᠸᠢᠰ᠂ ᠮᠣᠩᠭᠤᠯ ᠦᠭᠡ ᠬᠡᠯᠡ ᠦᠰᠦᠭ ᠪᠢᠴᠢᠭ ᠤᠨ ᠰᠢᠨᠵᠢᠯᠡᠬᠦ ᠤᠬᠠᠭᠠᠨ ᠤ ᠰᠤᠳᠤᠯᠤᠯ᠂ ᠦᠨᠳᠦᠰᠦᠲᠡᠨ ᠤ ᠡᠷᠲᠡᠨ ᠤ ᠪᠢᠴᠢᠭ ᠪᠠ ᠮᠣᠩᠭᠤᠯ ᠡᠮ ᠡᠮᠨᠡᠯᠭᠡ᠂ ᠮᠣᠩᠭᠤᠯ ᠬᠡᠯᠡᠨ ᠤ ᠣᠷᠴᠢᠭᠤᠯᠭ᠎ᠠ ᠵᠡᠷᠭᠡ ᠬᠦᠷᠢᠶᠡᠨ ᠳᠤ ᠬᠠᠮᠵᠢᠯᠴᠠᠬᠤ ᠠᠵᠢᠯ ᠥᠷᠨᠢᠭᠦᠯᠦᠨ᠎ᠡ᠃      ᠨᠢᠭᠡᠴᠡ ᠶᠢᠨ ᠬᠠᠶ᠋ᠢᠭ᠄ ᠰᠢᠩ ᠾᠧ ᠰᠢᠶᠠᠨ ᠤ ᠨᠠᠮ ᠵᠠᠰᠠᠭ ᠤᠨ ᠠᠰᠠᠷ ᠤᠨ ᠡᠮᠦᠨ᠎ᠡ ᠠᠰᠠᠷ ᠤᠨ 5 ᠳ᠋ᠤᠭᠠᠷ ᠳᠠᠪᠬᠤᠷᠯᠢᠭ      ᠠᠯᠪᠠᠯᠠᠬᠤ ᠴᠠᠭ᠄ ᠭᠠᠷᠠᠭ ᠤᠨ ᠨᠢᠭᠡᠨ ᠠᠴᠠ ᠭᠠᠷᠠᠭ ᠤᠨ ᠲᠠᠪᠤᠨ ᠤ 9᠄ 00-12᠄ 00 14᠄ 30 - 18᠄ 00      ᠬᠠᠷᠢᠭᠤᠴᠠᠯᠭ᠎ᠠ ᠡᠭᠦᠷᠭᠡᠯᠡᠭᠴᠢ᠄ ᠵᠢᠢ ᠴᠢᠩ      ᠢᠮᠧᠯ᠄ xhmzswj@163.com      ᠬᠠᠷᠢᠯᠴᠠᠬᠤ ᠤᠲᠠᠰᠤ᠄ 0474 - 7213111    
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠤᠷᠳᠤᠨ ᠤ ᠬᠢᠲᠠᠳ ᠲᠤᠤᠷ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3