ᠰᠢᠩ ᠾᠧ ᠰᠢᠶᠠᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ 
ᠨᠡᠶᠢᠲᠡᠯᠡᠭᠰᠡᠨ ᠴᠠᠭ᠄
2025/3/30
ᠪᠠᠶᠢᠭᠤᠯᠤᠮᠵᠢ ᠶᠢᠨ ᠡᠭᠦᠷᠭᠡ ᠴᠢᠳᠠᠪᠤᠷᠢ          ᠰᠢᠩ ᠾᠧ ᠰᠢᠶᠠᠨ ᠤ ᠵᠠᠮ ᠬᠠᠷᠢᠯᠴᠠᠭᠠᠨ ᠤ ᠲᠣᠪᠴᠢᠶ᠎ᠠ 1973 ᠣᠨ ᠳᠤ ᠪᠠᠶᠢᠭᠤᠯᠤᠭᠳᠠᠵᠤ᠂ ᠰᠢᠩ ᠾᠧ ᠰᠢᠶᠠᠨ ᠤ ᠠᠷᠠᠳ ᠤᠨ ᠵᠠᠰᠠᠭ ᠤᠨ ᠣᠷᠳᠣᠨ ᠳᠤ ᠬᠠᠷᠢᠶᠠᠯᠠᠭᠳᠠᠵᠤ᠂ ᠵᠠᠰᠠᠭ ᠤᠨ ᠣᠷᠳᠣᠨ ᠤ ᠪᠦᠬᠦ ᠰᠢᠶᠠᠨ ᠤ ᠵᠠᠮ ᠬᠠᠷᠢᠯᠴᠠᠭᠠᠨ ᠤ ᠠᠵᠢᠯ ᠢ ᠡᠷᠬᠢᠯᠡᠨ ᠬᠠᠮᠢᠶᠠᠷᠬᠤ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠪᠣᠯᠤᠨ᠎ᠠ᠃ ᠰᠢᠩ ᠾᠧ ᠰᠢᠶᠠᠨ ᠤ ᠵᠠᠮ ᠬᠠᠷᠢᠯᠴᠠᠭᠠᠨ ᠤ ᠬᠠᠮᠢᠶᠠᠷᠤᠯᠲᠠ᠂ ᠵᠠᠰᠠᠮᠠᠯ ᠵᠠᠮ ᠵᠠᠰᠠᠬᠤ ᠵᠡᠷᠭᠡ ᠶᠠᠪᠤᠳᠠᠯ ᠢ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ ᠡᠬᠢᠨ ᠤ ᠬᠤᠭᠤᠴᠠᠭᠠᠨ ᠳᠤ ᠰᠢᠩ ᠾᠧ ᠰᠢᠶᠠᠨ ᠤ ᠠᠷᠠᠳ ᠤᠨ ᠵᠥᠪᠯᠡᠯ ᠤᠨ ᠪᠦᠲᠦᠭᠡᠨ ᠪᠠᠶᠢᠭᠤᠯᠤᠯᠲᠠ ᠶᠢᠨ ᠰᠠᠯᠠᠭ᠎ᠠ ᠬᠠᠪᠰᠤᠷᠭᠠᠨ ᠬᠠᠮᠢᠶᠠᠷᠤᠨ᠎ᠠ᠃ 1956 ᠣᠨ ᠳᠤ ᠠᠷᠠᠳ ᠤᠨ ᠵᠥᠪᠯᠡᠯ ᠤᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠨᠢ ᠵᠠᠮ ᠬᠠᠷᠢᠯᠴᠠᠭᠠᠨ ᠤ ᠰᠠᠯᠠᠭ᠎ᠠ ᠶᠢ ᠪᠠᠶᠢᠭᠤᠯᠵᠤ᠂ ᠵᠠᠰᠠᠮᠠᠯ ᠵᠠᠮ ᠤᠨ ᠵᠠᠮ ᠬᠠᠷᠢᠯᠴᠠᠭᠠᠨ ᠤ ᠦᠢᠯᠡᠰ ᠢ ᠭᠤᠣᠯᠯᠠᠨ ᠬᠠᠮᠢᠶᠠᠷᠪᠠ᠃ 1961 ᠣᠨ ᠳᠤ ᠵᠠᠮ ᠬᠠᠷᠢᠯᠴᠠᠭ᠎ᠠ ᠶᠢᠨ ᠰᠠᠯᠠᠭ᠎ᠠ ᠪᠣᠯᠣᠨ ᠠᠵᠤ ᠦᠢᠯᠡᠳᠪᠦᠷᠢ ᠶᠢᠨ ᠰᠠᠯᠠᠭ᠎ᠠ ᠶᠢ ᠨᠡᠶᠢᠯᠡᠭᠦᠯᠵᠦ ᠠᠵᠤ ᠦᠢᠯᠡᠳᠪᠦᠷᠢ ᠵᠠᠮ ᠬᠠᠷᠢᠯᠴᠠᠭ᠎ᠠ ᠶᠢᠨ ᠰᠠᠯᠠᠭ᠎ᠠ ᠪᠣᠯᠭᠠᠪᠠ᠃ 1965-1969 ᠣᠨ ᠳᠤ ᠵᠠᠮ ᠬᠠᠷᠢᠯᠴᠠᠭᠠᠨ ᠤ ᠰᠠᠯᠠᠭ᠎ᠠ ᠪᠣᠯᠭᠠᠨ ᠥᠭᠡᠷᠡᠴᠢᠯᠡᠪᠡ᠃ 1970 ᠣᠨ ᠳᠤ ᠰᠢᠶᠠᠨ ᠤ ᠬᠤᠪᠢᠰᠬᠠᠯ ᠤᠨ ᠵᠥᠪᠯᠡᠯ ᠤᠨ ᠦᠢᠯᠡᠳᠪᠦᠷᠢᠯᠡᠯ ᠪᠦᠲᠦᠭᠡᠨ ᠪᠠᠶᠢᠭᠤᠯᠤᠯᠲᠠ ᠶᠢᠨ ᠵᠢᠯᠣᠭᠤᠳᠬᠤ ᠭᠠᠵᠠᠷ ᠤᠨ ᠳᠣᠣᠷ᠎ᠠ ᠵᠠᠮ ᠬᠠᠷᠢᠯᠴᠠᠭᠠᠨ ᠤ ᠰᠠᠯᠠᠭ᠎ᠠ ᠪᠠᠶᠢᠭᠤᠯᠪᠠ᠃ 1973 ᠣᠨ ᠳᠤ ᠰᠢᠩ ᠾᠧ ᠰᠢᠶᠠᠨ ᠤ ᠵᠠᠮ ᠬᠠᠷᠢᠯᠴᠠᠭᠠᠨ ᠤ ᠲᠣᠪᠴᠢᠶ᠎ᠠ ᠭᠡᠵᠦ ᠥᠭᠡᠷᠡᠴᠢᠯᠡᠪᠡ᠃ 1982 ᠣᠨ ᠳᠤ ᠵᠠᠮ ᠬᠠᠷᠢᠯᠴᠠᠭᠠᠨ ᠤ ᠲᠣᠪᠴᠢᠶ᠎ᠠ ᠶᠢ ᠬᠠᠰᠤᠵᠤ᠂ ᠰᠢᠩ ᠾᠧ ᠰᠢᠶᠠᠨ ᠤ ᠠᠵᠤ ᠠᠬᠤᠢ ᠶᠢᠨ ᠵᠥᠪᠯᠡᠯ ᠳᠤ ᠵᠠᠮ ᠬᠠᠷᠢᠯᠴᠠᠭᠠᠨ ᠤ ᠰᠠᠯᠠᠭ᠎ᠠ ᠶᠢ ᠪᠠᠶᠢᠭᠤᠯᠪᠠ᠃ 1984 ᠣᠨ ᠳᠤ ᠵᠠᠮ ᠬᠠᠷᠢᠯᠴᠠᠭᠠᠨ ᠤ ᠲᠣᠪᠴᠢᠶ᠎ᠠ ᠶᠢ ᠳᠠᠬᠢᠨ ᠰᠡᠷᠭᠦᠭᠡᠪᠡ᠃ 1993 ᠣᠨ ᠳᠤ ᠡᠭᠦᠷᠭᠡ ᠴᠢᠳᠠᠪᠬᠢ ᠪᠠᠨ ᠬᠤᠪᠢᠷᠠᠭᠤᠯᠬᠤ ᠶᠢᠨ ᠲᠥᠯᠥᠭᠡ ᠵᠠᠮ ᠬᠠᠷᠢᠯᠴᠠᠭᠠᠨ ᠤ ᠲᠣᠪᠴᠢᠶ᠎ᠠ ᠶᠢ ᠬᠠᠰᠤᠵᠤ᠂ ᠵᠠᠮ ᠬᠠᠷᠢᠯᠴᠠᠭᠠᠨ ᠤ ᠪᠦᠲᠦᠭᠡᠨ ᠪᠠᠶᠢᠭᠤᠯᠤᠯᠲᠠ ᠶᠢᠨ ᠨᠡᠭᠡᠭᠡᠨ ᠠᠰᠢᠭᠯᠠᠬᠤ ᠶᠡᠷᠦᠩᠬᠡᠢ ᠺᠣᠮᠫᠠᠨᠢ ᠪᠠᠶᠢᠭᠤᠯᠪᠠ᠃ 1998 ᠣᠨ ᠳᠤ ᠰᠢᠩ ᠾᠧ ᠰᠢᠶᠠᠨ ᠤ ᠠᠷᠠᠳ ᠤᠨ ᠵᠠᠰᠠᠭ ᠤᠨ ᠣᠷᠳᠣᠨ ᠳᠤ ᠵᠠᠮ ᠬᠠᠷᠢᠯᠴᠠᠭᠠᠨ ᠤ ᠲᠣᠪᠴᠢᠶ᠎ᠠ ᠶᠢ ᠰᠡᠷᠭᠦᠭᠡᠨ ᠪᠠᠶᠢᠭᠤᠯᠪᠠ᠃      ᠰᠢᠩ ᠾᠧ ᠰᠢᠶᠠᠨ ᠤ ᠵᠠᠮ ᠲᠡᠭᠡᠭᠡᠪᠦᠷᠢ ᠶᠢᠨ ᠲᠣᠪᠴᠢᠶ᠎ᠠ ᠶᠢᠨ ᠭᠤᠤᠯ ᠡᠭᠦᠷᠭᠡ ᠬᠠᠷᠢᠭᠤᠴᠠᠯᠭ᠎ᠠ ᠪᠣᠯ᠄      ︵ᠨᠢᠭᠡ︶ ᠤᠯᠤᠰ᠂ ᠥᠪᠡᠷᠲᠡᠭᠡᠨ ᠵᠠᠰᠠᠬᠤ ᠣᠷᠣᠨ᠂ ᠬᠤᠲᠠ ᠶᠢᠨ ᠨᠠᠮ ᠤᠨ ᠬᠤᠷᠢᠶ᠎ᠠ ᠵᠠᠰᠠᠭ ᠤᠨ ᠣᠷᠳᠣᠨ ᠵᠢᠴᠢ ᠰᠢᠶᠠᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠤ ᠬᠤᠯᠪᠣᠭᠳᠠᠯ ᠪᠥᠬᠦᠶ ᠵᠠᠮ ᠬᠠᠷᠢᠯᠴᠠᠭ᠎ᠠ ᠲᠡᠭᠡᠭᠡᠪᠦᠷᠢ ᠶᠢᠨ ᠠᠵᠢᠯ ᠲᠥᠷᠥᠯ ᠤᠨ ᠬᠠᠤᠯᠢ ᠴᠠᠭᠠᠵᠠ᠂ ᠬᠠᠤᠯᠢ ᠲᠣᠭᠲᠠᠭᠠᠯ᠂ ᠲᠥᠷᠥ ᠶᠢᠨ ᠪᠣᠳᠣᠯᠭ᠎ᠠ᠂ ᠪᠠᠷᠢᠮᠵᠢᠶ᠎ᠠ ᠪᠠ ᠲᠥᠯᠥᠪᠵᠢᠭᠦᠯᠭᠡ ᠶᠢ ᠲᠤᠤᠱᠯᠠᠭᠤᠯᠤᠨ ᠬᠡᠷᠡᠭᠵᠢᠭᠦᠯᠦᠨ᠎ᠡ︔ ᠪᠥᠬᠦ ᠰᠢᠶᠠᠨ ᠤ ᠵᠠᠮ ᠬᠠᠷᠢᠯᠴᠠᠭᠠᠨ ᠤ ᠠᠵᠢᠯ ᠲᠥᠷᠥᠯ ᠤᠨ ᠬᠥᠭᠵᠢᠯᠲᠡ ᠶᠢᠨ ᠶᠡᠷᠦᠩᠬᠡᠶ ᠲᠥᠯᠥᠪᠵᠢᠭᠦᠯᠭᠡ᠂ ᠲᠤᠰᠬᠠᠶ ᠲᠥᠯᠥᠪᠵᠢᠭᠦᠯᠭᠡ᠂ ᠳᠤᠮᠳᠠ ᠣᠷᠳᠣ ᠬᠤᠭᠤᠴᠠᠭᠠᠨ ᠤ ᠬᠥᠭᠵᠢᠯᠲᠡ ᠶᠢᠨ ᠲᠥᠯᠥᠪᠵᠢᠭᠦᠯᠭᠡ ᠶᠢ ᠵᠣᠬᠢᠶᠠᠨ ᠪᠠᠶᠢᠭᠤᠯᠤᠨ ᠲᠣᠭᠲᠠᠭᠠᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠦᠨ᠎ᠡ︔ ᠪᠠᠷᠠᠭᠠᠨ ᠤ ᠭᠦᠢᠯᠭᠡᠭᠡᠨ ᠤ ᠦᠢᠯᠡᠰ ᠤᠨ ᠬᠥᠭᠵᠢᠯᠲᠡ ᠶᠢᠨ ᠪᠠᠶᠢᠯᠳᠤᠬᠤ ᠪᠤᠳᠤᠯᠭ᠎ᠠ ᠪᠠ ᠲᠥᠯᠥᠪᠵᠢᠭᠦᠯᠭᠡ ᠶᠢ ᠲᠣᠭᠲᠠᠭᠠᠬᠤ ᠳᠤ ᠣᠷᠣᠯᠴᠠᠵᠤ᠂ ᠬᠤᠯᠪᠣᠭᠳᠠᠯ ᠪᠦᠬᠦᠢ ᠲᠦᠷᠦ ᠶᠢᠨ ᠪᠤᠳᠤᠯᠭ᠎ᠠ ᠪᠠ ᠪᠠᠷᠢᠮᠵᠢᠶ᠎ᠠ ᠶᠢ ᠲᠣᠭᠲᠠᠭᠠᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠦᠨ᠎ᠡ︔ ᠵᠠᠮ ᠬᠠᠷᠢᠯᠴᠠᠭᠠᠨ ᠤ ᠠᠵᠢᠯ ᠲᠦᠷᠦᠯ ᠤᠨ ᠪᠠᠶᠢᠭᠤᠯᠤᠯ ᠤᠨ ᠥᠭᠡᠷᠡᠴᠢᠯᠡᠯᠲᠡ ᠶᠢᠨ ᠠᠵᠢᠯ ᠢ ᠵᠢᠯᠣᠭᠤᠳᠤᠨ᠎ᠠ᠃      ︵ᠬᠤᠶᠠᠷ︶ ᠪᠦᠬᠦ ᠰᠢᠶᠠᠨ ᠤ ᠶᠡᠷᠦᠩᠬᠡᠶᠢᠯᠡᠭᠰᠡᠨ ᠲᠡᠭᠡᠭᠡᠪᠦᠷᠢ ᠶᠢᠨ ᠰᠢᠰᠲ᠋ᠧᠮ ᠳᠤ ᠬᠤᠯᠪᠣᠭᠳᠠᠬᠤ ᠲᠥᠯᠥᠪᠵᠢᠭᠦᠯᠭᠡ ᠶᠢ ᠵᠣᠬᠢᠴᠠᠭᠤᠯᠬᠤ ᠠᠵᠢᠯ ᠢ ᠡᠭᠦᠷᠭᠡᠯᠡᠵᠦ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠶᠡᠷᠦᠩᠬᠡᠶᠢᠯᠡᠭᠰᠡᠨ ᠲᠡᠭᠡᠭᠡᠪᠦᠷᠢ ᠶᠢᠨ ᠲᠥᠯᠥᠪᠵᠢᠭᠦᠯᠭᠡ ᠶᠢ ᠵᠣᠬᠢᠶᠠᠨ ᠪᠠᠶᠢᠭᠤᠯᠤᠨ ᠨᠠᠶᠢᠷᠠᠭᠤᠯᠤᠨ ᠵᠣᠬᠢᠶᠠᠵᠤ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠵᠠᠩᠭᠢᠯᠠᠭ᠎ᠠ ᠶᠢᠨ ᠲᠥᠯᠥᠪᠵᠢᠭᠦᠯᠭᠡ ᠪᠠ ᠬᠠᠮᠢᠶᠠᠷᠤᠯᠲᠠ ᠶᠢ ᠵᠣᠬᠢᠶᠠᠨ ᠪᠠᠶᠢᠭᠤᠯᠤᠨ᠎ᠠ︔ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠪᠠ ᠪᠠᠷᠢᠮᠵᠢᠶ᠎ᠠ ᠶᠢ ᠲᠣᠭᠲᠠᠭᠠᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠦᠨ᠎ᠡ᠃      ︵ᠭᠤᠷᠪᠠ︶ ᠪᠦᠬᠦ ᠰᠢᠶᠠᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠡᠭᠦᠷᠭᠡᠯᠡᠨ᠎ᠡ︔ ᠪᠦᠬᠦ ᠰᠢᠶᠠᠨ ᠤ ᠭᠤᠣᠯᠳᠠᠯᠭ᠎ᠠ ᠲᠠᠢ ᠡᠳ᠋ ᠪᠣᠳᠠᠰ ᠤᠨ ᠲᠡᠭᠡᠭᠡᠪᠦᠷᠢ ᠪᠠ ᠪᠠᠴᠢᠮ ᠶᠠᠭᠠᠷᠠᠯᠲᠠᠢ ᠠᠶᠠᠨᠴᠢᠳ ᠪᠠ ᠪᠠᠷᠠᠭ᠎ᠠ ᠲᠡᠭᠡᠭᠡᠪᠦᠷᠢ ᠶᠢᠨ ᠠᠵᠢᠯ ᠲᠦᠷᠦᠯ ᠤᠨ ᠲᠣᠬᠢᠷᠠᠭᠤᠯᠤᠯ ᠡᠵᠡᠮᠳᠡᠯ ᠢ ᠬᠠᠷᠢᠭᠤᠴᠠᠨ᠎ᠠ᠃      ︵ᠲᠦᠷᠪᠡ︶ ᠪᠦᠬᠦ ᠰᠢᠶᠠᠨ ᠤ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ ᠶᠢ ᠡᠭᠦᠷᠭᠡᠯᠡᠨ᠎ᠡ᠃ ᠵᠠᠮ ᠬᠠᠷᠢᠯᠴᠠᠭᠠᠨ ᠤ ᠪᠦᠲᠦᠭᠡᠨ ᠪᠠᠶᠢᠭᠤᠯᠤᠯᠲᠠ᠂ ᠠᠷᠠᠴᠢᠯᠠᠨ ᠬᠠᠮᠠᠭᠠᠯᠠᠬᠤ᠂ ᠵᠠᠮ ᠤᠨ ᠶᠠᠪᠤᠳᠠᠯ ᠤᠨ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ᠂ ᠳᠦᠷᠢᠮ ᠪᠠ ᠮᠡᠷᠭᠡᠵᠢᠯ ᠤᠨ ᠪᠠᠷᠢᠮᠵᠢᠶ᠎ᠠ ᠶᠢ ᠲᠣᠭᠲᠠᠭᠠᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠦᠨ᠎ᠡ︔ ᠪᠦᠬᠦ ᠰᠢᠶᠠᠨ ᠤ ᠵᠠᠮ ᠬᠠᠷᠢᠯᠴᠠᠭᠠᠨ ᠤ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠪᠠ ᠪᠡᠯᠡ ᠮᠥᠩᠭᠦ ᠶᠢᠨ ᠬᠢᠨᠠᠯᠲᠠ ᠬᠠᠮᠢᠶᠠᠷᠤᠯᠲᠠ ᠶᠢ ᠡᠭᠦᠷᠭᠡᠯᠡᠨ᠎ᠡ᠃      ︵ᠲᠠᠪᠤ︶ ᠪᠦᠬᠦ ᠰᠢᠶᠠᠨ ᠤ ᠵᠠᠮ ᠬᠠᠷᠢᠯᠴᠠᠭᠠᠨ ᠤ ᠠᠵᠢᠯ ᠲᠥᠷᠥᠯ ᠤᠨ ᠠᠶᠤᠯᠭᠦᠢ ᠦᠢᠯᠡᠳᠪᠦᠷᠢᠯᠡᠯ ᠪᠠ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠠᠵᠢᠯ ᠢ ᠵᠢᠯᠣᠭᠤᠳᠤᠨ᠎ᠠ᠃ ᠬᠠᠤᠯᠢ ᠶᠣᠰᠣᠭᠠᠷ ᠠᠳᠡᠯ ᠢ ᠪᠠᠶᠢᠴᠠᠭᠠᠨ ᠰᠢᠶ᠋ᠳᠪᠦᠷᠢᠯᠡᠬᠦ ᠠᠵᠢᠯ ᠢ ᠵᠣᠬᠢᠶᠠᠨ ᠪᠠᠶᠢᠭᠤᠯᠬᠤ ᠪᠤᠶᠤ ᠲᠡᠭᠦᠨ ᠳᠤ ᠣᠷᠣᠯᠴᠠᠨ᠎ᠠ᠃      ︵ᠵᠢᠷᠭᠤᠭ᠎ᠠ︶ ᠪᠦᠬᠦ ᠰᠢᠶᠠᠨ ᠤ ᠵᠠᠰᠠᠮᠠᠯ ᠵᠠᠮ ᠤᠨ ᠬᠥᠭᠵᠢᠯᠲᠡ ᠶᠢᠨ ᠲᠥᠯᠥᠪᠵᠢᠭᠦᠯᠭᠡ ᠶᠢ ᠰᠤᠳᠤᠯᠤᠨ ᠲᠣᠭᠲᠠᠭᠠᠵᠤ᠂ ᠵᠠᠮ ᠬᠠᠷᠢᠯᠴᠠᠭᠠᠨ ᠤ ᠪᠦᠲᠦᠭᠡᠨ ᠪᠠᠶᠢᠭᠤᠯᠤᠯᠲᠠ᠂ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ᠂ ᠲᠡᠭᠡᠭᠡᠪᠦᠷᠢ ᠶᠢᠨ ᠦᠢᠯᠡᠳᠪᠦᠷᠢᠯᠡᠯ᠂ ᠰᠢᠨᠵᠢᠯᠡᠬᠦ ᠤᠬᠠᠭᠠᠨ ᠤ ᠰᠤᠳᠤᠯᠤᠯ ᠰᠤᠷᠭᠠᠨ ᠬᠥᠮᠦᠵᠢᠯ ᠵᠡᠷᠭᠡ ᠤᠷᠲᠤᠪᠲᠤᠷ ᠪᠠ ᠤᠷᠲᠤ ᠬᠤᠭᠤᠴᠠᠭᠠᠨ ᠤ ᠲᠥᠯᠥᠪᠯᠡᠭᠡ ᠬᠢᠭᠡᠳ ᠣᠨ ᠤ ᠲᠥᠯᠥᠪᠯᠡᠭᠡ ᠶᠢ ᠨᠠᠶᠢᠷᠠᠭᠤᠯᠤᠨ ᠵᠣᠬᠢᠶᠠᠬᠤ ᠪᠠ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠵᠠᠮ ᠬᠠᠷᠢᠯᠴᠠᠭᠠᠨ ᠤ ᠠᠵᠢᠯ ᠲᠥᠷᠥᠯ ᠤᠨ ᠲᠤᠭ᠎ᠠ ᠪᠦᠷᠢᠳᠬᠡᠯ ᠪᠠ ᠮᠡᠳᠡᠭᠡ ᠵᠠᠩᠭᠢ ᠶᠢᠨ ᠠᠵᠢᠯ ᠢ ᠬᠠᠷᠢᠭᠤᠴᠠᠨ᠎ᠠ᠃      ︵ᠳᠤᠯᠤᠭ᠎ᠠ︶ ᠪᠦᠬᠦ ᠰᠢᠶᠠᠨ ᠤ ᠵᠠᠮ ᠬᠠᠷᠢᠯᠴᠠᠭᠠᠨ ᠤ ᠳᠠᠶᠢᠨ ᠤ ᠪᠡᠯᠡᠳᠬᠡᠯ ᠤᠨ ᠠᠯᠪᠠᠨ ᠭᠡᠷ ᠤᠨ ᠡᠳᠦᠷ ᠲᠤᠲᠤᠮ ᠤᠨ ᠠᠵᠢᠯ ᠢ ᠡᠭᠦᠷᠭᠡᠯᠡᠨ᠎ᠡ︔ ᠣᠷᠣᠨ ᠪᠦᠰᠡ ᠪᠣᠯᠤᠨ ᠵᠠᠰᠠᠮᠠᠯ ᠵᠠᠮ ᠤᠨ ᠵᠠᠮ ᠲᠡᠭᠡᠭᠡᠪᠦᠷᠢ ᠶᠢᠨ ᠵᠣᠬᠢᠴᠠᠩᠭᠤᠶ ᠬᠥᠭᠵᠢᠯᠲᠡ ᠶᠢ ᠨᠢᠭᠡᠳᠦᠯᠲᠡᠶ ᠲᠥᠯᠥᠪᠯᠡᠬᠦ ᠡᠭᠦᠷᠭᠡ ᠬᠠᠷᠢᠭᠤᠴᠠᠯᠭ᠎ᠠ ᠶᠢ ᠴᠢᠩᠭᠠᠳᠬᠠᠵᠤ᠂ ᠣᠯᠠᠨ ᠨᠡᠶᠢᠲᠡ ᠶᠢᠨ ᠵᠠᠮ ᠬᠠᠷᠢᠯᠴᠠᠭ᠎ᠠ ᠶᠢ ᠡᠩ ᠲᠡᠷᠢᠭᠦᠨ ᠳᠤ ᠬᠥᠭᠵᠢᠭᠦᠯᠵᠦ᠂ ᠮᠠᠯᠵᠢᠬᠤ ᠲᠠᠷᠢᠶᠠᠯᠠᠬᠤ ᠣᠷᠣᠨ ᠤ ᠵᠠᠮ ᠬᠠᠷᠢᠯᠴᠠᠭ᠎ᠠ ᠶᠢ ᠶᠡᠬᠡᠪᠡᠷ ᠬᠥᠭᠵᠢᠭᠦᠯᠵᠦ᠂ ᠣᠷᠣᠨ ᠪᠦᠰᠡ ᠪᠣᠯᠤᠨ ᠬᠤᠲᠠ ᠬᠥᠳᠡᠭᠡ ᠶᠢᠨ ᠵᠠᠮ ᠲᠡᠭᠡᠭᠡᠪᠦᠷᠢ ᠶᠢᠨ ᠨᠢᠭᠡ ᠴᠤᠭᠴᠠᠵᠢᠯᠲᠠ ᠶᠢ ᠲᠦᠷᠭᠡᠳᠬᠡᠨ ᠠᠬᠢᠭᠤᠯᠤᠨ᠎ᠠ᠃      ︵ᠨᠠᠢᠮᠠ︶ ᠬᠤᠲᠠ ᠶᠢᠨ ᠵᠠᠰᠠᠮᠠᠯ ᠵᠠᠮ ᠤᠨ ᠵᠠᠮ ᠬᠠᠷᠢᠯᠴᠠᠭᠠᠨ ᠤ ᠬᠥᠭᠵᠢᠯᠲᠡ ᠶᠢᠨ ᠠᠯᠤᠰ ᠬᠡᠲᠦ ᠶᠢᠨ ᠲᠥᠯᠥᠪᠵᠢᠭᠦᠯᠭᠡ ᠶᠢ ᠦᠨᠳᠦᠰᠦᠯᠡᠨ᠂ ᠪᠦᠬᠦ ᠰᠢᠶᠠᠨ ᠤ ᠵᠠᠰᠠᠮᠠᠯ ᠵᠠᠮ ᠤᠨ ᠵᠠᠮ ᠬᠠᠷᠢᠯᠴᠠᠭᠠᠨ ᠤ ᠬᠥᠭᠵᠢᠯᠲᠡ ᠶᠢᠨ ᠳᠤᠮᠳᠠ ᠤᠷᠲᠤ ᠬᠤᠭᠤᠴᠠᠭᠠᠨ ᠤ ᠪᠠ ᠣᠨ ᠤ ᠲᠥᠯᠥᠪᠯᠡᠭᠡ ᠶᠢ ᠲᠣᠭᠲᠠᠭᠠᠨ᠎ᠠ᠃ ᠵᠠᠮ ᠲᠡᠭᠡᠭᠡᠪᠦᠷᠢ ᠪᠣᠯᠤᠨ ᠵᠠᠰᠠᠮᠠᠯ ᠵᠠᠮ ᠤᠨ ᠵᠠᠮ ᠬᠠᠷᠢᠯᠴᠠᠭᠠᠨ ᠤ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢᠨ ᠠᠶᠤᠯ ᠦᠭᠡᠶ ᠦᠢᠯᠡᠳᠪᠦᠷᠢᠯᠡᠯ ᠵᠢᠴᠢ ᠵᠠᠮ ᠬᠠᠷᠢᠯᠴᠠᠭᠠᠨ ᠤ ᠠᠵᠢᠯ ᠲᠥᠷᠥᠯ ᠳᠤ ᠬᠤᠯᠪᠣᠭᠳᠠᠬᠤ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢ ᠵᠢᠯᠣᠭᠤᠳᠤᠨ᠎ᠠ᠃      ︵ᠶᠢᠰᠦ︶ ᠵᠠᠮ ᠬᠠᠷᠢᠯᠴᠠᠭ᠎ᠠ ᠲᠡᠭᠡᠭᠡᠪᠦᠷᠢ ᠶᠢᠨ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠶᠢ ᠵᠢᠯᠣᠭᠤᠳᠴᠤ ᠂ ᠠᠵᠢᠯᠯᠠᠭᠠᠨ ᠤ ᠪᠠᠶᠢᠳᠠᠯ ᠢ ᠬᠢᠨᠠᠨ ᠬᠡᠮᠵᠢᠵᠦ ᠵᠠᠳᠠᠯᠵᠤ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠠᠵᠢᠯ ᠲᠥᠷᠥᠯ ᠤᠨ ᠡᠨᠧᠷᠭᠢ ᠠᠷᠪᠢᠯᠠᠵᠤ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ᠂ ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠢ ᠵᠢᠯᠣᠭᠤᠳᠤᠨ᠎ᠠ᠃        ︵ᠠᠷᠪᠠ︶ ᠵᠠᠮ ᠬᠠᠷᠢᠯᠴᠠᠭ᠎ᠠ ᠲᠡᠭᠡᠭᠡᠪᠦᠷᠢ ᠶᠢᠨ ᠠᠵᠢᠯ ᠲᠥᠷᠥᠯ ᠤᠨ ᠵᠥᠷᠢᠴᠡᠯ ᠢ ᠨᠠᠮᠳᠠᠭᠤᠯᠬᠤ᠂ ᠵᠠᠬᠢᠳᠠᠯ ᠰᠤᠷᠪᠤᠯᠵᠢᠯᠠᠭ᠎ᠠ ᠪᠠ ᠲᠣᠭᠲᠠᠭᠤᠨ ᠪᠠᠶᠢᠳᠠᠯ ᠢ ᠬᠠᠮᠠᠭᠠᠯᠠᠬᠤ ᠠᠵᠢᠯ ᠢ ᠰᠠᠶᠢᠲᠤᠷ ᠬᠢᠨ᠎ᠡ᠃      ︵ᠠᠷᠪᠠᠨ ᠨᠢᠭᠡ︶ ᠵᠠᠮ ᠬᠠᠷᠢᠯᠴᠠᠭᠠᠨ ᠤ ᠠᠵᠢᠯ ᠲᠥᠷᠥᠯ ᠤᠨ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢ ᠵᠢᠯᠣᠭᠤᠳᠤᠨ᠎ᠠ᠃      ︵ᠠᠷᠪᠠᠨ ᠬᠤᠶᠠᠷ︶ ᠰᠢᠶᠠᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠵᠢᠴᠢ ᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠶᠢᠨ ᠲᠤᠰᠢᠶᠠᠭᠰᠠᠨ ᠪᠤᠰᠤᠳ ᠠᠵᠢᠯ ᠤᠨ ᠡᠭᠦᠷᠭᠡ ᠶᠢ ᠳᠠᠭᠠᠭᠠᠨ ᠭᠦᠶ᠋ᠴᠡᠳᠬᠡᠨ᠎ᠡ᠃      ᠰᠢᠩ ᠾᠧ ᠰᠢᠶᠠᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠳᠣᠤᠷᠠᠬᠢ ᠮᠡᠲᠦ ᠳᠣᠲᠣᠭᠠᠳᠤ ᠪᠠᠶᠢᠭᠤᠯᠤᠮᠵᠢ ᠭᠠᠷᠭᠠᠪᠠ᠄      ︵ᠨᠢᠭᠡ︶ ᠠᠯᠪᠠᠨ ᠭᠡᠷ᠃ ᠲᠣᠪᠴᠢᠶᠠᠨ ᠤ ᠪᠠᠶᠢᠭᠤᠯᠤᠯᠭ᠎ᠠ ᠶᠢᠨ ᠠᠵᠢᠯ ᠢ ᠵᠣᠬᠢᠶᠠᠨ ᠪᠠᠶᠢᠭᠤᠯᠤᠨ ᠵᠣᠬᠢᠴᠠᠭᠤᠯᠤᠨ᠎ᠠ᠃ ᠪᠠᠶᠢᠭᠤᠯᠭ᠎ᠠ ᠶᠢᠨ ᠡᠳᠦᠷ ᠲᠤᠲᠤᠮ ᠤᠨ ᠠᠵᠢᠯ ᠪᠠ ᠶᠡᠷᠦᠩᠬᠡᠶᠢᠯᠡᠨ ᠬᠠᠮᠵᠢᠯᠴᠠᠵᠤ ᠵᠣᠬᠢᠴᠠᠭᠤᠯᠬᠤ ᠠᠵᠢᠯ ᠢ ᠬᠠᠷᠢᠭᠤᠴᠠᠨ᠎ᠠ᠃ ᠪᠢᠴᠢᠭ ᠮᠠᠲ᠋ᠧᠷᠢᠶᠠᠯ ᠴᠠᠬᠢᠯᠭᠠᠨ᠂ ᠬᠤᠷᠠᠯ ᠤᠨ ᠶᠠᠪᠤᠳᠠᠯ᠂ ᠨᠢᠭᠤᠴᠠ ᠶᠢ ᠬᠠᠮᠠᠭᠠᠯᠠᠬᠤ᠂ ᠨᠢᠭᠤᠴᠠ ᠮᠠᠲ᠋ᠧᠷᠢᠶᠠᠯ᠂ ᠳᠠᠩᠰᠠ ᠡᠪᠬᠡᠮᠡᠯ ᠵᠡᠷᠭᠡ ᠠᠵᠢᠯ ᠢ ᠡᠭᠦᠷᠭᠡᠯᠡᠨ᠎ᠡ᠃ ᠶᠡᠷᠦᠩᠬᠡᠶᠢᠯᠡᠭᠰᠡᠨ ᠴᠢᠨᠠᠷᠲᠠᠶ ᠡᠬᠡ ᠪᠢᠴᠢᠭ ᠲᠤᠭᠤᠷᠪᠢᠬᠤ᠂ ᠠᠯᠪᠠᠨ ᠪᠢᠴᠢᠭ ᠬᠢᠨᠠᠬᠤ᠂ ᠳᠣᠲᠣᠭᠠᠳᠤ ᠳᠠᠭᠠᠨ ᠰᠢᠮᠳᠠᠭᠤᠯᠤᠨ ᠪᠠᠶᠢᠴᠠᠭᠠᠬᠤ᠂ ᠡᠳ᠋ ᠤᠨ ᠶᠠᠪᠤᠳᠠᠯ᠂ ᠠᠷᠤ ᠲᠠᠯ᠎ᠠ ᠶᠢᠨ ᠦᠢᠯᠡᠴᠢᠯᠡᠭᠡᠨ ᠤ ᠪᠠᠲᠤᠯᠠᠭ᠎ᠠ ᠶᠢᠨ ᠲᠣᠭᠲᠠᠮᠠᠯ ᠬᠥᠷᠥᠩᠭᠡ ᠶᠢᠨ ᠬᠠᠮᠢᠶᠠᠷᠤᠯᠲᠠ ᠵᠡᠷᠭᠡ ᠬᠤᠯᠪᠣᠭᠳᠠᠯ ᠪᠥᠬᠦᠶ ᠵᠠᠰᠠᠭ ᠤᠨ ᠶᠠᠪᠤᠳᠠᠯ ᠤᠨ ᠬᠡᠷᠡᠭ ᠶᠠᠪᠤᠳᠠᠯ ᠤᠨ ᠠᠵᠢᠯ ᠢ ᠬᠠᠷᠢᠭᠤᠴᠠᠨ᠎ᠠ᠃ ᠪᠠᠶᠢᠭᠤᠯᠭ᠎ᠠ ᠶᠢᠨ ᠵᠢᠷᠤᠮᠵᠢᠭᠤᠯᠤᠯᠲᠠ᠂ ᠳᠦᠷᠢᠮᠵᠢᠭᠦᠯᠦᠯᠲᠡ ᠶᠢᠨ ᠪᠠᠶᠢᠭᠤᠯᠤᠯᠲᠠ ᠵᠢᠴᠢ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠶᠢᠨ ᠠᠵᠢᠯ ᠢ ᠵᠣᠬᠢᠴᠠᠭᠤᠯᠤᠨ ᠠᠬᠢᠭᠤᠯᠬᠤ ᠶᠢ ᠬᠠᠷᠢᠭᠤᠴᠠᠨ᠎ᠠ᠃ ᠶᠠᠳᠠᠭᠤ ᠶᠢ ᠲᠡᠳᠬᠦᠬᠦ ᠳᠠᠭᠠᠭᠠᠴᠢᠯᠠᠨ ᠬᠤᠯᠪᠣᠭᠠᠯᠠᠬᠤ ᠠᠵᠢᠯ ᠢ ᠬᠠᠷᠢᠭᠤᠴᠠᠨ᠎ᠠ᠃ ᠵᠠᠮ ᠬᠠᠷᠢᠯᠴᠠᠭᠠᠨ ᠤ ᠬᠠᠤᠯᠢ ᠴᠠᠭᠠᠵᠠ ᠬᠠᠤᠯᠢ ᠲᠣᠭᠲᠠᠭᠠᠯ ᠤᠨ ᠲᠤᠬᠠᠶᠢᠯᠠᠭᠰᠠᠨ ᠠᠵᠢᠯ ᠤᠨ ᠪᠣᠯᠪᠠᠰᠤᠷᠠᠭᠤᠯᠤᠯ ᠤᠨ ᠠᠵᠢᠯ ᠢ ᠬᠠᠷᠢᠭᠤᠴᠠᠨ᠎ᠠ᠃ ᠵᠠᠮ ᠬᠠᠷᠢᠯᠴᠠᠭ᠎ᠠ ᠲᠡᠭᠡᠭᠡᠪᠦᠷᠢ ᠶᠢᠨ ᠦᠢᠯᠡᠰ ᠤᠨ ᠤᠬᠠᠭᠤᠯᠭ᠎ᠠ ᠪᠠ ᠮᠡᠳᠡᠭᠡ ᠵᠠᠩᠭᠢ ᠶᠢᠨ ᠠᠵᠢᠯ ᠢ ᠬᠠᠷᠢᠭᠤᠴᠠᠨ᠎ᠠ᠃ ᠪᠠᠶᠢᠭᠤᠯᠭ᠎ᠠ ᠵᠢᠴᠢ ᠬᠠᠷᠢᠶ᠎ᠠ ᠨᠢᠭᠡᠴᠢ ᠶᠢᠨ ᠨᠠᠮ ᠤᠨ ᠪᠠᠶᠢᠭᠤᠯᠤᠯᠲᠠ ᠶᠢᠨ ᠠᠵᠢᠯ ᠢ ᠬᠠᠷᠢᠭᠤᠴᠠᠵᠤ᠂ ᠪᠠᠶᠢᠭᠤᠯᠭ᠎ᠠ ᠵᠢᠴᠢ ᠬᠠᠷᠢᠶ᠎ᠠ ᠨᠢᠭᠡᠴᠢ ᠶᠢᠨ ᠺᠠᠳ᠋ᠷ ᠠᠵᠢᠯᠲᠠᠨ ᠤ ᠶᠠᠪᠤᠳᠠᠯ᠂ ᠠᠵᠢᠯ ᠠᠴᠠ ᠪᠠᠨ ᠰᠠᠯᠵᠤ ᠠᠮᠠᠷᠠᠭᠰᠠᠨ ᠪᠠ ᠠᠵᠢᠯ ᠠᠴᠠ ᠪᠠᠨ ᠪᠠᠭᠤᠵᠤ ᠠᠮᠠᠷᠠᠭᠰᠠᠨ ᠬᠥᠮᠦᠰ ᠤᠨ ᠬᠠᠮᠢᠶᠠᠷᠤᠯᠲᠠ ᠦᠢᠯᠡᠴᠢᠯᠡᠭᠡ ᠵᠡᠷᠭᠡ ᠠᠵᠢᠯ ᠢ ᠡᠭᠦᠷᠭᠡᠯᠡᠨ᠎ᠡ᠃ ᠵᠠᠮ ᠬᠠᠷᠢᠯᠴᠠᠭᠠᠨ ᠤ ᠠᠵᠢᠯ ᠲᠥᠷᠥᠯ ᠤᠨ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢ ᠵᠢᠯᠣᠭᠤᠳᠴᠤ᠂ ᠮᠡᠳᠡᠭᠦᠯᠦᠨ ᠬᠦᠷᠭᠡᠬᠦ ᠨᠢᠭᠡᠴᠡ ᠶᠢᠨ ᠲᠤᠰᠬᠠᠶ ᠮᠡᠷᠭᠡᠵᠢᠯ ᠤᠨ ᠠᠵᠢᠯᠲᠠᠨ ᠢ ᠰᠢᠯᠭᠠᠷᠠᠭᠤᠯᠤᠨ ᠤᠷᠢᠬᠤ ᠵᠢᠴᠢ ᠵᠠᠮ ᠬᠠᠷᠢᠯᠴᠠᠭᠠᠨ ᠤ ᠠᠵᠢᠯ ᠲᠥᠷᠥᠯ ᠤᠨ ᠣᠨᠴᠠ ᠪᠠᠶᠢᠳᠠᠭ ᠠᠵᠢᠯ ᠲᠥᠷᠥᠯ ᠤᠨ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢ ᠬᠢᠨᠠᠨ ᠲᠣᠭᠲᠠᠭᠠᠬᠤ ᠠᠵᠢᠯ ᠢ ᠵᠣᠬᠢᠶᠠᠨ ᠪᠠᠶᠢᠭᠤᠯᠤᠨ᠎ᠠ︔ ᠵᠠᠮ ᠬᠠᠷᠢᠯᠴᠠᠭᠠᠨ ᠤ ᠠᠵᠢᠯ ᠲᠥᠷᠥᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠤᠷᠭᠠᠨ ᠬᠥᠮᠦᠵᠢᠯ ᠤᠨ ᠳᠤᠮᠳᠠ ᠤᠷᠲᠤ ᠬᠤᠭᠤᠴᠠᠭᠠᠨ ᠤ ᠬᠥᠭᠵᠢᠯᠲᠡ ᠶᠢᠨ ᠲᠥᠯᠥᠪᠵᠢᠭᠦᠯᠭᠡ ᠵᠢᠴᠢ ᠣᠨ ᠤ ᠲᠥᠯᠥᠪᠯᠡᠭᠡ ᠶᠢ ᠨᠠᠶᠢᠷᠠᠭᠤᠯᠤᠨ ᠵᠣᠬᠢᠶᠠᠬᠤ ᠶᠢ ᠬᠠᠷᠢᠭᠤᠴᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃      ︵ᠬᠤᠶᠠᠷ᠂ ᠲᠡᠭᠡᠭᠡᠪᠦᠷᠢ ᠶᠢᠨ ᠦᠢᠯᠡᠴᠢᠯᠡᠭᠡᠨ ᠤ ᠲᠠᠰᠤᠭ ︵ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠲᠠᠰᠤᠭ︶᠃ ᠵᠠᠮ ᠲᠡᠭᠡᠭᠡᠪᠦᠷᠢ ᠶᠢᠨ ᠠᠵᠢᠯ ᠲᠥᠷᠥᠯ ᠤᠨ ᠲᠥᠷᠥ ᠶᠢᠨ ᠪᠣᠳᠣᠯᠭ᠎ᠠ ᠶᠢ ᠲᠤᠤᠱᠯᠠᠭᠤᠯᠤᠨ᠎ᠠ︔ ᠵᠠᠰᠠᠮᠠᠯ ᠵᠠᠮ ᠤᠨ ᠠᠶᠠᠨᠴᠢᠳ ᠤᠨ ᠲᠡᠭᠡᠭᠡᠪᠦᠷᠢ᠂ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ᠂ ᠬᠠᠮᠠᠭᠠᠯᠠᠯᠲᠠ ᠶᠢ ᠵᠣᠬᠢᠶᠠᠨ ᠪᠠᠶᠢᠭᠤᠯᠵᠤ᠂ ᠵᠠᠰᠠᠮᠠᠯ ᠵᠠᠮ ᠤᠨ ᠠᠶᠠᠨᠴᠢᠳ ᠪᠠ ᠪᠠᠷᠠᠭ᠎ᠠ ᠶᠢᠨ ᠲᠡᠭᠡᠭᠡᠪᠦᠷᠢ ᠶᠢᠨ ᠠᠵᠢᠯ ᠲᠥᠷᠥᠯ ᠤᠨ ᠬᠠᠮᠢᠶᠠᠷᠤᠯᠲᠠ ᠶᠢ ᠬᠠᠷᠢᠭᠤᠴᠠᠨ᠎ᠠ︔ ᠣᠯᠠᠨ ᠨᠡᠶᠢᠲᠡ ᠶᠢᠨ ᠮᠠᠰᠢᠨ ᠲᠡᠷᠭᠡᠨ ᠤ ᠬᠤᠲᠠ ᠶᠢᠨ ᠠᠶᠠᠨᠴᠢᠳ ᠤᠨ ᠲᠡᠭᠡᠭᠡᠪᠦᠷᠢ ᠶᠢᠨ ᠬᠠᠮᠢᠶᠠᠷᠤᠯᠲᠠ ᠶᠢ ᠵᠢᠷᠤᠮᠵᠢᠭᠤᠯᠤᠨ᠎ᠠ︔ ᠪᠦᠬᠦ ᠰᠢᠶᠠᠨ ᠤ ᠵᠠᠮ ᠲᠡᠭᠡᠭᠡᠪᠦᠷᠢ ᠶᠢᠨ ᠵᠠᠰᠠᠭ ᠵᠠᠬᠢᠷᠭᠠᠨ ᠤ ᠵᠥᠪᠰᠢᠶᠡᠷᠡᠯ ᠤᠨ ᠬᠢᠨᠠᠯᠲᠠ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ︔ ᠪᠦᠬᠦ ᠰᠢᠶᠠᠨ ᠤ ᠬᠡᠮᠵᠢᠶ᠎ᠡ ᠠᠴᠠ ᠬᠡᠲᠦᠷᠡᠲᠡᠯ᠎ᠡ ᠲᠡᠭᠡᠭᠡᠪᠦᠷᠢᠯᠡᠬᠦ᠂ ᠵᠠᠮ ᠳᠤ ᠬᠤᠯᠪᠣᠭᠳᠠᠬᠤ ᠪᠠᠷᠢᠯᠭ᠎ᠠ ᠵᠡᠷᠭᠡ ᠬᠠᠮᠢᠶ᠎ᠠ ᠪᠦᠬᠦᠢ ᠵᠠᠰᠠᠭ ᠵᠠᠬᠢᠷᠭᠠᠨ ᠤ ᠵᠥᠪᠰᠢᠶᠡᠷᠡᠯ ᠤᠨ ᠠᠵᠢᠯ ᠢ ᠬᠠᠷᠢᠭᠤᠴᠠᠨ᠎ᠠ︔ ᠲᠡᠭᠡᠭᠡᠪᠦᠷᠢ ᠶᠢᠨ ᠥᠷᠲᠡᠭᠡ ᠲᠠᠯᠠᠪᠤᠷ ᠤᠨ ᠲᠥᠯᠥᠪᠯᠡᠭᠡ ᠶᠢ ᠭᠤᠶᠤᠴᠢᠯᠠᠨ ᠮᠡᠳᠡᠭᠦᠯᠬᠦ᠂ ᠪᠣᠯᠤᠮᠵᠢᠲᠤ ᠰᠤᠳᠤᠯᠤᠯ ᠤᠨ ᠮᠡᠳᠡᠭᠦᠯᠦᠯᠲᠡ᠂ ᠬᠠᠶᠢᠨ ᠬᠡᠮᠵᠢᠵᠦ ᠵᠢᠷᠤᠵᠤ ᠲᠥᠯᠥᠪᠯᠡᠬᠦ᠂ ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠬᠦᠯᠢᠶᠡᠬᠦ ᠵᠢᠴᠢ ᠲᠤᠰᠢᠶᠠᠬᠤ ︵ᠠᠵᠢᠯ ᠳᠠᠭᠤᠰᠤᠭᠰᠠᠨ ᠢ ᠬᠠᠷᠢᠭᠤᠴᠠᠨ᠎ᠠ︔︶ ᠠᠵᠢᠯᠴᠢᠨ ᠨᠢ ᠰᠢᠯᠭᠠᠨ ᠠᠪᠬᠤ ᠠᠵᠢᠯ᠃      ︵ᠭᠤᠷᠪᠠ︶ ᠵᠠᠰᠠᠮᠠᠯ ᠵᠠᠮ ᠤᠨ ᠲᠠᠰᠤᠭ᠃ ᠵᠠᠰᠠᠮᠠᠯ ᠵᠠᠮ ᠢ ᠠᠷᠠᠴᠢᠯᠠᠨ ᠬᠠᠮᠠᠭᠠᠯᠠᠬᠤ᠂ ᠵᠠᠮ ᠤᠨ ᠶᠠᠪᠤᠳᠠᠯ ᠤᠨ ᠬᠢᠨᠠᠯᠲᠠ ᠬᠠᠮᠢᠶᠠᠷᠤᠯᠲᠠ ᠶᠢᠨ ᠠᠵᠢᠯ ᠢ ᠬᠠᠷᠢᠭᠤᠴᠠᠵᠤ᠂ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ᠂ ᠳᠦᠷᠢᠮ᠂ ᠪᠠᠷᠢᠮᠵᠢᠶ᠎ᠠ ᠶᠢ ᠲᠤᠤᠱᠯᠠᠭᠤᠯᠤᠨ ᠬᠡᠷᠡᠭᠵᠢᠭᠦᠯᠦᠨ᠎ᠡ︔ ᠬᠡᠮᠵᠢᠶ᠎ᠡ ᠠᠴᠠ ᠬᠡᠲᠦᠷᠡᠲᠡᠯ᠎ᠡ ᠲᠡᠭᠡᠭᠡᠪᠦᠷᠢᠯᠡᠬᠦ ᠪᠠ ᠵᠠᠮ ᠳᠤ ᠬᠤᠯᠪᠣᠭᠳᠠᠬᠤ ᠪᠠᠷᠢᠯᠭ᠎ᠠ ᠶᠢᠨ ᠬᠠᠮᠢᠶ᠎ᠠ ᠪᠦᠬᠦᠢ ᠵᠦᠢᠯᠡᠰ ᠢ ᠬᠢᠨᠠᠨ ᠬᠠᠮᠢᠶᠠᠷᠤᠨ᠎ᠠ︔ ᠵᠠᠰᠠᠮᠠᠯ ᠵᠠᠮ ᠢ ᠨᠢᠭᠡᠳᠦᠯᠲᠡᠶ ᠲᠥᠯᠥᠪᠯᠡᠨ ᠲᠣᠬᠢᠷᠠᠭᠤᠯᠬᠤ᠂ ᠠᠶᠤᠯ ᠭᠠᠮᠰᠢᠭ ᠠᠴᠠ ᠠᠪᠤᠷᠠᠬᠤ ᠠᠵᠢᠯ ᠢ ᠡᠭᠦᠷᠭᠡᠯᠡᠨ᠎ᠡ︔ ᠲᠤᠰ ᠭᠠᠵᠠᠷ ᠣᠷᠣᠨ ᠤ ᠵᠠᠮ ᠬᠠᠷᠢᠯᠴᠠᠭᠠᠨ ᠤ ᠰᠢᠨᠵᠢᠯᠡᠬᠦ ᠤᠬᠠᠭᠠᠨ ᠮᠡᠷᠭᠡᠵᠢᠯ ᠤᠨ ᠲᠥᠷᠥᠯ ᠵᠦᠢᠯ ᠢ ᠭᠤᠶᠤᠴᠢᠯᠠᠨ ᠮᠡᠳᠡᠭᠦᠯᠬᠦ᠂ ᠵᠣᠬᠢᠴᠠᠭᠤᠯᠬᠤ᠂ ᠠᠵᠢᠯ ᠲᠥᠷᠥᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ᠂ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠬᠤᠪᠢᠷᠠᠭᠤᠯᠬᠤ ᠵᠢᠴᠢ ᠳᠡᠯᠭᠡᠷᠡᠭᠦᠯᠦᠨ ᠬᠡᠷᠡᠭᠯᠡᠬᠦ ᠵᠡᠷᠭᠡ ᠬᠠᠮᠢᠶ᠎ᠠ ᠪᠦᠬᠦᠢ ᠠᠵᠢᠯ ᠢ ᠬᠠᠷᠢᠭᠤᠴᠠᠨ᠎ᠠ︔ ᠵᠠᠮ ᠬᠠᠷᠢᠯᠴᠠᠭᠠᠨ ᠤ ᠰᠢᠰᠲ᠋ᠧᠮ ᠤᠨ ᠵᠠᠰᠠᠮᠠᠯ ᠵᠠᠮ ᠤᠨ ᠢᠨᠵᠧᠨᠧᠷᠢᠩ ᠤᠨ ᠰᠢᠨᠵᠢᠯᠡᠭᠡᠨ ᠤ ᠨᠡᠶᠢᠭᠡᠮᠯᠢᠭ ᠤᠨ ᠠᠵᠢᠯ ᠥᠷᠨᠢᠭᠦᠯᠬᠦ ᠲᠠᠢ ᠬᠠᠮᠵᠢᠯᠴᠠᠨ᠎ᠠ︔ ᠵᠠᠮ ᠬᠠᠷᠢᠯᠴᠠᠭᠠᠨ ᠤ ᠳᠠᠶᠢᠨ ᠤ ᠪᠡᠯᠡᠳᠬᠡᠯ ᠤᠨ ᠠᠵᠢᠯ ᠢ ᠬᠠᠷᠢᠭᠤᠴᠠᠨ᠎ᠠ᠃      ︵ᠳᠥᠷᠪᠡ ᠲᠥᠯᠥᠪᠵᠢᠭᠦᠯᠭᠡ ᠪᠣᠯᠤᠨ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠲᠠᠰᠤᠭ ᠪᠦᠬᠦ ᠰᠢᠶᠠᠨ ᠤ ᠵᠠᠰᠠᠮᠠᠯ ᠵᠠᠮ ᠤᠨ ᠬᠠᠮᠢᠶ᠎ᠠ ᠪᠦᠬᠦᠢ ᠲᠥᠯᠥᠪᠵᠢᠭᠦᠯᠭᠡ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ︔ ᠶᠡᠷᠦᠩᠬᠡᠶᠢᠯᠡᠭᠰᠡᠨ ᠵᠠᠮ ᠬᠠᠷᠢᠯᠴᠠᠭ᠎ᠠ ᠲᠡᠭᠡᠭᠡᠪᠦᠷᠢ ᠶᠢᠨ ᠬᠥᠭᠵᠢᠯᠲᠡ ᠶᠢᠨ ᠲᠥᠯᠥᠪᠵᠢᠭᠦᠯᠭᠡ ᠶᠢ ᠵᠣᠬᠢᠶᠠᠨ ᠪᠠᠶᠢᠭᠤᠯᠤᠨ ᠲᠣᠭᠲᠠᠭᠠᠵᠤ᠂ ᠪᠠᠷᠠᠭᠠᠨ ᠤ ᠭᠦᠢᠯᠭᠡᠭᠡᠨ ᠤ ᠦᠢᠯᠡᠰ ᠵᠢᠴᠢ ᠪᠤᠰᠤᠳ ᠬᠠᠮᠢᠶ᠎ᠠ ᠪᠦᠬᠦᠢ ᠲᠥᠯᠥᠪᠵᠢᠭᠦᠯᠭᠡ ᠶᠢᠨ ᠠᠵᠢᠯ ᠳᠤ ᠣᠷᠣᠯᠴᠠᠨ᠎ᠠ︔ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠬᠡᠪᠴᠢᠶ᠎ᠡ ᠪᠣᠯᠤᠨ ᠴᠢᠭᠯᠡᠯ᠂ ᠵᠠᠰᠠᠭ ᠤᠨ ᠣᠷᠳᠣᠨ ᠪᠣᠯᠤᠨ ᠨᠡᠶᠢᠭᠡᠮ ᠤᠨ ᠬᠥᠷᠥᠩᠭᠡ ᠶᠢᠨ ᠬᠠᠮᠲᠤᠷᠠᠯᠴᠠᠭᠠᠨ ᠤ ᠲᠥᠷᠥᠯ ᠵᠦᠢᠯ ᠤᠨ ᠰᠠᠨᠠᠭᠤᠯᠭ᠎ᠠ ᠶᠢ ᠳᠤᠷᠠᠳᠴᠤ᠂ ᠬᠠᠮᠢᠶ᠎ᠠ ᠪᠦᠬᠦᠢ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠪᠠᠷᠢᠯᠭ᠎ᠠ ᠶᠢᠨ ᠪᠣᠯᠤᠮᠵᠢᠲᠤ ᠰᠤᠳᠤᠯᠭᠠᠨ ᠤ ᠠᠵᠢᠯ᠂ ᠬᠠᠶᠢᠨ ᠬᠡᠮᠵᠢᠵᠦ ᠵᠢᠷᠤᠵᠤ ᠲᠥᠯᠥᠪᠯᠡᠬᠦ ᠶᠢ ᠡᠭᠦᠷᠭᠡᠯᠡᠨ᠎ᠡ︔ ᠵᠠᠰᠠᠮᠠᠯ ᠵᠠᠮ ᠤᠨ ᠠᠵᠢᠯ ᠲᠥᠷᠥᠯ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠡᠨᠧᠷᠭᠢ ᠠᠷᠪᠢᠯᠠᠬᠤ᠂ ᠪᠣᠬᠢᠷᠲᠤᠯ ᠢ ᠰᠡᠷᠭᠡᠶᠢᠯᠡᠨ ᠵᠠᠰᠠᠬᠤ ᠵᠡᠷᠭᠡ ᠠᠵᠢᠯ ᠢ ᠵᠣᠬᠢᠴᠠᠭᠤᠯᠵᠤ᠂ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠪᠦᠷᠢᠳᠬᠡᠨ ᠳᠡᠭᠡᠭᠰᠢ ᠮᠡᠳᠡᠭᠦᠯᠬᠦ ᠠᠵᠢᠯ ᠢ ᠡᠭᠦᠷᠭᠡᠯᠡᠨ᠎ᠡ᠃ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠬᠢᠨᠠᠯᠲᠠ ᠬᠠᠮᠢᠶᠠᠷᠤᠯᠲᠠ ᠶᠢᠨ ᠠᠵᠢᠯ ᠢ ᠬᠠᠷᠢᠭᠤᠴᠠᠵᠤ᠂ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ᠂ ᠳᠦᠷᠢᠮ᠂ ᠪᠠᠷᠢᠮᠵᠢᠶ᠎ᠠ ᠶᠢ ᠲᠤᠤᠱᠯᠠᠭᠤᠯᠤᠨ ᠬᠡᠷᠡᠭᠵᠢᠭᠦᠯᠦᠨ᠎ᠡ︔ ᠲᠣᠭᠲᠠᠭᠠᠭᠰᠠᠨ ᠡᠷᠬᠡ ᠮᠡᠳᠡᠯ ᠢᠶᠠᠷ ᠢᠶᠠᠨ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠵᠢᠷᠤᠭ ᠲᠥᠯᠥᠪᠯᠡᠭᠡ ᠶᠢ ᠬᠢᠨᠠᠨ ᠵᠥᠪᠰᠢᠶᠡᠷᠡᠬᠦ᠂ ᠪᠠᠷᠢᠯᠭ᠎ᠠ ᠪᠠᠷᠢᠬᠤ ᠶᠢ ᠵᠥᠪᠰᠢᠶᠡᠷᠡᠬᠦ᠂ ᠬᠢᠨᠠᠯᠲᠠ ᠲᠠᠯᠪᠢᠬᠤ ᠪᠠ ᠲᠤᠰᠢᠶᠠᠬᠤ ︵ᠠᠵᠢᠯ ᠳᠠᠭᠤᠰᠤᠨ᠎ᠠ︶ ᠶᠢ ᠬᠠᠷᠢᠭᠤᠴᠠᠨ᠎ᠠ᠃ ᠪᠠᠷᠢᠯᠭ᠎ᠠ ᠶᠢᠨ ᠦᠨ᠎ᠡ ᠲᠣᠭᠲᠠᠭᠠᠬᠤ᠂ ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠬᠦᠯᠢᠶᠡᠬᠦ᠂ ᠠᠵᠢᠯ ᠡᠷᠬᠢᠯᠡᠬᠦ ᠬᠢᠷᠢ ᠬᠡᠮ᠂ ᠶᠠᠰᠤ ᠴᠢᠨᠠᠷ ᠲᠤ ᠬᠢᠨᠠᠯᠲᠠ ᠲᠠᠯᠪᠢᠬᠤ ᠬᠠᠮᠢᠶ᠎ᠠ ᠪᠦᠬᠦᠢ ᠠᠵᠢᠯ ᠳᠤ ᠬᠢᠨᠠᠯᠲᠠ ᠲᠠᠯᠪᠢᠨ ᠵᠢᠯᠣᠭᠤᠳᠤᠨ᠎ᠠ︔ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢᠨ ᠠᠵᠢᠯ ᠲᠥᠷᠥᠯ ᠤᠨ ᠮᠡᠷᠭᠡᠵᠢᠯ ᠤᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠡᠳᠦᠷ ᠲᠤᠲᠤᠮ ᠤᠨ ᠠᠵᠢᠯ ᠢ ᠳᠠᠭᠠᠭᠠᠨ ᠭᠦᠢᠴᠡᠳᠬᠡᠨ᠎ᠡ᠃      ︵ᠲᠠᠪᠤ︶ ᠠᠮᠤᠷ ᠲᠦ᠋ᠪᠰᠢᠨ ᠤ ᠬᠢᠨ᠋ᠠᠯᠲᠠ ᠬᠠᠮᠢᠶᠠᠷᠤᠯᠲᠠ ᠶᠢᠨ ᠲᠠᠰᠤᠭ᠃ ᠳᠡᠭᠡᠳᠦ ᠱᠠᠲᠤᠨ ᠤ ᠠᠶᠤᠯ ᠦᠭᠡᠢ ᠦᠢᠯᠡᠳᠪᠦᠷᠢᠯᠡᠯ ᠤᠨ ᠲᠤᠬᠠᠶ ᠴᠢᠭᠯᠡᠯᠲᠡ ᠲᠥᠷᠥ ᠶᠢᠨ ᠪᠣᠳᠣᠯᠭ᠎ᠠ᠂ ᠪᠢᠴᠢᠭ ᠮᠠᠲ᠋ᠧᠷᠢᠶᠠᠯ᠂ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠲᠤᠤᠱᠯᠠᠭᠤᠯᠬᠤ ᠶᠢᠨ ᠬᠠᠮᠲᠤ ᠬᠠᠮᠢᠶ᠎ᠠ ᠪᠦᠬᠦᠢ ᠠᠵᠤ ᠠᠬᠤᠶᠢᠯᠠᠯ ᠪᠣᠯᠤᠨ ᠬᠤᠯᠪᠣᠭᠳᠠᠯ ᠪᠦᠬᠦᠢ ᠨᠢᠭᠡᠴᠡ ᠶᠢᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠬᠤ ᠳᠤ ᠬᠢᠨᠠᠯᠲᠠ ᠲᠠᠯᠪᠢᠨ᠎ᠠ︔ ᠵᠠᠰᠠᠮᠠᠯ ᠵᠠᠮ ᠤᠨ ᠠᠶᠤᠯ ᠦᠭᠡᠢ ᠦᠢᠯᠡᠳᠪᠦᠷᠢᠯᠡᠯ ᠤᠨ ᠬᠠᠮᠢᠶᠠᠷᠤᠯᠲᠠ ᠶᠢᠨ ᠳᠦᠷᠢᠮ ᠪᠣᠯᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠢ ᠲᠤᠭᠤᠷᠪᠢᠨ ᠲᠣᠭᠲᠠᠭᠠᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠦᠨ᠎ᠡ︔ ᠠᠵᠢᠯ ᠲᠥᠷᠥᠯ ᠤᠨ ᠠᠶᠤᠯ ᠦᠭᠡᠢ ᠦᠢᠯᠡᠳᠪᠦᠷᠢᠯᠡᠯ ᠪᠣᠯᠤᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠰᠢᠰᠲ᠋ᠧᠮᠵᠢ ᠶᠢᠨ ᠪᠠᠶᠢᠭᠤᠯᠤᠯᠲᠠ ᠶᠢ ᠵᠢᠯᠣᠭᠤᠳᠴᠤ᠂ ᠠᠵᠢᠯ ᠲᠥᠷᠥᠯ ᠤᠨ ᠢᠳᠡᠭᠡᠨ ᠤ ᠠᠶᠤᠯ ᠦᠭᠡᠢ ᠦᠢᠯᠡᠳᠪᠦᠷᠢᠯᠡᠯ ᠪᠣᠯᠤᠨ ᠠᠶᠤᠯ ᠦᠭᠡᠢ ᠦᠢᠯᠡᠳᠪᠦᠷᠢᠯᠡᠯ ᠤᠨ ᠠᠵᠢᠯ ᠳᠤ ᠬᠢᠨᠠᠯᠲᠠ ᠲᠠᠯᠪᠢᠨ᠎ᠠ︔ ᠠᠶᠤᠯ ᠦᠭᠡᠢ ᠦᠢᠯᠡᠳᠪᠦᠷᠢᠯᠡᠯ ᠤᠨ ᠬᠠᠮᠢᠶ᠎ᠠ ᠪᠦᠬᠦᠢ ᠠᠳᠡᠯ ᠢ ᠪᠠᠶᠢᠴᠠᠭᠠᠨ ᠰᠢᠢᠳᠪᠦᠷᠢᠯᠡᠬᠦ ᠠᠵᠢᠯ ᠢ ᠵᠣᠬᠢᠶᠠᠨ ᠪᠠᠶᠢᠭᠤᠯᠤᠨ ᠬᠠᠮᠵᠢᠯᠴᠠᠨ᠎ᠠ︔ ᠪᠦᠬᠦ ᠰᠢᠶᠠᠨ ᠤ ᠠᠶᠠᠨᠴᠢᠳ ᠤᠨ ᠲᠡᠭᠡᠭᠡᠪᠦᠷᠢ ᠶᠢᠨ ᠵᠠᠬ᠎ᠠ ᠳᠡᠯᠭᠡᠭᠦᠷ ᠤᠨ ᠠᠶᠤᠯ ᠦᠭᠡᠢ᠂ ᠡᠮᠬᠢ ᠵᠢᠷᠤᠮ ᠲᠠᠢ ᠠᠵᠢᠯᠯᠠᠭᠠᠨ ᠢ ᠵᠣᠬᠢᠶᠠᠨ ᠪᠠᠶᠢᠭᠤᠯᠤᠨ ᠬᠢᠨᠠᠯᠲᠠ ᠲᠠᠯᠪᠢᠨ᠎ᠠ︔ ᠬᠠᠷᠢᠶ᠎ᠠ ᠪᠦᠬᠦᠢ ᠵᠢᠭᠠᠰᠤᠨ ᠣᠩᠭᠤᠴᠠ ᠶᠢ ᠰᠢᠯᠭᠠᠨ ᠪᠠᠶᠢᠴᠠᠭᠠᠬᠤ ᠪᠠ ᠬᠢᠨᠠᠨ ᠬᠠᠮᠢᠶᠠᠷᠬᠤ ᠠᠵᠢᠯ ᠢ ᠬᠠᠷᠢᠭᠤᠴᠠᠵᠤ᠂ ᠪᠦᠬᠦ ᠰᠢᠶᠠᠨ ᠤ ᠵᠠᠮ ᠬᠠᠷᠢᠯᠴᠠᠭᠠᠨ ᠤ ᠠᠵᠢᠯ ᠲᠥᠷᠥᠯ ᠤᠨ ᠠᠶᠤᠯ ᠦᠭᠡᠢ ᠦᠢᠯᠡᠳᠪᠦᠷᠢᠯᠡᠯ ᠤᠨ ᠬᠠᠮᠢᠶᠠᠷᠤᠯᠲᠠ ᠶᠢᠨ ᠳᠦᠷᠢᠮ ᠲᠣᠭᠲᠠᠭᠠᠯ ᠢ ᠲᠣᠭᠲᠠᠭᠠᠬᠤ ᠶᠢᠨ ᠬᠠᠮᠲᠤ ᠬᠡᠷᠡᠭᠵᠢᠭᠦᠯᠵᠦ ᠪᠠᠶᠢᠭ᠎ᠠ ᠪᠠᠶᠢᠳᠠᠯ ᠳᠤ ᠬᠢᠨᠠᠯᠲᠠ ᠲᠠᠯᠪᠢᠵᠤ ᠪᠠᠶᠢᠴᠠᠭᠠᠨ᠎ᠠ᠃      ᠬᠠᠷᠢᠯᠴᠠᠬᠤ ᠤᠲᠠᠰᠤ᠄ 0474 - 7212044      ᠬᠢᠨᠠᠯᠲᠠ ᠲᠠᠯᠪᠢᠬᠤ ᠤᠲᠠᠰᠤ᠄ 0474 - 7212044      ᠨᠢᠭᠡᠴᠡ ᠶᠢᠨ ᠬᠠᠶ᠋ᠢᠭ᠄ ᠰᠢᠩ ᠾᠧ ᠰᠢᠶᠠᠨ ᠤ ᠴᠧᠩ ᠭᠤᠸᠠᠨ ᠪᠠᠯᠭᠠᠰᠤᠨ ᠤ ᠨᠢᠭᠡᠨ ᠵᠠᠰᠠᠮᠠᠯ ᠵᠠᠮ ᠤᠨ ᠵᠠᠮ ᠲᠡᠭᠡᠭᠡᠪᠦᠷᠢ ᠶᠢᠨ ᠲᠣᠪᠴᠢᠶ᠎ᠠ      ᠠᠯᠪᠠᠯᠠᠬᠤ ᠴᠠᠭ᠄ ᠦᠳᠡ ᠶᠢᠨ ᠡᠮᠦᠨ᠎ᠡ 9᠄ 00-12᠄ 00 ᠦᠳᠡ ᠶᠢᠨ ᠬᠤᠶᠢᠨ᠎ᠠ 14᠄ 30 - 18 ᠄ 00      ᠬᠠᠷᠢᠭᠤᠴᠠᠯᠭᠠᠲᠠᠨ ᠤ ᠣᠪᠣᠭ ᠨᠡᠷ᠎ᠡ᠄ ᠬᠤᠸᠠᠩ ᡁᠢ            ᠤᠷᠴᠢᠭᠤᠯᠤᠭᠴᠢ᠄ ᠨᠠᠷᠠᠰᠤ            ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ            
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠤᠷᠳᠤᠨ ᠤ ᠬᠢᠲᠠᠳ ᠲᠤᠤᠷ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3