ᠰᠢᠩ ᠾᠧ ᠰᠢᠶᠠᠨ ᠤ ᠭᠠᠶᠢᠯᠢ ᠶᠢᠨ ᠶᠠᠪᠤᠳᠠᠯ ᠤᠨ ᠲᠣᠪᠴᠢᠶ᠎ᠠ 
ᠨᠡᠶᠢᠲᠡᠯᠡᠭᠰᠡᠨ ᠴᠠᠭ᠄
2025/3/30
ᠪᠠᠶᠢᠭᠤᠯᠤᠮᠵᠢ ᠶᠢᠨ ᠡᠭᠦᠷᠭᠡ ᠴᠢᠳᠠᠪᠤᠷᠢ          ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠶ ᠲᠣᠪᠴᠢᠶ᠎ᠠ ᠶᠢᠨ ᠰᠢᠩ ᠾᠧ ᠰᠢᠶᠠᠨ ᠤ ᠭᠠᠶᠢᠯᠢ ᠶᠢᠨ ᠶᠠᠪᠤᠳᠠᠯ ᠤᠨ ᠲᠣᠪᠴᠢᠶ᠎ᠠ 2018 ᠣᠨ ᠤ 7 ᠰᠠᠷ᠎ᠠ ᠶᠢᠨ 20 ᠤ ᠡᠳᠦᠷ ᠵᠢᠩᠬᠢᠨᠢ ᠪᠠᠷ ᠫᠠᠶᠢᠰᠠ ᠡᠯᠭᠦᠨ ᠪᠠᠶᠢᠭᠤᠯᠤᠭᠳᠠᠵᠤ᠂ ᠤᠤᠯ ᠤᠨ ᠰᠢᠩ ᠾᠧ ᠰᠢᠶᠠᠨ ᠤ ᠤᠯᠤᠰ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ᠂ ᠤᠤᠯ ᠤᠨ ᠰᠢᠩ ᠾᠧ ᠰᠢᠶᠠᠨ ᠤ ᠣᠷᠣᠨ ᠨᠤᠲᠤᠭ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ ᠶᠢ ᠵᠢᠩᠬᠢᠨᠢ ᠪᠠᠷ ᠨᠡᠶᠢᠯᠡᠭᠦᠯᠵᠦ ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠶ ᠲᠣᠪᠴᠢᠶ᠎ᠠ ᠶᠢᠨ ᠰᠢᠩ ᠾᠧ ᠰᠢᠶᠠᠨ ᠤ ᠭᠠᠶᠢᠯᠢ ᠶᠢᠨ ᠶᠠᠪᠤᠳᠠᠯ ᠤᠨ ᠲᠣᠪᠴᠢᠶ᠎ᠠ ᠪᠣᠯᠭᠠᠭᠰᠠᠨ ᠤ ᠳᠠᠷᠠᠭ᠎ᠠ ᠪᠥᠬᠦ ᠰᠢᠶᠠᠨ ᠤ ᠬᠡᠪᠴᠢᠶᠡᠨ ᠳᠠᠬᠢ ᠡᠯ᠎ᠡ ᠵᠦᠢᠯ ᠤᠨ ᠭᠠᠶᠢᠯᠢ ᠲᠠᠲᠠᠪᠤᠷᠢ᠂ ᠨᠡᠶᠢᠭᠡᠮ ᠤᠨ ᠳᠠᠭᠠᠳᠬᠠᠯ ᠤᠨ ᠵᠠᠷᠤᠳᠠᠯ ᠪᠠ ᠭᠠᠶᠢᠯᠢ ᠶᠢᠨ ᠪᠤᠰᠤ ᠣᠷᠣᠯᠭ᠎ᠠ ᠶᠢ ᠲᠠᠲᠠᠪᠤᠷᠢᠯᠠᠨ ᠬᠠᠮᠢᠶᠠᠷᠬᠤ ᠡᠭᠦᠷᠭᠡ ᠬᠠᠷᠢᠭᠤᠴᠠᠯᠭ᠎ᠠ ᠶᠢ ᠡᠭᠦᠷᠭᠡᠯᠡᠨ᠎ᠡ᠃      ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠶ ᠲᠣᠪᠴᠢᠶ᠎ᠠ ᠶᠢᠨ ᠰᠢᠩ ᠾᠧ ᠰᠢᠶᠠᠨ ᠤ ᠭᠠᠶᠢᠯᠢ ᠶᠢᠨ ᠶᠠᠪᠤᠳᠠᠯ ᠤᠨ ᠲᠣᠪᠴᠢᠶ᠎ᠠ ᠶᠢᠨ ᠭᠤᠤᠯ ᠡᠭᠦᠷᠭᠡ ᠬᠠᠷᠢᠭᠤᠴᠠᠯᠭ᠎ᠠ ᠪᠣᠯ᠄      ︵ᠨᠢᠭᠡ︶ ᠨᠠᠮ ᠤᠨ ᠱᠤᠭᠤᠮ ᠴᠢᠭᠯᠡᠯᠲᠡ ᠲᠦᠷᠦ ᠶᠢᠨ ᠪᠤᠳᠤᠯᠭ᠎ᠠ ᠶᠢ ᠲᠤᠭᠤᠰᠢᠯᠠᠭᠤᠯᠤᠨ ᠬᠡᠷᠡᠭᠵᠢᠭᠦᠯᠬᠦ ᠶᠢ ᠬᠠᠷᠢᠭᠤᠴᠠᠵᠤ᠂ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠴᠢᠩᠭᠠᠳᠬᠠᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠭᠦᠢᠴᠡᠳᠬᠡᠵᠦ᠂ ᠨᠠᠮ ᠤᠨ ᠪᠠᠶᠢᠭᠤᠯᠤᠯᠲᠠ ᠪᠣᠯᠤᠨ ᠦᠵᠡᠯ ᠰᠠᠨᠠᠭ᠎ᠠ ᠤᠯᠤᠰ ᠲᠦᠷᠦ ᠶᠢᠨ ᠪᠠᠶᠢᠭᠤᠯᠤᠯᠲᠠ ᠶᠢᠨ ᠠᠵᠢᠯ ᠢ ᠬᠠᠷᠢᠭᠤᠴᠠᠨ᠎ᠠ᠃      ︵ᠬᠤᠶᠠᠷ︶ ᠭᠠᠶᠢᠯᠢ ᠲᠠᠲᠠᠪᠤᠷᠢ᠂ ᠨᠡᠶᠢᠭᠡᠮ ᠤᠨ ᠳᠠᠭᠠᠳᠬᠠᠯ ᠤᠨ ᠰᠦᠢᠳᠬᠡᠯ ᠪᠣᠯᠤᠨ ᠬᠤᠯᠪᠣᠭᠳᠠᠯ ᠪᠦᠬᠦᠢ ᠭᠠᠶᠢᠯᠢ ᠶᠢᠨ ᠪᠤᠰᠤ ᠣᠷᠣᠯᠭ᠎ᠠ ᠶᠢᠨ ᠬᠠᠤᠯᠢ ᠴᠠᠭᠠᠵᠠ᠂ ᠬᠠᠤᠯᠢ ᠲᠣᠭᠲᠠᠭᠠᠯ᠂ ᠳᠦᠷᠢᠮ ᠲᠣᠭᠲᠠᠭᠠᠯ ᠪᠣᠯᠤᠨ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠲᠤᠤᠱᠯᠠᠭᠤᠯᠤᠨ ᠬᠡᠷᠡᠭᠵᠢᠭᠦᠯᠬᠦ ᠶᠢ ᠬᠠᠷᠢᠭᠤᠴᠠᠵᠤ᠂ ᠪᠣᠳᠠᠲᠠᠶ ᠬᠡᠷᠡᠭᠵᠢᠭᠦᠯᠬᠦ ᠠᠷᠭ᠎ᠠ ᠶᠢ ᠰᠤᠳᠤᠯᠤᠨ ᠲᠣᠭᠲᠠᠭᠠᠨ᠎ᠠ᠃ ᠤᠯᠤᠰ ᠠᠴᠠ ᠲᠣᠭᠲᠠᠭᠠᠭᠰᠠᠨ ᠭᠠᠶᠢᠯᠢ ᠲᠠᠲᠠᠪᠤᠷᠢ ᠶᠢᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠵᠣᠬᠢᠶᠠᠨ ᠪᠠᠶᠢᠭᠤᠯᠤᠨ ᠨᠠᠶᠢᠳᠠᠪᠤᠷᠢᠵᠢᠭᠤᠯᠤᠨ᠎ᠠ᠃      ︵ᠭᠤᠷᠪᠠ︶ ᠲᠤᠰ ᠨᠢᠭᠡᠴᠡ ᠶᠢᠨ ᠭᠠᠶᠢᠯᠢ ᠲᠠᠲᠠᠪᠤᠷᠢ᠂ ᠨᠡᠶᠢᠭᠡᠮ ᠤᠨ ᠳᠠᠭᠠᠳᠬᠠᠯ ᠤᠨ ᠰᠦᠢᠳᠬᠡᠯ ᠪᠣᠯᠤᠨ ᠬᠤᠯᠪᠣᠭᠳᠠᠯ ᠪᠦᠬᠦᠢ ᠭᠠᠶᠢᠯᠢ ᠶᠢᠨ ᠪᠤᠰᠤ ᠣᠷᠣᠯᠭ᠎ᠠ ᠶᠢᠨ ᠳᠤᠮᠳᠠ ᠤᠷᠲᠤ ᠬᠤᠭᠤᠴᠠᠭᠠᠨ ᠤ ᠲᠥᠯᠥᠪᠵᠢᠭᠦᠯᠭᠡ ᠶᠢ ᠬᠠᠷᠢᠭᠤᠴᠠᠨ ᠰᠤᠳᠤᠯᠵᠤ᠂ ᠭᠠᠶᠢᠯᠢ ᠲᠠᠲᠠᠪᠤᠷᠢ᠂ ᠨᠡᠶᠢᠭᠡᠮ ᠤᠨ ᠳᠠᠭᠠᠳᠬᠠᠯ ᠤᠨ ᠰᠦᠢᠳᠬᠡᠯ ᠪᠣᠯᠤᠨ ᠬᠤᠯᠪᠣᠭᠳᠠᠯ ᠪᠦᠬᠦᠢ ᠭᠠᠶᠢᠯᠢ ᠶᠢᠨ ᠪᠤᠰᠤ ᠣᠷᠣᠯᠭ᠎ᠠ ᠶᠢᠨ ᠲᠥᠰᠦᠪ ᠤᠨ ᠬᠠᠷᠠᠯᠲᠠ ᠶᠢ ᠲᠣᠭᠲᠠᠭᠠᠬᠤ ᠳᠤ ᠣᠷᠣᠯᠴᠠᠬᠤ ᠶᠢᠨ ᠬᠠᠮᠲᠤ ᠬᠠᠤᠯᠢ ᠶᠣᠰᠣᠭᠠᠷ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠲᠤᠰ ᠨᠢᠭᠡᠴᠡ ᠶᠢᠨ ᠢᠶᠠᠨ ᠭᠠᠶᠢᠯᠢ ᠲᠠᠲᠠᠪᠤᠷᠢ ᠂ ᠨᠡᠶᠢᠭᠡᠮ ᠤᠨ ᠳᠠᠭᠠᠳᠬᠠᠯ ᠤᠨ ᠰᠦᠢᠳᠬᠡᠯ ᠪᠣᠯᠤᠨ ᠬᠤᠯᠪᠣᠭᠳᠠᠯ ᠪᠦᠬᠦᠢ ᠭᠠᠶᠢᠯᠢ ᠶᠢᠨ ᠪᠤᠰᠤ ᠣᠷᠣᠯᠭ᠎ᠠ ᠶᠢ ᠨᠢᠭᠡᠳᠦᠯᠲᠡᠶ ᠲᠣᠭᠠᠴᠠᠭ᠎ᠠ ᠬᠢᠬᠦ ᠠᠵᠢᠯ ᠢ ᠬᠠᠷᠢᠭᠤᠴᠠᠨ᠎ᠠ᠃ ᠣᠷᠣᠯᠭ᠎ᠠ ᠶᠢ ᠵᠠᠳᠠᠯᠤᠨ ᠲᠥᠰᠦᠭᠡᠯᠡᠬᠦ ᠶᠢ ᠵᠣᠬᠢᠶᠠᠨ ᠪᠠᠶᠢᠭᠤᠯᠤᠨ ᠥᠷᠨᠢᠭᠦᠯᠵᠦ᠃      ︵ᠲᠦᠷᠪᠡ︶ ᠭᠠᠶᠢᠯᠢ ᠲᠠᠲᠠᠪᠤᠷᠢ ᠶᠢᠨ ᠠᠵᠤ ᠠᠬᠤᠶ ᠶᠢᠨ ᠵᠠᠳᠠᠯᠤᠯᠲᠠ ᠪᠠ ᠭᠠᠶᠢᠯᠢ ᠲᠠᠲᠠᠪᠤᠷᠢ ᠶᠢᠨ ᠲᠥᠷᠥ ᠶᠢᠨ ᠪᠣᠳᠣᠯᠭ᠎ᠠ ᠶᠢᠨ ᠨᠥᠯᠥᠭᠡᠯᠡᠯ ᠤᠨ ᠵᠠᠳᠠᠯᠤᠯᠲᠠ ᠶᠢ ᠬᠠᠷᠢᠭᠤᠴᠠᠨ ᠥᠷᠨᠢᠭᠦᠯᠵᠦ᠂ ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠶ ᠲᠣᠪᠴᠢᠶ᠎ᠠ ᠶᠢᠨ ᠤᠯᠠᠭᠠᠨᠴᠠᠪ ᠬᠤᠲᠠ ᠶᠢᠨ ᠭᠠᠶᠢᠯᠢ ᠶᠢᠨ ᠶᠠᠪᠤᠳᠠᠯ ᠤᠨ ᠲᠣᠪᠴᠢᠶ᠎ᠠ ᠪᠣᠯᠤᠨ ᠣᠷᠣᠨ ᠨᠤᠲᠤᠭ ᠤᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠳᠤ ᠰᠢᠶ᠋ᠳᠪᠦᠷᠢᠲᠦ ᠪᠣᠳᠣᠯᠭ᠎ᠠ ᠲᠣᠭᠲᠠᠭᠠᠬᠤ ᠳᠤ ᠯᠠᠪᠯᠠᠯᠲᠠ ᠬᠠᠩᠭᠠᠨ᠎ᠠ᠃      ︵ᠲᠠᠪᠤ᠂ ᠬᠠᠷᠢᠶ᠎ᠠ ᠣᠷᠣᠨ ᠤ ᠪᠠᠨ ᠳᠣᠲᠣᠷᠠᠬᠢ ᠡᠯ᠎ᠡ ᠵᠦᠢᠯ ᠤᠨ ᠭᠠᠶᠢᠯᠢ ᠲᠠᠲᠠᠪᠤᠷᠢ᠂ ᠨᠡᠶᠢᠭᠡᠮ ᠤᠨ ᠳᠠᠭᠠᠳᠬᠠᠯ ᠤᠨ ᠰᠦᠢᠳᠬᠡᠯ ᠪᠣᠯᠤᠨ ᠬᠤᠯᠪᠣᠭᠳᠠᠯ ᠪᠦᠬᠦᠢ ᠭᠠᠶᠢᠯᠢ ᠶᠢᠨ ᠪᠤᠰᠤ ᠣᠷᠣᠯᠭ᠎ᠠ ᠶᠢ ᠲᠠᠲᠠᠪᠤᠷᠢᠯᠠᠨ ᠬᠠᠮᠢᠶᠠᠷᠬᠤ ᠠᠵᠢᠯ ᠢ ᠬᠠᠷᠢᠭᠤᠴᠠᠨ᠎ᠠ᠃ ᠭᠠᠶᠢᠯᠢ ︵ᠰᠦᠢᠳᠬᠡᠯ︶ ᠶᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ︶ ᠢᠷᠡᠯᠲᠡ ᠲᠠᠢ ᠬᠢᠨᠠᠨ ᠡᠵᠡᠮᠳᠡᠬᠦ ᠪᠠ ᠲᠦᠭᠰᠢᠭᠦᠷᠢ ᠶᠢᠨ ᠬᠠᠮᠢᠶᠠᠷᠤᠯᠲᠠ ᠶᠢ ᠬᠡᠷᠡᠭᠵᠢᠭᠦᠯᠵᠦ᠂ ᠲᠤᠮᠦ ᠠᠵᠤ ᠠᠬᠤᠶᠢᠯᠠᠯ ᠪᠣᠯᠤᠨ ᠪᠠᠶᠢᠭᠠᠯᠢ ᠬᠥᠮᠦᠨ ᠤ ᠭᠠᠶᠢᠯᠢ ᠲᠠᠲᠠᠪᠤᠷᠢ ᠶᠢᠨ ᠬᠠᠮᠢᠶᠠᠷᠤᠯᠲᠠ ᠶᠢ ᠴᠢᠩᠭᠠᠳᠬᠠᠨ᠎ᠠ᠃      ︵ᠵᠢᠷᠭᠤᠭ᠎ᠠ︶ ᠲᠤᠰ ᠨᠢᠭᠡᠴᠡ ᠶᠢᠨ ᠢᠶᠠᠨ ᠭᠠᠶᠢᠯᠢ ᠲᠠᠲᠠᠪᠤᠷᠢ᠂ ᠨᠡᠶᠢᠭᠡᠮ ᠤᠨ ᠳᠠᠭᠠᠳᠬᠠᠯ ᠤᠨ ᠰᠦᠢᠳᠬᠡᠯ ᠪᠣᠯᠤᠨ ᠬᠤᠯᠪᠣᠭᠳᠠᠯ ᠪᠦᠬᠦᠢ ᠭᠠᠶᠢᠯᠢ ᠶᠢᠨ ᠪᠤᠰᠤ ᠣᠷᠣᠯᠭ᠎ᠠ ᠶᠢᠨ ᠦᠢᠯᠡᠴᠢᠯᠡᠭᠡᠨ ᠤ ᠰᠢᠰᠲ᠋ᠧᠮᠵᠢ ᠶᠢᠨ ᠪᠠᠶᠢᠭᠤᠯᠤᠯᠲᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠬᠦ ᠶᠢ ᠬᠠᠷᠢᠭᠤᠴᠠᠨ᠎ᠠ᠃ ᠭᠠᠶᠢᠯᠢ ᠲᠤᠰᠢᠶᠠᠬᠤ ᠦᠢᠯᠡᠴᠢᠯᠡᠭᠡ᠂ ᠭᠠᠶᠢᠯᠢ ᠲᠤᠰᠢᠶᠠᠬᠤ ᠤᠬᠠᠭᠤᠯᠭ᠎ᠠ ᠶᠢᠨ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠭᠠᠶᠢᠯᠢ ᠲᠤᠰᠢᠶᠠᠭᠴᠢ᠂ ᠰᠦᠢᠳᠬᠡᠯ ᠲᠤᠰᠢᠶᠠᠭᠴᠢ ᠶᠢᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠨ᠎ᠠ᠃ ᠭᠠᠶᠢᠯᠢ ᠲᠠᠳᠠᠪᠤᠷᠢ᠂ ᠨᠡᠶᠢᠭᠡᠮ ᠤᠨ ᠳᠠᠭᠠᠳᠬᠠᠯ ᠤᠨ ᠵᠠᠷᠣᠳᠠᠯ ᠪᠠ ᠬᠤᠯᠪᠣᠭᠳᠠᠯ ᠪᠦᠬᠦᠢ ᠭᠠᠶᠢᠯᠢ ᠶᠢᠨ ᠪᠣᠰᠤ ᠣᠷᠣᠯᠭ᠎ᠠ ᠳᠤ ᠬᠤᠯᠪᠣᠭᠳᠠᠭᠰᠠᠨ ᠵᠠᠰᠠᠭ ᠵᠠᠬᠢᠷᠭᠠᠨ ᠤ ᠰᠢᠳᠭᠡᠯ ᠲᠣᠷᠭᠠᠭᠤᠯᠢ ᠶᠢᠨ ᠭᠡᠷᠡᠴᠢᠯᠡᠭᠡ ᠰᠣᠨᠣᠰᠬᠤ᠂ ᠵᠠᠰᠠᠭ ᠵᠠᠬᠢᠷᠭᠠᠨ ᠤ ᠳᠠᠬᠢᠨ ᠵᠥᠪᠯᠡᠬᠦ ᠪᠠ ᠵᠠᠰᠠᠭ ᠵᠠᠬᠢᠷᠭᠠᠨ ᠤ ᠵᠠᠷᠭᠤ ᠶᠢᠨ ᠵᠦᠢᠯᠡᠰ ᠢ ᠡᠭᠦᠷᠭᠡᠯᠡᠨ᠎ᠡ      ︵ᠳᠤᠯᠤᠭ᠎ᠠ︶ ᠬᠠᠷᠢᠶ᠎ᠠ ᠣᠷᠣᠨ ᠤ ᠳᠣᠲᠣᠷᠠᠬᠢ ᠣᠯᠠᠨ ᠤᠯᠤᠰ ᠤᠨ ᠭᠠᠶᠢᠯᠢ ᠲᠠᠲᠠᠪᠤᠷᠢ ᠪᠣᠯᠤᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠭᠠᠶᠢᠯᠢ ᠲᠠᠲᠠᠪᠤᠷᠢ ᠶᠢᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠵᠤ᠂ ᠭᠠᠶᠢᠯᠢ ᠠᠴᠠ ᠵᠠᠶᠢᠯᠠᠬᠤ ᠶᠢ ᠪᠠᠶᠢᠴᠠᠭᠠᠬᠤ ᠪᠠ ᠭᠠᠳᠠᠭᠠᠳᠤ ᠭᠠᠷᠭᠠᠯᠲᠠ ᠶᠢᠨ ᠭᠠᠶᠢᠯᠢ ᠪᠤᠴᠠᠭᠠᠬᠤ ᠵᠦᠢᠯᠡᠰ ᠢ ᠭᠦᠢᠴᠡᠳᠬᠡᠬᠦ ᠶᠢ ᠵᠣᠬᠢᠶᠠᠨ ᠪᠠᠶᠢᠭᠤᠯᠤᠨ᠎ᠠ᠃      ︵ᠨᠠᠢᠮᠠ︶ ᠥᠷᠲᠡᠭ ᠨᠡᠮᠡᠭᠳᠡᠯ ᠤᠨ ᠭᠠᠶᠢᠯᠢ ᠶᠢᠨ ᠲᠤᠰᠬᠠᠶ ᠬᠡᠷᠡᠭᠯᠡᠬᠦ ᠪᠠᠷᠢᠮᠲᠠ᠂ ᠡᠩ ᠤᠨ ᠪᠠᠷᠢᠮᠲᠠ ᠪᠣᠯᠤᠨ ᠪᠤᠰᠤᠳ ᠡᠯ᠎ᠡ ᠲᠥᠷᠥᠯ ᠤᠨ ᠪᠠᠷᠢᠮᠲᠠ ᠶᠢᠨ ᠬᠠᠮᠢᠶᠠᠷᠤᠯᠲᠠ ᠶᠢ ᠬᠠᠷᠢᠭᠤᠴᠠᠨ᠎ᠠ᠃ ᠭᠠᠶᠢᠯᠢ ᠲᠠᠲᠠᠪᠤᠷᠢ᠂ ᠨᠡᠶᠢᠭᠡᠮ ᠤᠨ ᠳᠠᠭᠠᠳᠬᠠᠯ ᠤᠨ ᠰᠦᠢᠳᠬᠡᠯ ᠪᠣᠯᠤᠨ ᠬᠤᠯᠪᠣᠭᠳᠠᠯ ᠪᠦᠬᠦᠢ ᠭᠠᠶᠢᠯᠢ ᠶᠢᠨ ᠪᠤᠰᠤ ᠣᠷᠣᠯᠭ᠎ᠠ ᠶᠢᠨ ᠪᠢᠯᠧᠲ ᠤᠨ ᠬᠠᠮᠢᠶᠠᠷᠤᠯᠲᠠ ᠶᠢ ᠬᠠᠷᠢᠭᠤᠴᠠᠨ᠎ᠠ      ︵ᠶᠢᠰᠦ︶ ᠲᠤᠰ ᠨᠢᠭᠡᠴᠡ ᠶᠢᠨ ᠢᠶᠠᠨ ᠡᠯ᠎ᠡ ᠵᠦᠢᠯ ᠤᠨ ᠭᠠᠶᠢᠯᠢ ᠲᠠᠲᠠᠪᠤᠷᠢ᠂ ᠨᠡᠶᠢᠭᠡᠮ ᠤᠨ ᠳᠠᠭᠠᠳᠬᠠᠯ ᠤᠨ ᠵᠠᠷᠤᠳᠠᠯ ᠪᠣᠯᠤᠨ ᠬᠤᠯᠪᠣᠭᠳᠠᠯ ᠪᠦᠬᠦᠢ ᠭᠠᠶᠢᠯᠢ ᠶᠢᠨ ᠪᠤᠰᠤ ᠣᠷᠣᠯᠭ᠎ᠠ ᠶᠢ ᠲᠠᠲᠠᠪᠤᠷᠢᠯᠠᠨ ᠬᠠᠮᠢᠶᠠᠷᠬᠤ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠪᠣᠯᠤᠨ ᠲᠤᠭ᠎ᠠ ᠪᠠᠷᠢᠮᠲᠠ ᠶᠢ ᠵᠠᠰᠠᠬᠤ ᠠᠵᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠬᠦ ᠶᠢ ᠬᠠᠷᠢᠭᠤᠴᠠᠨ᠎ᠠ᠃      ︵ᠠᠷᠪᠠ︶ ᠲᠣᠰ ᠨᠢᠭᠡᠴᠡ ᠶᠢᠨ ᠢᠶᠠᠨ ᠳᠣᠲᠣᠭᠠᠳᠤ ᠶᠢᠨ ᠡᠵᠡᠮᠳᠡᠬᠦ ᠲᠣᠭᠲᠠᠴᠠ ᠶᠢᠨ ᠪᠠᠶᠢᠭᠤᠯᠤᠯᠲᠠ ᠶᠢᠨ ᠠᠵᠢᠯ ᠢ ᠬᠠᠷᠢᠭᠤᠴᠠᠵᠤ᠂ ᠲᠣᠰ ᠨᠢᠭᠡᠴᠡ ᠶᠢᠨ ᠢᠶᠠᠨ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠵᠢᠴᠢ ᠳᠡᠭᠡᠳᠦ ᠱᠠᠲᠤᠨ ᠤ ᠠᠵᠢᠯ ᠤᠨ ᠪᠠᠶᠢᠷᠢᠯᠠᠭᠤᠯᠤᠯᠲᠠ ᠶᠢ ᠲᠤᠤᠱᠯᠠᠭᠤᠯᠤᠨ ᠬᠡᠷᠡᠭᠵᠢᠭᠦᠯᠦᠭᠰᠡᠨ ᠪᠠᠶᠢᠳᠠᠯ ᠢ ᠰᠢᠮᠳᠠᠭᠤᠯᠤᠨ ᠪᠠᠶᠢᠴᠠᠭᠠᠵᠤ ᠰᠢᠮᠳᠠᠭᠤᠯᠤᠨ ᠭᠦᠢᠴᠡᠳᠬᠡᠬᠦ ᠶᠢ ᠥᠷᠨᠢᠭᠦᠯᠵᠦ᠂ ᠭᠠᠶᠢᠯᠢ ᠲᠠᠲᠠᠪᠤᠷᠢ ᠶᠢᠨ ᠬᠠᠤᠯᠢ ᠬᠡᠷᠡᠭᠵᠢᠭᠦᠯᠦᠯᠲᠡ ᠶᠢᠨ ᠰᠢᠮᠳᠠᠭᠤᠯᠤᠨ ᠪᠠᠶᠢᠴᠠᠭᠠᠯᠲᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃      ︵ᠠᠷᠪᠠᠨ ᠨᠢᠭᠡ︶ ᠲᠤᠰ ᠨᠢᠭᠡᠴᠡ ᠶᠢᠨ ᠢᠶᠠᠨ ᠦᠨᠳᠦᠰᠦᠨ ᠱᠠᠲᠤᠨ ᠤ ᠪᠠᠶᠢᠭᠤᠯᠤᠯᠲᠠ ᠪᠣᠯᠤᠨ ᠺᠠᠳ᠋ᠷ ᠤᠨ ᠡᠩᠨᠡᠭᠡᠨ ᠤ ᠪᠠᠶᠢᠭᠤᠯᠤᠯᠲᠠ ᠶᠢᠨ ᠠᠵᠢᠯ ᠢ ᠬᠠᠷᠢᠭᠤᠴᠠᠵᠤ᠂ ᠤᠳᠤᠷᠢᠳᠬᠤ ᠪᠠᠭ ᠪᠣᠯᠤᠨ ᠪᠡᠯᠡᠳᠬᠡᠯ ᠺᠠᠳ᠋ᠷ ᠤᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂ ᠭᠠᠶᠢᠯᠢ ᠶᠢᠨ ᠶᠠᠪᠤᠳᠠᠯ ᠤᠨ ᠴᠢᠳᠠᠪᠤᠷᠢᠲᠠᠨ ᠢ ᠬᠥᠮᠦᠵᠢᠭᠦᠯᠬᠦ ᠪᠠ ᠺᠠᠳ᠋ᠷ ᠤᠨ ᠬᠥᠮᠦᠵᠢᠯ ᠪᠣᠯᠪᠠᠰᠤᠷᠠᠭᠤᠯᠤᠯ ᠤᠨ ᠠᠵᠢᠯ ᠢ ᠡᠭᠦᠷᠭᠡᠯᠡᠨ᠎ᠡ᠃ ᠲᠤᠰ ᠨᠢᠭᠡᠴᠡ ᠶᠢᠨ ᠢᠶᠠᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠪᠣᠯᠤᠨ ᠺᠠᠳ᠋ᠷ ᠢ ᠬᠢᠨᠠᠨ ᠰᠢᠯᠭᠠᠬᠤ ᠠᠵᠢᠯ ᠢ ᠬᠠᠷᠢᠭᠤᠴᠠᠨ᠎ᠠ᠃      ︵ᠠᠷᠪᠠᠨ ᠬᠤᠶᠠᠷ︶ ᠲᠤᠰ ᠨᠢᠭᠡᠴᠡ ᠶᠢᠨ ᠢᠶᠠᠨ ᠪᠠᠶᠢᠭᠤᠯᠤᠮᠵᠢ᠂ ᠣᠷᠣᠨ ᠲᠤᠭ᠎ᠠ᠂ ᠵᠠᠷᠤᠳᠠᠯ ᠪᠣᠯᠤᠨ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃      ︵ᠠᠷᠪᠠᠨ ᠭᠤᠷᠪᠠ︶ ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠢ ᠲᠣᠪᠴᠢᠶ᠎ᠠ ᠶᠢᠨ ᠤᠯᠠᠭᠠᠨᠴᠠᠪ ᠬᠤᠲᠠ ᠶᠢᠨ ᠭᠠᠶᠢᠯᠢ ᠶᠢᠨ ᠶᠠᠪᠤᠳᠠᠯ ᠤᠨ ᠲᠣᠪᠴᠢᠶ᠎ᠠ ᠪᠣᠯᠣᠨ ᠣᠷᠣᠨ ᠨᠤᠲᠤᠭ ᠤᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠠᠵᠢᠯ ᠢ ᠪᠡᠶᠡᠯᠡᠭᠦᠯᠦᠨ᠎ᠡ᠃          ᠳᠣᠲᠣᠭᠠᠳᠤ ᠶᠢᠨ ᠪᠠᠶᠢᠭᠤᠯᠤᠮᠵᠢ᠄      ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠶ ᠲᠣᠪᠴᠢᠶ᠎ᠠ ᠶᠢᠨ ᠰᠢᠩ ᠾᠧ ᠰᠢᠶᠠᠨ ᠤ ᠭᠠᠶᠢᠯᠢ ᠶᠢᠨ ᠶᠠᠪᠤᠳᠠᠯ ᠤᠨ ᠲᠣᠪᠴᠢᠶ᠎ᠠ ᠨᠡᠶᠢᠲᠡ 12 ᠳᠣᠲᠣᠭᠠᠳᠤ ᠪᠠᠶᠢᠭᠤᠯᠤᠮᠵᠢ ᠭᠠᠷᠭᠠᠵᠤ᠂ 6 ᠪᠠᠶᠢᠭᠤᠯᠤᠮᠵᠢ ᠲᠣᠮᠢᠯᠠᠵᠤ᠂ 1 ᠠᠵᠢᠯ ᠦᠢᠯᠡᠰ ᠤᠨ ᠨᠢᠭᠡᠴᠡ ᠪᠣᠶ᠃      ᠲᠣᠰ ᠲᠣᠰ ᠳᠣᠲᠣᠭᠠᠳᠤ ᠪᠠᠶᠢᠭᠤᠯᠤᠮᠵᠢ᠄ ᠠᠯᠪᠠᠨ ᠬᠡᠷ ︵ᠨᠠᠮ ᠤᠨ ᠬᠤᠷᠢᠶᠠᠨ ᠤ ᠠᠯᠪᠠᠨ ᠬᠡᠷ︶᠂ ᠬᠠᠤᠯᠢ ᠲᠦᠷᠢᠮ ᠤᠨ ᠲᠠᠰᠤᠭ᠂ ᠭᠠᠶᠢᠯᠢ ᠶᠢᠨ ᠶᠠᠪᠤᠳᠠᠯ ᠤᠨ ᠨᠢᠭᠡᠳᠦᠭᠡᠷ ᠲᠠᠰᠤᠭ᠂ ᠭᠠᠶᠢᠯᠢ ᠶᠢᠨ ᠶᠠᠪᠤᠳᠠᠯ ᠤᠨ ᠬᠤᠶᠠᠳᠤᠭᠠᠷ ᠲᠠᠰᠤᠭ᠂ ᠨᠡᠶᠢᠭᠡᠮ ᠤᠨ ᠳᠠᠭᠠᠳᠬᠠᠯ ᠤᠨ ᠵᠠᠷᠤᠳᠠᠯ ᠪᠠ ᠭᠠᠶᠢᠯᠢ ᠲᠠᠲᠠᠪᠤᠷᠢ ᠶᠢᠨ ᠪᠤᠰᠤ ᠬᠤᠪᠢᠴᠠᠭ᠎ᠠ᠂ ᠣᠷᠣᠯᠭ᠎ᠠ ᠶᠢᠨ ᠲᠣᠭᠠᠴᠠᠭ᠎ᠠ ᠬᠢᠬᠦ ᠲᠠᠰᠤᠭ᠂ ᠲᠠᠲᠠᠪᠤᠷᠢᠯᠠᠨ ᠬᠠᠮᠢᠶᠠᠷᠬᠤ ᠲᠠᠰᠤᠭ᠂ ᠠᠶᠤᠯ ᠲᠦᠭᠰᠢᠭᠦᠷᠢ ᠶᠢᠨ ᠬᠠᠮᠢᠶᠠᠷᠤᠯᠲᠠ ᠶᠢᠨ ᠲᠠᠰᠤᠭ᠂ ᠡᠳ᠋ ᠤᠨ ᠶᠠᠪᠤᠳᠠᠯ ᠤᠨ ᠬᠠᠮᠢᠶᠠᠷᠤᠯᠲᠠ ᠶᠢᠨ ᠲᠠᠰᠤᠭ᠂ ᠵᠣᠬᠢᠶᠠᠨ ᠪᠠᠶᠢᠭᠤᠯᠤᠭᠰᠠᠨ ᠠᠵᠢᠯᠲᠠᠨ ᠤ ᠶᠠᠪᠤᠳᠠᠯ ᠤᠨ ᠲᠠᠰᠤᠭ᠂ ᠪᠠᠶᠢᠭᠤᠯᠭ᠎ᠠ ᠶᠢᠨ ᠨᠠᠮ ᠤᠨ ᠬᠤᠷᠢᠶ᠎ᠠ ︵ᠨᠠᠮ ᠤᠨ ᠪᠠᠶᠢᠭᠤᠯᠤᠯᠲᠠ ᠶᠢᠨ ᠠᠵᠢᠯ ᠤᠨ ᠲᠠᠰᠤᠭ︶᠂ ᠨᠠᠮ ᠤᠨ ᠬᠤᠷᠢᠶᠠᠨ ᠤ ᠰᠠᠬᠢᠯᠭ᠎ᠠ ᠪᠠᠲᠤ ᠪᠠᠶᠢᠴᠠᠭᠠᠬᠤ ᠳᠤᠭᠤᠶᠢᠯᠠᠩ ᠪᠣᠯᠤᠨ᠎ᠠ᠃      ᠲᠣᠮᠢᠯᠠᠭᠰᠠᠨ ᠪᠠᠶᠢᠭᠤᠯᠤᠮᠵᠢ᠄ ᠨᠢᠭᠡᠳᠦᠭᠡᠷ ᠭᠠᠶᠢᠯᠢ ᠶᠢᠨ ᠶᠠᠪᠤᠳᠠᠯ ᠤᠨ ᠬᠤᠪᠢᠶᠠᠷᠢ ᠲᠣᠪᠴᠢᠶ᠎ᠠ ︵ᠭᠠᠶᠢᠯᠢ ᠭᠦᠢᠴᠡᠳᠭᠡᠬᠦ ᠦᠢᠯᠡᠴᠢᠯᠡᠭᠡᠨ ᠤ ᠲᠢᠩᠬᠢᠮ︶᠂ ᠮᠢᠶᠣᠣ ᠯᠢᠶᠠᠩ ᠶᠡᠷᠦᠩᠬᠡᠶᠢᠯᠡᠭᠰᠡᠨ ᠪᠠᠷᠠᠭᠠᠨ ᠤ ᠭᠦᠢᠯᠭᠡᠭᠡᠨ ᠤ ᠠᠵᠤ ᠦᠢᠯᠡᠰ ᠤᠨ ᠬᠦᠷᠢᠶᠡᠯᠡᠩ ᠲᠣᠭᠤᠷᠢᠭ ᠤᠨ ᠭᠠᠶᠢᠯᠢ ᠶᠢᠨ ᠶᠠᠪᠤᠳᠠᠯ ᠤᠨ ᠬᠤᠪᠢᠶᠠᠷᠢ ᠲᠣᠪᠴᠢᠶ᠎ᠠ᠂ ᠴᠧᠩ ᠭᠤᠸᠠᠨ ᠪᠠᠯᠭᠠᠰᠤᠨ ᠤ ᠭᠠᠶᠢᠯᠢ ᠶᠢᠨ ᠶᠠᠪᠤᠳᠠᠯ ᠤᠨ ᠭᠠᠵᠠᠷ᠂ ᠦᠨᠳᠦᠰᠦᠲᠡᠨ ᠤ ᠪᠦᠯᠬᠦᠮᠳᠡᠯ ᠰᠢᠶᠠᠩ ᠤᠨ ᠭᠠᠶᠢᠯᠢ ᠶᠢᠨ ᠶᠠᠪᠤᠳᠠᠯ ᠤᠨ ᠭᠠᠵᠠᠷ᠂ ᠳ᠋ᠠ ᠺᠦ᠋ ᠯᠢᠶᠠᠨ ᠰᠢᠶᠠᠩ ᠤᠨ ᠭᠠᠶᠢᠯᠢ ᠶᠢᠨ ᠶᠠᠪᠤᠳᠠᠯ ᠤᠨ ᠭᠠᠵᠠᠷ᠂ ᠳ᠋ᠠ ᠲᠦᠩ ᠶᠣᠣ ᠰᠢᠶᠠᠩ ᠤᠨ ᠭᠠᠶᠢᠯᠢ ᠶᠢᠨ ᠶᠠᠪᠤᠳᠠᠯ ᠤᠨ ᠭᠠᠵᠠᠷ᠃      ᠠᠵᠢᠯ ᠦᠢᠯᠡᠰ ᠤᠨ ᠨᠢᠭᠡᠴᠡ᠄ ᠮᠡᠳᠡᠭᠡ ᠵᠠᠩᠭᠢ ᠶᠢᠨ ᠲᠥᠪ᠃      ᠬᠠᠷᠢᠯᠴᠠᠬᠤ ᠤᠲᠠᠰᠤ᠄ 0474 - 7215022      0474-7581457      ᠬᠢᠨᠠᠯᠲᠠ ᠲᠠᠯᠪᠢᠬᠤ ᠤᠲᠠᠰᠤ᠄ 0474 - 7215026      ᠭᠠᠶᠢᠯᠢ ᠲᠤᠰᠢᠶᠠᠬᠤ ᠦᠢᠯᠡᠴᠢᠯᠡᠭᠡᠨ ᠤ ᠬᠠᠯᠠᠭᠤᠨ ᠤᠲᠠᠰᠤ᠄ 12366      ᠨᠢᠭᠡᠴᠡ ᠶᠢᠨ ᠬᠠᠶ᠋ᠢᠭ᠄ ᠰᠢᠩ ᠾᠧ ᠰᠢᠶᠠᠨ ᠤ ᠰᠢᠨ᠎ᠡ ᠬᠤᠲᠠ ᠲᠣᠭᠤᠷᠢᠭ ᠤᠨ ᠬᠤᠶᠠᠳᠤᠭᠠᠷ ᠵᠠᠰᠠᠮᠠᠯ ᠵᠠᠮ      ᠠᠯᠪᠠᠯᠠᠬᠤ ᠴᠠᠭ᠄ ᠠᠵᠢᠯᠯᠠᠬᠤ ᠡᠳᠦᠷ ᠤᠨ ᠦᠳᠡ ᠶᠢᠨ ᠡᠮᠦᠨ᠎ᠡ 9᠄ 00 - 12᠄ 00 ᠦᠳᠡ ᠶᠢᠨ ᠬᠤᠶᠢᠨ᠎ᠠ 14᠄ 30 - 18᠄ 00      ᠬᠠᠷᠢᠭᠤᠴᠠᠯᠭᠠᠲᠠᠨ ᠤ ᠣᠪᠣᠭ ᠨᠡᠷ᠎ᠡ  ᠄  ᠸᠠᠩ ᠰᠢᠨ ᠭᠤᠸᠠᠩ            ᠤᠷᠴᠢᠭᠤᠯᠤᠭᠴᠢ᠄ ᠨᠠᠷᠠᠰᠤ            ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ    
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠤᠷᠳᠤᠨ ᠤ ᠬᠢᠲᠠᠳ ᠲᠤᠤᠷ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3