ᠰᠢᠩ ᠾᠧ ᠰᠢᠶᠠᠨ ᠤ ᠠᠮᠢ ᠠᠬᠤᠶ ᠣᠷᠴᠢᠨ ᠲᠣᠭᠤᠷᠢᠨ ᠤ ᠬᠤᠪᠢᠶᠠᠷᠢ  ᠲᠤᠪᠴᠢᠶ᠎ᠠ
ᠨᠡᠶᠢᠲᠡᠯᠡᠭᠰᠡᠨ ᠴᠠᠭ᠄
2025/3/30
ᠪᠠᠶᠢᠭᠤᠯᠤᠮᠵᠢ ᠶᠢᠨ ᠡᠭᠦᠷᠭᠡ ᠴᠢᠳᠠᠪᠤᠷᠢ          ᠤᠯᠠᠭᠠᠨᠴᠠᠪ ᠬᠤᠲᠠ ᠶᠢᠨ ᠠᠮᠢ ᠠᠬᠤᠶ ᠣᠷᠴᠢᠨ ᠲᠣᠭᠤᠷᠢᠨ ᠤ ᠲᠣᠪᠴᠢᠶ᠎ᠠ 2019 ᠣᠨ ᠤ 5 ᠰᠠᠷ᠎ᠠ ᠶᠢᠨ 17 ᠤ ᠡᠳᠦᠷ ᠪᠠᠶᠢᠭᠤᠯᠤᠭᠳᠠᠵᠤ᠂ ᠰᠢᠩ ᠾᠧ ᠰᠢᠶᠠᠨ ᠤ ᠵᠠᠰᠠᠭ ᠤᠨ ᠣᠷᠳᠣᠨ ᠤ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠪᠣᠯᠵᠤ᠂ ᠬᠠᠷᠢᠶ᠎ᠠ ᠣᠷᠣᠨ ᠤ ᠪᠠᠨ ᠣᠷᠴᠢᠨ ᠲᠣᠭᠤᠷᠢᠨ ᠤ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃ ᠲᠣᠪᠴᠢᠶ᠎ᠠ ᠶᠢᠨ ᠪᠠᠶᠢᠭᠤᠯᠭ᠎ᠠ ᠶᠢᠨ ᠳᠣᠲᠣᠭᠠᠳᠤ ᠳᠤ ᠡᠳ᠋ ᠤᠨ ᠶᠠᠪᠤᠳᠠᠯ ᠤᠨ ᠰᠠᠯᠠᠭ᠎ᠠ᠂ ᠲᠤᠭ᠎ᠠ ᠪᠦᠷᠢᠳᠬᠡᠯ ᠤᠨ ᠰᠠᠯᠠᠭ᠎ᠠ᠂ ᠠᠯᠪᠠᠨ ᠬᠡᠷ᠂ ᠲᠤᠬᠠᠶᠢᠯᠠᠭᠰᠠᠨ ᠠᠵᠢᠯ ᠤᠨ ᠲᠠᠰᠤᠭ ᠪᠠ ᠤᠬᠠᠭᠤᠯᠭ᠎ᠠ ᠬᠥᠮᠦᠵᠢᠯ ᠤᠨ ᠲᠥᠪ ᠪᠠᠶᠢᠭᠤᠯᠵᠤ᠂ ᠳᠣᠤᠷ᠎ᠠ ᠨᠢ ᠬᠤᠶᠠᠳᠤᠭᠠᠷ ᠳᠡᠰ ᠤᠨ ᠳᠥᠷᠪᠡᠨ ᠨᠢᠭᠡᠴᠢ ᠭᠠᠷᠭᠠᠪᠠ᠄ ᠰᠢᠩ ᠾᠧ ᠰᠢᠶᠠᠨ ᠤ ᠠᠮᠢ ᠠᠬᠤᠶ ᠶᠢᠨ ᠣᠷᠴᠢᠨ ᠲᠣᠭᠤᠷᠢᠨ ᠢ ᠬᠢᠨᠠᠨ ᠬᠡᠮᠵᠢᠬᠦ ᠥᠷᠲᠡᠭᠡ᠂ ᠰᠢᠩ ᠾᠧ ᠰᠢᠶᠠᠨ ᠤ ᠠᠮᠢ ᠠᠬᠤᠶ ᠶᠢᠨ ᠣᠷᠴᠢᠨ ᠲᠣᠭᠤᠷᠢᠨ ᠤ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠶᠡᠭᠡ ᠠᠩᠭᠢ᠂ ᠠᠮᠢ ᠠᠬᠤᠶ ᠶᠢᠨ ᠬᠢᠨᠠᠨ ᠬᠡᠮᠵᠢᠯᠲᠡ ᠶᠢᠨ ᠬᠠᠮᠢᠶᠠᠷᠤᠯᠲᠠ ᠶᠢᠨ ᠥᠷᠲᠡᠭᠡ᠂ ᠪᠠᠴᠢᠮ ᠪᠠᠶᠢᠳᠠᠯ ᠢ ᠠᠷᠭᠠᠴᠠᠬᠤ ᠲᠥᠪ᠃ ᠪᠦᠬᠦ ᠠᠶᠢᠮᠠᠭ ᠲᠤ 47 ᠠᠵᠢᠯ ᠤᠨ ᠪᠠᠶᠢᠷᠢ ᠳᠤ ᠪᠠᠨ ᠪᠠᠶᠢᠭ᠎ᠠ ᠬᠦᠮᠦᠨ ᠲᠠᠢ᠂ 14 ᠠᠵᠢᠯ ᠠᠴᠠ ᠪᠠᠨ ᠠᠮᠠᠷᠠᠭᠰᠠᠨ ᠦᠭᠡᠢ᠂ 1 ᠬᠦᠮᠦᠨ ᠳᠤ ᠠᠵᠢᠯ ᠤᠯᠭᠤᠭᠰᠠᠨ ᠦᠭᠡᠢ᠃ ᠲᠣᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠳᠤ ᠨᠠᠮ ᠤᠨ ᠭᠡᠰᠢᠭᠦᠨ 32 ᠬᠥᠮᠦᠨ᠂ ᠡᠭᠦᠨ ᠳᠤ ᠡᠷᠡᠭᠲᠡᠶ ᠨᠠᠮ ᠤᠨ ᠭᠡᠰᠢᠭᠦᠨ 20᠂ ᠡᠮᠡᠭᠲᠡᠶ ᠨᠠᠮ ᠤᠨ ᠭᠡᠰᠢᠭᠦᠨ 12 ᠬᠥᠮᠦᠨ ᠪᠣᠶ᠃      ᠠᠵᠢᠯ ᠤᠨ ᠡᠭᠦᠷᠭᠡ ᠬᠠᠷᠢᠭᠤᠴᠠᠯᠭ᠎ᠠ          ᠨᠢᠭᠡ ᠳᠤ᠂ ᠰᠢᠶᠠᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠵᠢᠴᠢ ᠳᠡᠭᠡᠳᠦ ᠱᠠᠲᠤᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠤᠳᠤᠷᠢᠳᠤᠯᠭ᠎ᠠ ᠳᠣᠤᠷ᠎ᠠ᠂ ᠲᠣᠰ ᠬᠠᠷᠢᠶ᠎ᠠ ᠣᠷᠣᠨ ᠤ ᠪᠠᠨ ᠣᠷᠴᠢᠨ ᠠᠬᠤᠶ ᠶᠢᠨ ᠬᠠᠮᠠᠭᠠᠯᠠᠯᠲᠠ ᠶᠢᠨ ᠠᠵᠢᠯ ᠳᠤ ᠨᠢᠭᠡᠳᠦᠯᠲᠡᠶ ᠬᠢᠨᠠᠯᠲᠠ ᠲᠠᠯᠪᠢᠵᠤ ᠬᠠᠮᠢᠶᠠᠷᠬᠤ ᠶᠢ ᠬᠡᠷᠡᠭᠵᠢᠭᠦᠯᠦᠨ᠎ᠡ︔ ᠲᠣᠰ ᠬᠠᠷᠢᠶ᠎ᠠ ᠣᠷᠣᠨ ᠤ ᠪᠠᠨ ᠣᠷᠴᠢᠨ ᠠᠬᠤᠶ ᠶᠢᠨ ᠪᠣᠬᠢᠷᠲᠤᠯ ᠢ ᠰᠡᠷᠭᠡᠶᠢᠯᠡᠨ ᠵᠠᠰᠠᠬᠤ᠂ ᠪᠠᠶᠢᠭᠠᠯᠢ ᠶᠢᠨ ᠠᠮᠢ ᠠᠬᠤᠶ ᠶᠢ ᠬᠠᠮᠠᠭᠠᠯᠠᠬᠤ᠂ ᠠᠮᠢ ᠠᠬᠤᠶ ᠶᠢᠨ ᠪᠥᠲᠥᠭᠡᠨ ᠪᠠᠶᠢᠭᠤᠯᠤᠯᠲᠠ ᠪᠠ ᠠᠮᠢ ᠠᠬᠤᠶ ᠶᠢᠨ ᠲᠠᠷᠢᠶᠠᠯᠠᠩ ᠤᠨ ᠪᠥᠲᠥᠭᠡᠨ ᠪᠠᠶᠢᠭᠤᠯᠤᠯᠲᠠ ᠵᠡᠷᠭᠡ ᠠᠵᠢᠯ ᠢ ᠵᠣᠬᠢᠶᠠᠨ ᠪᠠᠶᠢᠭᠤᠯᠤᠨ ᠵᠣᠬᠢᠴᠠᠭᠤᠯᠬᠤ ᠪᠠ ᠬᠢᠨᠠᠯᠲᠠ ᠲᠠᠯᠪᠢᠨ᠎ᠠ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠲᠤᠰ ᠬᠠᠷᠢᠶ᠎ᠠ ᠣᠷᠣᠨ ᠤ ᠪᠠᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠤ ᠦᠢᠯᠡᠰ ᠤᠨ ᠲᠥᠯᠥᠪᠵᠢᠭᠦᠯᠭᠡ ᠪᠠ ᠵᠣᠬᠢᠴᠠᠭᠤᠯᠭ᠎ᠠ ᠶᠢ ᠰᠠᠶᠢᠲᠤᠷ ᠬᠢᠵᠦ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠣᠪᠴᠢ ᠮᠡᠳᠡᠭᠡ ᠶᠢ ᠨᠠᠶᠢᠷᠠᠭᠤᠯᠤᠨ ᠲᠠᠷᠬᠠᠭᠠᠵᠤ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠤᠬᠠᠭᠤᠯᠭ᠎ᠠ ᠬᠥᠮᠦᠵᠢᠯ ᠢ ᠵᠣᠬᠢᠶᠠᠨ ᠪᠠᠶᠢᠭᠤᠯᠤᠨ ᠤᠳᠤᠷᠢᠳᠴᠤ᠂ ᠲᠤᠰ ᠬᠠᠷᠢᠶ᠎ᠠ ᠣᠷᠣᠨ ᠤ ᠪᠠᠨ ᠬᠦᠨᠳᠦ ᠶᠡᠭᠡ ᠪᠣᠬᠢᠷᠲᠤᠯ ᠤᠨ ᠠᠳᠡᠯ ᠢ ᠪᠠᠶᠢᠴᠠᠭᠠᠨ ᠰᠢᠢᠳᠪᠤᠷᠢᠯᠡᠵᠤ᠂ ᠵᠠᠰᠠᠭ ᠵᠠᠬᠢᠷᠭᠠᠨ ᠤ ᠣᠷᠣᠨ ᠠᠯᠤᠰᠯᠠᠭᠰᠠᠨ ᠣᠷᠴᠢᠨ ᠲᠣᠭᠤᠷᠢᠨ ᠤ ᠪᠣᠬᠢᠷᠲᠤᠯ ᠤᠨ ᠵᠢᠭᠤᠷᠠᠯᠳᠤᠭᠠᠨ ᠤ ᠠᠰᠠᠭᠤᠳᠠᠯ ᠢ  ᠰᠢᠢᠳᠪᠤᠷᠢᠯᠡᠬᠦ ᠳᠤ ᠣᠷᠣᠯᠴᠠᠵᠤ᠂ ᠣᠯᠠᠨ ᠲᠦᠮᠡᠨ ᠤ ᠵᠠᠬᠢᠳᠠᠯ ᠰᠤᠷᠪᠤᠯᠵᠢᠯᠠᠯ ᠢ  ᠰᠢᠢᠳᠪᠤᠷᠢᠯᠡᠨ᠎ᠡ᠃ ᠬᠤᠯᠪᠣᠭᠳᠠᠯ ᠪᠦᠬᠦᠢ ᠲᠣᠭᠲᠠᠭᠠᠯ ᠢ ᠦᠨᠳᠦᠰᠦᠯᠡᠨ ᠡᠯ᠎ᠡ ᠲᠥᠷᠥᠯ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠡᠷᠡᠭ ᠢ ᠬᠦᠯᠢᠶᠡᠨ ᠠᠪᠴᠤ ᠰᠢᠢᠳᠪᠦᠷᠢᠯᠡᠬᠦ ᠪᠠ ᠰᠢᠢᠳᠪᠦᠷᠢᠯᠡᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠲᠥᠷᠥ ᠶᠢᠨ ᠵᠥᠪᠯᠡᠯᠭᠡᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠠᠨᠠᠯ ᠳᠤᠷᠠᠳᠤᠯᠭ᠎ᠠ ᠶᠢ ᠰᠢᠢᠳᠪᠦᠷᠢᠯᠡᠨ᠎ᠡ︔        ᠬᠤᠶᠠᠷ ᠲᠤ᠂ ᠲᠤᠰ ᠬᠠᠷᠢᠶ᠎ᠠ ᠣᠷᠣᠨ ᠤ ᠪᠠᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠥᠯᠥᠪᠵᠢᠭᠦᠯᠭᠡ ᠂ ᠲᠥᠯᠥᠪᠯᠡᠭᠡ ᠶᠢ ᠵᠣᠬᠢᠶᠠᠨ ᠪᠠᠶᠢᠭᠤᠯᠤᠨ ᠲᠣᠭᠲᠠᠭᠠᠵᠤ᠂ ᠵᠥᠪᠰᠢᠶᠡᠷᠡᠭᠦᠯᠦᠭᠰᠡᠨ ᠤ ᠳᠠᠷᠠᠭ᠎ᠠ ᠵᠣᠬᠢᠶᠠᠨ ᠪᠠᠶᠢᠭᠤᠯᠤᠨ ᠬᠡᠷᠡᠭᠵᠢᠭᠦᠯᠬᠦ ᠬᠡᠷᠡᠭᠲᠡᠶ᠃ ᠲᠣᠰ ᠬᠠᠷᠢᠶ᠎ᠠ ᠣᠷᠣᠨ ᠤ ᠨᠡᠶᠢᠭᠡᠮ᠂ ᠠᠵᠤ ᠠᠬᠤᠶ ᠶᠢᠨ ᠳᠤᠮᠳᠠ ᠪᠠ ᠤᠷᠲᠤ ᠬᠤᠭᠤᠴᠠᠭᠠᠨ ᠤ ᠲᠥᠯᠥᠪᠵᠢᠭᠦᠯᠭᠡ ᠵᠢᠴᠢ ᠬᠤᠲᠠ ᠶᠢᠨ ᠶᠡᠷᠦᠩᠬᠡᠶ ᠲᠥᠯᠥᠪᠵᠢᠭᠦᠯᠭᠡ ᠶᠢ ᠲᠣᠭᠲᠠᠭᠠᠬᠤ ᠳᠤ ᠣᠷᠣᠯᠴᠠᠬᠤ ᠬᠡᠷᠡᠭᠲᠡᠶ︔      ᠭᠤᠷᠪᠠ ᠳᠤ᠂ ᠲᠣᠰ ᠬᠠᠷᠢᠶ᠎ᠠ ᠣᠷᠣᠨ ᠤ ᠣᠷᠴᠢᠨ ᠲᠣᠭᠤᠷᠢᠨ ᠤ ᠬᠢᠨᠠᠨ ᠬᠡᠮᠵᠢᠯᠲᠡ ᠶᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠪᠠᠶᠢᠴᠠᠭᠠᠨ ᠦᠨᠡᠯᠡᠬᠦ᠂ ᠣᠷᠴᠢᠨ ᠲᠣᠭᠤᠷᠢᠨ ᠤ ᠲᠤᠭ᠎ᠠ ᠪᠦᠷᠢᠳᠬᠡᠯ ︵ᠰᠠᠷ᠎ᠠ ᠶᠢᠨ ᠮᠡᠳᠡᠭᠦᠯᠦᠯᠲᠡ᠂ ᠤᠯᠠᠷᠢᠯ ᠤᠨ ᠮᠡᠳᠡᠭᠦᠯᠦᠯᠲᠡ᠂ ᠣᠨ ᠤ ᠮᠡᠳᠡᠭᠦᠯᠦᠯᠲᠡ︶᠂ ᠣᠷᠴᠢᠨ ᠲᠣᠭᠤᠷᠢᠨ ᠤ ᠴᠢᠳᠠᠮᠵᠢ ᠶᠢᠨ ᠣᠷᠣᠨ ᠬᠤᠪᠢᠶᠠᠷᠢᠯᠠᠯ ᠵᠡᠷᠭᠡ ᠵᠦᠢᠯᠡᠰ ᠢ ᠬᠤᠪᠢᠶᠠᠬᠤ ᠠᠵᠢᠯ ᠢ ᠵᠣᠬᠢᠶᠠᠨ ᠪᠠᠶᠢᠭᠤᠯᠤᠨ ᠬᠢᠵᠦ᠂ ᠣᠷᠴᠢᠨ ᠲᠣᠭᠤᠷᠢᠨ ᠤ ᠬᠢᠨᠠᠨ ᠬᠡᠮᠵᠢᠯᠲᠡ ᠶᠢᠨ ᠣᠨ ᠤ ᠣᠶᠢᠯᠠᠪᠤᠷᠢ ᠶᠢ ᠨᠠᠶᠢᠷᠠᠭᠤᠯᠤᠨ ᠮᠡᠳᠡᠭᠦᠯᠦᠨ᠎ᠡ᠃      ᠲᠦᠷᠪᠡ ᠳᠤ᠂ ᠪᠣᠬᠢᠷᠲᠤᠯ ᠭᠠᠳᠠᠭᠰᠢᠯᠠᠭᠤᠯᠬᠤ ᠵᠥᠪᠰᠢᠶᠡᠷᠡᠯ ᠤᠨ ᠦᠨᠡᠮᠯᠡᠯ ᠣᠯᠭᠤᠬᠤ ᠪᠠ ᠪᠦᠳᠦᠭᠡᠨ ᠪᠠᠶᠢᠭᠤᠯᠬᠤ ᠵᠦᠢᠯᠡᠰ ᠤᠨ ᠣᠷᠴᠢᠨ ᠲᠣᠭᠤᠷᠢᠨ ᠤ ᠬᠠᠮᠢᠶᠠᠷᠤᠯᠲᠠ ᠵᠡᠷᠭᠡ ᠵᠦᠢᠯ ᠤᠨ ᠬᠠᠮᠢᠶᠠᠷᠤᠯᠲᠠ ᠶᠢᠨ ᠲᠦᠷᠢᠮ ᠢ ᠲᠤᠭᠤᠰᠢᠯᠠᠭᠤᠯᠤᠨ ᠬᠡᠷᠡᠭᠵᠢᠭᠦᠯᠦᠨ᠎ᠡ᠃ ᠵᠠᠰᠠᠭ ᠤᠨ ᠣᠷᠳᠣᠨ ᠤ ᠤᠳᠤᠷᠢᠳᠤᠯᠭ᠎ᠠ ᠶᠢᠨ ᠳᠣᠣᠷ᠎ᠠ᠂ ᠣᠷᠴᠢᠨ ᠠᠬᠤᠢ ᠶᠢ ᠶᠡᠷᠦᠨ᠋ᠬᠡᠶᠢᠯᠡᠨ ᠴᠡᠭᠴᠡᠯᠡᠨ ᠵᠠᠰᠠᠬᠤ᠂ ᠲᠤᠭ᠎ᠠ ᠬᠡᠮᠵᠢᠶ᠎ᠡ ᠲᠣᠭᠲᠠᠭᠠᠨ ᠰᠢᠯᠭᠠᠨ ᠬᠢᠨᠠᠬᠤ᠂ ᠣᠷᠴᠢᠨ ᠠᠬᠤᠢ ᠶᠢᠨ ᠬᠠᠷᠠᠯᠲᠠᠲᠤ ᠬᠠᠷᠢᠭᠤᠴᠠᠯᠭ᠎ᠠ ᠶᠢᠨ ᠳᠦᠷᠢᠮ ᠪᠣᠯᠤᠨ ᠬᠤᠭᠤᠴᠠᠭ᠎ᠠ ᠲᠣᠭᠲᠠᠭᠠᠨ ᠵᠠᠰᠠᠬᠤ ᠵᠡᠷᠭᠡ ᠣᠯᠠᠨ ᠵᠦᠢᠯ ᠤᠨ ᠳᠦᠷᠢᠮ ᠢ ᠬᠡᠷᠡᠭᠵᠢᠭᠦᠯᠦᠨ᠎ᠡ᠃    ᠲᠠᠪᠤ ᠳᠤ᠂ ᠰᠢᠶᠠᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠣᠯᠤᠨ ᠳᠡᠭᠡᠳᠦ ᠱᠠᠲᠤᠨ ᠤ ᠪᠠᠶᠢᠭᠤᠯᠭ᠎ᠠ ᠶᠢᠨ ᠲᠤᠰᠢᠶᠠᠭᠰᠠᠨ ᠪᠤᠰᠤᠳ ᠡᠭᠦᠷᠭᠡ ᠶᠢ ᠡᠭᠦᠷᠭᠡᠯᠡᠨ᠎ᠡ᠃        ᠪᠠᠶᠢᠭᠤᠯᠤᠮᠵᠢ ᠶᠢᠨ ᠪᠠᠶᠢᠷᠢᠯᠠᠭᠤᠯᠤᠯᠲᠠ      ᠨᠢᠭᠡ᠂ ᠶᠡᠷᠥᠩᠬᠡᠶᠢᠯᠡᠭᠰᠡᠨ ᠠᠯᠪᠠᠨ ᠭᠡᠷ      ᠡᠷᠬᠢᠯᠡᠭᠴᠢ᠄ ᠵᠧᠩ ᠪᠤᠤ ᠫᠢᠩ ︵ᠨᠠᠷᠢᠨ ᠪᠢᠴᠢᠭᠡᠴᠢ︶      ᠴᠧᠩ ᠡᠷᠬᠢᠯᠡᠭᠴᠢ᠄ ᠼᠧᠨ ᠶᠠᠨ ᠹᠸᠢ  ᠳ᠋ᠦ᠋ ᠯᠢ ᠷᠦᠩ  ᠯᠢᠦ ᠰᠢᠶᠤᠤ ᠯᠠᠨ      ᠠᠵᠢᠯ ᠤᠨ ᠡᠭᠦᠷᠭᠡ ᠬᠠᠷᠢᠭᠤᠴᠠᠯᠭ᠎ᠠ᠄      1. ᠲᠣᠪᠴᠢᠶ᠎ᠠ ᠶᠢᠨ ᠤᠳᠤᠷᠢᠳᠤᠯᠭ᠎ᠠ ᠶᠢ ᠬᠠᠪᠰᠤᠷᠤᠨ ᠪᠠᠶᠢᠭᠤᠯᠭ᠎ᠠ ᠶᠢᠨ ᠠᠵᠢᠯ ᠢ ᠵᠣᠬᠢᠶᠠᠨ ᠪᠠᠶᠢᠭᠤᠯᠤᠨ ᠵᠣᠬᠢᠴᠠᠭᠤᠯᠤᠨ᠎ᠠ᠃      2. ᠪᠥᠬᠦ ᠲᠠᠯ᠎ᠠ ᠶᠢᠨ ᠨᠠᠮ ᠤᠨ ᠪᠠᠶᠢᠭᠤᠯᠤᠯᠲᠠ ᠶᠢᠨ ᠰᠤᠷᠤᠯᠴᠠᠬᠤ ᠮᠠᠲ᠋ᠧᠷᠢᠶᠠᠯ᠂ ᠠᠵᠢᠯ ᠤᠨ ᠲᠥᠯᠥᠪᠯᠡᠭᠡ᠂ ᠠᠵᠢᠯ ᠤᠨ ᠳ᠋ᠦᠩᠨᠡᠯᠲᠡ᠂ ᠲᠦᠷᠢᠮ ᠲᠣᠭᠲᠠᠭᠠᠯ ᠵᠢᠴᠢ ᠡᠯ᠎ᠡ ᠲᠥᠷᠥᠯ ᠤᠨ ᠪᠠᠶᠢᠭᠤᠯᠭ᠎ᠠ ᠶᠢᠨ ᠶᠡᠷᠦᠩᠬᠡᠶᠢᠯᠡᠭᠰᠡᠨ ᠴᠢᠨᠠᠷᠲᠠᠶ ᠪᠢᠴᠢᠭ ᠮᠠᠲ᠋ᠧᠷᠢᠶᠠᠯ ᠢ ᠲᠤᠭᠤᠷᠪᠢᠨ ᠲᠣᠭᠲᠠᠭᠠᠬᠤ ᠶᠢ ᠬᠠᠷᠢᠭᠤᠴᠠᠬᠤ ᠶᠢᠨ ᠬᠠᠮᠲᠤ ᠪᠢᠴᠢᠭ ᠮᠠᠲ᠋ᠧᠷᠢᠶᠠᠯ ᠤᠨ ᠶᠠᠰᠤ ᠴᠢᠨᠠᠷ ᠤᠨ ᠪᠣᠭᠤᠮᠲᠠ ᠶᠢ ᠰᠠᠶᠢᠲᠤᠷ ᠠᠳᠬᠤᠵᠤ᠂ ᠪᠢᠴᠢᠭ ᠮᠠᠲ᠋ᠧᠷᠢᠶᠠᠯ ᠢ ᠬᠢᠨᠠᠨ ᠦᠵᠡᠬᠦ ᠡᠷᠬᠡ ᠶᠢᠨ ᠬᠡᠪᠴᠢᠶ᠎ᠡ᠂ ᠬᠢᠨᠠᠨ ᠵᠥᠪᠰᠢᠶᠡᠷᠡᠭᠦᠯᠦᠭᠰᠡᠨ ᠤ ᠳᠠᠷᠠᠭ᠎ᠠ ᠰᠠᠶ᠋ᠢ ᠬᠡᠷᠡᠭᠵᠢᠭᠦᠯᠵᠦ ᠪᠣᠯᠤᠨ᠎ᠠ᠃      3. ᠬᠠᠷᠢᠭᠤᠴᠠᠵᠤ ᠪᠠᠶᠢᠭ᠎ᠠ ᠪᠠᠶᠢᠭᠤᠯᠤᠯᠭ᠎ᠠ ᠶᠢᠨ ᠵᠠᠬᠢᠳᠠᠯ ᠰᠤᠷᠪᠤᠯᠵᠢᠯᠠᠯ ᠤᠨ ᠠᠵᠢᠯ ᠢ ᠬᠠᠷᠢᠭᠤᠴᠠᠨ᠎ᠠ᠃ ᠭᠡᠷ᠎ᠡ ᠶᠢᠨ ᠬᠠᠮᠢᠶᠠᠷᠤᠯᠲᠠ ᠵᠢᠴᠢ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢ ᠳᠡᠭᠡᠭᠰᠢ ᠮᠡᠳᠡᠭᠦᠯᠬᠦ ᠠᠵᠢᠯ︔      4. ᠲᠣᠪᠴᠢᠶᠠᠨ ᠤ ᠪᠠᠶᠢᠭᠤᠯᠭ᠎ᠠ ᠪᠣᠯᠤᠨ ᠬᠤᠶᠠᠳᠤᠭᠠᠷ ᠳᠡᠰ ᠤᠨ ᠨᠢᠭᠡᠴᠢ ᠶᠢᠨ ᠠᠵᠢᠯᠲᠠᠨ ᠠᠵᠢᠯᠴᠢᠨ ᠤ ᠠᠵᠢᠯᠲᠠᠨ ᠤ ᠶᠠᠪᠤᠳᠠᠯ ᠪᠠ ᠬᠥᠳᠡᠯᠮᠦᠷᠢ ᠴᠠᠯᠢᠩ ᠤᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃      5. ᠵᠣᠬᠢᠶᠠᠨ ᠪᠠᠶᠢᠭᠤᠯᠤᠯᠲᠠ ᠠᠴᠠ ᠲᠣᠪᠴᠢᠶᠠᠨ ᠤ ᠪᠠᠶᠢᠭᠤᠯᠭ᠎ᠠ ᠶᠢᠨ ᠡᠯ᠎ᠡ ᠰᠠᠯᠠᠭ᠎ᠠ ᠲᠠᠰᠤᠭ ᠪᠠ ᠬᠤᠶᠠᠳᠤᠭᠠᠷ ᠳᠡᠰ ᠤᠨ ᠨᠢᠭᠡᠴᠢ ᠶᠢᠨ ᠬᠠᠭᠠᠰ ᠵᠢᠯ᠂ ᠵᠢᠯ ᠤᠨ ᠡᠴᠦᠰ ᠤᠨ ᠠᠵᠢᠯ ᠳᠤ ᠬᠢᠨᠠᠨ ᠰᠢᠯᠭᠠᠯᠲᠠ ᠬᠢᠬᠦ ᠶᠢᠨ ᠬᠠᠮᠲᠤ ᠬᠢᠨᠠᠨ ᠰᠢᠯᠭᠠᠭᠰᠠᠨ ᠰᠠᠨᠠᠯ ᠲᠣᠭᠲᠠᠭᠠᠨ᠎ᠠ᠃      6. ᠠᠯᠪᠠᠨ ᠭᠡᠷ ᠪᠣᠯᠤᠨ ᠣᠯᠠᠨ ᠨᠡᠶᠢᠲᠡ ᠶᠢᠨ ᠲᠥᠬᠦᠭᠡᠷᠦᠮᠵᠢ ᠶᠢ ᠰᠡᠯᠪᠢᠨ ᠵᠠᠰᠠᠬᠤ᠂ ᠠᠷᠠᠴᠢᠯᠠᠨ ᠬᠠᠮᠠᠭᠠᠯᠠᠬᠤ ᠵᠢᠴᠢ ᠠᠮᠤᠷ ᠲᠦᠪᠰᠢᠨ ᠤ ᠪᠠᠶᠢᠴᠠᠭᠠᠯᠲᠠ ᠪᠠ ᠣᠷᠴᠢᠨ ᠲᠣᠭᠤᠷᠢᠨ ᠤ ᠠᠷᠢᠭᠤᠨ ᠴᠡᠪᠡᠷ ᠤᠨ ᠠᠵᠢᠯ ᠢ ᠬᠠᠷᠢᠭᠤᠴᠠᠨ᠎ᠠ︔      7. ᠬᠤᠷᠠᠯ ᠤᠨ ᠬᠡᠷ ᠤᠨ ᠪᠠᠶᠢᠷᠢᠯᠠᠭᠤᠯᠤᠯᠲᠠ ᠵᠢᠴᠢ ᠡᠷᠡᠭᠦᠯ ᠬᠠᠮᠠᠭᠠᠯᠠᠯ ᠤᠨ ᠠᠵᠢᠯ ᠢ ᠬᠠᠷᠢᠭᠤᠴᠠᠨ᠎ᠠ︔      8. ᠲᠠᠮᠠᠭ᠎ᠠ ᠶᠢᠨ ᠬᠠᠮᠢᠶᠠᠷᠤᠯᠲᠠ ᠶᠢᠨ ᠲᠣᠭᠲᠠᠭᠠᠯ ᠶᠣᠰᠣᠭᠠᠷ᠂ ᠴᠢᠩᠭ᠎ᠠ ᠬᠡᠷᠡᠭᠵᠢᠭᠦᠯᠬᠦ ᠬᠡᠷᠡᠭᠲᠡᠢ︔      9. ᠤᠳᠤᠷᠢᠳᠤᠯᠭ᠎ᠠ ᠲᠤᠰᠢᠶᠠᠨ ᠰᠢᠢᠳᠪᠦᠷᠢᠯᠡᠭᠦᠯᠦᠭᠰᠡᠨ ᠤᠴᠢᠷ ᠶᠠᠪᠤᠳᠠᠯ ᠢ ᠮᠥᠷᠳᠡᠨ ᠰᠢᠮᠳᠠᠭᠤᠯᠬᠤ ᠶᠢ ᠰᠠᠶᠢᠲᠤᠷ ᠠᠳᠬᠤᠬᠤ ᠶᠢᠨ ᠬᠠᠮᠲᠤ ᠠᠬᠢᠴᠠ ᠶᠢᠨ ᠪᠠᠶᠢᠳᠠᠯ ᠢᠶᠠᠨ ᠴᠠᠭ ᠲᠤᠬᠠᠶ ᠳᠤᠨᠢ ᠤᠳᠤᠷᠢᠳᠤᠯᠭ᠎ᠠ ᠳᠤ ᠬᠠᠷᠢᠭᠤ ᠮᠡᠳᠡᠭᠦᠯᠵᠦ᠂ ᠶᠠᠪᠤᠳᠠᠯ ᠪᠦᠬᠦᠨ ᠢ ᠨᠠᠶᠢᠳᠠᠪᠤᠷᠢᠵᠢᠭᠤᠯᠵᠤ᠂ ᠶᠠᠪᠤᠳᠠᠯ ᠪᠦᠬᠦᠨ ᠳᠤ ᠬᠠᠷᠢᠭᠤ ᠥᠭᠬᠦ ᠬᠡᠷᠡᠭᠲᠡᠶ᠃      10᠂ ᠲᠠᠩᠰᠠ ᠡᠪᠬᠡᠮᠡᠯ ᠤᠨ ᠬᠠᠮᠢᠶᠠᠷᠤᠯᠲᠠ ᠶᠢᠨ ᠠᠵᠢᠯ ᠢ ᠰᠠᠶᠢᠲᠤᠷ ᠠᠳᠬᠤᠵᠤ᠂ ᠲᠠᠩᠰᠠ ᠡᠪᠬᠡᠮᠡᠯ ᠢ ᠳᠠᠮᠵᠢᠭᠤᠯᠤᠨ ᠦᠵᠡᠬᠦ᠂ ᠲᠤᠰᠢᠶᠠᠬᠤ ᠪᠠ ᠭᠥᠯᠢᠶᠡᠨ ᠠᠪᠴᠤ ᠲᠡᠮᠳᠡᠭᠯᠡᠬᠦ ᠲᠦᠷᠢᠮ ᠢ ᠰᠠᠶᠢᠲᠤᠷ ᠬᠢᠬᠦ ᠶᠢᠨ ᠬᠠᠮᠲᠤ ᠲᠠᠩᠰᠠ ᠡᠪᠬᠡᠮᠡᠯ ᠳᠤ ᠣᠷᠣᠭᠤᠯᠵᠤ ᠨᠢᠭᠤᠴᠠ ᠶᠢ ᠬᠠᠮᠠᠭᠠᠯᠠᠬᠤ ᠠᠵᠢᠯ ᠢ ᠰᠠᠶᠢᠲᠤᠷ ᠬᠢᠵᠦ᠂ ᠲᠠᠩᠰᠠ ᠡᠪᠬᠡᠮᠡᠯ ᠤᠨ ᠬᠤᠯᠠᠭᠠᠶᠢᠯᠠᠬᠤ ᠶᠢ ᠰᠡᠷᠭᠡᠶᠢᠯᠡᠬᠦ᠂ ᠬᠤᠯᠤᠭᠠᠨ᠎ᠠ ᠶᠢ ᠰᠡᠷᠭᠡᠶᠢᠯᠡᠬᠦ ᠠᠵᠢᠯ ᠢ ᠴᠢᠩᠭᠠᠳᠬᠠᠬᠤ ᠬᠡᠷᠡᠭᠲᠡᠶ᠃      11. ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠲᠥᠷᠥ ᠶᠢᠨ ᠵᠥᠪᠯᠡᠯᠭᠡᠨ ᠤ ᠰᠠᠨᠠᠯ ᠵᠥᠪᠯᠡᠯᠭᠡ ᠶᠢ ᠰᠢᠢᠳᠪᠦᠷᠢᠯᠡᠬᠦ ᠠᠵᠢᠯ ᠢ ᠬᠠᠷᠢᠭᠤᠴᠠᠨ᠎ᠠ︔      12. ᠲᠣᠪᠴᠢᠶ᠎ᠠ ᠶᠢᠨ ᠪᠠᠶᠢᠭᠤᠯᠭ᠎ᠠ ᠶᠢᠨ ᠭᠠᠳᠠᠭᠠᠳᠤ ᠶᠠᠪᠤᠳᠠᠯ ᠤᠨ ᠠᠵᠢᠯᠯᠠᠭ᠎ᠠ ᠵᠢᠴᠢ ᠬᠤᠯᠪᠣᠭᠳᠠᠯ ᠪᠦᠬᠦᠢ ᠭᠥᠯᠢᠶᠡᠨ ᠠᠪᠬᠤ ᠠᠵᠢᠯ ᠢ ᠬᠠᠷᠢᠭᠤᠴᠠᠨ᠎ᠠ︔      13. ᠪᠠᠶᠢᠭᠤᠯᠭ᠎ᠠ ᠶᠢᠨ ᠤᠯᠤᠰ ᠲᠥᠷᠥ ᠶᠢᠨ ᠲᠤᠬᠠᠶᠢᠯᠠᠭᠰᠠᠨ ᠠᠵᠢᠯ ᠤᠨ ᠰᠤᠷᠤᠯᠴᠠᠯᠭ᠎ᠠ᠂ ᠲᠤᠭ᠎ᠠ ᠪᠦᠷᠢᠳᠬᠡᠯ᠂ ᠤᠬᠠᠭᠤᠯᠭ᠎ᠠ ᠶᠢᠨ ᠬᠠᠮᠢᠶ᠎ᠠ ᠪᠦᠬᠦᠢ ᠮᠡᠳᠡᠭᠡ ᠵᠠᠩᠭᠢ ᠶᠢ ᠮᠡᠳᠡᠭᠦᠯᠦᠨ ᠬᠦᠷᠭᠡᠬᠦ ᠠᠵᠢᠯ᠂ ᠠᠵᠢᠯᠴᠢᠨ ᠤ ᠡᠪᠯᠡᠯ᠂ ᠵᠠᠯᠠᠭᠤᠴᠤᠳ ᠤᠨ ᠡᠪᠯᠡᠯ᠂ ᠡᠮᠡᠭᠲᠡᠶᠢᠴᠦᠳ ᠤᠨ ᠤᠬᠠᠭᠤᠯᠭ᠎ᠠ᠂ ᠲᠥᠯᠥᠪᠯᠡᠭᠡᠲᠦ ᠦᠷᠡᠵᠢᠯ ᠵᠢᠴᠢ ᠵᠠᠬᠢᠳᠠᠯ ᠰᠤᠷᠪᠤᠯᠵᠢᠯᠠᠭ᠎ᠠ ᠶᠢ ᠬᠦᠯᠢᠶᠡᠨ ᠠᠪᠬᠤ᠂ ᠰᠢᠰᠲ᠋ᠧᠮᠵᠢᠭᠦᠯᠦᠨ ᠬᠠᠮᠢᠶᠠᠷᠬᠤ ᠠᠵᠢᠯ ᠢ ᠬᠠᠪᠰᠤᠷᠤᠨ ᠰᠠᠶᠢᠲᠤᠷ ᠬᠢᠬᠦ ᠬᠡᠷᠡᠭᠲᠡᠶ᠃ ᠡᠭᠦᠨ ᠠᠴᠠ ᠭᠠᠳᠠᠨ᠎ᠠ᠂ ᠪᠠᠰᠠ ᠨᠡᠶᠢᠭᠡᠮ ᠤᠨ ᠠᠮᠤᠷ ᠲᠥᠪᠰᠢᠨ ᠪᠠ ᠶᠡᠷᠦᠩᠬᠡᠶᠢᠯᠡᠨ ᠵᠠᠰᠠᠬᠤ ᠠᠵᠢᠯ ᠢ ᠰᠠᠶᠢᠲᠤᠷ ᠬᠢᠬᠦ ᠬᠡᠷᠡᠭᠲᠡᠢ︔      14᠂ ᠲᠥᠷᠥᠯ ᠵᠦᠢᠯ ᠭᠤᠶᠤᠴᠢᠯᠠᠨ ᠮᠡᠳᠡᠭᠦᠯᠬᠦ ᠵᠢᠴᠢ ᠬᠠᠮᠢᠶᠠᠷᠤᠯᠲᠠ ᠶᠢᠨ ᠠᠵᠢᠯ ᠢ ᠰᠠᠶᠢᠲᠤᠷ ᠬᠢᠬᠦ ᠶᠢ ᠬᠠᠷᠢᠭᠤᠴᠠᠨ᠎ᠠ᠃      ᠬᠠᠷᠢᠯᠴᠠᠬᠤ ᠤᠲᠠᠰᠤ᠄ 04747586702            ᠬᠤᠶᠠᠷ᠂ ᠡᠳ᠋ ᠤᠨ ᠶᠠᠪᠤᠳᠠᠯ ᠤᠨ ᠰᠠᠯᠠᠭ᠎ᠠ      ᠰᠠᠯᠠᠭᠠᠨ ᠤ ᠳᠠᠷᠤᠭ᠎ᠠ᠄ ᠯᠢ ᠪᠥᠸᠧ ᠫᠢᠩ      ᠨᠢᠷᠪᠠ᠄ ᠳ᠋ᠤᠸᠠᠨ ᠾᠦᠢ ᠾᠦᠢ      ᠠᠵᠢᠯ ᠤᠨ ᠡᠭᠦᠷᠭᠡ ᠬᠠᠷᠢᠭᠤᠴᠠᠯᠭ᠎ᠠ᠄      1. ︽ᠨᠢᠭᠲᠠᠯᠠᠨ ᠪᠣᠳᠤᠬᠤ ᠬᠠᠤᠯᠢ︾ ᠵᠢᠴᠢ ᠤᠯᠤᠰ ᠤᠨ ᠡᠯ᠎ᠡ ᠵᠦᠶᠢᠯ ᠤᠨ ᠠᠵᠤ ᠠᠬᠤᠢ ᠶᠢᠨ ᠬᠠᠤᠯᠢ ᠲᠣᠭᠲᠠᠭᠠᠯ ᠢ ᠨᠠᠷᠢᠨ ᠬᠢᠨᠠᠮᠠᠭᠠᠢ ᠲᠤᠤᠱᠯᠠᠭᠤᠯᠤᠨ ᠬᠡᠷᠡᠭᠵᠢᠭᠦᠯᠬᠦ ᠶᠢᠨ ᠬᠠᠮᠲᠤ ᠲᠤᠰ ᠲᠣᠪᠴᠢᠶ᠎ᠠ ᠶᠢᠨ ᠪᠣᠳᠠᠲᠤ ᠪᠠᠢᠳᠠᠯ ᠲᠠᠢ ᠪᠠᠨ ᠤᠶᠠᠯᠳᠤᠭᠤᠯᠵᠤ ᠬᠤᠯᠪᠣᠭᠳᠠᠯ ᠪᠥᠬᠦᠶ ᠡᠳ᠋ ᠤᠨ ᠶᠠᠪᠤᠳᠠᠯ ᠤᠨ ᠳᠦᠷᠢᠮ ᠲᠣᠭᠲᠠᠭᠠᠯ ᠢ ᠰᠤᠳᠤᠯᠤᠨ ᠲᠣᠭᠲᠠᠭᠠᠬᠤ ᠶᠢᠨ ᠬᠠᠮᠲᠤ ᠵᠣᠬᠢᠶᠠᠨ ᠪᠠᠢᠭᠤᠯᠵᠤ ᠬᠡᠷᠡᠭᠵᠢᠭᠦᠯᠬᠦ ᠬᠡᠷᠡᠭᠲᠡᠢ      2. ᠲᠣᠪᠴᠢᠶ᠎ᠠ ᠶᠢᠨ ᠵᠠᠷᠤᠳᠠᠯ ᠤᠨ ᠲᠥᠯᠥᠪᠯᠡᠭᠡ ᠪᠠ ᠠᠵᠤ ᠠᠬᠤᠶ ᠶᠢᠨ ᠬᠥᠭᠵᠢᠯᠲᠡ ᠶᠢᠨ ᠪᠣᠳᠠᠲᠤ ᠪᠠᠶᠢᠳᠠᠯ ᠢ ᠦᠨᠳᠦᠰᠦᠯᠡᠨ᠂ ᠲᠣᠪᠴᠢᠶ᠎ᠠ ᠶᠢᠨ ᠣᠨ ᠤ ᠵᠠᠷᠤᠳᠠᠯ ᠤᠨ ᠲᠥᠰᠦᠪ᠂ ᠲᠥᠰᠦᠪ ᠤᠨ ᠭᠦᠢᠴᠡᠳᠬᠡᠯ ᠤᠨ ᠠᠵᠢᠯ ᠢ ᠰᠠᠶᠢᠲᠤᠷ ᠬᠢᠨ᠎ᠡ︔      3. ᠨᠢᠭᠲᠠᠯᠠᠨ ᠪᠣᠳᠣᠭᠴᠢ ᠶᠢ ᠺᠣᠮᠫᠢᠦ᠋ᠲ᠋ᠧᠷᠵᠢᠭᠦᠯᠬᠦ ᠱᠠᠭᠠᠷᠳᠠᠯᠭ᠎ᠠ ᠶᠣᠰᠣᠭᠠᠷ᠂ ᠲᠣᠪᠴᠢᠶᠠᠨ ᠤ ᠪᠠᠶᠢᠭᠤᠯᠤᠯᠭ᠎ᠠ ᠶᠢᠨ ᠨᠢᠭᠲᠠᠯᠠᠨ ᠪᠣᠳᠣᠭᠴᠢ ᠶᠢᠨ ᠡᠳ᠋ ᠤᠨ ᠶᠠᠪᠤᠳᠠᠯ ᠤᠨ ᠲᠣᠭᠠᠴᠠᠭ᠎ᠠ ᠬᠢᠬᠦ᠂ ᠳ᠋ᠦᠩᠨᠡᠨ ᠪᠣᠳᠣᠬᠤ ᠠᠵᠢᠯ ᠢ ᠰᠠᠶᠢᠲᠤᠷ ᠬᠢᠬᠦ ᠶᠢᠨ ᠬᠠᠮᠲᠤ ᠡᠯ᠎ᠡ ᠲᠥᠷᠥᠯ ᠤᠨ ᠨᠢᠭᠲᠠᠯᠠᠨ ᠪᠣᠳᠣᠭᠴᠢ ᠶᠢᠨ ᠮᠡᠳᠡᠭᠦᠯᠬᠦ ᠬᠦᠰᠦᠨᠦᠭᠲᠦ ᠶᠢ ᠬᠢᠨᠠᠮᠠᠭᠠᠶ ᠣᠨᠣᠪᠴᠢᠲᠠᠶ ᠨᠠᠶᠢᠷᠠᠭᠤᠯᠤᠨ ᠵᠣᠬᠢᠶᠠᠵᠤ᠂ ᠪᠡᠯᠡ ᠮᠥᠩᠭᠦᠨ ᠤ ᠡᠷᠭᠢᠯᠲᠡ ᠪᠣᠯᠤᠨ ᠣᠷᠣᠯᠭ᠎ᠠ ᠵᠠᠷᠤᠯᠭ᠎ᠠ ᠶᠢᠨ ᠪᠠᠶᠢᠳᠠᠯ ᠢ ᠴᠠᠭ ᠲᠤᠬᠠᠶ ᠳᠤᠨᠢ ᠡᠵᠡᠮᠰᠢᠨ᠂ ᠤᠳᠤᠷᠢᠳᠤᠯᠭ᠎ᠠ ᠳᠤ ᠨᠠᠶᠢᠳᠠᠪᠤᠷᠢᠲᠠᠶ ᠨᠢᠭᠲᠠᠯᠠᠨ ᠪᠣᠳᠣᠭᠴᠢ ᠶᠢᠨ ᠲᠤᠭ᠎ᠠ ᠪᠠᠷᠢᠮᠲᠠ ᠬᠠᠩᠭᠠᠬᠤ ᠬᠡᠷᠡᠭᠲᠡᠶ      4. ᠡᠯ᠎ᠡ ᠲᠥᠷᠥᠯ ᠤᠨ ᠪᠡᠯᠡ ᠮᠥᠩᠭᠦ ᠶᠢᠨ ᠬᠡᠷᠡᠭᠯᠡᠯᠲᠡ ᠶᠢ ᠲᠣᠬᠢᠷᠠᠭᠤᠯᠤᠨ ᠡᠵᠡᠮᠳᠡᠬᠦ ᠪᠠ ᠬᠢᠨᠠᠯᠲᠠ ᠲᠠᠯᠪᠢᠬᠤ ᠶᠢ ᠴᠢᠩᠭᠠᠳᠬᠠᠬᠤ᠂ ᠡᠯ᠎ᠡ ᠲᠥᠷᠥᠯ ᠤᠨ ᠵᠠᠷᠤᠯᠭ᠎ᠠ ᠶᠢᠨ ᠫᠢᠶᠣᠣ ᠪᠠᠷᠢᠮᠲᠠ ᠶᠢ ᠠᠩᠬ᠎ᠠ ᠬᠢᠨᠠᠬᠤ ᠶᠢ ᠬᠠᠷᠢᠭᠤᠴᠠᠬᠤ᠂ ᠵᠠᠰᠠᠭ ᠵᠠᠬᠢᠷᠭᠠᠨ ᠠᠵᠢᠯ ᠦᠢᠯᠡᠰ ᠤᠨ ᠨᠢᠭᠡᠴᠡ ᠶᠢᠨ ᠰᠦᠢᠳᠬᠡᠯ ᠬᠤᠷᠢᠶᠠᠬᠤ ᠵᠥᠪᠰᠢᠶᠡᠷᠡᠯ ᠤᠨ ᠦᠨᠡᠮᠯᠡᠯ ᠵᠢᠴᠢ ᠰᠦᠢᠳᠬᠡᠯ ᠬᠤᠷᠢᠶᠠᠬᠤ ᠫᠢᠶᠣᠣ ᠪᠠᠷᠢᠮᠲᠠ ᠶᠢ ᠬᠢᠨᠠᠨ ᠰᠢᠯᠭᠠᠬᠤ ᠠᠵᠢᠯ ᠢ ᠵᠣᠬᠢᠶᠠᠨ ᠪᠠᠶᠢᠭᠤᠯᠤᠨ ᠰᠠᠶᠢᠲᠤᠷ ᠨᠠᠶᠢᠳᠠᠪᠤᠷᠢᠵᠢᠭᠤᠯᠬᠤ ᠬᠡᠷᠡᠭᠲᠡᠶ︔      5. ᠪᠠᠶᠢᠭᠤᠯᠭ᠎ᠠ ᠶᠢᠨ ᠠᠷᠤ ᠲᠠᠯ᠎ᠠ ᠶᠢᠨ ᠦᠢᠯᠡᠴᠢᠯᠡᠭᠡᠨ ᠤ ᠠᠵᠢᠯ ᠢ ᠬᠠᠷᠢᠭᠤᠴᠠᠵᠤ᠂ ᠵᠠᠰᠠᠭ ᠤᠨ ᠣᠷᠳᠣᠨ ᠤ ᠬᠤᠳᠠᠯᠳᠤᠨ ᠠᠪᠬᠤ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ᠎ᠠ ︵ᠵᠠᠰᠠᠭ ᠤᠨ ᠣᠷᠳᠣᠨ ᠤ ᠬᠤᠳᠠᠯᠳᠤᠨ ᠠᠪᠬᠤ ᠱᠠᠭᠠᠷᠳᠠᠯᠭ᠎ᠠ ᠶᠣᠰᠣᠭᠠᠷ ᠠᠯᠪᠠᠨ ᠬᠡᠷᠡᠭᠰᠡᠯ ᠵᠢᠴᠢ ᠪᠤᠰᠤᠳ ᠡᠳ᠋ ᠪᠣᠳᠠᠰ ᠬᠤᠳᠠᠯᠳᠤᠨ ᠠᠪᠬᠤ᠂ ᠰᠣᠨᠢᠨ ᠰᠡᠳᠬᠦᠯ ᠵᠠᠬᠢᠶᠠᠯᠠᠬᠤ᠂ ᠲᠡᠷᠭᠡ ᠬᠥᠰᠬᠡ ᠶᠢᠨ ᠬᠠᠮᠢᠶᠠᠷᠤᠯᠲᠠ ᠪᠠᠭᠲᠠᠨ᠎ᠠ︶︔      6. ᠵᠣᠭᠤᠰ ᠬᠤᠪᠢᠶᠠᠷᠢᠯᠠᠨ ᠥᠭᠬᠦ ᠠᠵᠢᠯ ᠢ ᠬᠢᠨᠠᠮᠠᠭᠠᠶ ᠴᠠᠭ ᠲᠤᠬᠠᠶ ᠳᠤᠨᠢ ᠣᠨᠣᠪᠴᠢᠲᠠᠶ ᠰᠠᠶᠢᠲᠤᠷ ᠬᠢᠵᠦ᠂ ᠵᠠᠷᠤᠳᠠᠯ ᠤᠨ ᠲᠥᠰᠦᠪ ᠤᠨ ᠬᠡᠷᠡᠭᠵᠢᠭᠦᠯᠦᠯᠲᠡ ᠶᠢ ᠰᠠᠶᠢᠲᠤᠷ ᠬᠢᠵᠦ᠂ ᠲᠣᠬᠢᠷᠠᠭᠤᠯᠬᠤ ᠪᠠ ᠬᠢᠨᠠᠯᠲᠠ ᠲᠠᠯᠪᠢᠨ ᠨᠠᠶᠢᠳᠠᠪᠤᠷᠢᠵᠢᠭᠤᠯᠬᠤ ᠶᠠᠪᠤᠳᠠᠯ ᠢ ᠰᠠᠶᠢᠲᠤᠷ ᠬᠢᠵᠦ᠂ ᠵᠠᠷᠤᠳᠠᠯ ᠤᠨ ᠲᠥᠰᠦᠪ ᠤᠨ ᠬᠡᠪ ᠤᠨ ᠶᠣᠰᠣᠭᠠᠷ ᠬᠡᠷᠡᠭᠵᠢᠭᠦᠯᠦᠭᠳᠡᠬᠦ ᠶᠢ ᠪᠠᠲᠤᠯᠠᠬᠤ ᠬᠡᠷᠡᠭᠲᠡᠶ      7. ᠨᠢᠭᠲᠠᠯᠠᠨ ᠪᠣᠳᠣᠭᠴᠢ ᠶᠢᠨ ᠳᠠᠩᠰᠠ ᠡᠪᠬᠡᠮᠡᠯ ᠢ ᠡᠮᠬᠢᠯᠡᠬᠦ᠂ ᠳᠡᠪᠲᠡᠷᠯᠡᠬᠦ᠂ ᠳᠠᠩᠰᠠ ᠡᠪᠬᠡᠮᠡᠯ ᠳᠤ ᠣᠷᠣᠭᠤᠯᠬᠤ᠂ ᠰᠢᠯᠵᠢᠭᠦᠯᠦᠨ ᠲᠤᠰᠢᠶᠠᠬᠤ ᠠᠵᠢᠯ ᠢ ᠰᠠᠶᠢᠲᠤᠷ ᠬᠢᠬᠦ ᠶᠢᠨ ᠬᠠᠮᠲᠤ ᠨᠢᠭᠲᠠᠯᠠᠨ ᠪᠣᠳᠣᠭᠴᠢ ᠶᠢᠨ ᠳᠠᠩᠰᠠ ᠡᠪᠬᠡᠮᠡᠯ ᠤᠨ ᠠᠮᠤᠷ ᠲᠦᠪᠰᠢᠨ᠂ ᠪᠦᠷᠢᠨ ᠪᠦᠲᠦᠨ ᠪᠠᠶᠢᠬᠤ ᠶᠢ ᠪᠠᠲᠤᠯᠠᠬᠤ ᠬᠡᠷᠡᠭᠲᠡᠢ︔      8. ︽ᠬᠢᠨᠠᠨ ᠪᠤᠳᠤᠬᠤ ᠬᠠᠤᠯᠢ︾ ᠪᠠ ︽ᠳᠣᠲᠣᠭᠠᠳᠤ ᠶᠢᠨ ᠬᠢᠨᠠᠨ ᠪᠤᠳᠤᠬᠤ ᠦᠨᠳᠦᠰᠦᠨ ᠪᠠᠷᠢᠮᠵᠢᠶ᠎ᠠ︾ ᠪᠠᠷ ᠦᠨᠳᠦᠰᠦᠯᠡᠯ ᠪᠣᠯᠭᠠᠵᠤ᠂ ᠳᠣᠲᠣᠭᠠᠳᠤ ᠶᠢᠨ ᠬᠢᠨᠠᠨ ᠪᠤᠳᠤᠬᠤ ᠠᠵᠢᠯ ᠤᠨ ᠵᠢᠷᠤᠮ ᠶᠣᠰᠣᠭᠠᠷ ᠣᠨ ᠤ ᠬᠢᠨᠠᠨ ᠪᠤᠳᠤᠬᠤ ᠲᠥᠯᠥᠪᠯᠡᠭᠡ ᠲᠣᠭᠲᠠᠭᠠᠨ᠎ᠠ      9. ᠬᠢᠨᠠᠨ ᠪᠤᠳᠤᠯᠳᠠ ᠶᠢᠨ ᠪᠠᠶᠢᠴᠠᠭᠠᠨ ᠰᠤᠳᠤᠯᠤᠯᠲᠠ ᠶᠢᠨ ᠠᠵᠢᠯ ᠪᠠ ᠡᠳ᠋ ᠤᠨ ᠶᠠᠪᠤᠳᠠᠯ ᠤᠨ ᠵᠠᠳᠠᠯᠤᠯᠲᠠ ᠶᠢᠨ ᠠᠵᠢᠯ ᠢ ᠬᠠᠨᠳᠤᠯᠭᠠᠲᠤ ᠴᠢᠨᠠᠷᠲᠠᠶ ᠪᠠᠷ ᠥᠷᠨᠢᠭᠦᠯᠵᠦ᠂ ᠤᠳᠤᠷᠢᠳᠤᠯᠭ᠎ᠠ ᠳᠤ ᠯᠠᠪᠯᠠᠯᠲᠠ ᠶᠢᠨ ᠦᠨ᠎ᠡ ᠥᠷᠲᠡᠭ ᠲᠠᠢ ᠪᠠᠶᠢᠴᠠᠭᠠᠨ ᠰᠤᠳᠤᠯᠤᠯᠲᠠ ᠶᠢᠨ ᠮᠡᠳᠡᠭᠦᠯᠦᠯᠲᠡ ᠶᠢ ᠴᠠᠭ ᠲᠤᠬᠠᠶ ᠳᠤᠨᠢ ᠬᠠᠩᠭᠠᠵᠤ᠂ ᠤᠳᠤᠷᠢᠳᠤᠯᠭ᠎ᠠ ᠶᠢᠨ ᠰᠢᠢᠳᠪᠦᠷᠢᠲᠦ ᠪᠤᠳᠤᠯᠭ᠎ᠠ ᠲᠣᠭᠲᠠᠭᠠᠬᠤ ᠳᠤ ᠦᠨᠳᠦᠰᠦᠯᠡᠯ ᠬᠠᠩᠭᠠᠨ᠎ᠠ︔      10. ᠡᠳ᠋ ᠤᠨ ᠶᠠᠪᠤᠳᠠᠯ ᠤᠨ ᠠᠵᠢᠯᠲᠠᠨ ᠢ ᠲᠣᠭᠲᠠᠮᠠᠯ ᠬᠤᠭᠤᠴᠠᠭ᠎ᠠ ᠲᠠᠢ ᠪᠠᠷ ᠵᠣᠬᠢᠶᠠᠨ ᠪᠠᠶᠢᠭᠤᠯᠤᠨ ᠠᠵᠤ ᠠᠬᠤᠶ ᠶᠢᠨ ᠬᠠᠤᠯᠢ ᠴᠠᠭᠠᠵᠠ ᠬᠠᠤᠯᠢ ᠲᠣᠭᠲᠠᠭᠠᠯ ᠪᠠ ᠲᠤᠰᠬᠠᠶ ᠮᠡᠷᠭᠡᠵᠢᠯ ᠤᠨ ᠪᠣᠯᠪᠠᠰᠤᠷᠠᠭᠤᠯᠤᠯ ᠢ ᠰᠤᠷᠤᠯᠴᠠᠭᠤᠯᠵᠤ᠂ ᠲᠤᠰᠬᠠᠶ ᠮᠡᠷᠭᠡᠵᠢᠯ ᠤᠨ ᠬᠢᠷᠢ ᠬᠡᠮᠵᠢᠶ᠎ᠡ ᠶᠢ ᠲᠠᠰᠤᠷᠠᠯᠲᠠ ᠥᠬᠡᠶ ᠳᠡᠭᠡᠭᠰᠢᠯᠡᠭᠦᠯᠬᠦ ᠬᠡᠷᠡᠭᠲᠡᠶ᠃      11. ᠱᠠᠭᠠᠷᠳᠠᠯᠭ᠎ᠠ ᠶᠣᠰᠣᠭᠠᠷ᠂ ᠬᠤᠯᠪᠣᠭᠳᠠᠯ ᠪᠦᠬᠦᠢ ᠲᠤᠭ᠎ᠠ ᠪᠠᠷᠢᠮᠲᠠ ᠶᠢ ᠴᠠᠭ ᠲᠤᠬᠠᠶ ᠳᠤᠨᠢ ᠳᠡᠭᠡᠭᠰᠢ ᠮᠡᠳᠡᠭᠦᠯᠬᠦ ᠶᠢᠨ ᠬᠠᠮᠲᠤ ᠳᠠᠩᠰᠠ ᠡᠪᠬᠡᠮᠡᠯ ᠳᠤ ᠣᠷᠣᠭᠤᠯᠬᠤ ᠬᠡᠷᠡᠭᠲᠡᠶ᠃      ᠬᠠᠷᠢᠯᠴᠠᠬᠤ ᠤᠲᠠᠰᠤ᠄ 04747 218683      ᠶᠢᠰᠦ᠂ ᠠᠮᠢ ᠠᠬᠤᠶ ᠶᠢᠨ ᠬᠢᠨᠠᠨ ᠬᠡᠮᠵᠢᠯᠲᠡ ᠶᠢᠨ ᠬᠠᠮᠢᠶᠠᠷᠤᠯᠲᠠ ᠶᠢᠨ ᠥᠷᠲᠡᠭᠡ      ᠠᠵᠢᠯ ᠤᠨ ᠡᠭᠦᠷᠭᠡ ᠬᠠᠷᠢᠭᠤᠴᠠᠯᠭ᠎ᠠ᠄      1. ᠪᠥᠬᠦ ᠰᠢᠶᠠᠨ ᠤ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢᠨ ᠡᠳᠦᠷ ᠲᠤᠲᠤᠮ ᠤᠨ ᠠᠵᠢᠯ ᠢ ᠬᠠᠷᠢᠭᠤᠴᠠᠨ᠎ᠠ᠃      2. ᠪᠥᠬᠦ ᠰᠢᠶᠠᠨ ᠤ ᠠᠮᠢ ᠠᠬᠤᠶ ᠶᠢᠨ ᠣᠷᠴᠢᠨ ᠲᠣᠭᠤᠷᠢᠨ ᠤ ᠶᠠᠰᠤ ᠴᠢᠨᠠᠷ ᠢ ᠬᠢᠨᠠᠨ ᠬᠡᠮᠵᠢᠬᠦ ᠠᠵᠢᠯ ᠢ ᠬᠠᠷᠢᠭᠤᠴᠠᠨ᠎ᠠ᠃      3. ᠪᠥᠬᠦ ᠰᠢᠶᠠᠨ ᠤ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠥᠯᠥᠪᠵᠢᠭᠦᠯᠭᠡ ᠶᠢ ᠵᠣᠬᠢᠶᠠᠨ ᠪᠠᠶᠢᠭᠤᠯᠤᠨ ᠲᠣᠭᠲᠠᠭᠠᠬᠤ ᠶᠢ ᠬᠠᠷᠢᠭᠤᠴᠠᠵᠤ᠂ ᠬᠥᠳᠡᠭᠡ ᠲᠣᠰᠬᠤᠨ ᠤ ᠠᠮᠢ ᠠᠬᠤᠶ ᠶᠢᠨ ᠬᠠᠮᠠᠭᠠᠯᠠᠯᠲᠠ ᠪᠠ ᠬᠥᠳᠡᠭᠡ ᠲᠣᠰᠬᠤᠨ ᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠢ ᠵᠣᠬᠢᠴᠠᠭᠤᠯᠤᠨ ᠬᠢᠨᠠᠯᠲᠠ ᠲᠠᠯᠪᠢᠨ᠎ᠠ︔      4. ᠠᠮᠢ ᠠᠬᠤᠶ ᠶᠢᠨ ᠰᠢᠶᠠᠨ᠂ ᠠᠮᠢ ᠠᠬᠤᠶ ᠶᠢᠨ ᠰᠢᠶᠠᠩ ᠪᠠᠯᠭᠠᠰᠤ᠂ ᠠᠮᠢ ᠠᠬᠤᠶ ᠶᠢᠨ ᠲᠣᠰᠬᠤᠨ ᠢ ᠡᠭᠦᠳᠦᠨ ᠪᠠᠶᠢᠭᠤᠯᠬᠤ ᠠᠵᠢᠯ ᠢ ᠬᠠᠷᠢᠭᠤᠴᠠᠵᠤ᠂ ᠠᠮᠢ ᠠᠬᠤᠶ ᠶᠢᠨ ᠡᠭᠦᠳᠦᠨ ᠪᠠᠶᠢᠭᠤᠯᠬᠤ ᠮᠠᠲ᠋ᠧᠷᠢᠶᠠᠯ ᠤᠨ ᠭᠤᠶᠤᠴᠢᠯᠠᠨ ᠮᠡᠳᠡᠭᠦᠯᠬᠦ ᠪᠠ ᠡᠮᠬᠢᠯᠡᠬᠦ ᠵᠢᠴᠢ ᠠᠮᠢ ᠠᠬᠤᠶ ᠶᠢᠨ ᠲᠥᠷᠥᠯ ᠵᠦᠢᠯ ᠢ ᠬᠡᠷᠡᠭᠵᠢᠭᠦᠯᠬᠦ ᠪᠠ ᠰᠢᠯᠭᠠᠨ ᠠᠪᠬᠤ ᠶᠢ ᠵᠣᠬᠢᠶᠠᠨ ᠪᠠᠶᠢᠭᠤᠯᠤᠨ᠎ᠠ᠃      5. ᠪᠥᠬᠦ ᠰᠢᠶᠠᠨ ᠤ ᠡᠯ᠎ᠡ ᠰᠢᠶᠠᠩ ᠪᠠᠯᠭᠠᠰᠤᠨ ᠤ ᠬᠥᠳᠡᠭᠡ ᠲᠣᠰᠬᠤᠨ ᠤ ᠠᠮᠢ ᠠᠬᠤᠶ ᠶᠢᠨ ᠬᠠᠮᠠᠭᠠᠯᠠᠯᠲᠠ ᠶᠢᠨ ᠠᠵᠢᠯ ᠢ ᠵᠢᠯᠣᠭᠤᠳᠤᠨ ᠪᠠᠶᠢᠴᠠᠭᠠᠬᠤ ᠶᠢ ᠬᠠᠷᠢᠭᠤᠴᠠᠨ᠎ᠠ      6. ᠪᠥᠬᠦ ᠰᠢᠶᠠᠨ ᠤ ᠠᠮᠢ ᠠᠬᠤᠶ ᠶᠢᠨ ᠤᠯᠠᠭᠠᠨ ᠱᠤᠭᠤᠮ ᠢ ᠬᠤᠪᠢᠶᠠᠷᠢᠯᠠᠨ ᠲᠣᠭᠲᠠᠭᠠᠬᠤ ᠠᠵᠢᠯ ᠢ ᠬᠠᠷᠢᠭᠤᠴᠠᠨ᠎ᠠ︔      7. ᠪᠥᠬᠦ ᠰᠢᠶᠠᠨ ᠤ ᠣᠷᠭᠠᠨᠢᠭ ᠲᠠᠷᠢᠶᠠᠯᠠᠩ᠂ ᠠᠮᠢ ᠠᠬᠤᠶ ᠶᠢᠨ ᠵᠢᠭᠤᠯᠴᠢᠯᠠᠯ ᠵᠢᠴᠢ ᠣᠷᠴᠢᠨ ᠠᠬᠤᠶ ᠶᠢᠨ ᠬᠠᠮᠠᠭᠠᠯᠠᠯᠲᠠ ᠶᠢᠨ ᠠᠵᠤ ᠦᠶ᠋ᠯᠡᠰ ᠤᠨ ᠳᠡᠯᠭᠡᠷᠡᠭᠦᠯᠬᠦ ᠠᠵᠢᠯ ᠢ ᠬᠠᠷᠢᠭᠤᠴᠠᠨ ᠵᠢᠯᠣᠭᠤᠳᠤᠨ᠎ᠠ︔      8. ᠲᠤᠰ ᠣᠷᠣᠨ ᠪᠦᠰᠡ ᠶᠢᠨ ᠠᠮᠢ ᠠᠬᠤᠶ ᠶᠢᠨ ᠣᠷᠴᠢᠨ ᠲᠣᠭᠤᠷᠢᠨ ᠢ ᠬᠢᠨᠠᠨ ᠬᠡᠮᠵᠢᠭᠰᠡᠨ ᠲᠤᠭ᠎ᠠ ᠪᠠᠷᠢᠮᠲᠠ ᠶᠢᠨ ᠮᠠᠲ᠋ᠧᠷᠢᠶᠠᠯ ᠢ ᠴᠤᠭᠯᠠᠭᠤᠯᠵᠤ᠂ ᠡᠮᠬᠢᠳᠬᠡᠵᠦ᠂ ᠬᠤᠷᠢᠶᠠᠩᠭᠤᠶᠢᠯᠠᠬᠤ ᠪᠠ ᠬᠠᠳᠠᠭᠠᠯᠠᠵᠤ᠂ ᠲᠣᠰ ᠰᠢᠶᠠᠨ ᠤ ᠣᠨ ᠤ ᠣᠷᠴᠢᠨ ᠲᠣᠭᠤᠷᠢᠨ ᠤ ᠶᠠᠰᠤ ᠴᠢᠨᠠᠷ ᠤᠨ ᠮᠡᠳᠡᠭᠦᠯᠦᠯᠲᠡ ᠶᠢᠨ ᠪᠢᠴᠢᠭ ᠢ ᠨᠠᠶᠢᠷᠠᠭᠤᠯᠤᠨ ᠵᠣᠬᠢᠶᠠᠨ᠎ᠠ      9. ᠪᠥᠬᠦ ᠰᠢᠶᠠᠨ ᠤ ᠠᠮᠢᠳᠤ ᠪᠣᠳᠠᠰ ᠤᠨ ᠣᠯᠠᠨ ᠶᠠᠩᠵᠤᠲᠤ ᠴᠢᠨᠠᠷ ᠢ ᠬᠠᠮᠠᠭᠠᠯᠠᠬᠤ᠂ ᠠᠮᠤ ᠪᠤᠳᠠᠭᠠᠨ ᠤ ᠠᠮᠤᠷ ᠲᠦᠪᠰᠢᠨ ᠪᠠ ᠠᠮᠢᠳᠤ ᠪᠣᠳᠠᠰ ᠤᠨ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯ ᠢ ᠬᠠᠷᠢᠭᠤᠴᠠᠵᠤ᠂ ᠳᠦᠷᠰᠦ ᠶᠢᠨ ᠡᠬᠢ ᠪᠠᠶᠠᠯᠢᠭ ᠤᠨ ᠠᠯᠳᠠᠭᠳᠠᠯ ᠪᠠ ᠠᠯᠳᠠᠭᠳᠠᠯ ᠢ ᠰᠡᠷᠭᠡᠶᠢᠯᠡᠨ ᠵᠠᠰᠠᠨ᠎ᠠ︔      10. ᠬᠥᠳᠡᠭᠡ ᠲᠣᠰᠬᠤᠨ ᠤ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠤᠬᠠᠭᠤᠯᠭ᠎ᠠ ᠶᠢᠨ ᠠᠵᠢᠯ ᠢ ᠬᠠᠮᠵᠢᠨ ᠰᠠᠶᠢᠲᠤᠷ ᠬᠢᠨ᠎ᠡ︔      11. ᠢᠳᠡᠪᠬᠢᠲᠡᠶ ᠪᠥᠭᠡᠳ ᠰᠠᠨᠠᠭᠠᠴᠢᠯᠠᠭ᠎ᠠ ᠠᠴᠠ ᠪᠠᠨ ᠲᠥᠷᠥᠯ ᠵᠦᠢᠯ ᠢ ᠴᠢᠷᠮᠠᠶᠢᠨ ᠣᠯᠬᠤ ᠶᠢᠨ ᠬᠠᠮᠲᠤ ᠲᠥᠷᠥᠯ ᠵᠦᠢᠯ ᠤᠨ ᠬᠡᠷᠡᠭᠵᠢᠭᠦᠯᠦᠯᠲᠡ ᠶᠢ ᠬᠠᠷᠢᠭᠤᠴᠠᠨ᠎ᠠ᠃      ᠬᠠᠶ᠋ᠢᠭ᠄ ᠰᠢᠩ ᠾᠧ ᠰᠢᠶᠠᠨ ᠤ ᠰᠢᠨ᠎ᠡ ᠬᠤᠲᠠ ᠲᠣᠭᠤᠷᠢᠭ ᠤᠨ ᠭᠤᠷᠪᠠᠨ ᠵᠠᠰᠠᠮᠠᠯ ᠵᠠᠮ      ᠬᠠᠷᠢᠯᠴᠠᠬᠤ ᠤᠲᠠᠰᠤ᠄ 0474 - 7586702      ᠠᠯᠪᠠᠯᠠᠬᠤ ᠴᠠᠭ᠄ ᠭᠠᠷᠠᠭ ᠤᠨ ᠨᠢᠭᠡᠨ ᠠᠴᠠ ᠭᠠᠷᠠᠭ ᠤᠨ ᠲᠠᠪᠤᠨ ᠤ 9᠄ 00-12᠄ 00 14᠄ 30 - 18᠄ 00      ᠪᠠᠶᠢᠭᠤᠯᠭ᠎ᠠ ᠶᠢᠨ ᠬᠠᠷᠢᠭᠤᠴᠠᠯᠭᠠᠲᠠᠨ ᠤ ᠣᠪᠣᠭ ᠨᠡᠷ᠎ᠡ᠄ ᠵᠦ ᠬᠠᠶ ᠯᠦᠩ            
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠤᠷᠳᠤᠨ ᠤ ᠬᠢᠲᠠᠳ ᠲᠤᠤᠷ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3