ᠰᠢᠩ ᠾᠧ ᠰᠢᠶᠠᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ 
ᠨᠡᠶᠢᠲᠡᠯᠡᠭᠰᠡᠨ ᠴᠠᠭ᠄
2025/3/30
     ᠨᠢᠭᠡ᠂ ᠭᠤᠣᠯ ᠡᠭᠦᠷᠭᠡ ᠬᠠᠷᠢᠭᠤᠴᠠᠯᠭ᠎ᠠ᠄      ︵ᠨᠢᠭᠡ︶ ᠪᠦᠬᠦ ᠰᠢᠶᠠᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠠᠵᠢᠯ ᠢ ᠬᠠᠷᠢᠭᠤᠴᠠᠵᠤ᠂ ᠡᠯ᠎ᠡ ᠰᠢᠶᠠᠩ ᠪᠠᠯᠭᠠᠰᠤ᠂ ᠡᠯ᠎ᠡ ᠰᠠᠯᠠᠭ᠎ᠠ ᠮᠥᠴᠢᠷ ᠤᠨ ᠠᠶᠤᠯᠭᠦᠢ ᠦᠢᠯᠡᠳᠪᠦᠷᠢᠯᠡᠯ ᠤᠨ ᠲᠦᠷᠦᠯ᠂ ᠪᠠᠶᠢᠭᠠᠯᠢ ᠶᠢᠨ ᠭᠠᠮᠰᠢᠭ ᠤᠨ ᠲᠦᠷᠦᠯ ᠵᠡᠷᠭᠡ ᠭᠡᠨᠡᠳᠲᠡ ᠶᠢᠨ ᠬᠡᠷᠡᠭ ᠢ ᠠᠷᠭᠠᠴᠠᠬᠤ ᠪᠠ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠠᠵᠢᠯ ᠢ ᠵᠢᠯᠣᠭᠤᠳᠤᠨ᠎ᠠ᠃ ᠠᠶᠤᠯᠭᠦᠢ ᠦᠢᠯᠡᠳᠪᠦᠷᠢᠯᠡᠯ ᠤᠨ ᠶᠡᠷᠦᠩᠬᠡᠶᠢᠯᠡᠭᠰᠡᠨ ᠬᠢᠨᠠᠯᠲᠠ ᠬᠠᠮᠢᠶᠠᠷᠤᠯᠲᠠ ᠶᠢᠨ ᠠᠵᠢᠯ ᠢ ᠬᠠᠷᠢᠭᠤᠴᠠᠵᠤ᠂ ᠬᠤᠯᠪᠣᠭᠳᠠᠯ ᠪᠦᠬᠦᠢ ᠦᠢᠯᠡᠳᠪᠦᠷᠢ ᠠᠭᠤᠷᠬᠠᠶ ᠠᠷᠠᠯᠵᠢᠶ᠎ᠠ ᠬᠤᠳᠠᠯᠳᠤᠭᠠᠨ ᠤ ᠠᠵᠢᠯ ᠲᠥᠷᠥᠯ ᠤᠨ ᠠᠶᠤᠯᠭᠦᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃      ︵ᠬᠤᠶᠠᠷ︶ ᠲᠤᠰ ᠰᠢᠶᠠᠨ ᠤ ᠪᠠᠴᠢᠮ ᠪᠠᠶᠢᠳᠠᠯ ᠢ ᠠᠷᠭᠠᠴᠠᠬᠤ ᠰᠢᠰᠲ᠋ᠧᠮᠵᠢ ᠶᠢᠨ ᠪᠠᠶᠢᠭᠤᠯᠤᠯᠲᠠ᠂ ᠠᠶᠤᠯ ᠦᠭᠡᠶ ᠦᠢᠯᠡᠳᠪᠦᠷᠢᠯᠡᠯ ᠪᠣᠯᠤᠨ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠶᠡᠷᠦᠩᠬᠡᠶᠢᠯᠡᠭᠰᠡᠨ ᠲᠥᠯᠥᠪᠵᠢᠭᠦᠯᠭᠡ ᠶᠢ ᠵᠣᠬᠢᠶᠠᠨ ᠪᠠᠶᠢᠭᠤᠯᠤᠨ ᠨᠠᠶᠢᠷᠠᠭᠤᠯᠤᠨ ᠵᠣᠬᠢᠶᠠᠵᠤ᠂ ᠲᠤᠰ ᠰᠢᠶᠠᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠠᠯ᠎ᠠ ᠶᠢᠨ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠲᠤᠭᠤᠷᠪᠢᠵᠤ᠂ ᠥᠪᠡᠷᠲᠡᠭᠡᠨ ᠵᠠᠰᠠᠬᠤ ᠣᠷᠣᠨ᠂ ᠬᠤᠲᠠ᠂ ᠰᠢᠶᠠᠨ ᠭᠤᠷᠪᠠᠨ ᠱᠠᠲᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠤ ᠲᠥᠷᠥ ᠶᠢᠨ ᠪᠣᠳᠣᠯᠭ᠎ᠠ ᠪᠣᠯᠤᠨ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠢ ᠦᠨᠳᠦᠰᠦᠯᠡᠨ᠂ ᠲᠤᠰ ᠰᠢᠶᠠᠨ ᠤ ᠬᠠᠮᠢᠶ᠎ᠠ ᠪᠦᠬᠦᠢ ᠵᠢᠷᠤᠮᠵᠢᠯ ᠪᠣᠯᠤᠨ ᠪᠠᠷᠢᠮᠵᠢᠶ᠎ᠠ ᠶᠢ ᠲᠣᠭᠲᠠᠭᠠᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠦᠨ᠎ᠡ᠃      ︵ᠭᠤᠷᠪᠠ︶ ᠪᠦᠬᠦ ᠰᠢᠶᠠᠨ ᠤ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠤᠨ ᠰᠢᠰᠲ᠋ᠧᠮᠵᠢ ᠶᠢᠨ ᠪᠠᠶᠢᠭᠤᠯᠤᠯᠲᠠ ᠶᠢ ᠵᠢᠯᠣᠭᠤᠳᠴᠤ᠂ ᠤᠯᠤᠰ ᠤᠨ ᠠᠳᠡᠯ ᠤᠨ ᠭᠠᠮᠰᠢᠭ ᠪᠣᠯᠤᠨ ᠪᠠᠶᠢᠭᠠᠯᠢ ᠶᠢᠨ ᠭᠠᠮᠰᠢᠭ ᠢ ᠱᠠᠲᠤ ᠬᠤᠪᠢᠶᠠᠨ ᠠᠷᠭᠠᠴᠠᠬᠤ ᠲᠦᠷᠢᠮ ᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠰᠢᠶᠠᠨ ᠤ ᠱᠠᠲᠤᠨ ᠤ ᠪᠠᠴᠢᠮ ᠪᠠᠶᠢᠳᠠᠯ ᠢ ᠠᠷᠭᠠᠴᠠᠬᠤ ᠶᠡᠷᠦᠩᠬᠡᠶ ᠪᠡᠯᠡᠳᠬᠡᠯ ᠲᠥᠰᠦᠯ ᠪᠣᠯᠤᠨ ᠠᠶᠤᠯᠭᠦᠶ ᠦᠢᠯᠡᠳᠪᠦᠷᠢᠯᠡᠯ ᠤᠨ ᠲᠥᠷᠥᠯ᠂ ᠪᠠᠶᠢᠭᠠᠯᠢ ᠶᠢᠨ ᠭᠠᠮᠰᠢᠭ ᠤᠨ ᠲᠥᠷᠥᠯ ᠤᠨ ᠲᠤᠰᠬᠠᠶ ᠪᠡᠯᠡᠳᠬᠡᠯ ᠲᠥᠰᠦᠯ ᠢ ᠵᠣᠬᠢᠶᠠᠨ ᠪᠠᠶᠢᠭᠤᠯᠤᠨ ᠨᠠᠶᠢᠷᠠᠭᠤᠯᠤᠨ ᠵᠣᠬᠢᠶᠠᠵᠤ᠂ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠢ ᠵᠣᠯᠭᠠᠭᠤᠯᠬᠤ ᠠᠵᠢᠯ ᠢ ᠶᠡᠷᠦᠩᠬᠡᠶᠢᠯᠡᠨ ᠵᠣᠬᠢᠴᠠᠭᠤᠯᠵᠤ᠂ ᠬᠠᠮᠢᠶ᠎ᠠ ᠪᠥᠬᠦᠶ ᠪᠡᠯᠡᠳᠬᠡᠯ ᠲᠥᠰᠦᠯ ᠤᠨ ᠰᠣᠷᠢᠯᠲᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠪᠥᠬᠦ ᠰᠢᠶᠠᠨ ᠤ ᠪᠠᠴᠢᠮ ᠪᠠᠶᠢᠳᠠᠯ ᠢ ᠠᠷᠭᠠᠴᠠᠵᠤ ᠠᠶᠤᠯ ᠠᠴᠠ ᠵᠠᠶᠢᠯᠠᠬᠤ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠶᠢ ᠠᠬᠢᠭᠤᠯᠤᠨ᠎ᠠ᠃      ︵ᠲᠦᠷᠪᠡ︶ ᠨᠢᠭᠡᠳᠦᠯᠲᠡᠶ ᠪᠠᠶᠢᠷᠢᠯᠠᠭᠤᠯᠤᠯᠲᠠ ᠶᠣᠰᠣᠭᠠᠷ᠂ ᠰᠢᠶᠠᠨ ᠤ ᠱᠠᠲᠤᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠮᠡᠳᠡᠭᠡ ᠵᠠᠩᠭᠢ ᠶᠢᠨ ᠰᠢᠰᠲ᠋ᠧᠮ ᠢ ᠵᠣᠬᠢᠶᠠᠨ ᠪᠠᠶᠢᠭᠤᠯᠤᠨ ᠪᠠᠶᠢᠭᠤᠯᠵᠤ᠂ ᠬᠢᠨᠠᠨ ᠬᠡᠮᠵᠢᠵᠦ ᠰᠡᠷᠡᠮᠵᠢᠯᠡᠭᠦᠯᠬᠦ ᠪᠠ ᠭᠠᠮᠰᠢᠭ ᠤᠨ ᠪᠠᠶᠢᠳᠠᠯ ᠢ ᠮᠡᠳᠡᠭᠦᠯᠬᠦ ᠳᠦᠷᠢᠮ ᠢ ᠪᠠᠶᠢᠭᠤᠯᠤᠨ᠂ ᠪᠠᠶᠢᠭᠠᠯᠢ ᠶᠢᠨ ᠭᠠᠮᠰᠢᠭ ᠤᠨ ᠮᠡᠳᠡᠭᠡ ᠵᠠᠩᠭᠢ ᠶᠢᠨ ᠡᠬᠢ ᠪᠠᠶᠠᠯᠢᠭ ᠢ ᠣᠯᠬᠤ ᠪᠠ ᠬᠠᠮᠲᠤ ᠳᠠᠭᠠᠨ ᠡᠳ᠋ᠯᠡᠬᠦ ᠲᠣᠭᠲᠠᠴᠠ ᠶᠢ ᠪᠦᠷᠢᠨᠰᠢᠭᠦᠯᠵᠦ᠂ ᠭᠠᠮᠰᠢᠭ ᠤᠨ ᠪᠠᠶᠢᠳᠠᠯ ᠵᠢᠴᠢ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠭᠰᠠᠨ ᠪᠠᠶᠢᠳᠠᠯ ᠢ ᠬᠠᠤᠯᠢ ᠶᠣᠰᠣᠭᠠᠷ ᠨᠡᠶᠢᠲᠡᠯᠡᠬᠦ ᠬᠡᠷᠡᠭᠲᠡᠶ᠃      ︵ᠲᠠᠪᠤ︶ ᠪᠦᠬᠦ ᠰᠢᠶᠠᠨ ᠤ ᠠᠶᠤᠯᠭᠦᠢ ᠦᠢᠯᠡᠳᠪᠦᠷᠢᠯᠡᠯ ᠤᠨ ᠲᠦᠷᠦᠯ᠂ ᠪᠠᠶᠢᠭᠠᠯᠢ ᠶᠢᠨ ᠭᠠᠮᠰᠢᠭ ᠤᠨ ᠲᠦᠷᠦᠯ ᠵᠡᠷᠭᠡ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠶᠢ ᠵᠣᠬᠢᠶᠠᠨ ᠪᠠᠶᠢᠭᠤᠯᠤᠨ ᠵᠢᠯᠣᠭᠤᠳᠤᠨ ᠵᠣᠬᠢᠴᠠᠭᠤᠯᠵᠤ᠂ ᠰᠢᠶᠠᠨ ᠤ ᠬᠦᠨᠳᠦ ᠶᠡᠭᠡ ᠭᠠᠮᠰᠢᠭ ᠢ ᠠᠷᠭᠠᠴᠠᠬᠤ ᠵᠢᠯᠣᠭᠤᠳᠬᠤ ᠭᠠᠵᠠᠷ ᠤᠨ ᠠᠵᠢᠯ ᠢ ᠡᠭᠦᠷᠭᠡᠯᠡᠵᠦ᠂ ᠭᠡᠨᠡᠳᠲᠡ ᠶᠢᠨ ᠬᠡᠷᠡᠭ ᠤᠨ ᠬᠥᠭᠵᠢᠯᠲᠡ ᠶᠢᠨ ᠪᠠᠶᠢᠳᠠᠯ ᠢ ᠶᠡᠷᠦᠩᠬᠡᠶᠢᠯᠡᠨ ᠰᠤᠳᠤᠯᠤᠨ ᠮᠠᠭᠠᠳᠯᠠᠬᠤ ᠶᠢᠨ ᠬᠠᠮᠲᠤ ᠠᠷᠭᠠᠴᠠᠬᠤ ᠰᠠᠨᠠᠭᠤᠯᠭ᠎ᠠ ᠳᠤᠷᠠᠳᠴᠤ᠂ ᠤᠯᠤᠰ᠂ ᠥᠪᠡᠷᠲᠡᠭᠡᠨ ᠵᠠᠰᠠᠬᠤ ᠣᠷᠣᠨ᠂ ᠬᠤᠳᠠ ᠪᠣᠯᠤᠨ ᠰᠢᠶᠠᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠵᠢᠭᠠᠨ ᠲᠣᠭᠲᠠᠭᠠᠭᠰᠠᠨ ᠬᠠᠷᠢᠭᠤᠴᠠᠯᠭᠠᠲᠠᠨ ᠢ ᠬᠠᠮᠵᠢᠨ ᠭᠠᠮᠰᠢᠭ ᠤᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠠᠵᠢᠯ ᠢ ᠵᠣᠬᠢᠶᠠᠨ ᠪᠠᠶᠢᠭᠤᠯᠤᠨ᠎ᠠ᠃     ︵ᠵᠢᠷᠭᠤᠭ᠎ᠠ︶ ᠡᠷᠬᠡ ᠮᠡᠳᠡᠯ ᠤᠨ ᠬᠡᠪᠴᠢᠶ᠎ᠡ ᠶᠣᠰᠣᠭᠠᠷ ᠪᠥᠬᠦ ᠰᠢᠶᠠᠨ ᠤ ᠡᠯ᠎ᠡ ᠲᠥᠷᠥᠯ ᠤᠨ ᠪᠠᠴᠢᠮ ᠪᠠᠶᠢᠳᠠᠯ ᠢ ᠠᠷᠭᠠᠴᠠᠬᠤ ᠲᠤᠰᠬᠠᠶ ᠮᠡᠷᠭᠡᠵᠢᠯ ᠤᠨ ᠡᠩᠨᠡᠭᠡ ᠶᠢ ᠵᠣᠬᠢᠴᠠᠭᠤᠯᠤᠨ ᠵᠢᠯᠣᠭᠤᠳᠴᠤ᠂ ᠪᠥᠬᠦ ᠰᠢᠶᠠᠨ ᠤ ᠪᠠᠴᠢᠮ ᠪᠠᠶᠢᠳᠠᠯ ᠢ ᠠᠷᠭᠠᠴᠠᠬᠤ ᠶᠢ ᠵᠣᠬᠢᠴᠠᠭᠤᠯᠤᠨ ᠬᠠᠮᠲᠤᠷᠠᠨ ᠬᠥᠳᠡᠯᠦᠯᠴᠡᠬᠦ ᠲᠣᠭᠲᠠᠴᠠ ᠶᠢ ᠪᠠᠶᠢᠭᠤᠯᠤᠨ᠂ ᠵᠢᠯᠣᠭᠤᠳᠬᠤ ᠲᠠᠪᠴᠠᠩ ᠢ ᠵᠣᠯᠭᠠᠭᠤᠯᠬᠤ ᠶᠢ ᠠᠬᠢᠭᠤᠯᠵᠤ᠂ ᠭᠠᠯ ᠤᠨᠲᠠᠷᠠᠭᠠᠬᠤ᠂ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠡᠩᠨᠡᠭᠡ᠂ ᠴᠢᠯᠥᠭᠡᠯᠡᠬᠦ ᠴᠡᠷᠢᠭ ᠪᠠ ᠵᠡᠪᠰᠡᠭᠲᠦ ᠴᠠᠭᠳᠠᠭ᠎ᠠ ᠶᠢᠨ ᠴᠡᠷᠢᠭ ᠠᠩᠭᠢ ᠶᠢ ᠵᠣᠯᠭᠠᠯᠳᠤᠭᠤᠯᠤᠨ ᠮᠠᠨ ᠤ ᠰᠢᠶᠠᠨ ᠤ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠠᠵᠢᠯ ᠳᠤ ᠣᠷᠣᠯᠴᠠᠭᠤᠯᠤᠨ᠎ᠠ᠃ ᠪᠦᠬᠦ ᠰᠢᠶᠠᠨ ᠤ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠬᠦᠴᠦᠨ ᠤ ᠪᠠᠶᠢᠭᠤᠯᠤᠯᠲᠠ ᠶᠢ ᠨᠢᠭᠡᠳᠦᠯᠲᠡᠶ ᠲᠥᠯᠥᠪᠯᠡᠨ ᠵᠢᠯᠣᠭᠤᠳᠴᠤ᠂ ᠡᠭᠦᠷᠭᠡ ᠬᠠᠷᠢᠭᠤᠴᠠᠯᠭ᠎ᠠ ᠪᠠ ᠡᠷᠬᠡ ᠶᠢᠨ ᠬᠢᠵᠠᠭᠠᠷ ᠶᠣᠰᠣᠭᠠᠷ ᠭᠠᠯ ᠤᠨᠲᠠᠷᠠᠭᠠᠬᠤ᠂ ᠣᠶ ᠰᠢᠭᠤᠶ ᠪᠠ ᠨᠤᠲᠤᠭ ᠪᠡᠯᠴᠢᠭᠡᠷ ᠤᠨ ᠭᠠᠯ ᠤᠨᠲᠠᠷᠠᠭᠠᠬᠤ᠂ ᠦᠶᠡᠷ ᠲᠠᠢ ᠲᠡᠮᠡᠴᠡᠨ ᠠᠶᠤᠯ ᠠᠴᠠ ᠠᠪᠤᠷᠠᠬᠤ᠂ ᠭᠠᠵᠠᠷ ᠬᠥᠳᠡᠯᠦᠯᠲᠡ ᠪᠠ ᠭᠠᠵᠠᠷ ᠰᠢᠨᠵᠢᠯᠡᠭᠡᠨ ᠤ ᠭᠠᠮᠰᠢᠭ ᠠᠴᠠ ᠠᠪᠤᠷᠠᠬᠤ᠂ ᠦᠢᠯᠡᠳᠪᠦᠷᠢᠯᠡᠯ ᠤᠨ ᠠᠮᠤᠷ ᠲᠦᠪᠰᠢᠨ ᠤ ᠠᠳᠡᠯ ᠠᠴᠠ ᠠᠪᠤᠷᠠᠨ ᠲᠤᠰᠠᠯᠠᠬᠤ ᠵᠡᠷᠭᠡ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠲᠤᠰᠬᠠᠶ ᠮᠡᠷᠭᠡᠵᠢᠯ ᠤᠨ ᠬᠦᠴᠦᠨ ᠤ ᠪᠠᠶᠢᠭᠤᠯᠤᠯᠲᠠ ᠶᠢ ᠵᠣᠬᠢᠴᠠᠭᠤᠯᠤᠨ ᠵᠢᠯᠣᠭᠤᠳᠴᠤ᠂ ᠡᠯ᠎ᠡ ᠭᠠᠵᠠᠷ ᠵᠢᠴᠢ ᠨᠡᠶᠢᠭᠡᠮ ᠤᠨ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠬᠦᠴᠦᠨ ᠤ ᠪᠠᠶᠢᠭᠤᠯᠤᠯᠲᠠ ᠶᠢ ᠵᠣᠬᠢᠶᠠᠨ ᠪᠠᠶᠢᠭᠤᠯᠤᠨ ᠠᠬᠢᠭᠤᠯᠤᠨ᠎ᠠ᠃            ︵ᠳᠤᠯᠤᠭ᠎ᠠ︶ ᠡᠷᠬᠡ ᠮᠡᠳᠡᠯ ᠤᠨ ᠶᠣᠰᠣᠭᠠᠷ ᠪᠦᠬᠦ ᠰᠢᠶᠠᠨ ᠤ ᠭᠠᠯ ᠤᠨᠲᠠᠷᠠᠭᠠᠬᠤ ᠳᠤ ᠬᠢᠨᠠᠯᠲᠠ ᠲᠠᠯᠪᠢᠬᠤ᠂ ᠭᠠᠯ ᠤᠨ ᠠᠶᠤᠯ ᠢ ᠰᠡᠷᠭᠡᠶᠢᠯᠡᠬᠦ᠂ ᠭᠠᠯ ᠤᠨᠲᠠᠷᠠᠭᠠᠬᠤ ᠵᠡᠷᠭᠡ ᠠᠵᠢᠯ ᠢ ᠵᠣᠬᠢᠴᠠᠭᠤᠯᠤᠨ ᠵᠢᠯᠣᠭᠤᠳᠤᠨ᠎ᠠ᠃      ︵ᠨᠠᠢᠮᠠ︶ ᠪᠦᠬᠦ ᠰᠢᠶᠠᠨ ᠤ ᠤᠢ ᠰᠢᠭᠤᠢ ᠪᠠ ᠨᠤᠲᠤᠭ ᠪᠡᠯᠴᠢᠭᠡᠷ ᠤᠨ ᠭᠠᠯ ᠤᠨ ᠠᠶᠤᠯ᠂ ᠦᠶᠡᠷ ᠭᠠᠩ ᠬᠠᠭᠰᠠᠷᠠᠭᠠᠨ ᠤ ᠭᠠᠮᠰᠢᠭ᠂ ᠭᠠᠵᠠᠷ ᠬᠥᠳᠡᠯᠦᠯᠲᠡ ᠪᠠ ᠭᠠᠵᠠᠷ ᠤᠨ ᠭᠠᠮᠰᠢᠭ ᠵᠡᠷᠭᠡ ᠰᠡᠷᠭᠡᠶᠢᠯᠡᠨ ᠵᠠᠰᠠᠬᠤ ᠠᠵᠢᠯ ᠢ ᠵᠣᠬᠢᠴᠠᠭᠤᠯᠤᠨ ᠵᠢᠯᠣᠭᠤᠳᠴᠤ᠂ ᠪᠦᠬᠦ ᠰᠢᠶᠠᠨ ᠤ ᠪᠠᠶᠢᠭᠠᠯᠢ ᠶᠢᠨ ᠭᠠᠮᠰᠢᠭ ᠢ ᠶᠡᠷᠦᠩᠬᠡᠶᠢᠯᠡᠨ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠶᠢ ᠬᠠᠷᠢᠭᠤᠴᠠᠵᠤ᠂ ᠪᠦᠬᠦ ᠰᠢᠶᠠᠨ ᠤ ᠪᠠᠶᠢᠭᠠᠯᠢ ᠶᠢᠨ ᠭᠠᠮᠰᠢᠭ ᠤᠨ ᠶᠡᠷᠦᠩᠬᠡᠶᠢᠯᠡᠭᠰᠡᠨ ᠲᠦᠭᠰᠢᠭᠦᠷᠢ ᠶᠢ ᠦᠨᠡᠯᠡᠨ ᠵᠢᠱᠢᠬᠦ ᠠᠵᠢᠯ ᠢ ᠵᠣᠬᠢᠶᠠᠨ ᠪᠠᠶᠢᠭᠤᠯᠵᠤ ᠵᠢᠯᠣᠭᠤᠳᠤᠨ᠎ᠠ᠃      ︵ᠶᠢᠰᠦ︶ ᠭᠠᠮᠰᠢᠭ ᠠᠴᠠ ᠠᠪᠤᠷᠠᠨ ᠲᠤᠰᠠᠯᠠᠬᠤ ᠠᠵᠢᠯ ᠢ ᠵᠣᠬᠢᠶᠠᠨ ᠪᠠᠶᠢᠭᠤᠯᠤᠨ ᠵᠣᠬᠢᠴᠠᠭᠤᠯᠵᠤ᠂ ᠭᠠᠮᠰᠢᠭ ᠤᠨ ᠪᠠᠶᠢᠳᠠᠯ ᠢ ᠬᠢᠨᠠᠨ ᠪᠠᠶᠢᠴᠠᠭᠠᠬᠤ᠂ ᠬᠤᠬᠢᠷᠠᠯ ᠢ ᠦᠨᠡᠯᠡᠨ ᠵᠢᠱᠢᠬᠦ᠂ ᠭᠠᠮᠰᠢᠭ ᠠᠴᠠ ᠠᠪᠤᠷᠠᠵᠤ ᠪᠡᠯᠡᠭᠯᠡᠨ ᠬᠦᠷᠭᠡᠬᠦ ᠠᠵᠢᠯ ᠢ ᠵᠣᠬᠢᠶᠠᠨ ᠪᠠᠶᠢᠭᠤᠯᠤᠨ ᠵᠢᠯᠣᠭᠤᠳᠴᠤ᠂ ᠲᠥᠪ᠂ ᠥᠪᠡᠷᠲᠡᠭᠡᠨ ᠵᠠᠰᠠᠬᠤ ᠣᠷᠣᠨ᠂ ᠬᠤᠲᠠ᠂ ᠰᠢᠶᠠᠨ ᠤ ᠭᠠᠮᠰᠢᠭ ᠠᠴᠠ ᠠᠪᠤᠷᠠᠬᠤ ᠵᠣᠭᠤᠰ ᠮᠥᠩᠭᠦ ᠡᠳ᠋ ᠪᠣᠳᠠᠰ ᠢ ᠬᠠᠮᠢᠶᠠᠷᠤᠨ ᠬᠤᠪᠢᠶᠠᠷᠢᠯᠠᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠯᠡᠨ᠎ᠡ᠃      ︵ᠠᠷᠪᠠ︶ ᠲᠤᠰ ᠰᠢᠶᠠᠨ ᠤ ᠠᠶᠤᠯᠭᠦᠢ ᠦᠢᠯᠡᠳᠪᠦᠷᠢᠯᠡᠯ ᠤᠨ ᠶᠡᠷᠦᠩᠬᠡᠶᠢᠯᠡᠭᠰᠡᠨ ᠬᠢᠨᠠᠯᠲᠠ ᠬᠠᠮᠢᠶᠠᠷᠤᠯᠲᠠ ᠶᠢᠨ ᠡᠷᠬᠡ ᠲᠤᠰᠢᠶᠠᠯ ᠢ ᠬᠠᠤᠯᠢ ᠶᠣᠰᠣᠭᠠᠷ ᠬᠡᠷᠡᠭᠵᠢᠭᠦᠯᠵᠦ᠂ ᠰᠢᠶᠠᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠪᠣᠯᠤᠨ ᠡᠯ᠎ᠡ ᠰᠢᠶᠠᠩ ᠪᠠᠯᠭᠠᠰᠤᠨ ᠤ ᠠᠶᠤᠯᠭᠦᠢ ᠦᠢᠯᠡᠳᠪᠦᠷᠢᠯᠡᠯ ᠤᠨ ᠠᠵᠢᠯ ᠢ ᠵᠢᠯᠣᠭᠤᠳᠤᠨ ᠬᠢᠨᠠᠯᠲᠠ ᠲᠠᠯᠪᠢᠨ ᠪᠠᠶᠢᠴᠠᠭᠠᠵᠤ᠂ ᠠᠶᠤᠯᠭᠦᠢ ᠦᠢᠯᠡᠳᠪᠦᠷᠢᠯᠡᠯ ᠢ ᠪᠠᠶᠢᠴᠠᠭᠠᠬᠤ᠂ ᠬᠢᠨᠠᠨ ᠰᠢᠯᠭᠠᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃      ︵ᠠᠷᠪᠠᠨ ᠨᠢᠭᠡ︶ ᠱᠠᠲᠤ ᠪᠠ ᠬᠠᠷᠢᠶ᠎ᠠ ᠭᠠᠵᠠᠷ ᠤᠨ ᠵᠠᠷᠴᠢᠮ ᠶᠣᠰᠣᠭᠠᠷ᠂ ᠦᠢᠯᠡᠳᠪᠦᠷᠢ ᠠᠭᠤᠷᠬᠠᠶ ᠠᠷᠠᠯᠵᠢᠶ᠎ᠠ ᠬᠤᠳᠠᠯᠳᠤᠭᠠᠨ ᠤ ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠡ ᠶᠢᠨ ᠠᠶᠤᠯ ᠦᠭᠡᠶ ᠦᠢᠯᠡᠳᠪᠦᠷᠢᠯᠡᠯ ᠤᠨ ᠬᠠᠤᠯᠢ ᠴᠠᠭᠠᠵᠠ ᠬᠠᠤᠯᠢ ᠲᠣᠭᠲᠠᠭᠠᠯ ᠢ ᠲᠤᠤᠱᠯᠠᠭᠤᠯᠤᠨ ᠬᠡᠷᠡᠭᠵᠢᠭᠦᠯᠦᠭᠰᠡᠨ ᠪᠠᠶᠢᠳᠠᠯ ᠵᠢᠴᠢ ᠠᠶᠤᠯ ᠦᠭᠡᠶ ᠦᠢᠯᠡᠳᠪᠦᠷᠢᠯᠡᠯ ᠤᠨ ᠨᠥᠬᠦᠴᠡᠯ ᠪᠣᠯᠤᠨ ᠬᠤᠯᠪᠣᠭᠳᠠᠯ ᠪᠦᠬᠦᠢ ᠲᠥᠬᠦᠭᠡᠷᠦᠮᠵᠢ ︵ᠣᠨᠴᠠ ᠲᠥᠷᠥᠯ ᠤᠨ ᠲᠣᠨᠤᠭ ᠲᠥᠬᠦᠭᠡᠷᠦᠮᠵᠢ ᠡᠭᠦᠨ ᠳᠤ ᠪᠠᠭᠲᠠᠬᠤ ᠦᠭᠡᠶ ᠪᠠᠶᠢᠳᠠᠯ ᠳᠤ ᠬᠠᠤᠯᠢ ᠶᠣᠰᠣᠭᠠᠷ ᠬᠢᠨᠠᠯᠲᠠ ᠲᠠᠯᠪᠢᠵᠤ ᠪᠠᠶᠢᠴᠠᠭᠠᠨ᠎ᠠ᠃︶ ᠮᠠᠲ᠋ᠧᠷᠢᠶᠠᠯ᠂ ᠬᠥᠳᠡᠯᠮᠦᠷᠢ ᠶᠢᠨ ᠬᠠᠮᠠᠭᠠᠯᠠᠯᠲᠠ ᠶᠢᠨ ᠬᠡᠷᠡᠭᠰᠡᠯ ᠤᠨ ᠠᠶᠤᠯ ‍ᠦᠭᠡᠢ ᠦᠢᠯᠡᠳᠪᠦᠷᠢᠯᠡᠯ ᠤᠨ ᠬᠠᠮᠢᠶᠠᠷᠤᠯᠲᠠ ᠶᠢᠨ ᠠᠵᠢᠯ᠃ ᠠᠶᠤᠯᠭᠦᠢ ᠦᠢᠯᠡᠳᠪᠦᠷᠢᠯᠡᠯ ᠤᠨ ᠵᠥᠪᠰᠢᠶᠡᠷᠡᠨ ᠣᠷᠣᠭᠤᠯᠬᠤ ᠲᠦᠷᠢᠮ ᠢ ᠬᠠᠤᠯᠢ ᠶᠣᠰᠣᠭᠠᠷ ᠵᠣᠬᠢᠶᠠᠨ ᠪᠠᠶᠢᠭᠤᠯᠬᠤ ᠶᠢᠨ ᠬᠠᠮᠲᠤ ᠵᠢᠯᠣᠭᠤᠳᠤᠨ ᠬᠢᠨᠠᠯᠲᠠ ᠲᠠᠯᠪᠢᠵᠤ ᠬᠡᠷᠡᠭᠵᠢᠭᠦᠯᠦᠨ᠎ᠡ᠃ ᠪᠦᠬᠦ ᠰᠢᠶᠠᠨ ᠤ ᠠᠶᠤᠯᠲᠠᠢ ᠬᠢᠮᠢ ᠶᠢᠨ ᠪᠣᠳᠠᠰ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠠᠵᠢᠯ ᠪᠣᠯᠤᠨ ᠬᠤᠸᠠᠷ ᠫᠤᠤᠵᠢᠩ ᠤᠨ ᠠᠶᠤᠯᠭᠦᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃      ︵ᠠᠷᠪᠠᠨ ᠬᠤᠶᠠᠷ︶ ᠦᠢᠯᠡᠳᠪᠦᠷᠢᠯᠡᠯ ᠤᠨ ᠠᠮᠤᠷ ᠲᠦᠪᠰᠢᠨ ᠤ ᠠᠳᠡᠯ ᠢ ᠪᠠᠶᠢᠴᠠᠭᠠᠨ ᠰᠢᠢᠳᠪᠤᠷᠢᠯᠡᠬᠦ ᠶᠢ ᠬᠠᠤᠯᠢ ᠶᠣᠰᠣᠭᠠᠷ ᠵᠣᠬᠢᠶᠠᠨ ᠪᠠᠶᠢᠭᠤᠯᠤᠨ ᠵᠢᠯᠣᠭᠤᠳᠴᠤ᠂ ᠠᠳᠡᠯ ᠢ ᠪᠠᠶᠢᠴᠠᠭᠠᠨ ᠰᠢᠢᠳᠪᠤᠷᠢᠯᠡᠭᠰᠡᠨ ᠪᠠ ᠬᠠᠷᠢᠭᠤᠴᠠᠯᠭ᠎ᠠ ᠨᠡᠬᠡᠮᠵᠢᠯᠡᠬᠦ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠬᠢᠨᠠᠯᠲᠠ ᠲᠠᠯᠪᠢᠨ᠎ᠠ᠃ ᠪᠠᠶᠢᠭᠠᠯᠢ ᠶᠢᠨ ᠭᠠᠮᠰᠢᠭ ᠤᠨ ᠲᠥᠷᠥᠯ ᠤᠨ ᠭᠡᠨᠡᠳᠲᠡ ᠶᠢᠨ ᠬᠡᠷᠡᠭ ᠢ ᠪᠠᠶᠢᠴᠠᠭᠠᠨ ᠦᠨᠡᠯᠡᠬᠦ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃      ︵ᠠᠷᠪᠠᠨ ᠭᠤᠷᠪᠠ︶ ᠪᠦᠬᠦ ᠰᠢᠶᠠᠨ ᠤ ᠪᠠᠴᠢᠮ ᠪᠠᠶᠢᠳᠠᠯ ᠢ ᠠᠷᠭᠠᠴᠠᠬᠤ ᠡᠳ᠋ ᠪᠣᠳᠠᠰ ᠤᠨ ᠨᠥᠭᠡᠴᠡ ᠪᠠ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠲᠣᠨᠣᠭᠯᠠᠯ ᠤᠨ ᠲᠥᠯᠥᠪᠵᠢᠭᠦᠯᠭᠡ ᠶᠢ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠰᠢᠶᠠᠨ ᠤ ᠬᠥᠭᠵᠢᠭᠦᠯᠦᠯᠲᠡ ᠥᠭᠡᠷᠡᠴᠢᠯᠡᠯᠲᠡ᠂ ᠡᠳ᠋ ᠤᠨ ᠵᠠᠰᠠᠭ ᠵᠡᠷᠭᠡ ᠰᠠᠯᠠᠭ᠎ᠠ ᠮᠥᠴᠢᠷ ᠲᠠᠢ ᠬᠠᠮᠲᠤᠷᠠᠨ ᠪᠠᠴᠢᠮ ᠪᠠᠶᠢᠳᠠᠯ ᠢ ᠠᠷᠭᠠᠴᠠᠬᠤ ᠡᠳ᠋ ᠪᠣᠳᠠᠰ ᠤᠨ ᠮᠡᠳᠡᠭᠡ ᠵᠠᠩᠭᠢ ᠶᠢᠨ ᠲᠠᠪᠴᠠᠩ ᠪᠠ ᠰᠢᠯᠵᠢᠭᠦᠯᠦᠨ ᠥᠭᠬᠦ ᠳᠦᠷᠢᠮ ᠢ ᠪᠠᠶᠢᠭᠤᠯᠤᠨ ᠪᠦᠷᠢᠨᠰᠢᠭᠦᠯᠵᠦ᠂ ᠭᠠᠮᠰᠢᠭ ᠠᠴᠠ ᠠᠪᠤᠷᠠᠬᠤ ᠦᠶ᠎ᠡ ᠳᠤ ᠨᠢᠭᠡᠳᠦᠯᠲᠡᠶ ᠲᠣᠬᠢᠷᠠᠭᠤᠯᠬᠤ ᠬᠡᠷᠡᠭᠲᠡᠶ᠃      ︵ᠠᠷᠪᠠᠨ ᠳᠥᠷᠪᠡᠳᠦᠭᠡᠷ︶ ᠪᠦᠬᠦ ᠰᠢᠶᠠᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ᠂ ᠠᠶᠤᠯᠭᠦᠢ ᠦᠢᠯᠡᠳᠪᠦᠷᠢᠯᠡᠯ ᠤᠨ ᠤᠬᠠᠭᠤᠯᠭ᠎ᠠ ᠬᠥᠮᠦᠵᠢᠯ ᠪᠣᠯᠤᠨ ᠪᠣᠯᠪᠠᠰᠤᠷᠠᠯ ᠤᠨ ᠠᠵᠢᠯ ᠢ ᠬᠠᠷᠢᠭᠤᠴᠠᠵᠤ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ᠂ ᠠᠶᠤᠯᠭᠦᠢ ᠦᠢᠯᠡᠳᠪᠦᠷᠢᠯᠡᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠤᠳᠤᠯᠭᠠᠨ᠂ ᠳᠡᠯᠭᠡᠷᠡᠭᠦᠯᠦᠨ ᠬᠡᠷᠡᠭᠯᠡᠬᠦ ᠪᠠ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠶᠢᠨ ᠠᠵᠢᠯ ᠢ ᠵᠣᠬᠢᠶᠠᠨ ᠪᠠᠶᠢᠭᠤᠯᠤᠨ ᠵᠢᠯᠣᠭᠤᠳᠤᠨ᠎ᠠ᠃      ︵ᠠᠷᠪᠠᠨ ᠲᠠᠪᠤ︶ ᠰᠢᠶᠠᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠡᠭᠦᠷᠭᠡ ᠶᠢ ᠪᠡᠶᠡᠯᠡᠭᠦᠯᠦᠨ᠎ᠡ᠃      ︵ᠠᠷᠪᠠᠨ ᠵᠢᠷᠭᠤᠭ᠎ᠠ︶ ᠡᠭᠦᠷᠭᠡ ᠴᠢᠳᠠᠪᠤᠷᠢ ᠶᠢ ᠬᠤᠪᠢᠷᠠᠬᠤᠯᠬᠤ᠃ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠲᠤᠰ ᠰᠢᠶᠠᠨ ᠤ ᠪᠠᠴᠢᠮ ᠪᠠᠶᠢᠳᠠᠯ ᠢ ᠠᠷᠭᠠᠴᠠᠬᠤ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠰᠢᠯᠢᠳᠡᠭᠵᠢᠭᠦᠯᠵᠦ᠂ ᠨᠢᠭᠡᠳᠦᠯᠲᠡᠢ ᠲᠥᠯᠥᠪᠵᠢᠭᠦᠯᠵᠦ᠂ ᠨᠢᠭᠡᠳᠦᠯᠲᠡᠢ ᠤᠳᠤᠷᠢᠳᠤᠭᠰᠠᠨ᠂ ᠡᠷᠬᠡ ᠬᠠᠷᠢᠭᠤᠴᠠᠯᠭ᠎ᠠ ᠨᠢᠭᠡᠳᠦᠯᠲᠡᠢ᠂ ᠡᠷᠬᠡ ᠰᠦᠷᠲᠦ ᠥᠨᠳᠥᠷ ᠪᠦᠲᠦᠮᠵᠢᠲᠡᠢ ᠲᠤᠰ ᠰᠢᠶᠠᠨ ᠤ ᠪᠠᠴᠢᠮ ᠪᠠᠶᠢᠳᠠᠯ ᠢ ᠠᠷᠭᠠᠴᠠᠬᠤ ᠴᠢᠳᠠᠪᠤᠷᠢ ᠶᠢᠨ ᠰᠢᠰᠲ᠋ᠧᠮ ᠢ ᠪᠠᠶᠢᠭᠤᠯᠵᠤ᠂ ᠨᠢᠭᠡᠳᠦᠯᠲᠡᠢ ᠵᠢᠯᠣᠭᠤᠳᠤᠭᠰᠠᠨ᠂ ᠲᠤᠰᠬᠠᠢ ᠪᠠ ᠪᠠᠶᠢᠩᠭᠤ ᠬᠤᠣᠰᠯᠠᠭᠰᠠᠨ᠂ ᠲᠤᠰᠬᠠᠯ ᠢᠶᠠᠷ ᠬᠤᠷᠴᠠ ᠰᠡᠷᠭᠡᠭ᠂ ᠳᠡᠭᠡᠳᠦ ᠲᠤᠤᠷᠠᠳᠤ ᠱᠠᠳᠤ ᠪᠠᠷ ᠢᠶᠠᠨ ᠬᠤᠯᠪᠣᠭᠠᠯᠠᠨ ᠬᠥᠳᠡᠯᠦᠯᠴᠡᠭᠰᠡᠨ᠂ ᠡᠩ ᠤᠨ ᠦᠶ᠎ᠡ ᠪᠠ ᠳᠠᠶᠢᠨ ᠤ ᠦᠶ᠎ᠡ ᠶᠢ ᠤᠶᠠᠯᠳᠤᠭᠤᠯᠤᠭᠰᠠᠨ ᠳᠤᠮᠳᠠᠳᠤ ᠤᠯᠤᠰ ᠤᠨ ᠣᠨᠴᠠᠯᠢᠭ ᠲᠠᠢ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠪᠠᠶᠢᠭᠤᠯᠤᠮᠵᠢ ᠶᠢ ᠪᠦᠷᠢᠯᠳᠦᠭᠦᠯᠬᠦ ᠶᠢ ᠠᠬᠢᠭᠤᠯᠬᠤ ᠬᠡᠷᠡᠭᠲᠡᠢ᠃ ᠨᠢᠭᠡ ᠳᠤ ᠰᠡᠷᠭᠡᠶᠢᠯᠡᠬᠦ ᠪᠠᠷ ᠭᠤᠣᠯ ᠪᠣᠯᠭᠠᠬᠤ᠂ ᠰᠡᠷᠭᠡᠶᠢᠯᠡᠬᠦ ᠡᠰᠡᠷᠭᠦᠴᠡᠬᠦ ᠠᠪᠤᠷᠠᠬᠤ ᠶᠢ ᠤᠶᠠᠯᠳᠤᠭᠤᠯᠬᠤ ᠶᠢ ᠪᠠᠷᠢᠮᠲᠠᠯᠠᠵᠤ᠂ ᠬᠡᠪ ᠤᠨ ᠪᠠᠶᠢᠳᠠᠯ ᠢᠶᠠᠷ ᠭᠠᠮᠰᠢᠭ ᠢ ᠪᠠᠭᠠᠰᠬᠠᠬᠤ ᠪᠠ ᠬᠡᠪ ᠤᠨ ᠪᠤᠰᠤ ᠪᠠᠶᠢᠳᠠᠯ ᠢᠶᠠᠷ ᠭᠠᠮᠰᠢᠭ ᠠᠴᠠ ᠠᠪᠤᠷᠠᠬᠤ ᠶᠢ ᠬᠠᠷᠢᠯᠴᠠᠨ ᠨᠢᠭᠡᠳᠬᠡᠬᠦ ᠶᠢ ᠪᠠᠷᠢᠮᠲᠠᠯᠠᠵᠤ᠂ ᠭᠠᠮᠰᠢᠭ ᠤᠨ ᠳᠠᠷᠠᠭ᠎ᠠ ᠠᠪᠤᠷᠠᠨ ᠲᠤᠰᠠᠯᠠᠬᠤ ᠶᠢ ᠴᠢᠬᠤᠯᠠᠴᠢᠯᠠᠵᠤ ᠪᠠᠶᠢᠭᠰᠠᠨ ᠠᠴᠠ ᠭᠠᠮᠰᠢᠭ ᠠᠴᠠ ᠡᠮᠦᠨᠡᠬᠢ ᠤᠷᠢᠳᠴᠢᠯᠠᠨ ᠰᠡᠷᠭᠡᠶᠢᠯᠡᠬᠦ ᠶᠢ ᠴᠢᠬᠤᠯᠠᠴᠢᠯᠠᠬᠤ ᠲᠡᠶᠢᠰᠢ ᠬᠤᠪᠢᠷᠠᠭᠤᠯᠬᠤ᠂ ᠳᠠᠩ ᠭᠠᠭᠴᠠ ᠭᠠᠮᠰᠢᠭ ᠢ ᠠᠷᠭᠠᠴᠠᠭᠠᠬᠤ ᠠᠴᠠ ᠶᠡᠷᠦᠩᠬᠡᠶᠢᠯᠡᠭᠰᠡᠨ ᠭᠠᠮᠰᠢᠭ ᠢ ᠪᠠᠭᠠᠰᠬᠠᠬᠤ ᠲᠡᠶᠢᠰᠢ ᠬᠤᠪᠢᠷᠠᠭᠤᠯᠬᠤ᠂ ᠭᠠᠮᠰᠢᠭ ᠤᠨ ᠬᠤᠬᠢᠷᠠᠯ ᠢ ᠪᠠᠭᠠᠰᠬᠠᠭᠰᠠᠨ ᠠᠴᠠ ᠭᠠᠮᠰᠢᠭ ᠤᠨ ᠲᠦᠭᠰᠢᠭᠦᠷᠢ ᠶᠢ ᠪᠠᠭᠠᠰᠬᠠᠬᠤ ᠲᠡᠶᠢᠰᠢ ᠬᠤᠪᠢᠷᠠᠭᠤᠯᠬᠤ ᠶᠢ ᠴᠢᠷᠮᠠᠶᠢᠨ ᠪᠡᠶᠡᠯᠡᠭᠦᠯᠵᠦ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠬᠢᠷᠢ ᠲᠦᠪᠰᠢᠨ ᠪᠠ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠴᠢᠳᠠᠪᠤᠷᠢ ᠪᠠᠨ ᠳᠡᠭᠡᠭᠰᠢᠯᠡᠭᠦᠯᠵᠦ᠂ ᠬᠦᠨᠳᠦ ᠶᠡᠭᠡ ᠣᠨᠴᠠ ᠶᠡᠭᠡ ᠠᠮᠤᠷ ᠲᠦᠪᠰᠢᠨ ᠤ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠨ᠎ᠠ᠃ ᠬᠤᠶᠠᠷ ᠲᠤ᠂ ᠬᠥᠮᠦᠨ ᠢᠶᠠᠷ ᠦᠨᠳᠦᠰᠦ ᠪᠣᠯᠭᠠᠬᠤ ᠶᠢ ᠪᠠᠷᠢᠮᠲᠠᠯᠠᠵᠤ᠂ ᠠᠷᠠᠳ ᠣᠯᠠᠨ ᠤ ᠠᠮᠢ ᠨᠠᠰᠤᠨ ᠤ ᠠᠮᠤᠷ ᠲᠦᠪᠰᠢᠨ ᠢ ᠦᠨᠡᠨ ᠬᠦ ᠪᠠᠲᠤᠯᠠᠬᠤ ᠶᠢ ᠲᠡᠷᠢᠭᠦᠨ ᠪᠠᠶᠢᠷᠢᠨ ᠳᠤ ᠲᠠᠯᠪᠢᠵᠤ᠂ ᠭᠠᠮᠰᠢᠭᠳᠠᠭᠰᠠᠨ ᠣᠯᠠᠨ ᠲᠦᠮᠡᠨ ᠤ ᠦᠨᠳᠦᠰᠦᠨ ᠠᠮᠢᠳᠤᠷᠠᠯ ᠢ ᠦᠨᠡᠨ ᠬᠦ ᠪᠠᠲᠤᠯᠠᠵᠤ᠂ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ ᠤᠨ ᠰᠣᠷᠢᠯᠲᠠ ᠶᠢ ᠴᠢᠩᠭᠠᠳᠬᠠᠵᠤ᠂ ᠪᠦᠬᠦ ᠠᠷᠠᠳ ᠤᠨ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠦᠵᠡᠯ ᠤᠬᠠᠮᠰᠠᠷ ᠢ ᠴᠢᠩᠭᠠᠳᠬᠠᠵᠤ᠂ ᠤᠯᠠᠨ ᠨᠡᠶᠢᠲᠡ ᠶᠢᠨ ᠮᠡᠳᠡᠯᠭᠡ ᠶᠢ ᠲᠦᠭᠡᠮᠡᠯᠵᠢᠭᠦᠯᠬᠦ ᠪᠠ ᠥᠪᠡᠷ ᠢ ᠪᠠᠨ ᠠᠪᠤᠷᠠᠬᠤ ᠬᠠᠷᠢᠯᠴᠠᠨ ᠠᠪᠤᠷᠠᠬᠤ ᠤᠷ᠎ᠠ ᠴᠢᠳᠠᠪᠤᠷᠢ ᠶᠢ ᠳᠡᠭᠡᠭᠰᠢᠯᠡᠭᠦᠯᠵᠦ᠂ ᠬᠥᠮᠦᠰ ᠤᠨ ᠦᠬᠦᠯ ᠰᠢᠷᠬᠠᠲᠤᠯ ᠪᠠ ᠡᠳ᠋ ᠬᠥᠷᠥᠩᠭᠡ ᠶᠢᠨ ᠬᠤᠬᠢᠷᠠᠯ ᠢ ᠦᠨᠡᠨ ᠬᠦ ᠪᠠᠭᠠᠰᠬᠠᠬᠤ ᠬᠡᠷᠡᠭᠲᠡᠶ᠃ ᠭᠤᠷᠪᠠ ᠳᠤ᠂ ᠠᠮᠤᠷ ᠲᠦᠪᠰᠢᠨ ᠬᠥᠭᠵᠢᠯᠲᠡ ᠶᠢᠨ ᠤᠢᠢᠯᠠᠭᠠᠭᠳᠠᠬᠤᠨ ᠢ ᠪᠤᠢ ᠪᠣᠯᠭᠠᠵᠤ᠂ ᠠᠮᠢ ᠨᠠᠰᠤ ᠶᠢ ᠳᠡᠭᠡᠳᠦᠯᠡᠬᠦ᠂ ᠠᠮᠤᠷ ᠲᠦᠪᠰᠢᠨ ᠢ ᠲᠡᠷᠢᠭᠦᠨ ᠳᠤ ᠲᠠᠯᠪᠢᠬᠤ ᠶᠢ ᠪᠠᠷᠢᠮᠲᠠᠯᠠᠵᠤ᠂ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠲᠦᠷᠢᠮ ᠢ ᠲᠡᠭᠦᠯᠳᠡᠷᠵᠢᠭᠦᠯᠵᠦ᠂ ᠬᠦᠨᠳᠦ ᠶᠡᠭᠡ ᠣᠨᠴᠠ ᠶᠡᠭᠡ ᠠᠮᠤᠷ ᠲᠦᠪᠰᠢᠨ ᠤ ᠠᠳᠡᠯ ᠢ ᠡᠷᠡᠰ ᠬᠤᠷᠢᠭᠯᠠᠬᠤ ᠬᠡᠷᠡᠭᠲᠡᠢ᠃ ᠳᠥᠷᠪᠡ ᠳᠤ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠠᠮᠢᠶ᠎ᠠ ᠪᠥᠬᠦᠶ ᠬᠠᠤᠯᠢ ᠴᠠᠭᠠᠵᠠ᠂ ᠬᠠᠤᠯᠢ ᠲᠣᠭᠲᠠᠭᠠᠯ ᠢ ᠪᠥᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠠᠮᠢ ᠠᠬᠤᠶ ᠣᠷᠴᠢᠨ ᠲᠣᠭᠤᠷᠢᠨ ᠤ ᠰᠠᠯᠠᠭ᠎ᠠ ᠮᠥᠴᠢᠷ ᠲᠠᠢ ᠬᠠᠮᠵᠢᠯᠴᠠᠨ ᠬᠠᠮᠢᠶ᠎ᠠ ᠪᠥᠬᠦᠶ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠢ ᠰᠠᠶᠢᠲᠤᠷ ᠬᠢᠨ᠎ᠠ᠃          ︵ᠠᠷᠪᠠᠨ ᠳᠣᠯᠤᠭ᠎ᠠ︶ ᠬᠤᠯᠪᠣᠭᠳᠠᠯ ᠪᠦᠬᠦᠢ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ᠃ 1. ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠤᠰᠤᠨ ᠠᠰᠢᠭᠯᠠᠯᠲᠠ ᠶᠢᠨ ᠲᠣᠪᠴᠢᠶ᠎ᠠ᠂ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠵᠡᠷᠭᠡ ᠰᠠᠯᠠᠭ᠎ᠠ ᠮᠥᠴᠢᠷ ᠯᠦᠭᠡ ᠪᠠᠶᠢᠭᠠᠯᠢ ᠶᠢᠨ ᠭᠠᠮᠰᠢᠭ ᠢ ᠰᠡᠷᠭᠡᠶᠢᠯᠡᠨ ᠠᠪᠤᠷᠠᠬᠤ ᠲᠠᠯ᠎ᠠ ᠪᠠᠷ ᠬᠢ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ᠃ ︵1︶ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠨᠢ ᠰᠢᠶᠠᠨ ᠤ ᠱᠠᠲᠤᠨ ᠤ ᠪᠠᠴᠢᠮ ᠪᠠᠶᠢᠳᠠᠯ ᠢ ᠠᠷᠭᠠᠴᠠᠬᠤ ᠶᠡᠷᠦᠩᠬᠡᠶ ᠪᠡᠯᠡᠳᠬᠡᠯ ᠲᠥᠰᠦᠯ ᠪᠣᠯᠤᠨ ᠠᠶᠤᠯ ᠦᠭᠡᠶ ᠦᠢᠯᠡᠳᠪᠦᠷᠢᠯᠡᠯ ᠤᠨ ᠲᠥᠷᠥᠯ᠂ ᠪᠠᠶᠢᠭᠠᠯᠢ ᠶᠢᠨ ᠭᠠᠮᠰᠢᠭ ᠤᠨ ᠲᠥᠷᠥᠯ ᠤᠨ ᠲᠤᠰᠬᠠᠶ ᠵᠦᠢᠯ ᠤᠨ ᠪᠡᠯᠡᠳᠬᠡᠯ ᠲᠥᠰᠦᠯ ᠢ ᠵᠣᠬᠢᠶᠠᠨ ᠪᠠᠶᠢᠭᠤᠯᠤᠨ ᠨᠠᠶᠢᠷᠠᠭᠤᠯᠤᠨ ᠵᠣᠬᠢᠶᠠᠬᠤ ᠶᠢ ᠬᠠᠷᠢᠭᠤᠴᠠᠵᠤ᠂ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠢ ᠵᠣᠯᠭᠠᠭᠤᠯᠬᠤ ᠠᠵᠢᠯ ᠢ ᠶᠡᠷᠦᠩᠬᠡᠶᠢᠯᠡᠨ ᠵᠣᠬᠢᠴᠠᠭᠤᠯᠵᠤ᠂ ᠬᠠᠮᠢᠶ᠎ᠠ ᠪᠦᠬᠦᠢ ᠪᠡᠯᠡᠳᠬᠡᠯ ᠲᠥᠰᠦᠯ ᠤᠨ ᠰᠣᠷᠢᠯᠲᠠ ᠶᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ ᠱᠠᠲᠤ ᠬᠤᠪᠢᠶᠠᠨ ᠬᠠᠷᠢᠭᠤᠴᠠᠬᠤ ᠵᠠᠷᠴᠢᠮ ᠶᠣᠰᠣᠭᠠᠷ᠂ ᠪᠠᠶᠢᠭᠠᠯᠢ ᠶᠢᠨ ᠭᠠᠮᠰᠢᠭ ᠤᠨ ᠲᠥᠷᠥᠯ ᠤᠨ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠶᠢ ᠵᠣᠬᠢᠶᠠᠨ ᠪᠠᠶᠢᠭᠤᠯᠤᠨ ᠵᠢᠯᠣᠭᠤᠳᠴᠤ ᠵᠣᠬᠢᠴᠠᠭᠤᠯᠤᠨ᠎ᠠ︔ ᠬᠦᠨᠳᠦ ᠶᠡᠭᠡ ᠭᠠᠮᠰᠢᠭ ᠤᠨ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠠᠵᠢᠯ ᠢ ᠵᠣᠬᠢᠶᠠᠨ ᠪᠠᠶᠢᠭᠤᠯᠤᠨ ᠵᠣᠬᠢᠴᠠᠭᠤᠯᠬᠤ ᠶᠢᠨ ᠬᠠᠮᠲᠤ ᠡᠷᠬᠡ ᠶᠢᠨ ᠬᠢᠵᠠᠭᠠᠷ ᠶᠣᠰᠣᠭᠠᠷ ᠲᠣᠭᠲᠠᠭᠠᠯ ᠭᠠᠷᠭᠠᠨ᠎ᠠ︔ ᠬᠦᠨᠳᠦ ᠶᠡᠭᠡ ᠭᠠᠮᠰᠢᠭ ᠢ ᠠᠷᠭᠠᠴᠠᠬᠤ ᠵᠢᠯᠣᠭᠤᠳᠬᠤ ᠭᠠᠵᠠᠷ ᠤᠨ ᠠᠵᠢᠯ ᠢ ᠡᠭᠦᠷᠭᠡᠯᠡᠵᠦ᠂ ᠤᠯᠤᠰ᠂ ᠥᠪᠡᠷᠲᠡᠭᠡᠨ ᠵᠠᠰᠠᠬᠤ ᠣᠷᠣᠨ᠂ ᠬᠤᠲᠠ ᠪᠠ ᠰᠢᠶᠠᠨ ᠤ ᠨᠠᠮ ᠤᠨ ᠬᠤᠷᠢᠶ᠎ᠠ᠂ ᠰᠢᠶᠠᠨ ᠤ ᠵᠠᠰᠠᠭ ᠤᠨ ᠣᠷᠳᠣᠨ ᠤ ᠵᠢᠭᠠᠨ ᠲᠣᠭᠲᠠᠭᠠᠭᠰᠠᠨ ᠬᠠᠷᠢᠭᠤᠴᠠᠯᠭᠠᠲᠠᠨ ᠢ ᠬᠠᠮᠵᠢᠨ ᠭᠠᠮᠰᠢᠭ ᠤᠨ ᠪᠠᠴᠢᠮ ᠪᠠᠶᠢᠳᠠᠯ ᠢ ᠠᠷᠭᠠᠴᠠᠵᠤ ᠰᠢᠢᠳᠪᠦᠷᠢᠯᠡᠬᠦ ᠠᠵᠢᠯ ᠢ ᠵᠣᠬᠢᠶᠠᠨ ᠪᠠᠶᠢᠭᠤᠯᠤᠨ᠎ᠠ᠃ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠶᠡᠷᠦᠩᠬᠡᠶᠢᠯᠡᠭᠰᠡᠨ ᠲᠥᠯᠥᠪᠵᠢᠭᠦᠯᠭᠡ ᠶᠢ ᠵᠣᠬᠢᠶᠠᠨ ᠪᠠᠶᠢᠭᠤᠯᠤᠨ ᠨᠠᠶᠢᠷᠠᠭᠤᠯᠤᠨ ᠵᠣᠬᠢᠶᠠᠵᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠤᠢ ᠰᠢᠭᠤᠢ ᠪᠠ ᠨᠤᠲᠤᠭ ᠪᠡᠯᠴᠢᠭᠡᠷ ᠤᠨ ᠭᠠᠯ ᠤᠨ ᠠᠶᠤᠯ᠂ ᠦᠶᠡᠷ ᠤᠰᠤᠳᠤᠯ ᠤᠨ ᠭᠠᠮᠰᠢᠭ᠂ ᠭᠠᠵᠠᠷ ᠬᠥᠳᠡᠯᠦᠯᠲᠡ ᠪᠠ ᠭᠠᠵᠠᠷ ᠤᠨ ᠭᠠᠮᠰᠢᠭ ᠵᠡᠷᠭᠡ ᠰᠡᠷᠭᠡᠶᠢᠯᠡᠨ ᠵᠠᠰᠠᠬᠤ ᠠᠵᠢᠯ ᠢ ᠵᠣᠬᠢᠴᠠᠭᠤᠯᠤᠨ ᠵᠢᠯᠣᠭᠤᠳᠤᠨ᠎ᠠ︔ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠤᠰᠤᠨ ᠠᠰᠢᠭᠯᠠᠯᠲᠠ ᠶᠢᠨ ᠲᠣᠪᠴᠢᠶ᠎ᠠ᠂ ᠴᠠᠭ ᠠᠭᠤᠷ ᠤᠨ ᠲᠣᠪᠴᠢᠶ᠎ᠠ᠂ ᠤᠢ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠵᠡᠷᠭᠡ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠨᠢᠭᠡᠳᠦᠯᠲᠡᠶ ᠮᠡᠳᠡᠭᠡ ᠵᠠᠩᠭᠢ ᠶᠢᠨ ᠲᠠᠪᠴᠠᠩ ᠢ ᠪᠠᠶᠢᠭᠤᠯᠵᠤ᠂ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠪᠠ ᠭᠠᠮᠰᠢᠭ ᠤᠨ ᠪᠠᠶᠢᠳᠠᠯ ᠢ ᠮᠡᠳᠡᠭᠦᠯᠬᠦ ᠳᠦᠷᠢᠮ ᠢ ᠪᠠᠶᠢᠭᠤᠯᠵᠤ᠂ ᠪᠠᠶᠢᠭᠠᠯᠢ ᠶᠢᠨ ᠭᠠᠮᠰᠢᠭ ᠤᠨ ᠮᠡᠳᠡᠭᠡ ᠵᠠᠩᠭᠢ ᠶᠢᠨ ᠡᠬᠢ ᠪᠠᠶᠠᠯᠢᠭ ᠢ ᠣᠯᠬᠤ ᠪᠠ ᠬᠠᠮᠲᠤᠪᠠᠷ ᠡᠳ᠋ᠯᠡᠬᠦ ᠲᠣᠭᠲᠠᠴᠠ ᠶᠢ ᠪᠦᠷᠢᠨᠰᠢᠭᠦᠯᠵᠦ᠂ ᠭᠠᠮᠰᠢᠭ ᠤᠨ ᠪᠠᠶᠢᠳᠠᠯ ᠵᠢᠴᠢ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠭᠰᠠᠨ ᠪᠠᠶᠢᠳᠠᠯ ᠢ ᠬᠠᠤᠯᠢ ᠶᠣᠰᠣᠭᠠᠷ ᠨᠡᠶᠢᠲᠡᠯᠡᠨ᠎ᠡ᠃ ᠣᠯᠠᠨ ᠵᠤᠶᠢᠯ ᠤᠨ ᠪᠠ ᠭᠠᠮᠰᠢᠭ ᠤᠨ ᠬᠡᠯᠬᠢᠶ᠎ᠡ ᠶᠢ ᠶᠡᠷᠦᠩᠬᠡᠶᠢᠯᠡᠨ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠠᠵᠢᠯ ᠢ ᠥᠷᠨᠢᠭᠦᠯᠵᠦ᠂ ᠪᠠᠶᠢᠭᠠᠯᠢ ᠶᠢᠨ ᠭᠠᠮᠰᠢᠭ ᠤᠨ ᠶᠡᠷᠦᠩᠬᠡᠶᠢᠯᠡᠭᠰᠡᠨ ᠠᠶᠤᠯ ᠲᠦᠭᠰᠢᠭᠦᠷᠢ ᠶᠢ ᠦᠨᠡᠯᠡᠨ ᠵᠢᠱᠢᠬᠦ ᠠᠵᠢᠯ ᠢ ᠵᠢᠯᠣᠭᠤᠳᠤᠨ ᠥᠷᠨᠢᠭᠦᠯᠦᠨ᠎ᠡ᠃ ᠡᠷᠬᠡ ᠣᠯᠭᠤᠭᠰᠠᠨ ᠶᠣᠰᠣᠭᠠᠷ ᠣᠶ ᠰᠢᠭᠤᠶ ᠪᠠ ᠨᠤᠲᠤᠭ ᠪᠡᠯᠴᠢᠭᠡᠷ ᠤᠨ ᠭᠠᠯ ᠲᠦᠢᠮᠡᠷ ᠤᠨ ᠪᠠᠶᠢᠳᠠᠯ ᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠪᠠ ᠭᠠᠯ ᠤᠨ ᠠᠶᠤᠯ ᠤᠨ ᠲᠦᠭᠰᠢᠭᠦᠷᠢ᠂ ᠭᠠᠯ ᠤᠨ ᠠᠶᠤᠯ ᠤᠨ ᠮᠡᠳᠡᠭᠡ ᠵᠠᠩᠭᠢ ᠶᠢ ᠨᠡᠶᠢᠲᠡᠯᠡᠬᠦ ᠠᠵᠢᠯ ᠢ ᠬᠠᠷᠢᠭᠤᠴᠠᠨ᠎ᠠ᠃ ︵2︶ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠶᠡᠷᠦᠩᠬᠡᠶᠢᠯᠡᠭᠰᠡᠨ ᠲᠥᠯᠥᠪᠵᠢᠭᠦᠯᠭᠡ ᠶᠢᠨ ᠬᠠᠮᠢᠶ᠎ᠠ ᠪᠥᠬᠦᠶ ᠱᠠᠭᠠᠷᠳᠠᠯᠭ᠎ᠠ ᠶᠢ ᠨᠠᠶᠢᠳᠠᠪᠤᠷᠢᠵᠢᠭᠤᠯᠬᠤ ᠶᠢ ᠬᠠᠷᠢᠭᠤᠴᠠᠨ ᠠᠳᠬᠤᠨ᠎ᠠ︔ ᠭᠠᠵᠠᠷ ᠰᠢᠨᠵᠢᠯᠡᠭᠡᠨ ᠤ ᠭᠠᠮᠰᠢᠭ ᠢ ᠪᠠᠶᠢᠴᠠᠭᠠᠵᠤ ᠦᠨᠡᠯᠡᠬᠦ ᠵᠢᠴᠢ ᠳᠠᠯᠳᠠ ᠭᠡᠮ ᠢ ᠨᠡᠶᠢᠳᠡᠮ ᠪᠠᠶᠢᠴᠠᠭᠠᠬᠤ᠂ ᠨᠠᠷᠢᠨ ᠪᠠᠶᠢᠴᠠᠭᠠᠬᠤ᠂ ᠵᠢᠭᠰᠠᠭᠠᠨ ᠪᠠᠶᠢᠴᠠᠭᠠᠬᠤ ᠶᠢ ᠵᠣᠬᠢᠶᠠᠨ ᠪᠠᠶᠢᠭᠤᠯᠤᠨ ᠵᠢᠯᠣᠭᠤᠳᠬᠤ ᠪᠠ ᠬᠢᠨᠠᠯᠲᠠ ᠲᠠᠯᠪᠢᠨ᠎ᠠ︔ ᠤᠯᠠᠨ ᠢᠶᠠᠷ ᠢᠶᠠᠨ ᠬᠡᠮᠵᠢᠵᠦ ᠤᠯᠠᠨ ᠢᠶᠠᠷ ᠢᠶᠠᠨ ᠰᠡᠷᠭᠡᠶᠢᠯᠡᠬᠦ᠂ ᠲᠤᠰᠬᠠᠢ ᠬᠢᠨᠠᠨ ᠬᠡᠮᠵᠢᠬᠦ ᠪᠠ ᠤᠷᠢᠳᠴᠢᠯᠠᠨ ᠮᠡᠳᠡᠭᠡᠯᠡᠵᠦ ᠤᠷᠢᠳᠴᠢᠯᠠᠨ ᠰᠡᠷᠡᠮᠵᠢᠯᠡᠭᠦᠯᠬᠦ ᠵᠡᠷᠭᠡ ᠠᠵᠢᠯ ᠢ ᠵᠢᠯᠣᠭᠤᠳᠤᠨ ᠥᠷᠨᠢᠭᠦᠯᠦᠨ᠎ᠡ︔ ᠭᠠᠵᠠᠷ ᠰᠢᠨᠵᠢᠯᠡᠭᠡᠨ ᠤ ᠭᠠᠮᠰᠢᠭ ᠤᠨ ᠪᠠᠷᠢᠯᠭ᠎ᠠ ᠶᠢ ᠵᠠᠰᠠᠬᠤ ᠠᠵᠢᠯ ᠢ ᠵᠢᠯᠣᠭᠤᠳᠤᠨ ᠥᠷᠨᠢᠭᠦᠯᠦᠨ᠎ᠡ︔ ᠭᠠᠵᠠᠷ ᠰᠢᠨᠵᠢᠯᠡᠭᠡᠨ ᠤ ᠭᠠᠮᠰᠢᠭ ᠤᠨ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠮᠡᠷᠭᠡᠵᠢᠯ ᠤᠨ ᠲᠤᠯᠭᠠᠭᠤᠷᠢᠯᠠᠬᠤ ᠠᠵᠢᠯ ᠢ ᠡᠭᠦᠷᠭᠡᠯᠡᠨ᠎ᠡ᠃ ︵3︶ ᠤᠰᠤᠨ ᠠᠰᠢᠭᠯᠠᠯᠲᠠ ᠶᠢᠨ ᠲᠣᠪᠴᠢᠶ᠎ᠠ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠶᠡᠷᠦᠩᠬᠡᠶᠢᠯᠡᠭᠰᠡᠨ ᠲᠥᠯᠥᠪᠵᠢᠭᠦᠯᠭᠡ ᠶᠢᠨ ᠬᠠᠮᠢᠶ᠎ᠠ ᠪᠦᠬᠦᠢ ᠱᠠᠭᠠᠷᠳᠠᠯᠭ᠎ᠠ ᠶᠢ ᠬᠠᠷᠢᠭᠤᠴᠠᠨ ᠨᠠᠶᠢᠳᠠᠪᠤᠷᠢᠵᠢᠭᠤᠯᠤᠨ᠎ᠠ︔ ᠤᠰᠤᠨ ᠤ ᠪᠠᠶᠢᠳᠠᠯ ᠭᠠᠩ ᠬᠠᠭᠰᠠᠷᠠᠭᠠᠨ ᠤ ᠪᠠᠶᠢᠳᠠᠯ ᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠠᠵᠢᠯ ᠢ ᠡᠭᠦᠷᠭᠡᠯᠡᠨ᠎ᠡ︔ ᠴᠢᠬᠤᠯᠠ ᠭᠤᠣᠯ ᠮᠥᠷᠡᠨ ᠨᠠᠭᠤᠷ ᠴᠥᠭᠦᠷᠥᠮ ᠪᠣᠯᠤᠨ ᠴᠢᠬᠤᠯᠠ ᠤᠰᠤᠨ ᠤ ᠢᠨᠵᠧᠨᠧᠷᠢᠩ ᠤᠨ ᠦᠶᠡᠷ ᠤᠨ ᠭᠠᠮᠰᠢᠭ ᠢ ᠰᠡᠷᠭᠡᠶᠢᠯᠡᠵᠦ ᠭᠠᠩ ᠬᠠᠭᠰᠠᠷᠠᠭᠠᠨ ᠢ ᠡᠰᠡᠷᠭᠦᠴᠡᠬᠦ ᠲᠣᠬᠢᠷᠠᠭᠤᠯᠤᠯᠲᠠ ᠪᠠ ᠪᠠᠴᠢᠮ ᠪᠠᠶᠢᠳᠠᠯ ᠢ ᠠᠷᠭᠠᠴᠠᠬᠤ ᠤᠰᠤᠨ ᠤ ᠬᠡᠮᠵᠢᠶ᠎ᠡ ᠶᠢ ᠲᠣᠬᠢᠷᠠᠭᠤᠯᠬᠤ ᠲᠥᠰᠦᠯ ᠢ ᠵᠣᠬᠢᠶᠠᠨ ᠪᠠᠶᠢᠭᠤᠯᠤᠨ ᠨᠠᠶᠢᠷᠠᠭᠤᠯᠤᠨ ᠵᠣᠬᠢᠶᠠᠵᠤ᠂ ᠳᠡᠰ ᠳᠠᠷᠠᠭᠠᠯᠠᠯ ᠶᠣᠰᠣᠭᠠᠷ ᠮᠡᠳᠡᠭᠦᠯᠦᠨ ᠵᠥᠪᠰᠢᠶᠡᠷᠡᠭᠦᠯᠬᠦ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ︔ ᠦᠶᠡᠷ ᠤᠨ ᠭᠠᠮᠰᠢᠭ ᠤᠨ ᠪᠠᠴᠢᠮ ᠪᠠᠶᠢᠳᠠᠯ ᠢ ᠠᠷᠭᠠᠴᠠᠵᠤ ᠠᠶᠤᠯ ᠠᠴᠠ ᠠᠪᠤᠷᠠᠬᠤ ᠮᠡᠷᠭᠡᠵᠢᠯ ᠤᠨ ᠲᠤᠯᠭᠠᠭᠤᠷᠢᠯᠠᠬᠤ ᠠᠵᠢᠯ ᠢ ᠡᠭᠦᠷᠭᠡᠯᠡᠨ᠎ᠡ᠃ ︵4︶ ᠡᠯ᠎ᠡ ᠱᠠᠲᠤᠨ ᠤ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠵᠢᠯᠣᠭᠤᠳᠬᠤ ᠪᠠᠶᠢᠭᠤᠯᠤᠮᠵᠢ ᠨᠢ ᠰᠢᠶᠠᠨ ᠤ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠵᠢᠯᠣᠭᠤᠳᠬᠤ ᠭᠠᠵᠠᠷ ᠵᠢᠴᠢ ᠤᠰᠤᠨ ᠠᠰᠢᠭᠯᠠᠯᠲᠠ ᠶᠢᠨ ᠲᠣᠪᠴᠢᠶᠠᠨ ᠤ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠬᠤᠯᠪᠣᠭᠳᠠᠯ ᠪᠦᠬᠦᠢ ᠱᠠᠭᠠᠷᠳᠠᠯᠭ᠎ᠠ ᠶᠢ ᠬᠠᠷᠢᠭᠤᠴᠠᠨ ᠨᠠᠶᠢᠳᠠᠪᠤᠷᠢᠵᠢᠭᠤᠯᠵᠤ᠂ ᠰᠢᠶᠠᠨ ᠤ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠵᠢᠯᠣᠭᠤᠳᠬᠤ ᠭᠠᠵᠠᠷ ᠤᠨ ᠵᠠᠷᠯᠢᠭ ᠢ ᠬᠡᠷᠡᠭᠵᠢᠭᠦᠯᠦᠨ᠎ᠡ᠃ ︵5︶ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠨᠢ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠶᠡᠷᠦᠩᠬᠡᠶᠢᠯᠡᠭᠰᠡᠨ ᠲᠥᠯᠥᠪᠵᠢᠭᠦᠯᠭᠡ ᠶᠢᠨ ᠬᠠᠮᠢᠶ᠎ᠠ ᠪᠥᠬᠦᠶ ᠱᠠᠭᠠᠷᠳᠠᠯᠭ᠎ᠠ ᠶᠢ ᠨᠠᠶᠢᠳᠠᠪᠤᠷᠢᠵᠢᠭᠤᠯᠬᠤ ᠶᠢ ᠬᠠᠷᠢᠭᠤᠴᠠᠨ᠎ᠠ︔ ᠣᠶ ᠰᠢᠭᠤᠶ ᠪᠠ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠤᠬᠠᠭᠤᠯᠭ᠎ᠠ ᠬᠥᠮᠦᠵᠢᠯ᠂ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ᠂ ᠰᠢᠮᠳᠠᠭᠤᠯᠤᠨ ᠪᠠᠶᠢᠴᠠᠭᠠᠬᠤ ᠵᠡᠷᠭᠡ ᠠᠵᠢᠯ ᠢ ᠵᠣᠬᠢᠶᠠᠨ ᠪᠠᠶᠢᠭᠤᠯᠤᠨ ᠵᠢᠯᠣᠭᠤᠳᠤᠨ᠎ᠠ᠃ ᠭᠠᠯ ᠰᠡᠷᠭᠡᠶᠢᠯᠡᠬᠦ ᠲᠣᠭᠤᠷᠢᠨ ᠬᠠᠮᠠᠭᠠᠯᠠᠬᠤ᠂ ᠭᠠᠯ ᠤᠨ ᠢᠷᠡᠯᠲᠡ ᠶᠢᠨ ᠬᠠᠮᠢᠶᠠᠷᠤᠯᠲᠠ᠂ ᠭᠠᠯ ᠰᠡᠷᠭᠡᠶᠢᠯᠡᠬᠦ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠵᠢᠴᠢ ᠣᠶ ᠰᠢᠭᠤᠶ ᠨᠤᠲᠤᠭ ᠪᠡᠯᠴᠢᠭᠡᠷ ᠤᠨ ᠭᠠᠯ ᠤᠨ ᠠᠶᠤᠯ ᠤᠨ ᠡᠬᠢᠨ ᠤ ᠬᠤᠭᠤᠴᠠᠭᠠᠨ ᠤ ᠪᠠᠴᠢᠮ ᠪᠠᠶᠢᠳᠠᠯ ᠢ ᠠᠷᠭᠠᠴᠠᠭᠠᠨ ᠰᠢᠢᠳᠪᠤᠷᠢᠯᠡᠬᠦ ᠵᠡᠷᠭᠡ ᠠᠵᠢᠯ ᠢ ᠵᠢᠯᠣᠭᠤᠳᠤᠨ ᠥᠷᠨᠢᠭᠦᠯᠦᠨ᠎ᠡ᠃ ︵6︶ ᠪᠣᠳᠠᠲᠤ ᠪᠠᠶᠢᠳᠠᠯ ᠢ ᠦᠨᠳᠦᠰᠦᠯᠡᠨ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠤᠰᠤᠨ ᠠᠰᠢᠭᠯᠠᠯᠲᠠ ᠶᠢᠨ ᠲᠣᠪᠴᠢᠶ᠎ᠠ᠂ ᠣᠢ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠵᠡᠷᠭᠡ ᠰᠠᠯᠠᠭ᠎ᠠ ᠮᠥᠴᠢᠷ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠶᠢ ᠤᠷᠢᠵᠤ᠂ ᠰᠢᠶᠠᠨ ᠤ ᠪᠠᠴᠢᠮ ᠪᠠᠶᠢᠳᠠᠯ ᠢ ᠠᠷᠭᠠᠴᠠᠬᠤ ᠵᠢᠯᠣᠭᠤᠳᠬᠤ ᠪᠠᠶᠢᠭᠤᠯᠤᠮᠵᠢ ᠶᠢᠨ ᠨᠡᠷ᠎ᠡ ᠪᠠᠷ ᠰᠡᠷᠭᠡᠶᠢᠯᠡᠨ ᠵᠠᠰᠠᠬᠤ ᠠᠵᠢᠯ ᠢ ᠪᠠᠶᠢᠷᠢᠯᠠᠭᠤᠯᠵᠤ ᠪᠣᠯᠤᠨ᠎ᠠ᠃       2. ᠰᠢᠶᠠᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠲᠣᠪᠴᠢᠶ᠎ᠠ ᠯᠤᠭ᠎ᠠ ᠭᠠᠮᠰᠢᠭ ᠠᠴᠠ ᠠᠪᠤᠷᠠᠬᠤ ᠡᠳ᠋ ᠪᠠᠷᠠᠭ᠎ᠠ ᠨᠥᠭᠡᠴᠡᠯᠡᠬᠦ ᠲᠠᠯ᠎ᠠ ᠪᠠᠷ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ᠃ ︵1︶ ᠰᠢᠶᠠᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠠᠴᠠ ᠰᠢᠶᠠᠨ ᠤ ᠱᠠᠲᠤᠨ ᠤ ᠭᠠᠮᠰᠢᠭ ᠠᠴᠠ ᠠᠪᠤᠷᠠᠬᠤ ᠡᠳ᠋ ᠪᠣᠳᠠᠰ ᠤᠨ ᠨᠥᠭᠡᠴᠡᠯᠡᠯᠲᠡ ᠶᠢᠨ ᠬᠡᠷᠡᠭᠴᠡᠭᠡ ᠱᠠᠭᠠᠷᠳᠠᠯᠭ᠎ᠠ ᠪᠠ ᠬᠥᠳᠡᠯᠭᠡᠨ ᠬᠡᠷᠡᠭᠯᠡᠬᠦ ᠰᠢᠢᠳᠪᠦᠷᠢᠲᠦ ᠪᠣᠳᠣᠯᠭ᠎ᠠ ᠶᠢ ᠬᠠᠷᠢᠭᠤᠴᠠᠨ ᠳᠤᠷᠠᠳᠴᠤ᠂ ᠰᠢᠶᠠᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠲᠣᠪᠴᠢᠶ᠎ᠠ ᠵᠡᠷᠭᠡ ᠰᠠᠯᠠᠭ᠎ᠠ ᠮᠥᠴᠢᠷ ᠲᠠᠢ ᠬᠠᠮᠲᠤᠷᠠᠨ ᠣᠨ ᠤ ᠬᠤᠳᠠᠯᠳᠤᠨ ᠠᠪᠬᠤ ᠲᠥᠯᠥᠪᠯᠡᠭᠡ ᠶᠢ ᠲᠣᠭᠲᠠᠭᠠᠵᠤ᠂ ᠬᠡᠷᠡᠭᠴᠡᠭᠡ ᠪᠠᠨ ᠦᠨᠳᠦᠰᠦᠯᠡᠨ ᠬᠥᠳᠡᠯᠭᠡᠨ ᠬᠡᠷᠡᠭᠯᠡᠬᠦ ᠵᠠᠷᠯᠢᠭ ᠪᠠᠭᠤᠯᠭᠠᠨ᠎ᠠ᠃ ︵2︶ ᠰᠢᠶᠠᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠲᠣᠪᠴᠢᠶ᠎ᠠ ᠨᠢ ᠰᠢᠶᠠᠨ ᠤ ᠱᠠᠲᠤᠨ ᠤ ᠭᠠᠮᠰᠢᠭ ᠠᠴᠠ ᠠᠪᠤᠷᠠᠬᠤ ᠡᠳ᠋ ᠪᠠᠷᠠᠭ᠎ᠠ ᠨᠥᠭᠡᠴᠡᠯᠡᠬᠦ ᠲᠥᠯᠥᠪᠵᠢᠭᠦᠯᠭᠡ᠂ ᠲᠥᠷᠥᠯ ᠵᠦᠢᠯ ᠤᠨ ᠭᠠᠷᠴᠠᠭ ᠪᠠ ᠪᠠᠷᠢᠮᠵᠢᠶ᠎ᠠ᠂ ᠣᠨ ᠤ ᠬᠤᠳᠠᠯᠳᠤᠨ ᠠᠪᠬᠤ ᠲᠥᠯᠥᠪᠯᠡᠭᠡ ᠶᠢ ᠦᠨᠳᠦᠰᠦᠯᠡᠨ᠂ ᠰᠢᠶᠠᠨ ᠤ ᠱᠠᠲᠤᠨ ᠤ ᠭᠠᠮᠰᠢᠭ ᠠᠴᠠ ᠠᠪᠤᠷᠠᠬᠤ ᠡᠳ᠋ ᠪᠠᠷᠠᠭ᠎ᠠ ᠬᠤᠳᠠᠯᠳᠤᠨ ᠠᠪᠴᠤ ᠨᠥᠭᠡᠴᠡᠯᠡᠬᠦ ᠶᠢ ᠬᠠᠷᠢᠭᠤᠴᠠᠵᠤ᠂ ᠡᠭᠡᠯᠵᠢᠯᠡᠭᠦᠯᠬᠦ ᠪᠠ ᠡᠳᠦᠷ ᠲᠤᠲᠤᠮ ᠤᠨ ᠬᠠᠮᠢᠶᠠᠷᠤᠯᠲᠠ ᠶᠢ ᠬᠠᠷᠢᠭᠤᠴᠠᠵᠤ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠶᠢᠨ ᠬᠥᠳᠡᠯᠭᠡᠨ ᠬᠡᠷᠡᠭᠯᠡᠬᠦ ᠵᠠᠷᠯᠢᠭ ᠢ ᠦᠨᠳᠦᠰᠦᠯᠡᠨ ᠳᠡᠰ ᠳᠠᠷᠠᠭᠠᠯᠠᠯ ᠤᠨ ᠶᠣᠰᠣᠭᠠᠷ ᠵᠣᠬᠢᠶᠠᠨ ᠪᠠᠶᠢᠭᠤᠯᠤᠨ ᠰᠢᠯᠵᠢᠭᠦᠯᠦᠨ ᠭᠠᠷᠭᠠᠨ᠎ᠠ᠃ 3᠂ ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠲᠠᠢ ᠬᠤᠸᠠᠷ ᠫᠤᠤᠵᠢᠩ ᠤᠨ ᠠᠶᠤᠯᠭᠦᠶ ᠦᠢᠯᠡᠳᠪᠦᠷᠢᠯᠡᠯ ᠤᠨ ᠲᠠᠯ᠎ᠠ ᠪᠠᠷ ᠬᠢ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ᠃ ︵1 ︶ ᠰᠢᠶᠠᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠬᠤᠸᠠᠷ ᠫᠤᠤᠵᠢᠩ ᠡᠵᠡᠩᠨᠡᠬᠦ ︵ᠵᠢᠵᠢᠭᠯᠡᠨ ᠬᠤᠳᠠᠯᠳᠤᠬᠤ︶ ᠵᠥᠪᠰᠢᠶᠡᠷᠡᠯ ᠤᠨ ᠦᠨᠡᠮᠯᠡᠯ ᠣᠯᠭᠤᠬᠤ ᠶᠢ ᠬᠠᠷᠢᠭᠤᠴᠠᠵᠤ᠂ ᠬᠤᠸᠠᠷ ᠫᠤᠤᠵᠢᠩ ᠡᠵᠡᠩᠨᠡᠬᠦ ᠨᠢᠭᠡᠴᠢ ᠶᠢᠨ ᠠᠶᠤᠯ ᠦᠭᠡᠢ ᠦᠢᠯᠡᠳᠪᠦᠷᠢᠯᠡᠯ ᠤᠨ ᠲᠠᠯ᠎ᠠ ᠶᠢᠨ ᠬᠠᠤᠯᠢ ᠴᠠᠭᠠᠵᠠ ᠳᠦᠷᠢᠮ ᠲᠣᠭᠲᠠᠭᠠᠯ ᠢ ᠲᠤᠤᠱᠯᠠᠭᠤᠯᠤᠨ ᠬᠡᠷᠡᠭᠵᠢᠭᠦᠯᠵᠦ ᠪᠠᠶᠢᠭ᠎ᠠ ᠪᠠᠶᠢᠳᠠᠯ ᠳᠤ ᠬᠢᠨᠠᠯᠲᠠ ᠲᠠᠯᠪᠢᠬᠤ ᠶᠢ ᠬᠠᠷᠢᠭᠤᠴᠠᠵᠤ᠂ ᠠᠶᠤᠯ ᠦᠭᠡᠢ ᠦᠢᠯᠡᠳᠪᠦᠷᠢᠯᠡᠯ ᠤᠨ ᠨᠥᠬᠦᠴᠡᠯ ᠢ ᠪᠦᠷᠢᠯᠳᠦᠭᠦᠯᠦᠭᠰᠡᠨ ᠦᠭᠡᠢ ᠬᠤᠸᠠᠷ ᠫᠤᠤᠵᠢᠩ ᠡᠵᠡᠩᠨᠡᠬᠦ ᠨᠢᠭᠡᠴᠡ ᠶᠢ ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠵᠦ᠂ ᠬᠤᠸᠠᠷ ᠫᠤᠤᠵᠢᠩ ᠦᠢᠯᠡᠳᠪᠦᠷᠢᠯᠡᠬᠦ ᠠᠶᠤᠯ ᠦᠭᠡᠢ ᠦᠢᠯᠡᠳᠪᠦᠷᠢᠯᠡᠯ ᠤᠨ ᠠᠳᠡᠯ ᠢ ᠬᠠᠤᠯᠢ ᠶᠣᠰᠣᠭᠠᠷ ᠵᠣᠬᠢᠶᠠᠨ ᠪᠠᠶᠢᠭᠤᠯᠤᠨ ᠪᠠᠶᠢᠴᠠᠭᠠᠨ ᠰᠢᠢᠳᠪᠦᠷᠢᠯᠡᠨ᠎ᠡ᠃ ︵2︶ ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠬᠤᠸᠠᠷ ᠫᠤᠤᠵᠢᠩ ᠲᠡᠭᠡᠭᠡᠪᠦᠷᠢᠯᠡᠬᠦ ᠨᠡᠪᠲᠡᠷᠡᠬᠦ ᠦᠨᠡᠮᠯᠡᠯ ᠣᠯᠭᠤᠬᠤ ᠪᠠ ᠬᠤᠸᠠᠷ ᠫᠤᠤᠵᠢᠩ ᠲᠡᠭᠡᠭᠡᠪᠦᠷᠢᠯᠡᠬᠦ ᠱᠤᠭᠤᠮ ᠢ ᠲᠣᠭᠲᠠᠭᠠᠬᠤ ᠠᠵᠢᠯ ᠢ ᠬᠠᠷᠢᠭᠤᠴᠠᠵᠤ᠂ ᠬᠤᠸᠠᠷ ᠫᠤᠤᠵᠢᠩ ᠲᠠᠯᠪᠢᠬᠤ ᠶᠢ ᠴᠠᠭᠠᠵᠠᠯᠠᠬᠤ ᠠᠵᠢᠯ ᠢ ᠬᠠᠷᠢᠭᠤᠴᠠᠨ ᠬᠠᠮᠢᠶᠠᠷᠴᠤ᠂ ᠬᠤᠸᠠᠷ ᠫᠤᠤᠵᠢᠩ ᠬᠠᠤᠯᠢ ᠪᠤᠰᠤ ᠪᠠᠷ ᠦᠢᠯᠡᠳᠪᠦᠷᠢᠯᠡᠬᠦ᠂ ᠬᠤᠳᠠᠯᠳᠤᠭᠠᠯᠠᠬᠤ᠂ ᠬᠠᠳᠠᠭᠠᠯᠠᠬᠤ᠂ ᠲᠡᠭᠡᠭᠡᠪᠦᠷᠢᠯᠡᠬᠦ᠂ ᠰᠢᠤᠳᠠᠨ ᠢᠶᠠᠷ ᠢᠯᠡᠭᠡᠬᠦ ᠡᠷᠡᠭᠦᠦ ᠶᠢᠨ ᠬᠡᠷᠡᠭ᠂ ᠵᠠᠰᠠᠭ ᠵᠠᠬᠢᠷᠭᠠᠨ ᠤ ᠬᠡᠷᠡᠭ ᠢ ᠳᠡᠩᠨᠡᠨ ᠰᠢᠢᠳᠪᠦᠷᠢᠯᠡᠨ᠎ᠡ᠃          ᠬᠤᠶᠠᠷ᠂ ᠳᠣᠲᠣᠭᠠᠳᠤ ᠪᠠᠶᠢᠭᠤᠯᠤᠮᠵᠢ᠄      ︵ᠨᠢᠭᠡ︶ ᠠᠯᠪᠠᠨ ᠭᠡᠷ᠃ ᠪᠠᠶᠢᠭᠤᠯᠭ᠎ᠠ ᠶᠢᠨ ᠡᠳᠦᠷ ᠲᠤᠲᠤᠮ ᠤᠨ ᠠᠵᠢᠯ ᠢ ᠬᠠᠷᠢᠭᠤᠴᠠᠵᠤ᠂ ᠮᠡᠳᠡᠭᠡ ᠵᠠᠩᠭᠢ᠂ ᠠᠮᠤᠷ ᠲᠦᠪᠰᠢᠨ᠂ ᠨᠢᠭᠤᠴᠠ ᠶᠢ ᠬᠠᠮᠠᠭᠠᠯᠠᠬᠤ᠂ ᠵᠠᠬᠢᠳᠠᠯ ᠰᠤᠷᠪᠤᠯᠵᠢᠯᠠᠭ᠎ᠠ᠂ ᠵᠠᠰᠠᠭ ᠤᠨ ᠶᠠᠪᠤᠳᠠᠯ ᠢ ᠢᠯᠡ ᠪᠣᠯᠭᠠᠬᠤ᠂ ᠴᠢᠬᠤᠯᠠ ᠪᠢᠴᠢᠭ ᠮᠠᠲ᠋ᠧᠷᠢᠶᠠᠯ ᠢ ᠲᠤᠭᠤᠷᠪᠢᠬᠤ ᠵᠡᠷᠭᠡ ᠠᠵᠢᠯ ᠢ ᠡᠭᠦᠷᠭᠡᠯᠡᠵᠦ᠂ ᠰᠠᠯᠠᠭ᠎ᠠ ᠮᠥᠴᠢᠷ ᠤᠨ ᠲᠥᠰᠦᠪ ᠪᠠ ᠲᠥᠰᠦᠪ ᠤᠨ ᠭᠦᠢᠴᠡᠳᠭᠡᠯ᠂ ᠡᠳ᠋ ᠤᠨ ᠶᠠᠪᠤᠳᠠᠯ᠂ ᠲᠣᠨᠤᠭ ᠲᠥᠬᠦᠭᠡᠷᠦᠮᠵᠢ ᠪᠠ ᠡᠳ᠋ ᠬᠥᠷᠥᠩᠭᠡ ᠶᠢᠨ ᠬᠠᠮᠢᠶᠠᠷᠤᠯᠲᠠ᠂ ᠳᠣᠲᠣᠭᠠᠳᠤ ᠶᠢᠨ ᠬᠢᠨᠠᠨ ᠪᠣᠳᠣᠯᠲᠠ ᠵᠡᠷᠭᠡ ᠠᠵᠢᠯ ᠢ ᠬᠠᠷᠢᠭᠤᠴᠠᠨ᠎ᠠ᠃ ᠪᠠᠶᠢᠭᠤᠯᠭ᠎ᠠ ᠪᠣᠯᠤᠨ ᠬᠠᠷᠢᠶ᠎ᠠ ᠨᠢᠭᠡᠴᠢ ᠶᠢᠨ ᠺᠠᠳ᠋ᠷ ᠠᠵᠢᠯᠲᠠᠨ ᠤ ᠶᠠᠪᠤᠳᠠᠯ᠂ ᠪᠠᠶᠢᠭᠤᠯᠤᠮᠵᠢ ᠶᠢᠨ ᠣᠷᠣᠨ ᠲᠤᠭ᠎ᠠ᠂ ᠬᠥᠳᠡᠯᠮᠦᠷᠢ ᠴᠠᠯᠢᠩ᠂ ᠠᠵᠢᠯ ᠠᠴᠠ ᠪᠠᠨ ᠠᠮᠠᠷᠠᠭᠰᠠᠨ ᠺᠠᠳ᠋ᠷ ᠵᠡᠷᠭᠡ ᠠᠵᠢᠯ ᠢ ᠬᠠᠷᠢᠭᠤᠴᠠᠨ᠎ᠠ᠃ ᠲᠤᠰ ᠰᠠᠯᠠᠭ᠎ᠠ ᠮᠥᠴᠢᠷ ᠤᠨ ᠵᠥᠷᠢᠴᠡᠯ ᠢ ᠨᠠᠮᠳᠠᠭᠤᠯᠬᠤ᠂ ᠵᠠᠬᠢᠳᠠᠯ ᠰᠤᠷᠪᠤᠯᠵᠢᠯᠠᠭ᠎ᠠ ᠪᠠ ᠲᠣᠭᠲᠠᠭᠤᠨ ᠪᠠᠶᠢᠳᠠᠯ ᠢ ᠬᠠᠮᠠᠭᠠᠯᠠᠬᠤ ᠠᠵᠢᠯ ᠢ ᠰᠠᠶᠢᠲᠤᠷ ᠬᠢᠵᠦ᠃      ︵ᠬᠤᠶᠠᠷ︶ ᠤᠬᠠᠭᠤᠯᠭ᠎ᠠ ᠬᠥᠮᠦᠵᠢᠯ ᠤᠨ ᠪᠠᠶᠢᠴᠠᠬᠠᠨ ᠪᠦᠷᠢᠳᠬᠡᠬᠦ ᠲᠠᠰᠤᠭ᠃ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠪᠣᠯᠤᠨ ᠠᠶᠤᠯᠭᠦᠢ ᠦᠢᠯᠡᠳᠪᠦᠷᠢᠯᠡᠯ ᠤᠨ ᠰᠢᠨ᠎ᠡ ᠮᠡᠳᠡᠭᠡᠨ ᠤ ᠤᠬᠠᠭᠤᠯᠭ᠎ᠠ᠂ ᠶᠠᠷᠢᠶ᠎ᠠ ᠬᠡᠯᠡᠯᠴᠡᠭᠡᠨ ᠤ ᠪᠠᠶᠢᠳᠠᠯ ᠢ ᠠᠷᠭᠠᠴᠠᠬᠤ᠂ ᠰᠣᠶᠣᠯ ᠤᠨ ᠪᠠᠶᠢᠭᠤᠯᠤᠯᠲᠠ ᠵᠡᠷᠭᠡ ᠠᠵᠢᠯ ᠢ ᠡᠭᠦᠷᠭᠡᠯᠡᠵᠦ᠂ ᠤᠯᠠᠨ ᠨᠡᠶᠢᠲᠡ ᠶᠢᠨ ᠮᠡᠳᠡᠯᠭᠡ ᠶᠢ ᠲᠦᠭᠡᠮᠡᠯᠵᠢᠭᠦᠯᠬᠦ ᠠᠵᠢᠯ ᠢ ᠥᠷᠨᠢᠭᠦᠯᠦᠨ᠎ᠡ᠃ ᠪᠦᠬᠦ ᠰᠢᠶᠠᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠰᠢᠰᠲ᠋ᠧᠮ ᠤᠨ ᠺᠠᠳ᠋ᠷ ᠤᠨ ᠬᠥᠮᠦᠵᠢᠯ ᠪᠣᠯᠪᠠᠰᠤᠷᠠᠭᠤᠯᠤᠯ ᠤᠨ ᠠᠵᠢᠯ ᠢ ᠵᠣᠬᠢᠶᠠᠨ ᠪᠠᠶᠢᠭᠤᠯᠤᠨ ᠵᠢᠯᠣᠭᠤᠳᠴᠤ᠂ ᠪᠠᠴᠢᠮ ᠪᠠᠶᠢᠳᠠᠯ ᠢ ᠠᠷᠭᠠᠴᠠᠬᠤ ᠠᠪᠤᠷᠠᠨ ᠲᠤᠰᠠᠯᠠᠬᠤ ᠡᠩᠨᠡᠭᠡᠨ ᠤ ᠬᠥᠮᠦᠵᠢᠯ ᠪᠣᠯᠪᠠᠰᠤᠷᠠᠯ ᠢ ᠵᠢᠯᠣᠭᠤᠳᠤᠨ᠎ᠠ᠃ ᠪᠦᠬᠦ ᠰᠢᠶᠠᠨ ᠤ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠤᠨ ᠰᠢᠰᠲ᠋ᠧᠮ ᠤᠨ ᠪᠠᠶᠢᠭᠤᠯᠤᠯᠲᠠ ᠶᠢ ᠨᠢᠭᠡᠳᠦᠯᠲᠡᠶ ᠲᠥᠯᠥᠪᠯᠡᠨ᠂ ᠲᠤᠰ ᠰᠢᠶᠠᠨ ᠤ ᠪᠠᠴᠢᠮ ᠪᠠᠶᠢᠳᠠᠯ ᠢ ᠠᠷᠭᠠᠴᠠᠬᠤ ᠶᠡᠷᠦᠩᠬᠡᠶ ᠪᠡᠯᠡᠳᠬᠡᠯ ᠲᠥᠰᠦᠯ ᠪᠣᠯᠤᠨ ᠠᠶᠤᠯ ᠦᠭᠡᠶ ᠦᠢᠯᠡᠳᠪᠦᠷᠢᠯᠡᠯ ᠤᠨ ᠲᠥᠷᠥᠯ᠂ ᠪᠠᠶᠢᠭᠠᠯᠢ ᠶᠢᠨ ᠭᠠᠮᠰᠢᠭ ᠤᠨ ᠲᠥᠷᠥᠯ ᠤᠨ ᠲᠤᠰᠬᠠᠶ ᠵᠦᠢᠯ ᠤᠨ ᠪᠡᠯᠡᠳᠬᠡᠯ ᠲᠥᠰᠦᠯ ᠢ ᠵᠣᠬᠢᠶᠠᠨ ᠪᠠᠶᠢᠭᠤᠯᠤᠨ ᠨᠠᠶᠢᠷᠠᠭᠤᠯᠤᠨ ᠵᠣᠬᠢᠶᠠᠬᠤ ᠶᠢᠨ ᠬᠠᠮᠲᠤ ᠡᠯ᠎ᠡ ᠲᠥᠷᠥᠯ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠢ ᠵᠣᠯᠭᠠᠭᠤᠯᠤᠨ ᠵᠣᠬᠢᠴᠠᠭᠤᠯᠬᠤ ᠶᠢ ᠬᠠᠷᠢᠭᠤᠴᠠᠭᠤᠯᠵᠤ᠂ ᠰᠢᠶᠠᠨ ᠤ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠤᠨ ᠰᠣᠷᠢᠯᠲᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠬᠦ ᠪᠠ ᠠᠵᠢᠯ ᠢ ᠵᠢᠯᠣᠭᠤᠳᠴᠤ᠂ ᠰᠢᠶᠠᠨ ᠤ ᠬᠦᠨᠳᠦ ᠶᠡᠭᠡ ᠭᠠᠮᠰᠢᠭ ᠢ ᠠᠷᠭᠠᠴᠠᠬᠤ ᠵᠢᠯᠣᠭᠤᠳᠬᠤ ᠭᠠᠵᠠᠷ ᠤᠨ ᠲᠤᠬᠠᠶ ᠶᠢᠨ ᠭᠠᠵᠠᠷ ᠲᠤᠨᠢ ᠵᠣᠬᠢᠴᠠᠭᠤᠯᠤᠨ ᠪᠠᠲᠤᠯᠠᠬᠤ ᠠᠵᠢᠯ ᠢ ᠡᠭᠦᠷᠭᠡᠯᠡᠵᠦ᠂ ᠡᠯ᠎ᠡ ᠭᠠᠵᠠᠷ ᠵᠢᠴᠢ ᠨᠡᠶᠢᠭᠡᠮ ᠤᠨ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠬᠦᠴᠦᠨ ᠤ ᠪᠠᠶᠢᠭᠤᠯᠤᠯᠲᠠ ᠶᠢ ᠵᠢᠯᠣᠭᠤᠳᠴᠤ᠂ ᠲᠤᠰ ᠰᠢᠶᠠᠨ ᠤ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠡᠩᠨᠡᠭᠡ ᠶᠢᠨ ᠬᠠᠮᠢᠶᠠᠷᠤᠯᠲᠠ ᠪᠠᠲᠤᠯᠠᠭ᠎ᠠ ᠶᠢᠨ ᠠᠷᠭ᠎ᠠ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠦᠢᠯᠡᠳᠪᠦᠷᠢᠯᠡᠯ ᠤᠨ ᠠᠮᠤᠷ ᠲᠦᠪᠰᠢᠨ ᠤ ᠠᠳᠡᠯ ᠢ ᠪᠠᠶᠢᠴᠠᠭᠠᠨ ᠰᠢᠢᠳᠪᠤᠷᠢᠯᠡᠬᠦ ᠠᠵᠢᠯ ᠢ ᠬᠠᠤᠯᠢ ᠶᠣᠰᠣᠭᠠᠷ ᠡᠭᠦᠷᠭᠡᠯᠡᠵᠦ᠂ ᠠᠳᠡᠯ ᠢ ᠪᠠᠶᠢᠴᠠᠭᠠᠨ ᠰᠢᠢᠳᠪᠤᠷᠢᠯᠡᠭᠰᠡᠨ ᠪᠠ ᠬᠠᠷᠢᠭᠤᠴᠠᠯᠭ᠎ᠠ ᠨᠡᠬᠡᠮᠵᠢᠯᠡᠭᠰᠡᠨ ᠪᠠᠶᠢᠳᠠᠯ ᠳᠤ ᠬᠢᠨᠠᠯᠲᠠ ᠲᠠᠯᠪᠢᠵᠤ᠂ ᠪᠦᠬᠦ ᠰᠢᠶᠠᠨ ᠤ ᠪᠠᠶᠢᠭᠠᠯᠢ ᠶᠢᠨ ᠭᠠᠮᠰᠢᠭ ᠤᠨ ᠲᠥᠷᠥᠯ ᠤᠨ ᠭᠡᠨᠡᠳᠲᠡ ᠶᠢᠨ ᠬᠡᠷᠡᠭ ᠢ ᠪᠠᠶᠢᠴᠠᠭᠠᠨ ᠦᠨᠡᠯᠡᠬᠦ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠪᠦᠬᠦ ᠰᠢᠶᠠᠨ ᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠪᠦᠷᠢᠳᠬᠡᠨ ᠵᠠᠳᠠᠯᠬᠤ ᠠᠵᠢᠯ ᠢ ᠬᠠᠷᠢᠭᠤᠴᠠᠨ᠎ᠠ᠃      ︵ᠭᠤᠷᠪᠠ︶ ᠭᠠᠮᠰᠢᠭ ᠠᠴᠠ ᠠᠪᠤᠷᠠᠬᠤ ᠪᠠ ᠡᠳ᠋ ᠪᠣᠳᠠᠰ ᠤᠨ ᠪᠠᠲᠤᠯᠠᠪᠤᠷᠢ ᠶᠢᠨ ᠲᠠᠰᠤᠭ ᠢ ᠪᠠᠴᠢᠮ ᠠᠷᠭᠠᠴᠠᠭᠠᠬᠤ ᠵᠢᠯᠤᠭᠤᠳᠬᠤ ᠬᠡᠷᠡᠭᠲᠡᠢ᠃ ᠠᠵᠢᠯ ᠤᠨ ᠬᠤᠪᠢᠶᠠᠷᠢᠯᠠᠯ ᠶᠣᠰᠣᠭᠠᠷ ᠡᠭᠦᠷᠭᠡ ᠬᠠᠷᠢᠭᠤᠴᠠᠯᠭ᠎ᠠ ᠶᠢᠨ ᠬᠡᠪᠴᠢᠶᠡᠨ ᠳᠣᠲᠣᠷᠠᠬᠢ ᠪᠠᠴᠢᠮ ᠪᠠᠶᠢᠳᠠᠯ ᠢ ᠠᠷᠭᠠᠴᠠᠬᠤ ᠵᠢᠵᠢᠭᠦᠷᠯᠡᠨ ᠰᠠᠬᠢᠬᠤ᠂ ᠵᠠᠰᠠᠭ ᠤᠨ ᠶᠠᠪᠤᠳᠠᠯ ᠤᠨ ᠵᠢᠵᠢᠭᠦᠷ ᠵᠡᠷᠭᠡ ᠠᠵᠢᠯ ᠢ ᠡᠭᠦᠷᠭᠡᠯᠡᠵᠦ᠂ ᠤᠯᠤᠰ ᠤᠨ ᠠᠳᠡᠯ ᠤᠨ ᠭᠠᠶ ᠭᠠᠮᠰᠢᠭ ᠪᠣᠯᠤᠨ ᠪᠠᠶᠢᠭᠠᠯᠢ ᠶᠢᠨ ᠭᠠᠮᠰᠢᠭ ᠢ ᠱᠠᠲᠤ ᠬᠤᠪᠢᠶᠠᠨ ᠠᠷᠭᠠᠴᠠᠬᠤ ᠲᠦᠷᠢᠮ ᠢ ᠨᠠᠶᠢᠳᠠᠪᠤᠷᠢᠵᠢᠭᠤᠯᠤᠨ᠂ ᠲᠣᠰ ᠰᠢᠶᠠᠨ ᠤ ᠤᠷᠢᠳᠴᠢᠯᠠᠨ ᠰᠡᠷᠡᠮᠵᠢᠯᠡᠭᠦᠯᠬᠦ ᠪᠠ ᠭᠠᠮᠰᠢᠭ ᠤᠨ ᠪᠠᠶᠢᠳᠠᠯ ᠤᠨ ᠮᠡᠳᠡᠭᠡ ᠵᠠᠩᠭᠢ ᠶᠢ ᠨᠡᠶᠢᠲᠡᠯᠡᠵᠦ᠂ ᠪᠥᠬᠦ ᠰᠢᠶᠠᠨ ᠤ ᠬᠡᠪᠴᠢᠶᠡᠨ ᠳᠠᠬᠢ ᠠᠪᠤᠷᠠᠨ ᠲᠤᠰᠠᠯᠠᠬᠤ ᠬᠦᠴᠦᠨ ᠢ ᠵᠣᠬᠢᠴᠠᠭᠤᠯᠬᠤ ᠶᠢᠨ ᠬᠠᠮᠲᠤ ᠬᠡᠷᠡᠭᠴᠡᠭᠡ ᠪᠠᠨ ᠦᠨᠳᠦᠰᠦᠯᠡᠨ ᠬᠤᠲᠠ ᠶᠢᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠳᠤ ᠠᠪᠤᠷᠠᠨ ᠲᠤᠰᠠᠯᠠᠬᠤ ᠠᠵᠢᠯ ᠢ ᠭᠤᠶᠤᠴᠢᠯᠠᠵᠤ᠂ ᠭᠠᠯ ᠤᠨᠲᠠᠷᠠᠭᠠᠬᠤ᠂ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠡᠩᠨᠡᠭᠡ᠂ ᠴᠢᠯᠥᠭᠡᠯᠡᠬᠦ ᠴᠡᠷᠢᠭ ᠪᠠ ᠵᠡᠪᠰᠡᠭᠲᠦ ᠴᠠᠭᠳᠠᠭ᠎ᠠ ᠶᠢᠨ ᠴᠡᠷᠢᠭ ᠠᠩᠭᠢ ᠳᠤ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠠᠵᠢᠯ ᠳᠤ ᠣᠷᠣᠯᠴᠠᠬᠤ ᠶᠢ ᠵᠣᠬᠢᠶᠠᠨ ᠪᠠᠶᠢᠭᠤᠯᠤᠨ ᠵᠢᠯᠣᠭᠤᠳᠤᠨ᠎ᠠ︔ ᠪᠥᠬᠦ ᠰᠢᠶᠠᠨ ᠤ ᠭᠠᠮᠰᠢᠭ ᠤᠨ ᠪᠠᠶᠢᠳᠠᠯ ᠢ ᠬᠠᠷᠭᠤᠭᠤᠯᠤᠨ ᠪᠠᠶᠢᠴᠠᠭᠠᠵᠤ ᠳᠡᠭᠡᠭᠰᠢ ᠮᠡᠳᠡᠭᠦᠯᠬᠦ᠂ ᠬᠤᠬᠢᠷᠠᠯ ᠢ ᠦᠨᠡᠯᠡᠨ ᠵᠢᠱᠢᠬᠦ᠂ ᠭᠠᠮᠰᠢᠭ ᠠᠴᠠ ᠠᠪᠤᠷᠠᠵᠤ ᠪᠡᠯᠡᠭᠯᠡᠨ ᠬᠦᠷᠭᠡᠬᠦ ᠵᠡᠷᠭᠡ ᠭᠠᠮᠰᠢᠭ ᠠᠴᠠ ᠠᠪᠤᠷᠠᠨ ᠲᠤᠰᠠᠯᠠᠬᠤ ᠠᠵᠢᠯ ᠢ ᠵᠣᠬᠢᠶᠠᠨ ᠪᠠᠶᠢᠭᠤᠯᠤᠨ ᠵᠢᠯᠣᠭᠤᠳᠴᠤ᠂ ᠰᠢᠶᠠᠨ ᠤ ᠱᠠᠲᠤᠨ ᠤ ᠪᠠᠴᠢᠮ ᠪᠠᠶᠢᠳᠠᠯ ᠢ ᠠᠷᠭᠠᠴᠠᠬᠤ ᠡᠳ᠋ ᠪᠣᠳᠠᠰ ᠢ ᠨᠥᠭᠡᠴᠡᠯᠡᠬᠦ ᠲᠥᠯᠥᠪᠵᠢᠭᠦᠯᠭᠡ ᠪᠠ ᠬᠡᠷᠡᠭᠴᠡᠭᠡ ᠱᠠᠭᠠᠷᠳᠠᠯᠭ᠎ᠠ ᠶᠢᠨ ᠲᠥᠯᠥᠪᠯᠡᠭᠡ ᠶᠢ ᠲᠣᠭᠲᠠᠭᠠᠵᠤ᠂ ᠪᠥᠬᠦ ᠰᠢᠶᠠᠨ ᠤ ᠪᠠᠴᠢᠮ ᠪᠠᠶᠢᠳᠠᠯ ᠢ ᠠᠷᠭᠠᠴᠠᠬᠤ ᠡᠳ᠋ ᠪᠣᠳᠠᠰ ᠢ ᠨᠥᠭᠡᠴᠡᠯᠡᠬᠦ᠂ ᠰᠢᠯᠵᠢᠭᠦᠯᠦᠨ ᠥᠭᠬᠦ ᠪᠠ ᠪᠠᠴᠢᠮ ᠲᠣᠬᠢᠷᠠᠭᠤᠯᠤᠨ ᠬᠦᠷᠭᠡᠬᠦ ᠠᠵᠢᠯ ᠢ ᠵᠣᠬᠢᠶᠠᠨ ᠪᠠᠶᠢᠭᠤᠯᠤᠨ ᠵᠣᠬᠢᠴᠠᠭᠤᠯᠵᠤ᠂ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ᠂ ᠬᠤᠲᠠ᠂ ᠰᠢᠶᠠᠨ ᠤ ᠱᠠᠲᠤᠨ ᠤ ᠭᠠᠮᠰᠢᠭ ᠠᠴᠠ ᠠᠪᠤᠷᠠᠨ ᠲᠤᠰᠠᠯᠠᠬᠤ ᠡᠳ᠋ ᠪᠣᠳᠠᠰ ᠢ ᠬᠠᠮᠢᠶᠠᠷᠬᠤ᠂ ᠬᠤᠪᠢᠶᠠᠷᠢᠯᠠᠬᠤ ᠪᠠ ᠬᠢᠨᠠᠯᠲᠠ ᠲᠠᠯᠪᠢᠵᠤ ᠬᠡᠷᠡᠭᠯᠡᠬᠦ ᠠᠵᠢᠯ ᠢ ᠡᠭᠦᠷᠭᠡᠯᠡᠵᠦ᠂ ᠬᠤᠯᠪᠣᠭᠳᠠᠯ ᠪᠥᠬᠦᠶ ᠲᠠᠯ᠎ᠠ ᠶᠢᠨ ᠬᠢᠨ ᠲᠠᠢ ᠬᠠᠮᠲᠤᠷᠠᠨ ᠭᠠᠮᠰᠢᠭᠳᠠᠭᠰᠠᠨ ᠣᠯᠠᠨ ᠲᠦᠮᠡᠨ ᠢ ᠪᠠᠴᠢᠮ ᠰᠢᠯᠵᠢᠭᠦᠯᠦᠨ ᠲᠥᠪᠬᠢᠨᠡᠭᠦᠯᠬᠦ᠂ ᠭᠠᠮᠰᠢᠭ ᠲᠤ ᠡᠪᠳᠡᠭᠳᠡᠭᠰᠡᠨ ᠬᠡᠷ ᠪᠠᠶᠢᠰᠢᠩ ᠢ ᠰᠡᠷᠭᠦᠭᠡᠨ ᠳᠠᠬᠢᠨ ᠪᠠᠶᠢᠭᠤᠯᠬᠤ ᠨᠥᠬᠦᠪᠥᠷᠢ ᠪᠠ ᠭᠠᠮᠰᠢᠭᠳᠠᠭᠰᠠᠨ ᠣᠯᠠᠨ ᠲᠦᠮᠡᠨ ᠤ ᠠᠮᠢᠳᠤᠷᠠᠯ ᠢ ᠠᠪᠤᠷᠠᠨ ᠲᠤᠰᠠᠯᠠᠬᠤ ᠶᠢ ᠵᠣᠬᠢᠶᠠᠨ ᠪᠠᠶᠢᠭᠤᠯᠤᠨ ᠵᠣᠬᠢᠴᠠᠭᠤᠯᠤᠨ᠎ᠠ᠃        ︵ᠲᠦᠷᠪᠡ︶ ᠭᠠᠯ ᠤᠨ ᠠᠶᠤᠯ ᠢ ᠰᠡᠷᠭᠡᠶᠢᠯᠡᠨ ᠵᠠᠰᠠᠬᠤ ᠪᠠ ᠦᠶᠡᠷ ᠢ ᠰᠡᠷᠭᠡᠶᠢᠯᠡᠵᠦ ᠭᠠᠨ ᠭᠠᠩᠰᠠᠷᠠᠭᠠᠨ ᠲᠠᠢ ᠲᠡᠮᠡᠴᠡᠬᠦ ᠬᠠᠮᠢᠶᠠᠷᠤᠯᠲᠠ ᠶᠢᠨ ᠲᠠᠰᠤᠭ᠃ ᠤᠯᠤᠰ ᠤᠨ ᠭᠠᠯ ᠤᠨᠲᠠᠷᠠᠭᠠᠬᠤ ᠬᠠᠤᠯᠢ ᠲᠣᠭᠲᠠᠭᠠᠯ ᠪᠣᠯᠤᠨ ᠮᠡᠷᠭᠡᠵᠢᠯ ᠤᠨ ᠪᠠᠷᠢᠮᠵᠢᠶ᠎ᠠ ᠶᠢ ᠲᠤᠤᠱᠯᠠᠭᠤᠯᠤᠨ ᠬᠡᠷᠡᠭᠵᠢᠭᠦᠯᠵᠦ᠂ ᠲᠤᠰ ᠰᠢᠶᠠᠨ ᠤ ᠭᠠᠯ ᠤᠨᠲᠠᠷᠠᠭᠠᠬᠤ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠤᠨ ᠲᠥᠰᠦᠯ ᠪᠣᠯᠤᠨ ᠮᠡᠷᠭᠡᠵᠢᠯ ᠤᠨ ᠪᠠᠷᠢᠮᠵᠢᠶ᠎ᠠ ᠶᠢ ᠵᠣᠬᠢᠶᠠᠨ ᠪᠠᠶᠢᠭᠤᠯᠤᠨ ᠲᠣᠭᠲᠠᠭᠠᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠵᠦ᠂ ᠪᠦᠬᠦ ᠰᠢᠶᠠᠨ ᠤ ᠬᠤᠲᠠ ᠪᠠᠯᠭᠠᠰᠤ᠂ ᠬᠥᠳᠡᠭᠡ ᠲᠣᠰᠬᠤᠨ᠂ ᠣᠶ ᠰᠢᠭᠤᠶ᠂ ᠨᠤᠲᠤᠭ ᠪᠡᠯᠴᠢᠭᠡᠷ ᠤᠨ ᠭᠠᠯ ᠤᠨᠲᠠᠷᠠᠭᠠᠬᠤ ᠠᠵᠢᠯ ᠤᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠶᠢᠨ ᠬᠠᠮᠲᠤ ᠠᠬᠢᠭᠤᠯᠤᠨ ᠨᠠᠶᠢᠳᠠᠪᠤᠷᠢᠵᠢᠭᠤᠯᠬᠤ ᠶᠢ ᠵᠢᠯᠣᠭᠤᠳᠴᠤ᠂ ᠪᠦᠬᠦ ᠰᠢᠶᠠᠨ ᠤ ᠭᠠᠯ ᠤᠨᠲᠠᠷᠠᠭᠠᠬᠤ ᠳᠤ ᠬᠢᠨᠠᠯᠲᠠ ᠲᠠᠯᠪᠢᠬᠤ᠂ ᠭᠠᠯ ᠤᠨ ᠠᠶᠤᠯ ᠢ ᠰᠡᠷᠭᠡᠶᠢᠯᠡᠬᠦ᠂ ᠭᠠᠯ ᠤᠨᠲᠠᠷᠠᠭᠠᠵᠤ ᠠᠶᠤᠯ ᠠᠴᠠ ᠠᠪᠤᠷᠠᠬᠤ ᠠᠵᠢᠯ ᠢ ᠵᠢᠯᠣᠭᠤᠳᠤᠨ᠎ᠠ︔ ᠪᠦᠬᠦ ᠰᠢᠶᠠᠨ ᠤ ᠦᠶᠡᠷ ᠭᠠᠩ ᠬᠠᠭᠰᠠᠷᠠᠭᠠᠨ ᠤ ᠭᠠᠮᠰᠢᠭ ᠤᠨ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠠᠵᠢᠯ ᠢ ᠵᠣᠬᠢᠶᠠᠨ ᠪᠠᠶᠢᠭᠤᠯᠤᠨ ᠵᠣᠬᠢᠴᠠᠭᠤᠯᠵᠤ᠂ ᠴᠢᠬᠤᠯᠠ ᠭᠤᠣᠯ ᠮᠥᠷᠡᠨ ᠨᠠᠭᠤᠷ ᠴᠥᠭᠦᠷᠥᠮ ᠪᠣᠯᠤᠨ ᠴᠢᠬᠤᠯᠠ ᠤᠰᠤᠨ ᠤ ᠢᠨᠵᠧᠨᠧᠷᠢᠩ ᠤᠨ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠢ ᠡᠰᠡᠷᠭᠦᠴᠡᠬᠦ ᠲᠣᠬᠢᠷᠠᠭᠤᠯᠤᠯᠲᠠ ᠪᠠ ᠪᠠᠴᠢᠮ ᠪᠠᠶᠢᠳᠠᠯ ᠢ ᠠᠷᠭᠠᠴᠠᠬᠤ ᠤᠰᠤᠨ ᠤ ᠬᠡᠮᠵᠢᠶ᠎ᠡ ᠶᠢ ᠲᠣᠬᠢᠷᠠᠭᠤᠯᠬᠤ ᠠᠵᠢᠯ ᠢ ᠵᠣᠬᠢᠴᠠᠭᠤᠯᠤᠨ ᠵᠢᠯᠣᠭᠤᠳᠤᠨ᠎ᠠ︔ ᠰᠢᠶᠠᠨ ᠤ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠵᠢᠯᠣᠭᠤᠳᠬᠤ ᠭᠠᠵᠠᠷ ᠤᠨ ᠡᠳᠦᠷ ᠲᠤᠲᠤᠮ ᠤᠨ ᠠᠵᠢᠯ ᠢ ᠡᠭᠦᠷᠭᠡᠯᠡᠨ᠎ᠡ᠃ ᠰᠢᠶᠠᠨ ᠤ ᠬᠦᠨᠳᠦ ᠶᠡᠭᠡ ᠠᠶᠤᠯᠭᠦᠢ ᠦᠢᠯᠡᠳᠪᠦᠷᠢᠯᠡᠯ ᠤᠨ ᠲᠦᠭᠰᠢᠭᠦᠷᠢ ᠶᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠪᠠ ᠦᠨᠡᠯᠡᠨ ᠵᠢᠱᠢᠵᠦ ᠨᠤᠲᠠᠯᠠᠬᠤ ᠲᠣᠭᠲᠠᠴᠠ ᠶᠢ ᠪᠠᠶᠢᠭᠤᠯᠵᠤ᠂ ᠲᠤᠰ ᠰᠢᠶᠠᠨ ᠤ ᠪᠠᠶᠢᠭᠠᠯᠢ ᠶᠢᠨ ᠭᠠᠮᠰᠢᠭ ᠢ ᠶᠡᠷᠦᠩᠬᠡᠶᠢᠯᠡᠨ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠠᠵᠢᠯ ᠢ ᠡᠭᠦᠷᠭᠡᠯᠡᠵᠦ᠂ ᠲᠤᠰ ᠰᠢᠶᠠᠨ ᠤ ᠪᠠᠶᠢᠭᠠᠯᠢ ᠶᠢᠨ ᠭᠠᠮᠰᠢᠭ ᠤᠨ ᠶᠡᠷᠦᠩᠬᠡᠶᠢᠯᠡᠭᠰᠡᠨ ᠠᠶᠤᠯ ᠲᠦᠭᠰᠢᠭᠦᠷᠢ ᠬᠢᠭᠡᠳ ᠭᠠᠮᠰᠢᠭ ᠢ ᠪᠠᠭᠠᠰᠬᠠᠬᠤ ᠴᠢᠳᠠᠪᠤᠷᠢ ᠶᠢ ᠪᠠᠶᠢᠴᠠᠭᠠᠨ ᠦᠨᠡᠯᠡᠬᠦ ᠶᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ ᠪᠦᠬᠦ ᠰᠢᠶᠠᠨ ᠤ ᠭᠠᠵᠠᠷ ᠬᠥᠳᠡᠯᠦᠯᠲᠡ ᠶᠢᠨ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠠᠵᠢᠯ ᠢ ᠵᠣᠬᠢᠶᠠᠨ ᠪᠠᠶᠢᠭᠤᠯᠤᠨ ᠵᠣᠬᠢᠴᠠᠭᠤᠯᠵᠤ᠂ ᠭᠠᠵᠠᠷ ᠤᠨ ᠭᠠᠮᠰᠢᠭ ᠢ ᠰᠡᠷᠭᠡᠶᠢᠯᠡᠨ ᠵᠠᠰᠠᠬᠤ ᠬᠠᠮᠢᠶ᠎ᠠ ᠪᠦᠬᠦᠢ ᠠᠵᠢᠯ ᠢ ᠵᠣᠬᠢᠴᠠᠭᠤᠯᠤᠨ ᠵᠢᠯᠣᠭᠤᠳᠴᠤ᠂ ᠲᠤᠰ ᠰᠢᠶᠠᠨ ᠤ ᠬᠦᠨᠳᠦ ᠶᠡᠭᠡ ᠭᠠᠵᠠᠷ ᠰᠢᠨᠵᠢᠯᠡᠭᠡᠨ ᠤ ᠭᠠᠮᠰᠢᠭ ᠤᠨ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠠᠵᠢᠯ ᠢ ᠵᠣᠬᠢᠶᠠᠨ ᠪᠠᠶᠢᠭᠤᠯᠤᠨ᠎ᠠ᠃ ᠤᠯᠤᠰ᠂ ᠥᠪᠡᠷᠲᠡᠭᠡᠨ ᠵᠠᠰᠠᠬᠤ ᠣᠷᠣᠨ᠂ ᠬᠤᠲᠠ ᠪᠣᠯᠤᠨ ᠲᠤᠰ ᠰᠢᠶᠠᠨ ᠤ ᠬᠤᠯᠪᠣᠭᠳᠠᠯ ᠪᠦᠬᠦᠢ ᠣᠷᠣᠨ ᠪᠦᠰᠡ ᠶᠢᠨ ᠬᠠᠮᠲᠤᠷᠠᠯᠴᠠᠭ᠎ᠠ ᠪᠣᠯᠤᠨ ᠠᠪᠤᠷᠠᠨ ᠲᠤᠰᠠᠯᠠᠬᠤ ᠠᠵᠢᠯ ᠢ ᠡᠭᠦᠷᠭᠡᠯᠡᠨ᠎ᠡ᠃      ︵ᠲᠠᠪᠤ︶ ᠠᠶᠤᠯᠲᠠᠢ ᠬᠢᠮᠢ ᠶᠢᠨ ᠪᠣᠳᠠᠰ ᠤᠨ ᠠᠶᠤᠯ ‍ᠦᠭᠡᠢ ᠶᠢᠨ ᠬᠢᠨᠠᠯᠲᠠ ᠬᠠᠮᠢᠶᠠᠷᠤᠯᠲᠠ ᠶᠢᠨ ᠲᠠᠰᠤᠭ᠃ ᠪᠦᠬᠦ ᠰᠢᠶᠠᠨ ᠤ ᠬᠢᠮᠢ ᠶᠢᠨ ᠠᠵᠤ ᠦᠢᠯᠡᠳᠪᠦᠷᠢ ︵ᠴᠢᠯᠠᠭᠤᠨ ᠲᠣᠰᠣ ᠠᠭᠤᠯᠤᠭᠰᠠᠨ ᠬᠢᠮᠢ ᠶᠢᠨ ᠠᠵᠤ ᠦᠢᠯᠡᠳᠪᠦᠷᠢ ᠶᠢ ᠬᠠᠷᠢᠭᠤᠴᠠᠨ᠎ᠠ︶᠂ ᠡᠮ ᠡᠮᠨᠡᠯᠭᠡ᠂ ᠠᠶᠤᠯᠲᠠᠢ ᠬᠢᠮᠢ ᠶᠢᠨ ᠪᠣᠳᠠᠰ ᠪᠣᠯᠤᠨ ᠬᠤᠸᠠᠷ ᠫᠤᠤᠵᠢᠩ ᠤᠨ ᠠᠶᠤᠯᠭᠦᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠠᠵᠢᠯ ᠢ ᠬᠠᠤᠯᠢ ᠶᠣᠰᠣᠭᠠᠷ ᠬᠢᠨᠠᠯᠲᠠ ᠲᠠᠯᠪᠢᠨ ᠪᠠᠶᠢᠴᠠᠭᠠᠵᠤ᠂ ᠬᠤᠯᠪᠣᠭᠳᠠᠯ ᠪᠦᠬᠦᠢ ᠠᠵᠢᠯ ᠲᠦᠷᠦᠯ ᠤᠨ ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠡ ᠶᠢᠨ ᠠᠶᠤᠯᠭᠦᠢ ᠦᠢᠯᠡᠳᠪᠦᠷᠢᠯᠡᠯ ᠤᠨ ᠬᠠᠤᠯᠢ ᠲᠣᠭᠲᠠᠭᠠᠯ ᠪᠣᠯᠤᠨ ᠪᠠᠷᠢᠮᠵᠢᠶ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠤᠭᠰᠠᠨ ᠪᠠᠶᠢᠳᠠᠯ ᠢ ᠬᠠᠤᠯᠢ ᠶᠣᠰᠣᠭᠠᠷ ᠬᠢᠨᠠᠨ ᠪᠠᠶᠢᠴᠠᠭᠠᠵᠤ᠂ ᠪᠦᠬᠦ ᠰᠢᠶᠠᠨ ᠤ ᠠᠶᠤᠯᠲᠠᠢ ᠬᠢᠮᠢ ᠶᠢᠨ ᠪᠣᠳᠠᠰ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠠᠵᠢᠯ ᠢ ᠡᠭᠦᠷᠭᠡᠯᠡᠵᠦ᠂ ᠪᠦᠬᠦ ᠰᠢᠶᠠᠨ ᠤ ᠠᠶᠤᠯᠲᠠᠢ ᠬᠢᠮᠢ ᠶᠢᠨ ᠪᠣᠳᠠᠰ ᠢ ᠳᠠᠩᠰᠠᠯᠠᠬᠤ ᠠᠵᠢᠯ ᠢ ᠵᠣᠬᠢᠶᠠᠨ ᠪᠠᠶᠢᠭᠤᠯᠤᠨ ᠵᠢᠯᠣᠭᠤᠳᠴᠤ᠂ ᠡᠮ ᠤᠨ ᠲᠦᠷᠦᠯ ᠤᠨ ᠪᠤᠰᠤ ᠠᠮᠠᠷᠬᠠᠨ ᠬᠤᠣᠷ ᠦᠢᠯᠡᠳᠬᠦ ᠬᠢᠮᠢ ᠶᠢᠨ ᠪᠣᠳᠠᠰ ᠤᠨ ᠦᠢᠯᠡᠳᠪᠦᠷᠢᠯᠡᠯ ᠡᠵᠡᠩᠨᠡᠯᠲᠡ ᠳᠤ ᠬᠢᠨᠠᠯᠲᠠ ᠲᠠᠯᠪᠢᠵᠤ ᠬᠠᠮᠢᠶᠠᠷᠬᠤ ᠠᠵᠢᠯ ᠢ ᠵᠢᠯᠣᠭᠤᠳᠤᠨ᠎ᠠ᠃      ︵ᠵᠢᠷᠭᠤᠭ᠎ᠠ︶ ᠠᠶᠤᠯ ᠦᠭᠡᠶ ᠦᠢᠯᠡᠳᠪᠦᠷᠢᠯᠡᠯ ᠤᠨ ᠰᠠᠭᠤᠷᠢ ᠰᠲ᠋ᠣᠺ᠃ ᠨᠡᠭᠦᠷᠡᠰᠦᠨ ᠤ ᠪᠤᠰᠤ ᠠᠭᠤᠷᠬᠠᠶ ︵ᠭᠠᠵᠠᠷ ᠰᠢᠨᠵᠢᠯᠡᠭᠡᠨ ᠤ ᠬᠠᠶᠢᠨ ᠰᠢᠨᠵᠢᠯᠡᠯᠲᠡ ᠪᠠᠭᠲᠠᠨ᠎ᠠ︶᠂ ᠴᠢᠯᠠᠭᠤᠨ ᠲᠣᠰᠣ ︵ᠪᠣᠯᠪᠠᠰᠤᠷᠠᠭᠤᠯᠬᠤ ᠪᠠ ᠪᠣᠯᠪᠠᠰᠤᠷᠠᠭᠤᠯᠤᠭᠰᠠᠨ ᠴᠢᠯᠠᠭᠤᠨ ᠲᠣᠰᠣᠨ ᠤ ᠬᠤᠭᠤᠯᠠᠶ ᠪᠠᠭᠲᠠᠬᠤ ᠥᠬᠡᠶ︶ ᠠᠯᠲᠠ᠂ ᠠᠯᠲᠠ ᠵᠠᠰᠠᠬᠤ᠂ ᠥᠩᠭᠡᠲᠦ ᠲᠡᠮᠦᠷᠯᠢᠭ᠂ ᠪᠠᠷᠢᠯᠭ᠎ᠠ ᠶᠢᠨ ᠮᠠᠲ᠋ᠧᠷᠢᠶᠠᠯ᠂ ᠮᠠᠰᠢᠨ᠂ ᠬᠥᠩᠭᠡᠨ ᠠᠵᠤ ᠦᠢᠯᠡᠳᠪᠦᠷᠢ᠂ ᠨᠡᠬᠡᠮᠡᠯ᠂ ᠨᠠᠪᠴᠢᠨ ᠲᠠᠮᠠᠬᠢ᠂ ᠠᠷᠠᠯᠵᠢᠶ᠎ᠠ ᠬᠤᠳᠠᠯᠳᠤᠭ᠎ᠠ ᠵᠡᠷᠭᠡ ᠦᠢᠯᠡᠳᠪᠦᠷᠢ ᠠᠭᠤᠷᠬᠠᠶ ᠠᠷᠠᠯᠵᠢᠶ᠎ᠠ ᠬᠤᠳᠠᠯᠳᠤᠭᠠᠨ ᠤ ᠠᠵᠢᠯ ᠲᠥᠷᠥᠯ ᠤᠨ ᠠᠶᠤᠯᠭᠦᠢ ᠦᠢᠯᠡᠳᠪᠦᠷᠢᠯᠡᠯ ᠤᠨ ᠰᠠᠭᠤᠷᠢ ᠠᠵᠢᠯ ᠢ ᠲᠤᠭᠤᠷᠪᠢᠨ ᠲᠣᠭᠲᠠᠭᠠᠵᠤ᠂ ᠣᠷᠣᠨ ᠨᠤᠲᠤᠭ ᠤᠨ ᠬᠠᠮᠢᠶ᠎ᠠ ᠪᠦᠬᠦᠢ ᠠᠵᠢᠯ ᠲᠥᠷᠥᠯ ᠤᠨ ᠠᠶᠤᠯᠭᠦᠢ ᠦᠢᠯᠡᠳᠪᠦᠷᠢᠯᠡᠯ ᠤᠨ ᠳᠦᠷᠢᠮ᠂ ᠪᠠᠷᠢᠮᠵᠢᠶ᠎ᠠ ᠶᠢ ᠲᠤᠭᠤᠷᠪᠢᠨ ᠲᠣᠭᠲᠠᠭᠠᠵᠤ᠂ ᠬᠠᠮᠢᠶ᠎ᠠ ᠪᠦᠬᠦᠢ ᠠᠵᠢᠯ ᠲᠥᠷᠥᠯ ᠤᠨ ᠠᠵᠤ ᠠᠬᠤᠶᠢᠯᠠᠯ ᠤᠨ ᠠᠶᠤᠯᠭᠦᠢ ᠦᠢᠯᠡᠳᠪᠦᠷᠢᠯᠡᠯ ᠤᠨ ᠪᠠᠷᠢᠮᠵᠢᠶᠠᠵᠢᠭᠤᠯᠤᠯᠲᠠ᠂ ᠠᠮᠤᠷ ᠲᠦᠪᠰᠢᠨ ᠤ ᠰᠡᠷᠭᠡᠶᠢᠯᠡᠨ ᠡᠵᠡᠮᠳᠡᠬᠦ ᠰᠢᠰᠲ᠋ᠧᠮᠵᠢ ᠶᠢᠨ ᠪᠠᠶᠢᠭᠤᠯᠤᠯᠲᠠ ᠵᠡᠷᠭᠡ ᠠᠵᠢᠯ ᠢ ᠵᠢᠯᠣᠭᠤᠳᠤᠨ ᠬᠢᠨᠠᠯᠲᠠ ᠲᠠᠯᠪᠢᠨ᠎ᠠ᠃            ︵ᠳᠤᠯᠤᠭ᠎ᠠ︶ ᠶᠡᠷᠦᠩᠬᠡᠶᠢᠯᠡᠨ ᠵᠤᠬᠢᠴᠠᠬᠤᠯᠬᠤ ᠪᠠ ᠵᠠᠰᠠᠭ ᠵᠠᠬᠢᠷᠬᠠᠨ ᠤ ᠬᠢᠨ᠋ᠠᠨ ᠵᠥᠪᠰᠢᠶᠡᠷᠡᠬᠦ ᠲᠠᠰᠤᠭ᠃ ᠠᠶᠤᠯᠭᠦᠢ ᠦᠢᠯᠡᠳᠪᠦᠷᠢᠯᠡᠯ ᠤᠨ ᠭᠤᠣᠯᠯᠠᠨ ᠬᠠᠮᠢᠶᠠᠷᠬᠤ ᠲᠤᠰᠬᠠᠶ ᠰᠠᠯᠠᠭ᠎ᠠ ᠮᠥᠴᠢᠷ ᠤᠨ ᠠᠵᠢᠯ ᠲᠥᠷᠥᠯ ᠪᠠ ᠬᠠᠷᠢᠶ᠎ᠠ ᠬᠤᠲᠠ ᠶᠢᠨ ᠠᠶᠤᠯᠭᠦᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠠᠵᠢᠯ ᠢ ᠬᠠᠤᠯᠢ ᠲᠣᠭᠲᠠᠭᠠᠯ ᠶᠣᠰᠣᠭᠠᠷ ᠵᠢᠯᠣᠭᠤᠳᠤᠨ ᠵᠣᠬᠢᠴᠠᠭᠤᠯᠬᠤ ᠪᠠ ᠬᠢᠨᠠᠯᠲᠠ ᠲᠠᠯᠪᠢᠨ᠎ᠠ᠃ ᠪᠦᠬᠦ ᠰᠢᠶᠠᠨ ᠤ ᠴᠢᠨᠠᠷᠲᠠᠶ ᠠᠶᠤᠯᠭᠦᠢ ᠦᠢᠯᠡᠳᠪᠦᠷᠢᠯᠡᠯ ᠢ ᠪᠠᠶᠢᠴᠠᠭᠠᠬᠤ ᠵᠢᠴᠢ ᠲᠤᠰᠬᠠᠶ ᠵᠦᠢᠯ ᠢᠶᠠᠷ ᠰᠢᠮᠳᠠᠭᠤᠯᠤᠨ ᠪᠠᠶᠢᠴᠠᠭᠠᠬᠤ᠂ ᠲᠤᠰᠬᠠᠶ ᠵᠦᠢᠯ ᠢᠶᠠᠷ ᠴᠡᠭᠴᠡᠯᠡᠨ ᠵᠠᠰᠠᠬᠤ ᠵᠡᠷᠭᠡ ᠠᠵᠢᠯ ᠢ ᠵᠣᠬᠢᠶᠠᠨ ᠪᠠᠶᠢᠭᠤᠯᠤᠨ ᠵᠣᠬᠢᠴᠠᠭᠤᠯᠵᠤ᠂ ᠠᠶᠤᠯᠭᠦᠢ ᠦᠢᠯᠡᠳᠪᠦᠷᠢᠯᠡᠯ ᠢ ᠲᠣᠭᠤᠷᠢᠨ ᠪᠠᠶᠢᠴᠠᠭᠠᠬᠤ᠂ ᠰᠢᠯᠭᠠᠨ ᠬᠢᠨᠠᠬᠤ ᠠᠵᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠰᠢᠶᠠᠨ ᠤ ᠠᠶᠤᠯᠭᠦᠶ ᠦᠢᠯᠡᠳᠪᠦᠷᠢᠯᠡᠯ ᠤᠨ ᠵᠥᠪᠯᠡᠯ ᠤᠨ ᠠᠯᠪᠠᠨ ᠭᠡᠷ ᠤᠨ ᠡᠳᠦᠷ ᠲᠤᠲᠤᠮ ᠤᠨ ᠠᠵᠢᠯ ᠢ ᠡᠭᠦᠷᠭᠡᠯᠡᠨ᠎ᠡ᠃ ᠰᠢᠶᠠᠨ ᠤ ᠱᠠᠲᠤᠨ ᠤ ᠴᠢᠬᠤᠯᠠ ᠶᠡᠭᠡ ᠲᠥᠷᠥ ᠶᠢᠨ ᠪᠣᠳᠣᠯᠭ᠎ᠠ ᠶᠢᠨ ᠰᠤᠳᠤᠯᠭᠠᠨ ᠤ ᠠᠵᠢᠯ ᠢ ᠡᠭᠦᠷᠭᠡᠯᠡᠵᠦ᠂ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠤᠨ ᠬᠠᠤᠯᠢ ᠶᠣᠰᠣᠴᠢ ᠴᠢᠨᠠᠷ ᠢ ᠬᠢᠨᠠᠨ ᠪᠠᠶᠢᠴᠠᠭᠠᠬᠤ ᠪᠠ ᠵᠠᠰᠠᠭ ᠵᠠᠬᠢᠷᠭᠠᠨ ᠤ ᠳᠠᠬᠢᠨ ᠵᠥᠪᠯᠡᠬᠦ᠂ ᠵᠠᠰᠠᠭ ᠵᠠᠬᠢᠷᠭᠠᠨ ᠤ ᠵᠠᠷᠭᠤ ᠬᠦᠯᠢᠶᠡᠬᠦ ᠵᠡᠷᠭᠡ ᠠᠵᠢᠯ ᠢ ᠡᠭᠦᠷᠭᠡᠯᠡᠨ᠎ᠡ᠃ ᠲᠤᠰ ᠰᠢᠶᠠᠨ ᠤ ᠪᠠᠴᠢᠮ ᠪᠠᠶᠢᠳᠠᠯ ᠢ ᠠᠷᠭᠠᠴᠠᠬᠤ ᠰᠢᠰᠲ᠋ᠧᠮᠵᠢ ᠶᠢᠨ ᠪᠠᠶᠢᠭᠤᠯᠤᠯᠲᠠ᠂ ᠠᠶᠤᠯᠭᠦᠢ ᠦᠢᠯᠡᠳᠪᠦᠷᠢᠯᠡᠯ ᠪᠠ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠶᠡᠷᠦᠩᠬᠡᠶᠢᠯᠡᠭᠰᠡᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢᠨ ᠰᠠᠨᠠᠭᠤᠯᠭ᠎ᠠ ᠶᠢ ᠰᠤᠳᠤᠯᠤᠨ ᠳᠤᠷᠠᠳᠴᠤ᠂ ᠪᠠᠴᠢᠮ ᠪᠠᠶᠢᠳᠠᠯ ᠢ ᠠᠷᠭᠠᠴᠠᠬᠤ ᠭᠤᠣᠯᠳᠠᠯᠭ᠎ᠠ ᠲᠠᠢ ᠢᠨᠵᠧᠨᠧᠷᠢᠩ ᠪᠠ ᠠᠶᠤᠯ ᠠᠴᠠ ᠵᠠᠶᠢᠯᠠᠬᠤ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ᠃ ᠰᠢᠶᠠᠨ ᠤ ᠱᠠᠲᠤᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ᠂ ᠠᠶᠤᠯᠭᠦᠢ ᠦᠢᠯᠡᠳᠪᠦᠷᠢᠯᠡᠯ ᠤᠨ ᠰᠢᠨᠵᠢᠯᠡᠬᠦ ᠤᠬᠠᠭᠠᠨ ᠮᠡᠷᠭᠡᠵᠢᠯ ᠪᠣᠯᠤᠨ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠬᠠᠮᠢᠶᠠᠷᠤᠯᠲᠠ ᠶᠢᠨ ᠠᠵᠢᠯ ᠢ ᠡᠭᠦᠷᠭᠡᠯᠡᠵᠦ᠂ ᠲᠤᠰ ᠰᠢᠶᠠᠨ ᠤ ᠪᠠᠶᠢᠭᠠᠯᠢ ᠶᠢᠨ ᠭᠠᠮᠰᠢᠭ ᠤᠨ ᠮᠡᠳᠡᠭᠡ ᠵᠠᠩᠭᠢ ᠶᠢᠨ ᠡᠬᠢ ᠪᠠᠶᠠᠯᠢᠭ ᠢ ᠣᠯᠬᠤ ᠪᠠ ᠬᠠᠮᠲᠤᠪᠠᠷ ᠡᠳ᠋ᠯᠡᠬᠦ ᠲᠣᠭᠲᠠᠴᠠ ᠶᠢ ᠪᠦᠷᠢᠨᠰᠢᠭᠦᠯᠵᠦ᠂ ᠬᠤᠯᠪᠣᠭᠳᠠᠯ ᠪᠦᠬᠦᠢ ᠰᠢᠨᠵᠢᠯᠡᠬᠦ ᠤᠬᠠᠭᠠᠨ ᠮᠡᠷᠭᠡᠵᠢᠯ ᠤᠨ ᠲᠥᠯᠥᠪᠵᠢᠭᠦᠯᠭᠡ᠂ ᠲᠥᠯᠥᠪᠯᠡᠭᠡ ᠶᠢ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ︔ ᠪᠦᠬᠦ ᠰᠢᠶᠠᠨ ᠤ ᠦᠢᠯᠡᠳᠪᠦᠷᠢ ᠠᠭᠤᠷᠬᠠᠶ ᠠᠷᠠᠯᠵᠢᠶ᠎ᠠ ᠬᠤᠳᠠᠯᠳᠤᠭᠠᠨ ᠤ ᠠᠵᠤ ᠠᠬᠤᠶᠢᠯᠠᠯ ᠤᠨ ᠠᠶᠤᠯᠭᠦᠢ ᠦᠢᠯᠡᠳᠪᠦᠷᠢᠯᠡᠯ ᠤᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ᠂ ᠳᠠᠩᠰᠠᠯᠠᠬᠤ ᠠᠵᠢᠯ ᠢ ᠬᠠᠤᠯᠢ ᠶᠣᠰᠣᠭᠠᠷ ᠡᠭᠦᠷᠭᠡᠯᠡᠵᠦ᠂ ᠪᠦᠬᠦ ᠰᠢᠶᠠᠨ ᠤ ᠬᠠᠷᠢᠶ᠎ᠠ ᠪᠦᠬᠦᠢ ᠠᠵᠢᠯ ᠲᠦᠷᠦᠯ ᠤᠨ ᠠᠵᠤ ᠠᠬᠤᠶᠢᠯᠠᠯ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠢ ᠳᠠᠩᠰᠠᠯᠠᠭᠤᠯᠬᠤ ᠵᠡᠷᠭᠡ ᠠᠵᠢᠯ ᠢ ᠬᠠᠷᠢᠭᠤᠴᠠᠨ᠎ᠠ᠃      ᠭᠤᠷᠪᠠ᠂ ᠬᠠᠷᠢᠯᠴᠠᠬᠤ ᠠᠷᠭ᠎ᠠ ᠬᠡᠯᠪᠡᠷᠢ᠄      ᠠᠯᠪᠠᠯᠠᠬᠤ ᠴᠠᠭ᠄ ᠭᠠᠷᠠᠭ ᠤᠨ ᠨᠢᠭᠡᠨ ᠠᠴᠠ ᠭᠠᠷᠠᠭ ᠤᠨ ᠲᠠᠪᠤᠨ ᠤ 9᠄ 00-12᠄ 00 14᠄ 30 - 18᠄ 00      ᠠᠵᠢᠯᠯᠠᠬᠤ ᠭᠠᠵᠠᠷ᠄ ᠰᠢᠩ ᠾᠧ ᠰᠢᠶᠠᠨ ᠤ ᠰᠢᠩ ᠸᠠᠩ ᠵᠢᠶᠤᠤ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠤᠨ ᠠᠵᠢᠯᠯᠠᠬᠤ ᠠᠰᠠᠷ ᠤᠨ 4 ᠳ᠋ᠦ᠋ᠭᠡᠷ ᠠᠰᠠᠷ      ᠬᠠᠷᠢᠯᠴᠠᠬᠤ ᠤᠲᠠᠰᠤ᠄ 0474 - 7214657      ᠬᠠᠷᠢᠭᠤᠴᠠᠯᠭᠠᠲᠠᠨ ᠤ ᠣᠪᠣᠭ ᠨᠡᠷ᠎ᠡ ᠵᠤᠤ ᠵᠢᠶᠠᠨ ᠰᠢᠨ              
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠤᠷᠳᠤᠨ ᠤ ᠬᠢᠲᠠᠳ ᠲᠤᠤᠷ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3