ᠰᠢᠩ ᠾᠧ ᠰᠢᠶᠠᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡ ᠬᠢᠭᠡᠳ ᠲᠤᠭ᠎ᠠ ᠪᠠᠷᠢᠮᠲᠠ ᠶᠢᠨ ᠬᠠᠮᠢᠶᠠᠷᠤᠯᠲᠠ ᠶᠢᠨ ᠲᠣᠪᠴᠢᠶ᠎ᠠ
ᠨᠡᠶᠢᠲᠡᠯᠡᠭᠰᠡᠨ ᠴᠠᠭ᠄
2025/3/30
ᠪᠠᠶᠢᠭᠤᠯᠤᠮᠵᠢ ᠶᠢᠨ ᠡᠭᠦᠷᠭᠡ ᠴᠢᠳᠠᠪᠤᠷᠢ          ᠰᠢᠩ ᠾᠧ ᠰᠢᠶᠠᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ 2004 ᠣᠨ ᠤ 3 ᠰᠠᠷ᠎ᠠ ᠳᠤ ᠪᠠᠶᠢᠭᠤᠯᠤᠭᠳᠠᠵᠤ᠂ 2015 ᠣᠨ ᠳᠤ ᠠᠷᠠᠳ ᠤᠨ ᠠᠮᠢᠳᠤᠷᠠᠯ ᠤᠨ ᠦᠢᠯᠡᠴᠢᠯᠡᠭᠡᠨ ᠤ ᠲᠥᠪ ᠲᠤ ᠣᠷᠣᠵᠤ ᠰᠠᠭᠤᠨ ᠂ ᠰᠢᠨ᠎ᠡ ᠲᠣᠮᠣ ᠠᠰᠠᠷ ᠤᠨ ᠪᠠᠷᠢᠯᠭ᠎ᠠ ᠶᠢᠨ ᠲᠠᠯᠠᠪᠠᠢ 3314 ᠲᠡᠭᠰᠢ ᠳᠥᠷᠪᠡᠯᠵᠢᠨ ᠮᠧᠳ᠋ᠷ ᠪᠤᠯᠤᠨ᠎ᠠ᠃ ᠣᠳᠣᠬᠠᠨ ᠳᠤ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠨᠢᠭᠡᠴᠡ 24 ᠪᠠᠶᠢᠵᠤ᠂ ᠠᠵᠤ ᠠᠬᠤᠶᠢᠯᠠᠯ 5 ᠪᠠᠶᠢᠨ᠎ᠠ︔ 63 ᠴᠣᠩᠬᠤ᠂ 117 ᠠᠵᠢᠯ ᠤᠨ ᠪᠠᠶᠢᠷᠢ ᠭᠠᠷᠭᠠᠵᠤ᠂ 106 ᠨᠡᠷᠡᠰ ᠠᠵᠢᠯᠲᠠᠨ ᠪᠠᠶᠢᠩᠭᠤ ᠰᠠᠭᠤᠪᠠ︔ ᠣᠷᠣᠵᠤ ᠰᠠᠭᠤᠬᠤ ᠤᠴᠢᠷ ᠶᠠᠪᠤᠳᠠᠯ ᠨᠢ 1210 ᠵᠦᠢᠯ ᠪᠠᠶᠢᠵᠤ᠂ ᠵᠥᠪᠬᠡᠨ ᠨᠢᠭᠡ ᠯᠡ ᠡᠭᠦᠳᠡ ᠪᠠᠷ ᠣᠷᠣᠵᠤ᠂ ᠣᠯᠠᠨ ᠶᠠᠪᠤᠳᠠᠯ ᠢ ᠭᠦᠢᠴᠡᠳᠭᠡᠬᠦ ᠶᠢ ᠦᠨᠳᠦᠰᠦᠨ ᠳᠡᠭᠡᠨ ᠪᠡᠶᠡᠯᠡᠭᠦᠯᠪᠡ᠃      ᠭᠤᠤᠯ ᠡᠭᠦᠷᠭᠡ ᠬᠠᠷᠢᠭᠤᠴᠠᠯᠭ᠎ᠠ ᠨᠢ᠄      ︵ᠨᠢᠭᠡ︶ ᠤᠯᠤᠰ᠂ ᠥᠪᠡᠷᠲᠡᠭᠡᠨ ᠵᠠᠰᠠᠬᠤ ᠣᠷᠣᠨ᠂ ᠬᠤᠲᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡ ᠂ ᠭᠠᠳᠠᠭᠠᠳᠤ ᠨᠡᠭᠡᠭᠡᠯᠲᠡ ᠶᠢᠨ ᠴᠢᠭᠯᠡᠯᠲᠡ ᠲᠥᠷᠥ ᠶᠢᠨ ᠪᠣᠳᠣᠯᠭ᠎ᠠ ᠪᠣᠯᠤᠨ ᠬᠠᠤᠯᠢ ᠴᠠᠭᠠᠵᠠ ᠬᠠᠤᠯᠢ ᠲᠣᠭᠲᠠᠭᠠᠯ ᠢ ᠲᠤᠭᠤᠰᠢᠯᠠᠭᠤᠯᠤᠨ ᠬᠡᠷᠡᠭᠵᠢᠭᠦᠯᠦᠨ᠎ᠡ᠃      ︵ᠬᠤᠶᠠᠷ︶ ᠪᠦᠬᠦ ᠰᠢᠶᠠᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡ᠂ ᠡᠯᠧᠺᠳ᠋ᠷᠣᠨ ᠵᠠᠰᠠᠭ ᠤᠨ ᠶᠠᠪᠤᠳᠠᠯ ᠵᠢᠴᠢ ᠵᠠᠰᠠᠭ ᠤᠨ ᠶᠠᠪᠤᠳᠠᠯ ᠢ ᠢᠯᠡ ᠪᠣᠯᠭᠠᠬᠤ ᠵᠡᠷᠭᠡ ᠠᠵᠢᠯ ᠢ ᠬᠠᠷᠢᠭᠤᠴᠠᠨ᠎ᠠ᠃      ︵ᠭᠤᠷᠪᠠ︶ ᠰᠢᠶᠠᠨ ᠤ ᠲᠣᠰ ᠱᠠᠲᠤᠨ ᠤ ᠵᠠᠰᠠᠭ ᠤᠨ ᠣᠷᠳᠣᠨ ᠤ ᠡᠭᠦᠷᠭᠡ ᠴᠢᠳᠠᠪᠤᠷᠢ ᠶᠢ ᠬᠤᠪᠢᠷᠠᠭᠤᠯᠬᠤ ᠪᠠ ︽ᠲᠠᠯᠪᠢᠬᠤ ᠬᠠᠮᠢᠶᠠᠷᠬᠤ ᠤᠶᠢᠯᠡᠴᠢᠯᠡᠬᠦ︾ ᠥᠭᠡᠷᠡᠴᠢᠯᠡᠯᠲᠡ ᠶᠢᠨ ᠠᠵᠢᠯ ᠢ ᠡᠭᠦᠷᠭᠡᠯᠡᠵᠦ᠂ ᠴᠢᠬᠤᠯᠠ ᠶᠡᠭᠡ ᠠᠰᠠᠭᠤᠳᠠᠯ ᠳᠤ ᠪᠠᠶᠢᠴᠠᠭᠠᠨ ᠰᠤᠳᠤᠯᠤᠯᠲᠠ ᠬᠢᠵᠦ᠂ ᠬᠠᠮᠢᠶ᠎ᠠ ᠪᠥᠬᠦᠶ ᠠᠵᠢᠯ ᠤᠨ ᠰᠠᠨᠠᠭᠤᠯᠭ᠎ᠠ ᠳᠤᠷᠠᠳᠪᠠ᠃      ︵ᠲᠦᠷᠪᠡ︶ ᠪᠦᠬᠦ ᠰᠢᠶᠠᠨ ᠤ ︽ᠢᠨᠲ᠋ᠧᠷ ᠰᠦᠯᠵᠢᠶᠡᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡ︾ ᠶᠢᠨ ᠲᠠᠪᠴᠠᠩ ᠤᠨ ᠬᠡᠷᠡᠭᠯᠡᠯᠲᠡ ᠶᠢ ᠲᠦᠯᠬᠢᠨ ᠠᠬᠢᠭᠤᠯᠬᠤ ᠠᠵᠢᠯ ᠢ ᠵᠢᠯᠣᠭᠤᠳᠤᠨ᠎ᠠ᠃ ᠪᠦᠬᠦ ᠰᠢᠶᠠᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠨᠢᠭᠡ ᠴᠣᠭᠴᠠᠵᠢᠭᠤᠯᠤᠭᠰᠠᠨ ᠰᠦᠯᠵᠢᠶᠡᠨ ᠳᠡᠭᠡᠷᠡᠬᠢ ᠦᠢᠯᠡᠴᠢᠯᠡᠭᠡ ᠶᠢ ᠵᠣᠬᠢᠶᠠᠨ ᠪᠠᠶᠢᠭᠤᠯᠤᠨ ᠵᠣᠬᠢᠴᠠᠭᠤᠯᠵᠤ᠂ ᠬᠢᠨᠠᠯᠲᠠ ᠲᠠᠯᠪᠢᠨ ᠬᠠᠮᠢᠶᠠᠷᠤᠨ᠎ᠠ᠃      ︵ᠲᠠᠪᠤ︶ ᠰᠢᠶᠠᠨ ᠤ ᠲᠣᠰ ᠱᠠᠲᠤᠨ ᠤ ᠮᠡᠳᠡᠭᠡ ᠵᠠᠩᠭᠢ ᠶᠢ ᠢᠯᠡ ᠪᠣᠯᠭᠠᠬᠤ ᠪᠠ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠢ ᠬᠠᠷᠢᠭᠤᠴᠠᠨ᠎ᠠ᠃ ᠪᠦᠬᠦ ᠰᠢᠶᠠᠨ ᠤ ᠮᠡᠳᠡᠭᠡ ᠵᠠᠩᠭᠢ ᠶᠢ ᠢᠯᠡ ᠪᠣᠯᠭᠠᠬᠤ ᠪᠠ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠢ ᠥᠷᠨᠢᠭᠦᠯᠬᠦ ᠶᠢ ᠵᠢᠯᠣᠭᠤᠳᠴᠤ᠂ ᠵᠣᠬᠢᠴᠠᠭᠤᠯᠵᠤ᠂ ᠬᠢᠨᠠᠯᠲᠠ ᠲᠠᠯᠪᠢᠨ᠎ᠠ᠃      ︵ᠵᠢᠷᠭᠤᠭ᠎ᠠ︶ ᠰᠢᠶᠠᠨ ᠤ ᠲᠣᠰ ᠱᠠᠲᠤᠨ ᠤ ᠪᠣᠳᠠᠲᠤ ᠴᠣᠭᠴᠠ ᠶᠢᠨ ᠦᠢᠯᠡᠴᠢᠯᠡᠭᠡᠨ ᠤ ᠶᠡᠭᠡ ᠲᠢᠩᠬᠢᠮ ᠤᠨ ᠠᠵᠢᠯᠯᠠᠭᠠᠨ ᠤ ᠬᠠᠮᠢᠶᠠᠷᠤᠯᠲᠠ ᠶᠢ ᠵᠢᠯᠣᠭᠤᠳᠤᠨ᠎ᠠ᠃ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ᠭᠦᠢᠴᠡᠳᠭᠡᠬᠦ ᠶᠢ ᠵᠣᠬᠢᠶᠠᠨ ᠪᠠᠶᠢᠭᠤᠯᠤᠨ ᠵᠣᠬᠢᠴᠠᠭᠤᠯᠬᠤ᠂ ᠬᠢᠨᠠᠨ ᠬᠠᠮᠢᠶᠠᠷᠤᠨ᠎ᠠ᠃ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠠᠰᠤ ᠴᠢᠨᠠᠷ ᠢ ᠦᠨᠡᠯᠡᠨ ᠵᠢᠱᠢᠬᠦ ᠠᠵᠢᠯ ᠢ ᠬᠠᠷᠢᠭᠤᠴᠠᠨ ᠦᠷᠨᠢᠭᠦᠯᠦᠨ᠎ᠡ᠃      ︵ᠳᠤᠯᠤᠭ᠎ᠠ︶ ᠪᠥᠬᠦ ᠰᠢᠶᠠᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠵᠢᠯ ᠤᠨ ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ ᠪᠠ ᠣᠨ ᠤ ᠰᠢᠯᠭᠠᠨ ᠬᠢᠨᠠᠬᠤ ᠠᠵᠢᠯ ᠢ ᠬᠠᠷᠢᠭᠤᠴᠠᠨ᠎ᠠ᠃ ᠬᠤᠯᠪᠣᠭᠳᠠᠯ ᠪᠥᠬᠦᠶ ᠵᠠᠰᠠᠭ ᠤᠨ ᠶᠠᠪᠤᠳᠠᠯ ᠤᠨ  ᠤᠶᠢᠯᠡᠴᠢᠯᠡᠭᠡᠨ ᠤ ᠠᠵᠢᠯ ᠤᠨ ᠯᠠᠪᠯᠠᠭ᠎ᠠ᠂ ᠵᠠᠭᠠᠯᠳᠤᠯᠭ᠎ᠠ᠂ ᠰᠠᠨᠠᠭᠤᠯᠭ᠎ᠠ ᠶᠢ ᠭᠥᠯᠢᠶᠡᠨ ᠠᠪᠴᠤ ᠰᠢᠢᠳᠪᠤᠷᠢᠯᠡᠬᠦ ᠠᠵᠢᠯ᠃      ︵ᠨᠠᠢᠮᠠ︶ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ ᠢ ᠬᠠᠮᠵᠢᠨ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠠᠵᠢᠯ ᠢ ᠰᠠᠶᠢᠲᠤᠷ ᠬᠢᠨ᠎ᠡ᠃      ︵ᠶᠢᠰᠦ︶ ᠲᠣᠰ ᠰᠠᠯᠠᠭ᠎ᠠ ᠮᠥᠴᠢᠷ ᠤᠨ ᠢᠶᠠᠨ ᠵᠠᠬᠢᠳᠠᠯ ᠰᠤᠷᠪᠤᠯᠵᠢᠯᠠᠭ᠎ᠠ ᠪᠠ ᠲᠣᠭᠲᠠᠭᠤᠨ ᠪᠠᠶᠢᠳᠠᠯ ᠢ ᠬᠠᠮᠠᠭᠠᠯᠠᠬᠤ ᠠᠵᠢᠯ ᠢ ᠬᠠᠷᠢᠭᠤᠴᠠᠵᠤ᠂ ᠲᠣᠰ ᠰᠠᠯᠠᠭ᠎ᠠ ᠮᠥᠴᠢᠷ ᠤᠨ ᠢᠶᠠᠨ ᠵᠥᠷᠢᠴᠡᠯ ᠢ ᠠᠷᠢᠯᠭᠠᠬᠤ ᠠᠵᠢᠯ ᠢ ᠰᠢᠢᠳᠪᠦᠷᠢᠯᠡᠨ᠎ᠡ᠃      ︵ᠠᠷᠪᠠ︶ ᠰᠢᠶᠠᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠡᠭᠦᠷᠭᠡ ᠶᠢ ᠪᠡᠶᠡᠯᠡᠭᠦᠯᠦᠨ᠎ᠡ᠃      ᠰᠢᠩ ᠾᠧ ᠰᠢᠶᠠᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠳᠣᠤᠷᠠᠬᠢ ᠮᠡᠲᠦ ᠳᠣᠲᠣᠭᠠᠳᠤ ᠪᠠᠶᠢᠭᠤᠯᠤᠮᠵᠢ ᠪᠠᠶᠢᠭᠤᠯᠪᠠ᠄      ︵ᠨᠢᠭᠡ︶ ᠠᠯᠪᠠᠨ ᠭᠡᠷ᠃ ᠪᠠᠶᠢᠭᠤᠯᠭ᠎ᠠ ᠪᠣᠯᠤᠨ ᠬᠠᠷᠢᠶ᠎ᠠ ᠲᠠᠰᠤᠭ ᠤᠨ ᠨᠠᠮ ᠪᠠ ᠣᠯᠠᠨ ᠲᠦᠮᠡᠨ ᠤ ᠠᠵᠢᠯ ᠢ ᠬᠠᠷᠢᠭᠤᠴᠠᠨ᠎ᠠ᠃ ᠪᠢᠴᠢᠭ ᠮᠠᠲ᠋ᠧᠷᠢᠶᠠᠯ ᠴᠠᠬᠢᠯᠭᠠᠨ᠂ ᠬᠤᠷᠠᠯ ᠤᠨ ᠶᠠᠪᠤᠳᠠᠯ᠂ ᠨᠢᠭᠤᠴᠠ ᠮᠠᠲ᠋ᠧᠷᠢᠶᠠᠯ᠂ ᠳᠠᠩᠰᠠ ᠡᠪᠬᠡᠮᠡᠯ᠂ ᠨᠠᠮ ᠤᠨ ᠪᠠᠶᠢᠭᠤᠯᠤᠯᠲᠠ᠂ ᠪᠠᠶᠢᠭᠤᠯᠤᠮᠵᠢ ᠶᠢᠨ ᠣᠷᠣᠨ ᠲᠤᠭ᠎ᠠ᠂ ᠠᠵᠢᠯᠲᠠᠨ ᠤ ᠶᠠᠪᠤᠳᠠᠯ ᠤᠨ ᠬᠠᠮᠢᠶᠠᠷᠤᠯᠲᠠ᠂ ᠺᠠᠳ᠋ᠷ ᠤᠨ ᠡᠩᠨᠡᠭᠡᠨ ᠤ ᠪᠠᠶᠢᠭᠤᠯᠤᠯᠲᠠ᠂ ᠠᠵᠢᠯ ᠠᠴᠠ ᠪᠠᠨ ᠰᠠᠯᠵᠤ ᠠᠮᠠᠷᠠᠭᠰᠠᠨ ᠪᠠ ᠠᠵᠢᠯ ᠠᠴᠠ ᠪᠠᠨ ᠪᠠᠭᠤᠵᠤ ᠠᠮᠠᠷᠠᠭᠰᠠᠨ ᠺᠠᠳ᠋ᠷᠴᠤᠳ ᠤᠨ ᠠᠵᠢᠯ᠂ ᠠᠷᠤ ᠲᠠᠯ᠎ᠠ ᠶᠢᠨ ᠦᠢᠯᠡᠴᠢᠯᠡᠭᠡ ᠵᠡᠷᠭᠡ ᠪᠠᠶᠢᠭᠤᠯᠭ᠎ᠠ ᠶᠢᠨ ᠡᠳᠦᠷ ᠲᠤᠲᠤᠮ ᠤᠨ ᠠᠵᠢᠯᠯᠠᠭᠠᠨ ᠤ ᠠᠵᠢᠯ ᠢ ᠬᠠᠷᠢᠭᠤᠴᠠᠨ᠎ᠠ      ︵ᠬᠤᠶᠠᠷ︶ ᠵᠠᠰᠠᠭ ᠤᠨ ᠶᠠᠪᠤᠳᠠᠯ ᠤᠨ ᠤᠶᠢᠯᠡᠴᠢᠯᠡᠭᠡᠨ ᠤ ᠲᠠᠰᠤᠭ᠃ ᠪᠦᠬᠦ ᠰᠢᠶᠠᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡ᠂ ᠡᠯᠧᠺᠳ᠋ᠷᠣᠨ ᠵᠠᠰᠠᠭ ᠤᠨ ᠶᠠᠪᠤᠳᠠᠯ ᠵᠢᠴᠢ ᠵᠠᠰᠠᠭ ᠤᠨ ᠶᠠᠪᠤᠳᠠᠯ ᠢ ᠢᠯᠡ ᠪᠣᠯᠭᠠᠬᠤ ᠵᠡᠷᠭᠡ ᠠᠵᠢᠯ ᠢ ᠬᠠᠷᠢᠭᠤᠴᠠᠨ᠎ᠠ᠃ ᠰᠢᠶᠠᠨ ᠤ ︽ᠲᠠᠯᠪᠢᠬᠤ ᠬᠠᠮᠢᠶᠠᠷᠬᠤ ᠤᠶᠢᠯᠡᠴᠢᠯᠡᠬᠦ︾ ᠥᠭᠡᠷᠡᠴᠢᠯᠡᠯᠲᠡ ᠶᠢᠨ ᠵᠣᠬᠢᠴᠠᠭᠤᠯᠬᠤ ᠳᠤᠭᠤᠶᠢᠯᠠᠩ ᠤᠨ ᠠᠯᠪᠠᠨ ᠬᠡᠷ ᠤᠨ ᠡᠳᠦᠷ ᠲᠤᠲᠤᠮ ᠤᠨ ᠠᠵᠢᠯ ᠢ ᠡᠭᠦᠷᠭᠡᠯᠡᠨ᠎ᠡ᠃ ᠡᠯ᠎ᠡ ᠱᠠᠲᠤᠨ ᠤ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠳᠦᠷᠢᠮ ᠤᠨ ᠥᠭᠡᠷᠡᠴᠢᠯᠡᠯᠲᠡ ᠶᠢᠨ ᠠᠵᠢᠯ ᠢ ᠵᠢᠯᠣᠭᠤᠳᠴᠤ᠂ ᠵᠣᠬᠢᠴᠠᠭᠤᠯᠵᠤ᠂ ᠲᠦᠯᠬᠢᠨ ᠠᠬᠢᠭᠤᠯᠵᠤ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠦᠢᠯᠡ ᠠᠵᠢᠯᠯᠠᠭ᠎ᠠ ᠶᠢ ᠵᠢᠷᠤᠮᠵᠢᠭᠤᠯᠵᠤ᠂ ᠬᠢᠨᠠᠨ ᠵᠥᠪᠰᠢᠶᠡᠷᠡᠬᠦ ᠦᠢᠯᠡᠴᠢᠯᠡᠭᠡᠨ ᠤ ᠠᠷᠠᠳ ᠲᠤ ᠳᠥᠭᠦᠮ ᠦᠵᠡᠭᠦᠯᠬᠦ ᠶᠢ ᠲᠦᠯᠬᠢᠨ ᠠᠬᠢᠭᠤᠯᠤᠨ᠎ᠠ᠃ ᠰᠠᠭᠤᠷᠢ ᠨᠠᠷᠢᠨ ᠳᠠᠩᠰᠠ ᠶᠢᠨ ᠳᠦᠷᠢᠮ ᠤᠨ ᠪᠠᠶᠢᠭᠤᠯᠤᠯᠲᠠ ᠪᠠ ᠪᠠᠷᠢᠮᠵᠢᠶᠠᠵᠢᠭᠤᠯᠬᠤ ᠠᠵᠢᠯ ᠢ ᠵᠣᠬᠢᠴᠠᠭᠤᠯᠤᠨ ᠠᠬᠢᠭᠤᠯᠤᠨ᠎ᠠ᠃ ᠰᠢᠶᠠᠨ ᠤ ᠲᠤᠰ ᠱᠠᠲᠤᠨ ᠤ ᠵᠠᠰᠠᠭ ᠤᠨ ᠣᠷᠳᠣᠨ ᠤ ᠡᠭᠦᠷᠭᠡ ᠴᠢᠳᠠᠪᠤᠷᠢ ᠶᠢ ᠬᠤᠪᠢᠷᠠᠭᠤᠯᠬᠤ ᠪᠠ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢᠨ ᠠᠵᠢᠯ ᠢ ᠲᠦᠯᠬᠢᠨ ᠠᠬᠢᠭᠤᠯᠬᠤ ᠴᠢᠬᠤᠯᠠ ᠶᠡᠭᠡ ᠠᠰᠠᠭᠤᠳᠠᠯ ᠳᠤ ᠪᠠᠶᠢᠴᠠᠭᠠᠨ ᠰᠤᠳᠤᠯᠤᠯᠲᠠ ᠬᠢᠵᠦ᠂ ᠬᠠᠮᠢᠶ᠎ᠠ ᠪᠦᠬᠦᠢ ᠰᠠᠨᠠᠭᠤᠯᠭ᠎ᠠ ᠳᠤᠷᠠᠳᠤᠨ᠎ᠠ᠃ ᠪᠦᠬᠦ ᠰᠢᠶᠠᠨ ᠤ ᠵᠠᠰᠠᠭ ᠵᠠᠬᠢᠷᠭᠠᠨ ᠤ ᠡᠷᠬᠡ ᠪᠠ ᠣᠯᠠᠨ ᠨᠡᠶᠢᠲᠡ ᠶᠢᠨ ᠦᠢᠯᠡᠴᠢᠯᠡᠭᠡᠨ ᠤ ᠵᠦᠢᠯᠡᠰ ᠢ ᠪᠠᠷᠢᠮᠵᠢᠶᠠᠵᠢᠭᠤᠯᠬᠤ᠂ ᠵᠢᠷᠤᠮᠵᠢᠭᠤᠯᠬᠤ ᠪᠠᠶᠢᠭᠤᠯᠤᠯᠲᠠ ᠵᠢᠴᠢ ᠬᠡᠷᠡᠭᠯᠡᠭᠡᠨ ᠤ ᠠᠵᠢᠯ ᠢ ᠲᠦᠯᠬᠢᠨ ᠠᠬᠢᠭᠤᠯᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠴᠤᠪᠤᠷᠠᠯ ᠢ ᠰᠢᠯᠢᠳᠡᠭᠵᠢᠭᠦᠯᠦᠨ ᠰᠢᠯᠢᠳᠡᠭᠵᠢᠭᠦᠯᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠨᠢᠭᠡᠳᠦᠯᠲᠡᠶ ᠰᠢᠰᠲ᠋ᠧᠮᠵᠢ ᠶᠢ ᠪᠠᠶᠢᠭᠤᠯᠤᠨ᠎ᠠ᠃ ᠰᠢᠶᠠᠨ ᠤ ᠲᠣᠰ ᠱᠠᠲᠤᠨ ᠤ ᠪᠣᠳᠠᠲᠤ ᠴᠣᠭᠴᠠ ᠶᠢᠨ ᠦᠢᠯᠡᠴᠢᠯᠡᠭᠡᠨ ᠤ ᠶᠡᠭᠡ ᠲᠢᠩᠬᠢᠮ ᠤᠨ ᠠᠵᠢᠯᠯᠠᠭᠠᠨ ᠤ ᠬᠠᠮᠢᠶᠠᠷᠤᠯᠲᠠ ᠶᠢ ᠵᠢᠯᠣᠭᠤᠳᠤᠨ᠎ᠠ᠃ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ᠭᠦᠢᠴᠡᠳᠭᠡᠬᠦ ᠶᠢ ᠵᠣᠬᠢᠶᠠᠨ ᠪᠠᠶᠢᠭᠤᠯᠤᠨ ᠵᠣᠬᠢᠴᠠᠭᠤᠯᠬᠤ᠂ ᠬᠢᠨᠠᠨ ᠬᠠᠮᠢᠶᠠᠷᠤᠨ᠎ᠠ᠃ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠠᠰᠤ ᠴᠢᠨᠠᠷ ᠢ ᠦᠨᠡᠯᠡᠨ ᠵᠢᠱᠢᠬᠦ ᠠᠵᠢᠯ ᠢ ᠬᠠᠷᠢᠭᠤᠴᠠᠨ ᠦᠷᠨᠢᠭᠦᠯᠦᠨ᠎ᠡ᠃ ᠪᠦᠬᠦ ᠰᠢᠶᠠᠨ ᠤ ︽ᠢᠨᠲ᠋ᠧᠷ ᠰᠦᠯᠵᠢᠶᠡᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡ︾ ᠶᠢᠨ ᠲᠠᠪᠴᠠᠩ ᠤᠨ ᠬᠡᠷᠡᠭᠯᠡᠯᠲᠡ ᠶᠢ ᠲᠦᠯᠬᠢᠨ ᠠᠬᠢᠭᠤᠯᠬᠤ ᠠᠵᠢᠯ ᠢ ᠵᠢᠯᠣᠭᠤᠳᠤᠨ᠎ᠠ᠃ ᠪᠦᠬᠦ ᠰᠢᠶᠠᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠨᠢᠭᠡ ᠴᠣᠭᠴᠠᠵᠢᠭᠤᠯᠤᠭᠰᠠᠨ ᠰᠦᠯᠵᠢᠶᠡᠨ ᠳᠡᠭᠡᠷᠡᠬᠢ ᠦᠢᠯᠡᠴᠢᠯᠡᠭᠡ ᠶᠢ ᠵᠣᠬᠢᠶᠠᠨ ᠪᠠᠶᠢᠭᠤᠯᠤᠨ ᠵᠣᠬᠢᠴᠠᠭᠤᠯᠵᠤ᠂ ᠬᠢᠨᠠᠯᠲᠠ ᠲᠠᠯᠪᠢᠨ ᠬᠠᠮᠢᠶᠠᠷᠤᠨ᠎ᠠ᠃        ︵ᠭᠤᠷᠪᠠ︶ ᠵᠠᠰᠠᠭ ᠤᠨ ᠶᠠᠪᠤᠳᠠᠯ ᠢ ᠢᠯᠡ ᠪᠤᠯᠬᠠᠬᠤ ᠪᠠ ᠬᠦᠴᠦᠨ ᠴᠢᠳᠠᠪᠤᠷᠢ ᠶᠢ ᠬᠢᠨ᠋ᠠᠨ ᠪᠠᠶᠢᠴᠠᠬᠠᠬᠤ ᠲᠠᠰᠤᠭ᠃ ᠪᠥᠬᠦ ᠰᠢᠶᠠᠨ ᠤ ᠵᠠᠰᠠᠭ ᠤᠨ ᠶᠠᠪᠤᠳᠠᠯ ᠤᠨ ᠤᠶᠢᠯᠡᠴᠢᠯᠡᠭᠡ᠂ ᠵᠠᠰᠠᠭ ᠤᠨ ᠶᠠᠪᠤᠳᠠᠯ ᠢ ᠢᠯᠡ ᠪᠣᠯᠭᠠᠬᠤ᠂ ᠡᠯᠧᠺᠳ᠋ᠷᠣᠨ ᠵᠠᠰᠠᠭ ᠤᠨ ᠶᠠᠪᠤᠳᠠᠯ ᠢ ᠢᠯᠡ ᠪᠣᠯᠭᠠᠬᠤ ᠶᠢ ᠰᠢᠯᠭᠠᠨ ᠬᠢᠨᠠᠵᠤ ᠦᠨᠡᠯᠡᠬᠦ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠢᠭᠤᠨ ᠴᠢᠬᠡᠴᠢ ᠪᠠᠷ ᠵᠠᠰᠠᠭ ᠪᠠᠷᠢᠬᠤ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠶᠢ ᠬᠠᠷᠢᠭᠤᠴᠠᠵᠤ᠂ ᠬᠢᠨᠠᠨ ᠬᠠᠮᠢᠶᠠᠷᠬᠤ ᠰᠠᠯᠠᠭ᠎ᠠ ᠮᠥᠴᠢᠷ ᠢ ᠵᠣᠬᠢᠴᠠᠭᠤᠯᠤᠨ ᠢᠯᠡᠴᠢᠯᠡᠨ ᠮᠡᠳᠡᠭᠦᠯᠬᠦ᠂ ᠵᠠᠭᠠᠯᠳᠤᠬᠤ ᠵᠡᠷᠭᠡ ᠠᠵᠢᠯ ᠢ ᠰᠢᠢᠳᠪᠦᠷᠢᠯᠡᠵᠦ᠂ ᠰᠢᠶᠠᠨ ᠤ ᠲᠣᠰ ᠱᠠᠲᠤᠨ ᠤ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠦᠢᠯᠡᠳᠦᠯ ᠴᠢᠳᠠᠪᠤᠷᠢ ᠶᠢ ᠬᠢᠨᠠᠨ ᠪᠠᠶᠢᠴᠠᠭᠠᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ ᠪᠥᠬᠦ ᠰᠢᠶᠠᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠵᠢᠯ ᠤᠨ ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ ᠪᠠ ᠣᠨ ᠤ ᠰᠢᠯᠭᠠᠨ ᠬᠢᠨᠠᠬᠤ ᠠᠵᠢᠯ ᠢ ᠬᠠᠷᠢᠭᠤᠴᠠᠨ᠎ᠠ᠃ ᠬᠤᠯᠪᠣᠭᠳᠠᠯ ᠪᠥᠬᠦᠶ ᠵᠠᠰᠠᠭ ᠤᠨ ᠶᠠᠪᠤᠳᠠᠯ ᠤᠨ ᠤᠶᠢᠯᠡᠴᠢᠯᠡᠭᠡᠨ ᠤ ᠠᠵᠢᠯ ᠤᠨ ᠯᠠᠪᠯᠠᠭ᠎ᠠ᠂ ᠵᠠᠭᠠᠯᠳᠤᠯᠭ᠎ᠠ᠂ ᠰᠠᠨᠠᠭᠤᠯᠭ᠎ᠠ ᠶᠢ ᠭᠥᠯᠢᠶᠡᠨ ᠠᠪᠴᠤ ᠰᠢᠢᠳᠪᠤᠷᠢᠯᠡᠬᠦ ᠠᠵᠢᠯ᠃ ᠰᠢᠶᠠᠨ ᠤ ᠲᠣᠰ ᠱᠠᠲᠤᠨ ᠤ ᠮᠡᠳᠡᠭᠡ ᠵᠠᠩᠭᠢ ᠶᠢ ᠢᠯᠡ ᠪᠣᠯᠭᠠᠬᠤ ᠪᠠ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠢ ᠬᠠᠷᠢᠭᠤᠴᠠᠨ᠎ᠠ᠃ ᠪᠦᠬᠦ ᠰᠢᠶᠠᠨ ᠤ ᠮᠡᠳᠡᠭᠡ ᠵᠠᠩᠭᠢ ᠶᠢ ᠢᠯᠡ ᠪᠣᠯᠭᠠᠬᠤ ᠪᠠ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠢ ᠥᠷᠨᠢᠭᠦᠯᠬᠦ ᠶᠢ ᠵᠢᠯᠣᠭᠤᠳᠴᠤ᠂ ᠵᠣᠬᠢᠴᠠᠭᠤᠯᠵᠤ᠂ ᠬᠢᠨᠠᠯᠲᠠ ᠲᠠᠯᠪᠢᠨ᠎ᠠ᠃      ᠰᠢᠩ ᠾᠧ ᠰᠢᠶᠠᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶᠠᠨ ᠤ ᠪᠠᠶᠢᠭᠤᠯᠭ᠎ᠠ ᠶᠢᠨ ᠵᠠᠰᠠᠭ ᠵᠠᠬᠢᠷᠭᠠᠨ ᠤ ᠣᠷᠣᠨ ᠲᠤᠭ᠎ᠠ 6 ᠬᠥᠮᠦᠨ᠃ ᠲᠣᠪᠴᠢᠶᠠᠨ ᠳᠠᠷᠤᠭ᠎ᠠ 1 ᠬᠥᠮᠥᠨ᠂ ᠳᠡᠳ᠋ ᠲᠣᠪᠴᠢᠶᠠᠨ ᠳᠠᠷᠤᠭ᠎ᠠ 2 ᠬᠥᠮᠥᠨ ᠢ ᠲᠣᠮᠢᠯᠠᠪᠠ      ᠠᠯᠪᠠᠯᠠᠬᠤ ᠴᠠᠭ᠄ ᠠᠵᠢᠯᠯᠠᠬᠤ ᠡᠳᠦᠷ ᠤᠨ ᠦᠳᠡ ᠶᠢᠨ ᠡᠮᠦᠨ᠎ᠡ 9᠄ 00 - 12᠄ 00 ᠦᠳᠡ ᠶᠢᠨ ᠬᠤᠶᠢᠨ᠎ᠠ 14᠄ 30-18᠄ 00      ᠬᠠᠶ᠋ᠢᠭ᠄ ᠥᠪᠥᠷ ᠮᠣᠩᠭᠤᠯ ᠤᠨ ᠰᠢᠩ ᠾᠧ ᠰᠢᠶᠠᠨ ᠤ ᠰᠢᠨ᠎ᠡ ᠬᠤᠲᠠ ᠲᠣᠭᠤᠷᠢᠭ ᠤᠨ ᠠᠷᠠᠳ ᠤᠨ ᠠᠮᠢᠳᠤᠷᠠᠯ ᠤᠨ ᠦᠢᠯᠡᠴᠢᠯᠡᠭᠡᠨ ᠤ ᠶᠡᠭᠡ ᠲᠢᠩᠬᠢᠮ ᠤᠨ ᠠᠷᠤ ᠠᠰᠠᠷ ᠬᠤᠶᠠᠳᠤᠭᠠᠷ ᠳᠠᠪᠬᠤᠷᠯᠢᠭ      ᠬᠠᠷᠢᠯᠴᠠᠬᠤ ᠤᠲᠠᠰᠤ᠄ 0474 - 7212345      ᠢᠮᠧᠯ᠄ xhzwfuzx@163.com      ᠪᠠᠶᠢᠭᠤᠯᠭ᠎ᠠ ᠶᠢᠨ ᠬᠠᠷᠢᠭᠤᠴᠠᠯᠭᠠᠲᠠᠨ ᠤ ᠣᠪᠣᠭ ᠨᠡᠷ᠎ᠡ᠄ ᠾᠧᠦ ᠽᠦᠸᠧ ᠮᠢᠨ               ᠤᠷᠴᠢᠭᠤᠯᠤᠭᠴᠢ᠄ ᠨᠠᠷᠠᠰᠤ            ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ  
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠤᠷᠳᠤᠨ ᠤ ᠬᠢᠲᠠᠳ ᠲᠤᠤᠷ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3