ᠪᠠᠶᠢᠭᠤᠯᠤᠮᠵᠢ ᠶᠢᠨ ᠡᠭᠦᠷᠭᠡ ᠴᠢᠳᠠᠪᠤᠷᠢ | ᠰᠢᠩ ᠾᠧ ᠰᠢᠶᠠᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ | ᠪᠣᠯ ᠪᠦᠬᠦ ᠰᠢᠶᠠᠨ ᠤ ᠠᠵᠢᠯᠲᠠᠨ ᠤ ᠶᠠᠪᠤᠳᠠᠯ ᠴᠢᠳᠠᠪᠤᠷᠢᠲᠠᠨ᠂ ᠬᠥᠳᠡᠯᠮᠦᠷᠢ ᠠᠵᠢᠯ ᠣᠯᠭᠤᠯᠲᠠ᠂ ᠨᠡᠶᠢᠭᠡᠮ ᠤᠨ | ᠪᠠᠲᠤᠯᠠᠭ᠎ᠠ᠂ ᠬᠥᠳᠡᠯᠮᠦᠷᠢ ᠶᠢᠨ ᠬᠠᠤᠯᠢ ᠬᠡᠷᠡᠭᠵᠢᠭᠦᠯᠬᠦ ᠠᠵᠢᠯ ᠢ ᠬᠠᠷᠢᠭᠤᠴᠠᠵᠤ ᠪᠠᠶᠢᠭ᠎ᠠ ᠵᠠᠰᠠᠭ ᠵᠠᠬᠢᠷᠭᠠᠨ ᠤ | ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠪᠣᠯᠤᠨ᠎ᠠ᠂ ᠳᠣᠲᠣᠭᠠᠳᠤ ᠳᠠᠭᠠᠨ ᠠᠯᠪᠠᠨ ᠭᠡᠷ᠂ ᠨᠠᠰᠤᠵᠢᠯ ᠤᠨ | ᠳᠠᠭᠠᠳᠬᠠᠯ ᠤᠨ ᠲᠠᠰᠤᠭ᠂ ᠠᠵᠢᠯ ᠦᠢᠯᠡᠰ ᠤᠨ ᠨᠢᠭᠡᠴᠡ ᠶᠢᠨ ᠠᠵᠢᠯᠲᠠᠨ ᠤ ᠶᠠᠪᠤᠳᠠᠯ ᠤᠨ ᠬᠠᠮᠢᠶᠠᠷᠤᠯᠲᠠ ᠶᠢᠨ | ᠲᠠᠰᠤᠭ᠂ ᠴᠠᠯᠢᠩ ᠠᠰᠠᠷᠠᠮᠵᠢ ᠶᠢᠨ ᠲᠠᠰᠤᠭ᠂ ᠠᠵᠢᠯ ᠮᠡᠷᠭᠡᠵᠢᠯ ᠤᠨ ᠴᠢᠳᠠᠪᠤᠷᠢ ᠶᠢᠨ ᠪᠠᠶᠢᠭᠤᠯᠤᠯᠲᠠ ᠶᠢᠨ ᠲᠠᠰᠤᠭ᠂ | ᠴᠢᠳᠠᠪᠤᠷᠢᠲᠠᠨ ᠤ ᠲᠠᠰᠤᠭ᠂ ᠬᠥᠳᠡᠯᠮᠦᠷᠢ ᠠᠵᠢᠯᠲᠠᠨ ᠤ ᠶᠠᠪᠤᠳᠠᠯ ᠤᠨ ᠮᠠᠷᠭᠤᠯᠳᠤᠭᠠᠨ ᠢ ᠬᠥᠨᠳᠡᠯᠡᠨ ᠠᠴᠠ ᠲᠠᠰᠤᠯᠬᠤ | ᠬᠦᠷᠢᠶᠡᠯᠡᠩ ᠤᠨ 7 ᠳᠣᠲᠣᠭᠠᠳᠤ ᠪᠠᠶᠢᠭᠤᠯᠤᠮᠵᠢ᠂ ᠬᠠᠷᠢᠶ᠎ᠠ ᠠᠵᠢᠯ ᠣᠯᠭᠤᠯᠲᠠ ᠶᠢᠨ ᠦᠢᠯᠡᠴᠢᠯᠡᠭᠡᠨ ᠤ ᠲᠥᠪ᠂ | ᠨᠡᠶᠢᠭᠡᠮ ᠤᠨ ᠳᠠᠭᠠᠳᠬᠠᠯ ᠤᠨ ᠦᠢᠯᠡᠴᠢᠯᠡᠭᠡᠨ ᠤ ᠲᠥᠪ᠂ ᠭᠠᠳᠠᠭᠰᠢ ᠭᠠᠷᠴᠤ ᠬᠦᠴᠦ ᠶᠠᠪᠤᠭᠰᠠᠳ ᠤᠨ | ᠶᠡᠷᠦᠩᠬᠡᠶᠢᠯᠡᠭᠰᠡᠨ ᠦᠢᠯᠡᠴᠢᠯᠡᠭᠡᠨ ᠤ ᠲᠥᠪ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ | ᠪᠠᠲᠤᠯᠠᠭ᠎ᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠭᠡ ᠠᠩᠭᠢ ᠵᠡᠷᠭᠡ 4 ᠠᠵᠢᠯ | ᠦᠢᠯᠡᠰ ᠤᠨ ᠨᠢᠭᠡᠴᠡ ᠶᠢ ᠪᠠᠶᠢᠭᠤᠯᠤᠨ᠎ᠠ᠃ | | ᠭᠤᠣᠯ ᠡᠭᠦᠷᠭᠡ ᠬᠠᠷᠢᠭᠤᠴᠠᠯᠭ᠎ᠠ᠄ | ︵ᠨᠢᠭᠡ︶ ᠤᠯᠤᠰ ᠪᠣᠯᠤᠨ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠬᠥᠮᠦᠨ ᠤ ᠬᠦᠴᠦᠨ ᠤ | ᠡᠬᠢ ᠪᠠᠶᠠᠯᠢᠭ ᠬᠢᠭᠡᠳ ᠨᠡᠶᠢᠭᠡᠮ ᠤᠨ ᠪᠠᠲᠤᠯᠠᠭ᠎ᠠ ᠶᠢᠨ ᠬᠠᠤᠯᠢ ᠴᠠᠭᠠᠵᠠ ᠬᠠᠤᠯᠢ ᠲᠣᠭᠲᠠᠭᠠᠯ ᠢ ᠲᠤᠤᠱᠯᠠᠭᠤᠯᠤᠨ | ᠬᠡᠷᠡᠭᠵᠢᠭᠦᠯᠵᠦ᠂ ᠪᠦᠬᠦ ᠰᠢᠶᠠᠨ ᠤ ᠬᠥᠮᠦᠨ ᠤ ᠬᠦᠴᠦᠨ ᠤ ᠡᠬᠢ ᠪᠠᠶᠠᠯᠢᠭ ᠬᠢᠭᠡᠳ ᠨᠡᠶᠢᠭᠡᠮ ᠤᠨ ᠪᠠᠲᠤᠯᠠᠭ᠎ᠠ ᠶᠢᠨ | ᠦᠢᠯᠡᠰ ᠤᠨ ᠬᠥᠭᠵᠢᠯᠲᠡ ᠶᠢᠨ ᠲᠥᠯᠥᠪᠵᠢᠭᠦᠯᠭᠡ᠂ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ᠂ ᠠᠷᠭ᠎ᠠ ᠬᠡᠮᠵᠢᠶ᠎ᠡ ᠶᠢ | ᠲᠤᠤᠱᠯᠠᠭᠤᠯᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠬᠦ ᠪᠠ ᠬᠢᠨᠠᠯᠲᠠ ᠲᠠᠯᠪᠢᠵᠤ ᠪᠠᠶᠢᠴᠠᠭᠠᠬᠤ ᠬᠡᠷᠡᠭᠲᠡᠶ᠃ | | ︵ᠬᠤᠶᠠᠷ︶ ᠪᠦᠬᠦ ᠰᠢᠶᠠᠨ ᠤ ᠬᠥᠮᠦᠨ ᠤ ᠬᠦᠴᠦᠨ ᠤ ᠡᠬᠢ ᠪᠠᠶᠠᠯᠢᠭ ᠢ ᠨᠡᠭᠡᠭᠡᠬᠦ ᠲᠥᠯᠥᠪᠵᠢᠭᠦᠯᠭᠡ᠂ | ᠲᠥᠷᠥ ᠶᠢᠨ ᠪᠣᠳᠣᠯᠭ᠎ᠠ ᠶᠢ ᠲᠤᠤᠱᠯᠠᠭᠤᠯᠵᠤ᠂ ᠴᠢᠳᠠᠪᠤᠷᠢᠲᠠᠨ ᠤ ᠪᠠᠶᠢᠯᠳᠤᠬᠤ ᠪᠣᠳᠣᠯᠭ᠎ᠠ ᠶᠢᠨ ᠬᠡᠷᠡᠭᠵᠢᠭᠦᠯᠦᠯᠲᠡ ᠶᠢ | ᠲᠦᠯᠬᠢᠨ ᠠᠬᠢᠭᠤᠯᠤᠨ᠎ᠠ᠃ ᠪᠦᠬᠦ ᠰᠢᠶᠠᠨ ᠤ ᠬᠥᠮᠦᠨ ᠤ ᠬᠦᠴᠦᠨ ᠤ ᠡᠬᠢ ᠪᠠᠶᠠᠯᠢᠭ ᠤᠨ ᠵᠠᠬ᠎ᠠ ᠳᠡᠯᠭᠡᠭᠦᠷ ᠤᠨ | ᠬᠥᠭᠵᠢᠯᠲᠡ ᠶᠢᠨ ᠲᠥᠯᠥᠪᠵᠢᠭᠦᠯᠭᠡ ᠪᠣᠯᠤᠨ ᠬᠥᠮᠦᠨ ᠤ ᠬᠦᠴᠦᠨ ᠤ ᠡᠬᠢ ᠪᠠᠶᠠᠯᠢᠭ ᠤᠨ ᠰᠢᠯᠵᠢᠯᠲᠡ ᠶᠢᠨ | ᠲᠥᠷᠥ ᠶᠢᠨ ᠪᠣᠳᠣᠯᠭ᠎ᠠ ᠶᠢ ᠲᠤᠤᠱᠯᠠᠭᠤᠯᠤᠨ ᠬᠡᠷᠡᠭᠵᠢᠭᠦᠯᠵᠦ᠂ ᠬᠥᠮᠦᠨ ᠤ ᠬᠦᠴᠦᠨ ᠤ ᠡᠬᠢ ᠪᠠᠶᠠᠯᠢᠭ ᠤᠨ ᠪᠦᠬᠦ | ᠰᠢᠶᠠᠨ ᠤ ᠨᠢᠭᠡᠳᠦᠯᠲᠡᠶ ᠵᠢᠷᠤᠮᠵᠢᠭᠰᠠᠨ ᠵᠠᠬ᠎ᠠ ᠳᠡᠯᠭᠡᠭᠦᠷ ᠢ ᠪᠠᠶᠢᠭᠤᠯᠵᠤ᠂ ᠬᠥᠮᠦᠨ ᠤ ᠬᠦᠴᠦᠨ ᠤ ᠡᠬᠢ ᠪᠠᠶᠠᠯᠢᠭ ᠤᠨ | ᠵᠦᠢ ᠵᠣᠬᠢᠰᠲᠠᠶ ᠰᠢᠯᠵᠢᠯᠲᠡ᠂ ᠪᠦᠲᠦᠮᠵᠢᠲᠡᠶ ᠲᠣᠬᠢᠷᠠᠭᠤᠯᠤᠯᠲᠠ ᠶᠢ ᠠᠬᠢᠭᠤᠯᠬᠤ ᠬᠡᠷᠡᠭᠲᠡᠶ᠃ | ︵ᠭᠤᠷᠪᠠ︶ ᠠᠵᠢᠯ ᠣᠯᠭᠤᠬᠤ ᠢᠳᠡᠪᠬᠢᠲᠡᠢ ᠲᠥᠷᠥ ᠶᠢᠨ ᠪᠣᠳᠣᠯᠭ᠎ᠠ ᠶᠢ ᠬᠡᠷᠡᠭᠵᠢᠭᠦᠯᠦᠨ᠎ᠡ᠃ ᠠᠵᠢᠯ | ᠣᠯᠭᠤᠯᠲᠠ ᠶᠢ ᠠᠬᠢᠭᠤᠯᠬᠤ ᠠᠵᠢᠯ ᠢ ᠬᠠᠷᠢᠭᠤᠴᠠᠵᠤ᠂ ᠬᠤᠲᠠ ᠬᠥᠳᠡᠭᠡ ᠶᠢ ᠨᠢᠭᠡᠳᠦᠯᠲᠡᠶ ᠲᠥᠯᠥᠪᠯᠡᠬᠦ ᠠᠵᠢᠯ | ᠣᠯᠭᠤᠯᠲᠠ ᠶᠢᠨ ᠬᠥᠭᠵᠢᠯᠲᠡ ᠶᠢᠨ ᠲᠥᠯᠥᠪᠵᠢᠭᠦᠯᠭᠡ ᠪᠠ ᠲᠥᠷᠥ ᠶᠢᠨ ᠪᠣᠳᠣᠯᠭ᠎ᠠ ᠶᠢ ᠲᠤᠭᠤᠰᠢᠯᠠᠭᠤᠯᠵᠤ᠂ ᠣᠯᠠᠨ | ᠨᠡᠶᠢᠲᠡ ᠶᠢᠨ ᠠᠵᠢᠯ ᠣᠯᠭᠤᠯᠲᠠ ᠶᠢᠨ ᠦᠢᠯᠡᠴᠢᠯᠡᠭᠡᠨ ᠤ ᠰᠢᠰᠲ᠋ᠧᠮ ᠢ ᠲᠡᠭᠦᠯᠳᠡᠷᠵᠢᠭᠦᠯᠵᠦ᠂ ᠠᠵᠢᠯ ᠣᠯᠭᠤᠯᠲᠠ ᠶᠢᠨ | ᠪᠠᠶᠢᠳᠠᠯ ᠢ ᠵᠠᠳᠠᠯᠤᠨ ᠰᠤᠳᠤᠯᠵᠤ ᠮᠠᠭᠠᠳᠯᠠᠬᠤ᠂ ᠠᠵᠢᠯ ᠠᠯᠳᠠᠯᠲᠠ ᠶᠢ ᠲᠥᠰᠦᠭᠡᠯᠡᠵᠦ ᠤᠷᠢᠳᠴᠢᠯᠠᠨ ᠰᠡᠷᠡᠮᠵᠢᠯᠡᠭᠦᠯᠬᠦ | ᠠᠵᠢᠯ ᠢ ᠡᠭᠦᠷᠭᠡᠯᠡᠵᠦ᠂ ᠠᠵᠢᠯ ᠣᠯᠭᠤᠯᠲᠠ ᠶᠢᠨ ᠪᠠᠶᠢᠳᠠᠯ ᠤᠨ ᠲᠣᠭᠲᠠᠭᠤᠨ ᠪᠠᠶᠢᠬᠤ ᠶᠢ ᠪᠠᠲᠤᠯᠠᠨ᠎ᠠ᠃ ᠳᠡᠭᠡᠳᠦ | ᠰᠤᠷᠭᠠᠭᠤᠯᠢ ᠲᠡᠭᠦᠰᠦᠭᠰᠡᠳ ᠲᠤ ᠠᠵᠢᠯ ᠣᠯᠭᠤᠬᠤ ᠲᠥᠷᠥ ᠶᠢᠨ ᠪᠣᠳᠣᠯᠭ᠎ᠠ ᠶᠢ ᠲᠦᠷᠦᠭᠦᠯᠡᠨ ᠲᠤᠤᠱᠯᠠᠭᠤᠯᠵᠤ᠂ | ᠳᠡᠭᠡᠳᠦ ᠵᠡᠷᠭᠡ ᠶᠢᠨ ᠰᠤᠷᠭᠠᠭᠤᠯᠢ ᠲᠡᠭᠦᠰᠦᠭᠰᠡᠳ ᠢ ᠨᠢᠭᠡᠳᠦᠯᠲᠡᠶ ᠲᠥᠯᠥᠪᠯᠡᠨ ᠰᠢᠯᠢᠨ ᠳᠡᠪᠰᠢᠭᠦᠯᠵᠦ ᠦᠨᠳᠦᠰᠦᠨ | ᠱᠠᠲᠤᠨ ᠳᠤ ᠣᠴᠢᠭᠤᠯᠤᠨ ᠠᠵᠢᠯᠯᠠᠭᠤᠯᠤᠨ᠎ᠠ᠃ ᠠᠵᠢᠯ ᠣᠯᠭᠤᠬᠤ ᠠᠳᠠᠯ ᠦᠢᠯᠡᠰ ᠴᠣᠭᠴᠠᠯᠠᠬᠤ ᠶᠢ ᠲᠡᠳᠬᠦᠨ | ᠳᠡᠮᠵᠢᠬᠦ ᠲᠥᠷᠥ ᠶᠢᠨ ᠪᠣᠳᠣᠯᠭ᠎ᠠ ᠶᠢ ᠲᠤᠤᠱᠯᠠᠭᠤᠯᠵᠤ᠂ ᠠᠵᠢᠯ ᠣᠯᠭᠤᠯᠲᠠ ᠶᠢ ᠲᠤᠰᠠᠯᠠᠨ ᠳᠡᠮᠵᠢᠬᠦ ᠳᠦᠷᠢᠮ ᠢ | ᠵᠣᠬᠢᠶᠠᠨ ᠪᠠᠶᠢᠭᠤᠯᠤᠨ ᠨᠠᠶᠢᠳᠠᠪᠤᠷᠢᠵᠢᠭᠤᠯᠤᠨ᠎ᠠ᠃ ᠡᠷᠬᠢᠯᠡᠭᠰᠡᠨ ᠠᠵᠢᠯ ᠤᠨ ᠬᠢᠷᠢ ᠭᠡᠮ ᠤᠨ ᠳᠦᠷᠢᠮ ᠤᠨ ᠬᠠᠮᠢᠶ᠎ᠠ | ᠪᠦᠬᠦᠢ ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠵᠦ᠂ ᠬᠤᠲᠠ ᠬᠥᠳᠡᠭᠡ ᠶᠢᠨ ᠬᠥᠳᠡᠯᠮᠦᠷᠢᠯᠡᠭᠴᠢᠳ ᠲᠤ | ᠬᠠᠨᠳᠤᠭᠤᠯᠤᠭᠰᠠᠨ ᠡᠷᠬᠢᠯᠡᠭᠰᠡᠨ ᠠᠵᠢᠯ ᠤᠨ ᠪᠣᠯᠪᠠᠰᠤᠷᠠᠭᠤᠯᠤᠯ ᠤᠨ ᠳᠦᠷᠢᠮ ᠢ ᠨᠢᠭᠡᠳᠦᠯᠲᠡᠶ ᠲᠥᠯᠥᠪᠯᠡᠨ | ᠪᠠᠶᠢᠭᠤᠯᠬᠤ ᠬᠡᠷᠡᠭᠲᠡᠶ᠃ | ︵ᠲᠦᠷᠪᠡ︶ ᠬᠤᠲᠠ ᠬᠥᠳᠡᠭᠡ ᠶᠢᠨ ᠨᠡᠶᠢᠭᠡᠮ ᠤᠨ ᠳᠠᠭᠠᠳᠬᠠᠯ ᠵᠢᠴᠢ ᠨᠥᠬᠦᠪᠥᠷᠢ ᠳᠠᠭᠠᠳᠬᠠᠯ ᠤᠨ | ᠲᠥᠷᠥ ᠶᠢᠨ ᠪᠣᠳᠣᠯᠭ᠎ᠠ ᠪᠣᠯᠤᠨ ᠪᠠᠷᠢᠮᠵᠢᠶ᠎ᠠ ᠶᠢ ᠲᠤᠤᠱᠯᠠᠭᠤᠯᠤᠨ ᠬᠡᠷᠡᠭᠵᠢᠭᠦᠯᠵᠦ᠂ ᠤᠯᠤᠰ ᠪᠣᠯᠤᠨ ᠥᠪᠡᠷᠲᠡᠭᠡᠨ | ᠵᠠᠰᠠᠬᠤ ᠣᠷᠣᠨ ᠤ ᠪᠠᠶᠢᠭᠤᠯᠤᠯᠭ᠎ᠠ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠶᠢᠨ ᠦᠨᠳᠦᠰᠦᠨ ᠨᠠᠰᠤᠵᠢᠯ ᠤᠨ | ᠳᠠᠭᠠᠳᠬᠠᠯ ᠤᠨ ᠲᠥᠷᠥ ᠶᠢᠨ ᠪᠣᠳᠣᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠤᠨ᠎ᠠ᠃ ᠨᠡᠶᠢᠭᠡᠮ ᠤᠨ | ᠳᠠᠭᠠᠳᠬᠠᠯ ᠤᠨ ᠰᠠᠭᠤᠷᠢ ᠮᠥᠩᠭᠦ ᠶᠢ ᠬᠠᠷᠭᠤᠭᠤᠯᠤᠨ ᠪᠤᠳᠤᠬᠤ᠂ ᠲᠥᠰᠦᠭᠡᠯᠡᠵᠦ ᠤᠷᠢᠳᠴᠢᠯᠠᠨ ᠰᠡᠷᠡᠮᠵᠢᠯᠡᠭᠦᠯᠬᠦ ᠪᠠ | ᠮᠡᠳᠡᠭᠡ ᠵᠠᠩᠭᠢ ᠶᠢ ᠬᠥᠲᠥᠯᠥᠨ ᠵᠢᠯᠣᠭᠤᠳᠬᠤ ᠠᠵᠢᠯ ᠢ ᠬᠠᠷᠢᠭᠤᠴᠠᠵᠤ᠂ ᠠᠷᠭᠠᠴᠠᠬᠤ ᠪᠡᠯᠡᠳᠬᠡᠯ ᠲᠥᠰᠦᠯ ᠢ | ᠲᠤᠭᠤᠷᠪᠢᠨ ᠲᠣᠭᠲᠠᠭᠠᠵᠤ᠂ ᠰᠡᠷᠭᠡᠶᠢᠯᠡᠬᠦ᠂ ᠲᠣᠬᠢᠷᠠᠭᠤᠯᠬᠤ ᠪᠠ ᠡᠵᠡᠮᠳᠡᠬᠦ ᠶᠢ ᠬᠡᠷᠡᠭᠵᠢᠭᠦᠯᠵᠦ᠂ ᠨᠡᠶᠢᠭᠡᠮ ᠤᠨ | ᠳᠠᠭᠠᠳᠬᠠᠯ ᠤᠨ ᠰᠠᠭᠤᠷᠢ ᠮᠥᠩᠭᠦ ᠶᠢᠨ ᠠᠮᠤᠷ ᠲᠦᠪᠰᠢᠨ ᠲᠣᠭᠲᠠᠭᠤᠨ ᠢᠶᠠᠷ ᠠᠵᠢᠯᠯᠠᠬᠤ ᠶᠢ ᠪᠠᠲᠤᠯᠠᠨ᠎ᠠ᠃ | ︵ᠲᠠᠪᠤ︶ ᠤᠯᠤᠰ ᠪᠣᠯᠤᠨ ᠥᠪᠡᠷᠲᠡᠭᠡᠨ ᠵᠠᠰᠠᠬᠤ ᠣᠷᠣᠨ ᠤ ᠴᠠᠯᠢᠩ ᠠᠰᠠᠷᠠᠮᠵᠢ ᠬᠢᠭᠡᠳ ᠠᠵᠢᠯ ᠠᠴᠠ ᠪᠠᠨ | ᠰᠠᠯᠵᠤ ᠠᠮᠠᠷᠠᠭᠰᠠᠨ ᠪᠠ ᠠᠵᠢᠯ ᠠᠴᠠ ᠪᠠᠨ ᠪᠠᠭᠤᠵᠤ ᠠᠮᠠᠷᠠᠭᠰᠠᠨ ᠲᠥᠷᠥ ᠶᠢᠨ ᠪᠣᠳᠣᠯᠭ᠎ᠠ ᠶᠢ ᠲᠤᠤᠱᠯᠠᠭᠤᠯᠵᠤ᠂ | ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠠᠵᠢᠯ ᠦᠢᠯᠡᠰ ᠤᠨ ᠨᠢᠭᠡᠴᠡ ᠶᠢᠨ ᠠᠵᠢᠯᠲᠠᠨ ᠤ | ᠣᠷᠣᠯᠭ᠎ᠠ ᠶᠢᠨ ᠬᠤᠪᠢᠶᠠᠷᠢᠯᠠᠯᠲᠠ ᠶᠢᠨ ᠲᠥᠷᠥ ᠶᠢᠨ ᠪᠣᠳᠣᠯᠭ᠎ᠠ ᠶᠢ ᠲᠤᠤᠱᠯᠠᠭᠤᠯᠵᠤ᠂ ᠠᠵᠤ ᠠᠬᠤᠶᠢᠯᠠᠯ ᠠᠵᠢᠯ | ᠦᠢᠯᠡᠰ ᠤᠨ ᠨᠢᠭᠡᠴᠡ ᠶᠢᠨ ᠠᠵᠢᠯᠲᠠᠨ ᠤ ᠴᠠᠯᠢᠩ ᠤᠨ ᠬᠡᠪ ᠤᠨ ᠶᠣᠰᠣᠭᠠᠷ ᠨᠡᠮᠡᠭᠳᠡᠬᠦ ᠪᠠ ᠣᠯᠭᠤᠬᠤ ᠶᠢ ᠪᠠᠲᠤᠯᠠᠬᠤ | ᠲᠣᠭᠲᠠᠴᠠ ᠶᠢ ᠲᠡᠭᠦᠯᠳᠡᠷᠵᠢᠭᠦᠯᠵᠦ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠶᠢᠨ ᠠᠵᠢᠯᠲᠠᠨ ᠤ ᠠᠰᠠᠷᠠᠮᠵᠢ | ᠪᠣᠯᠤᠨ ᠠᠵᠢᠯ ᠠᠴᠠ ᠪᠠᠨ ᠪᠠᠭᠤᠵᠤ ᠠᠮᠠᠷᠠᠭᠰᠠᠨ ᠲᠥᠷᠥ ᠶᠢᠨ ᠪᠣᠳᠣᠯᠭ᠎ᠠ ᠶᠢ ᠲᠤᠤᠱᠯᠠᠭᠤᠯᠤᠨ᠎ᠠ᠃ | ︵ᠵᠢᠷᠭᠤᠭ᠎ᠠ︶ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠠᠵᠢᠯ ᠦᠢᠯᠡᠰ ᠤᠨ ᠨᠢᠭᠡᠴᠡ ᠶᠢᠨ | ᠠᠵᠢᠯᠲᠠᠨ ᠤ ᠶᠠᠪᠤᠳᠠᠯ ᠤᠨ ᠳᠦᠷᠢᠮ ᠤᠨ ᠥᠭᠡᠷᠡᠴᠢᠯᠡᠯᠲᠡ ᠶᠢ ᠵᠣᠬᠢᠶᠠᠨ ᠪᠠᠶᠢᠭᠤᠯᠵᠤ᠂ ᠠᠵᠢᠯ ᠦᠢᠯᠡᠰ ᠤᠨ | ᠨᠢᠭᠡᠴᠡ ᠶᠢᠨ ᠠᠵᠢᠯᠲᠠᠨ ᠪᠣᠯᠤᠨ ᠪᠠᠶᠢᠭᠤᠯᠤᠯᠭ᠎ᠠ ᠶᠢᠨ ᠦᠢᠯᠡᠴᠢᠯᠡᠭᠡᠨ ᠤ ᠠᠵᠢᠯᠲᠠᠨ ᠤ ᠬᠠᠮᠢᠶᠠᠷᠤᠯᠲᠠ ᠶᠢᠨ | ᠲᠥᠷᠥ ᠶᠢᠨ ᠪᠣᠳᠣᠯᠭ᠎ᠠ ᠶᠢ ᠲᠤᠤᠱᠯᠠᠭᠤᠯᠬᠤ ᠬᠡᠷᠡᠭᠲᠡᠶ᠃ ᠪᠦᠬᠦ ᠰᠢᠶᠠᠨ ᠤ ᠲᠤᠰᠬᠠᠶ ᠮᠡᠷᠭᠡᠵᠢᠯ ᠤᠨ ᠴᠢᠳᠠᠪᠤᠷᠢᠲᠠᠨ ᠤ | ᠡᠩᠨᠡᠭᠡ ᠶᠢᠨ ᠪᠠᠶᠢᠭᠤᠯᠤᠯᠲᠠ ᠶᠢᠨ ᠶᠡᠷᠦᠩᠬᠡᠶᠢᠯᠡᠭᠰᠡᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ ᠲᠤᠰᠬᠠᠶ | ᠮᠡᠷᠭᠡᠵᠢᠯ ᠤᠨ ᠠᠵᠢᠯᠲᠠᠨ ᠤ ᠬᠠᠮᠢᠶᠠᠷᠤᠯᠲᠠ ᠪᠣᠯᠤᠨ ᠦᠷᠭᠦᠯᠵᠢᠯᠡᠭᠰᠡᠨ ᠰᠤᠷᠭᠠᠨ ᠬᠥᠮᠦᠵᠢᠯ ᠤᠨ ᠲᠥᠷᠥ ᠶᠢᠨ | ᠪᠣᠳᠣᠯᠭ᠎ᠠ ᠶᠢ ᠲᠤᠤᠱᠯᠠᠭᠤᠯᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠮᠡᠷᠭᠡᠵᠢᠯ ᠤᠨ ᠴᠣᠯᠠ ᠶᠢᠨ | ᠳᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠠᠵᠢᠯ ᠢ ᠲᠦᠷᠦᠭᠦᠯᠡᠨ ᠠᠬᠢᠭᠤᠯᠵᠤ᠂ ᠳᠡᠭᠡᠳᠦ ᠳᠡᠰ | ᠳᠠᠪᠬᠤᠷᠭ᠎ᠠ ᠶᠢᠨ ᠲᠤᠰᠬᠠᠶ ᠮᠡᠷᠭᠡᠵᠢᠯ ᠤᠨ ᠴᠢᠳᠠᠪᠤᠷᠢᠲᠠᠨ ᠢ ᠬᠥᠮᠦᠵᠢᠭᠦᠯᠬᠦ ᠠᠵᠢᠯ ᠢ ᠬᠠᠷᠢᠭᠤᠴᠠᠨ᠎ᠠ᠃ | ︵ᠳᠤᠯᠤᠭ᠎ᠠ︶ ᠬᠥᠳᠡᠯᠮᠦᠷᠢ᠂ ᠠᠵᠢᠯᠲᠠᠨ ᠤ ᠶᠠᠪᠤᠳᠠᠯ ᠤᠨ ᠮᠠᠷᠭᠤᠯᠳᠤᠭᠠᠨ ᠢ ᠡᠶᠡᠳᠡᠭᠦᠯᠵᠦ ᠬᠥᠨᠳᠡᠯᠡᠨ ᠠᠴᠠ | ᠲᠠᠰᠤᠯᠬᠤ ᠳᠦᠷᠢᠮ ᠢ ᠨᠢᠭᠡᠳᠦᠯᠲᠡᠶ ᠲᠥᠯᠥᠪᠯᠡᠨ ᠬᠡᠷᠡᠭᠵᠢᠭᠦᠯᠵᠦ᠂ ᠬᠥᠳᠡᠯᠮᠦᠷᠢ ᠶᠢᠨ ᠬᠠᠷᠢᠴᠠᠭ᠎ᠠ ᠶᠢᠨ ᠲᠥᠷᠥ ᠶᠢᠨ | ᠪᠣᠳᠣᠯᠭ᠎ᠠ ᠶᠢ ᠲᠤᠭᠤᠰᠢᠯᠠᠭᠤᠯᠬᠤ ᠶᠢᠨ ᠬᠠᠮᠲᠤ ᠬᠠᠮᠢᠶ᠎ᠠ ᠪᠦᠬᠦᠢ ᠵᠣᠬᠢᠴᠠᠭᠤᠯᠬᠤ ᠲᠣᠭᠲᠠᠴᠠ ᠶᠢ ᠲᠡᠭᠦᠯᠳᠡᠷᠵᠢᠭᠦᠯᠵᠦ᠂ | ᠬᠥᠳᠡᠯᠮᠦᠷᠢ ᠶᠢᠨ ᠬᠢᠨᠠᠨ ᠪᠠᠶᠢᠴᠠᠭᠠᠯᠲᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠬᠥᠳᠡᠯᠮᠦᠷᠢᠴᠢᠳ ᠤᠨ ᠡᠷᠬᠡ | ᠠᠰᠢᠭ ᠢᠶᠠᠨ ᠬᠠᠮᠠᠭᠠᠯᠠᠬᠤ ᠠᠵᠢᠯ ᠢ ᠵᠣᠬᠢᠴᠠᠭᠤᠯᠤᠨ᠂ ᠬᠦᠨᠳᠦ ᠶᠡᠭᠡ ᠬᠡᠷᠡᠭ ᠢ ᠬᠠᠤᠯᠢ ᠶᠣᠰᠣᠭᠠᠷ ᠪᠠᠶᠢᠴᠠᠭᠠᠨ | ᠰᠢᠢᠳᠪᠦᠷᠢᠯᠡᠨ᠎ᠡ᠃ | ︵ᠨᠠᠢᠮᠠ︶ ᠲᠠᠷᠢᠶᠠᠴᠢᠨ ᠮᠠᠯᠴᠢᠨ ᠬᠦᠴᠦ ᠶᠠᠪᠤᠭᠰᠠᠳ ᠤᠨ ᠠᠵᠢᠯ ᠤᠨ ᠶᠡᠷᠦᠩᠬᠡᠶᠢᠯᠡᠭᠰᠡᠨ ᠴᠢᠨᠠᠷᠲᠠᠶ | ᠲᠥᠯᠥᠪᠵᠢᠭᠦᠯᠭᠡ ᠪᠣᠯᠤᠨ ᠲᠥᠷᠥ ᠶᠢᠨ ᠪᠣᠳᠣᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠲᠠᠷᠢᠶᠠᠴᠢᠨ | ᠮᠠᠯᠴᠢᠨ ᠬᠦᠴᠦ ᠶᠠᠪᠤᠭᠰᠠᠳ ᠤᠨ ᠠᠵᠢᠯ ᠤᠨ ᠬᠤᠯᠪᠣᠭᠳᠠᠯ ᠪᠦᠬᠦᠢ ᠭᠤᠤᠯᠳᠠᠯᠭ᠎ᠠ ᠲᠠᠢ ᠬᠦᠴᠢᠷ ᠠᠰᠠᠭᠤᠳᠠᠯ ᠢ | ᠵᠣᠬᠢᠴᠠᠭᠤᠯᠤᠨ ᠰᠢᠢᠳᠪᠤᠷᠢᠯᠡᠵᠤ᠂ ᠲᠠᠷᠢᠶᠠᠴᠢᠨ ᠮᠠᠯᠴᠢᠨ ᠬᠦᠴᠦ ᠶᠠᠪᠤᠭᠰᠠᠳ ᠤᠨ ᠬᠠᠤᠯᠢ ᠶᠣᠰᠣᠨ ᠤ ᠡᠷᠬᠡ | ᠠᠰᠢᠭ ᠢ ᠬᠠᠮᠠᠭᠠᠯᠠᠬᠤ ᠬᠡᠷᠡᠭᠲᠡᠶ᠃ ᠮᠠᠨ ᠤ ᠰᠢᠶᠠᠨ ᠤ ᠭᠠᠳᠠᠭᠰᠢ ᠭᠠᠷᠴᠤ ᠬᠦᠴᠦ ᠶᠠᠪᠤᠭᠰᠠᠳ ᠤᠨ | ᠶᠡᠷᠦᠩᠬᠡᠶᠢᠯᠡᠭᠰᠡᠨ ᠦᠢᠯᠡᠴᠢᠯᠡᠭᠡᠨ ᠤ ᠬᠠᠮᠢᠶᠠᠷᠤᠯᠲᠠ ᠶᠢᠨ ᠲᠥᠯᠥᠪᠵᠢᠭᠦᠯᠭᠡ᠂ ᠲᠥᠷᠥ ᠶᠢᠨ ᠪᠣᠳᠣᠯᠭ᠎ᠠ ᠶᠢ | ᠲᠤᠤᠱᠯᠠᠭᠤᠯᠵᠤ᠂ ᠭᠠᠳᠠᠭᠰᠢ ᠭᠠᠷᠴᠤ ᠬᠦᠴᠦ ᠶᠠᠪᠤᠭᠰᠠᠳ ᠲᠤ ᠴᠢᠭᠯᠡᠭᠦᠯᠦᠭᠰᠡᠨ ᠬᠥᠮᠦᠨ ᠤ ᠬᠦᠴᠦᠨ ᠤ ᠡᠬᠢ | ᠪᠠᠶᠠᠯᠢᠭ ᠤᠨ ᠨᠡᠭᠡᠭᠡᠯᠲᠡ ᠬᠢᠭᠡᠳ ᠨᠡᠶᠢᠭᠡᠮ ᠤᠨ ᠪᠠᠲᠤᠯᠠᠭ᠎ᠠ ᠶᠢᠨ ᠲᠥᠷᠥ ᠶᠢᠨ ᠪᠣᠳᠣᠯᠭ᠎ᠠ᠂ ᠠᠷᠭ᠎ᠠ ᠬᠡᠮᠵᠢᠶ᠎ᠡ ᠶᠢ | ᠲᠤᠤᠱᠯᠠᠭᠤᠯᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠬᠢᠨᠠᠯᠲᠠ ᠲᠠᠯᠪᠢᠨ ᠪᠠᠶᠢᠴᠠᠭᠠᠨ᠎ᠠ᠃ ᠮᠠᠨ ᠤ | ᠰᠢᠶᠠᠨ ᠤ ᠭᠠᠳᠠᠭᠰᠢ ᠭᠠᠷᠴᠤ ᠬᠥᠯᠥᠰᠥᠨ ᠠᠵᠢᠯ ᠬᠢᠭᠰᠡᠳ ᠤᠨ ᠶᠡᠷᠦᠩᠬᠡᠶᠢᠯᠡᠭᠰᠡᠨ ᠦᠢᠯᠡᠴᠢᠯᠡᠭᠡᠨ ᠤ | ᠬᠠᠮᠢᠶᠠᠷᠤᠯᠲᠠ ᠶᠢᠨ ᠠᠵᠢᠯ ᠢ ᠬᠠᠷᠢᠭᠤᠴᠠᠨ ᠬᠠᠮᠢᠶᠠᠷᠤᠨ᠎ᠠ᠃ | ︵ᠶᠢᠰᠦ︶ ᠮᠠᠨ ᠤ ᠰᠢᠶᠠᠨ ᠤ ᠠᠵᠢᠯ ᠣᠯᠭᠤᠯᠲᠠ ᠪᠠᠷ ᠶᠠᠳᠠᠭᠤ ᠶᠢ ᠲᠡᠳᠬᠦᠬᠦ ᠡᠯ᠎ᠡ ᠵᠦᠢᠯ ᠤᠨ ᠲᠥᠷᠥ ᠶᠢᠨ | ᠪᠣᠳᠣᠯᠭ᠎ᠠ ᠶᠢ ᠲᠤᠤᠱᠯᠠᠭᠤᠯᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠡᠭᠦᠷᠭᠡ ᠶᠢ ᠬᠢᠨᠠᠮᠠᠭᠠᠶ | ᠪᠡᠶᠡᠯᠡᠭᠦᠯᠦᠨ᠎ᠡ︔ ᠰᠢᠶᠠᠨ ᠤ ᠰᠢᠭᠤᠳ ᠬᠠᠷᠢᠶ᠎ᠠ ᠬᠤᠯᠪᠣᠭᠳᠠᠯ ᠪᠦᠬᠦᠢ ᠡᠯ᠎ᠡ ᠰᠠᠯᠠᠭ᠎ᠠ ᠮᠥᠴᠢᠷ ᠲᠠᠢ ᠬᠠᠮᠵᠢᠯᠴᠠᠨ | ᠠᠶᠤᠯᠭᠦᠶ ᠦᠢᠯᠡᠳᠪᠦᠷᠢᠯᠡᠯ᠂ ᠠᠮᠢ ᠠᠬᠤᠶ ᠶᠢᠨ ᠣᠷᠴᠢᠨ ᠲᠣᠭᠤᠷᠢᠨ ᠤ ᠬᠠᠮᠠᠭᠠᠯᠠᠯᠲᠠ᠂ ᠢᠳᠡᠭᠡᠨ ᠤ ᠠᠮᠤᠷ | ᠲᠦᠪᠰᠢᠨ ᠤ ᠠᠵᠢᠯ ᠢ ᠰᠠᠶᠢᠲᠤᠷ ᠬᠢᠨ᠎ᠡ︔ ᠲᠤᠰ ᠠᠵᠢᠯ ᠲᠥᠷᠥᠯ ᠤᠨ ᠵᠥᠷᠢᠴᠡᠯ ᠢ ᠨᠠᠮᠳᠠᠭᠤᠯᠬᠤ᠂ ᠵᠠᠬᠢᠳᠠᠯ | ᠰᠤᠷᠪᠤᠯᠵᠢᠯᠠᠭ᠎ᠠ ᠪᠠ ᠲᠣᠭᠲᠠᠭᠤᠨ ᠪᠠᠶᠢᠳᠠᠯ ᠢ ᠬᠠᠮᠠᠭᠠᠯᠠᠬᠤ ᠠᠵᠢᠯ ᠢ ᠰᠠᠶᠢᠲᠤᠷ ᠬᠢᠨ᠎ᠡ︔ ᠬᠥᠮᠦᠨ ᠤ ᠬᠦᠴᠦᠨ ᠤ | ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠯ ᠳᠤ | ᠬᠤᠯᠪᠣᠭᠳᠠᠭᠰᠠᠨ ᠨᠠᠰᠤᠵᠢᠯ ᠤᠨ ᠠᠰᠠᠷᠠᠮᠵᠢ᠂ ᠴᠠᠯᠢᠩ᠂ ᠠᠵᠢᠯ ᠠᠴᠠ ᠪᠣᠯᠤᠭᠰᠠᠨ ᠭᠡᠮᠲᠦᠯ᠂ ᠮᠡᠷᠭᠡᠵᠢᠯ ᠤᠨ ᠴᠣᠯᠠ | ᠵᠡᠷᠭᠡ ᠶᠢ ᠬᠢᠨᠠᠨ ᠵᠥᠪᠰᠢᠶᠡᠷᠡᠬᠦ ᠲᠠᠰᠤᠭ ᠪᠠᠶᠢᠭᠤᠯᠵᠤ᠂ ᠲᠣᠪᠴᠢᠶᠠᠨ ᠤ ᠪᠠᠶᠢᠭᠤᠯᠭ᠎ᠠ ᠶᠢᠨ ᠦᠢᠯᠡᠴᠢᠯᠡᠭᠡᠨ ᠤ | ᠲᠢᠩᠬᠢᠮ ᠳᠤ ᠫᠠᠶᠢᠰᠠ ᠡᠯᠭᠦᠪᠡ᠃ | ︵ᠠᠷᠪᠠ︶ ᠰᠢᠶᠠᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠡᠭᠦᠷᠭᠡ ᠶᠢ | ᠪᠡᠶᠡᠯᠡᠭᠦᠯᠦᠨ᠎ᠡ᠃ | ᠳᠣᠲᠣᠭᠠᠳᠤ ᠶᠢᠨ ᠪᠠᠶᠢᠭᠤᠯᠤᠮᠵᠢ᠄ | ︵ᠨᠢᠭᠡ︶ ᠠᠯᠪᠠᠨ ᠭᠡᠷ᠃ ᠪᠠᠶᠢᠭᠤᠯᠭ᠎ᠠ ᠶᠢᠨ ᠡᠳᠦᠷ ᠲᠤᠲᠤᠮ ᠤᠨ ᠠᠵᠢᠯ ᠢ ᠬᠠᠷᠢᠭᠤᠴᠠᠨ᠎ᠠ᠃ ᠪᠢᠴᠢᠭ | ᠮᠠᠲ᠋ᠧᠷᠢᠶᠠᠯ ᠴᠠᠬᠢᠯᠭᠠᠨ᠂ ᠨᠢᠭᠤᠴᠠ ᠮᠠᠲ᠋ᠧᠷᠢᠶᠠᠯ᠂ ᠳᠠᠩᠰᠠ ᠡᠪᠬᠡᠮᠡᠯ᠂ ᠨᠢᠭᠤᠴᠠ ᠶᠢ ᠬᠠᠮᠠᠭᠠᠯᠠᠬᠤ᠂ ᠬᠤᠷᠠᠯ ᠤᠨ | ᠶᠠᠪᠤᠳᠠᠯ᠂ ᠠᠮᠤᠷ ᠲᠦᠪᠰᠢᠨ ᠤ ᠬᠠᠮᠠᠭᠠᠯᠠᠯᠲᠠ᠂ ᠵᠠᠰᠠᠭ ᠤᠨ ᠶᠠᠪᠤᠳᠠᠯ ᠢ ᠢᠯᠡ ᠪᠣᠯᠭᠠᠬᠤ᠂ ᠰᠢᠮᠳᠠᠭᠤᠯᠤᠨ | ᠪᠠᠶᠢᠴᠠᠭᠠᠬᠤ᠂ ᠳᠦᠷᠢᠮ ᠤᠨ ᠪᠠᠶᠢᠭᠤᠯᠤᠯᠲᠠ᠂ ᠪᠠᠶᠢᠭᠤᠯᠭ᠎ᠠ ᠶᠢᠨ ᠮᠡᠳᠡᠭᠡ ᠵᠠᠩᠭᠢᠵᠢᠯᠲᠠ᠂ ᠠᠯᠪᠠᠨ ᠠᠵᠢᠯ ᠤᠨ | ᠠᠦ᠋ᠲ᠋ᠣᠴᠢᠯᠠᠯᠲᠠ ᠵᠡᠷᠭᠡ ᠠᠵᠢᠯ ᠢ ᠡᠭᠦᠷᠭᠡᠯᠡᠨ᠎ᠡ᠃ ᠬᠥᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ | ᠪᠠᠲᠤᠯᠠᠭ᠎ᠠ ᠶᠢᠨ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ | ᠪᠠᠷᠢᠮᠵᠢᠶᠠᠵᠢᠭᠤᠯᠬᠤ ᠪᠠᠶᠢᠭᠤᠯᠤᠯᠲᠠ ᠶᠢ ᠬᠠᠷᠢᠭᠤᠴᠠᠵᠤ᠂ ︽ᠢᠨᠲ᠋ᠧᠷ ᠰᠦᠯᠵᠢᠶᠡᠨ ᠤ ᠵᠠᠰᠠᠭ ᠤᠨ ᠶᠠᠪᠤᠳᠠᠯ ᠤᠨ | ᠦᠢᠯᠡᠴᠢᠯᠡᠭᠡ︾ ᠶᠢᠨ ᠠᠵᠢᠯ ᠢ ᠲᠦᠷᠦᠭᠦᠯᠡᠨ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃ ᠬᠥᠮᠦᠨ ᠤ ᠬᠦᠴᠦᠨ ᠤ | ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮ ᠤᠨ ᠠᠵᠢᠯ ᠲᠥᠷᠥᠯ ᠤᠨ ᠰᠤᠷᠲᠠᠯ ᠤᠨ ᠪᠠᠶᠢᠭᠤᠯᠤᠯᠲᠠ ᠶᠢ | ᠬᠠᠷᠢᠭᠤᠴᠠᠨ᠎ᠠ᠃ ᠴᠢᠬᠤᠯᠠ ᠡᠬᠡ ᠪᠢᠴᠢᠭ ᠲᠤᠭᠤᠷᠪᠢᠬᠤ ᠠᠵᠢᠯ ᠢ ᠡᠭᠦᠷᠭᠡᠯᠡᠨ᠎ᠡ᠃ ᠰᠣᠨᠢᠨ ᠮᠡᠳᠡᠭᠡᠨ ᠤ | ᠤᠬᠠᠭᠤᠯᠭ᠎ᠠ ᠬᠢᠭᠡᠳ ᠶᠠᠷᠢᠶ᠎ᠠ ᠬᠡᠯᠡᠯᠴᠡᠭᠡᠨ ᠤ ᠪᠠᠶᠢᠳᠠᠯ ᠢ ᠬᠢᠨᠠᠨ ᠡᠵᠡᠮᠳᠡᠬᠦ ᠠᠵᠢᠯ ᠢ ᠬᠠᠷᠢᠭᠤᠴᠠᠨ᠎ᠠ᠃ ᠬᠥᠮᠦᠨ ᠤ | ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠬᠦᠷᠢᠶᠡᠨ ᠳᠠᠬᠢ ᠥᠭᠡᠷᠡᠴᠢᠯᠡᠯᠲᠡ ᠶᠢᠨ ᠵᠦᠢᠯᠡᠰ ᠢ | ᠵᠣᠬᠢᠴᠠᠭᠤᠯᠤᠨ ᠨᠠᠶᠢᠳᠠᠪᠤᠷᠢᠵᠢᠭᠤᠯᠤᠨ᠎ᠠ᠃ ᠲᠣᠪᠴᠢᠶ᠎ᠠ ᠶᠢᠨ ᠪᠠᠶᠢᠭᠤᠯᠭ᠎ᠠ ᠶᠢᠨ ᠨᠠᠮ ᠤᠨ ᠪᠠᠶᠢᠭᠤᠯᠤᠯᠲᠠ ᠶᠢᠨ ᠪᠦᠬᠦ | ᠲᠠᠯ᠎ᠠ ᠶᠢᠨ ᠠᠵᠢᠯ ᠢ ᠬᠠᠷᠢᠭᠤᠴᠠᠵᠤ᠂ ᠪᠠᠶᠢᠭᠤᠯᠭ᠎ᠠ ᠶᠢᠨ ᠨᠠᠮ ᠤᠨ ᠬᠤᠷᠢᠶᠠᠨ ᠤ ᠡᠳᠦᠷ ᠲᠤᠲᠤᠮ ᠤᠨ ᠠᠵᠢᠯ ᠢ | ᠡᠭᠦᠷᠭᠡᠯᠡᠵᠦ᠂ ᠬᠠᠷᠢᠶ᠎ᠠ ᠨᠢᠭᠡᠴᠢ ᠶᠢᠨ ᠢᠶᠠᠨ ᠨᠠᠮ ᠤᠨ ᠪᠠᠶᠢᠭᠤᠯᠤᠯᠲᠠ ᠶᠢᠨ ᠠᠵᠢᠯ ᠢ ᠵᠢᠯᠣᠭᠤᠳᠴᠤ᠂ ᠬᠢᠨᠠᠯᠲᠠ | ᠲᠠᠯᠪᠢᠵᠤ᠂ ᠪᠠᠶᠢᠴᠠᠭᠠᠨ᠎ᠠ᠃ ᠲᠣᠪᠴᠢᠶᠠᠨ ᠤ ᠪᠠᠶᠢᠭᠤᠯᠭ᠎ᠠ ᠣᠯᠠᠨ ᠲᠦᠮᠡᠨ ᠤ ᠪᠦᠯᠬᠦᠮ ᠤᠨ ᠠᠵᠢᠯ ᠢ ᠡᠭᠦᠷᠭᠡᠯᠡᠨ᠎ᠡ᠃ | ᠮᠡᠳᠡᠭᠡ ᠵᠠᠩᠭᠢ ᠶᠢᠨ ᠲᠥᠯᠥᠪᠵᠢᠭᠦᠯᠭᠡ ᠪᠣᠯᠤᠨ ᠲᠤᠭ᠎ᠠ ᠪᠦᠷᠢᠳᠬᠡᠯ ᠤᠨ ᠬᠠᠮᠢᠶᠠᠷᠤᠯᠲᠠ ᠶᠢ ᠬᠠᠷᠢᠭᠤᠴᠠᠨ᠎ᠠ᠃ | ᠪᠠᠶᠢᠭᠤᠯᠭ᠎ᠠ ᠶᠢᠨ ᠡᠳ᠋ ᠤᠨ ᠶᠠᠪᠤᠳᠠᠯ᠂ ᠡᠳ᠋ ᠬᠥᠷᠥᠩᠭᠡ᠂ ᠦᠨᠳᠦᠰᠦᠨ ᠪᠦᠲᠦᠭᠡᠨ ᠪᠠᠶᠢᠭᠤᠯᠤᠯᠲᠠ ᠵᠡᠷᠭᠡ ᠠᠵᠢᠯ ᠢ | ᠡᠭᠦᠷᠭᠡᠯᠡᠨ᠎ᠡ᠃ ᠬᠠᠷᠢᠶ᠎ᠠ ᠨᠢᠭᠡᠴᠢ ᠶᠢᠨ ᠢᠶᠠᠨ ᠡᠳ᠋ ᠤᠨ ᠶᠠᠪᠤᠳᠠᠯ ᠤᠨ ᠠᠵᠢᠯ ᠢ ᠵᠢᠯᠣᠭᠤᠳᠤᠨ᠎ᠠ᠃ ᠬᠥᠳᠡᠯᠮᠦᠷᠢ ᠶᠢᠨ | ᠠᠵᠢᠯᠴᠢᠨ ᠬᠡᠷᠡᠭᠯᠡᠬᠦ ᠬᠠᠮᠢᠶᠠᠷᠤᠯᠲᠠ ᠶᠢ ᠵᠢᠷᠤᠮᠵᠢᠭᠤᠯᠵᠤ᠂ ᠬᠥᠳᠡᠯᠮᠦᠷᠢ ᠶᠢᠨ ᠪᠠᠷᠢᠮᠵᠢᠶ᠎ᠠ ᠶᠢ ᠲᠤᠤᠱᠯᠠᠭᠤᠯᠤᠨ᠂ | ᠣᠨᠴᠠᠭᠠᠶ ᠠᠵᠢᠯᠯᠠᠬᠤ ᠴᠠᠭ ᠤᠨ ᠳᠦᠷᠢᠮ ᠢ ᠨᠠᠶᠢᠳᠠᠪᠤᠷᠢᠵᠢᠭᠤᠯᠬᠤ ᠬᠡᠷᠡᠭᠲᠡᠶ᠃ ᠬᠥᠳᠡᠯᠮᠦᠷᠢ ᠶᠢᠨ ᠬᠠᠷᠢᠴᠠᠭ᠎ᠠ ᠶᠢ | ᠵᠣᠬᠢᠴᠠᠭᠤᠯᠬᠤ ᠭᠤᠷᠪᠠᠨ ᠲᠠᠯ᠎ᠠ ᠶᠢᠨ ᠲᠣᠭᠲᠠᠴᠠ ᠶᠢᠨ ᠡᠭᠦᠷᠭᠡ ᠬᠠᠷᠢᠭᠤᠴᠠᠯᠭ᠎ᠠ ᠪᠠᠨ ᠬᠠᠤᠯᠢ ᠶᠣᠰᠣᠭᠠᠷ | ᠭᠦᠢᠴᠡᠳᠬᠡᠵᠦ᠂ ᠡᠶ᠎ᠡ ᠵᠣᠬᠢᠴᠠᠯ ᠲᠠᠢ ᠬᠥᠳᠡᠯᠮᠦᠷᠢ ᠶᠢᠨ ᠬᠠᠷᠢᠴᠠᠭ᠎ᠠ ᠶᠢ ᠪᠠᠶᠢᠭᠤᠯᠬᠤ ᠠᠵᠢᠯᠯᠠᠭ᠎ᠠ ᠶᠢ ᠥᠷᠨᠢᠭᠦᠯᠦᠨ᠎ᠡ | ᠃ ᠠᠵᠤ ᠠᠬᠤᠶᠢᠯᠠᠯ ᠤᠨ ᠴᠠᠯᠢᠩ ᠬᠥᠯᠥᠰᠥ ᠶᠢᠨ ᠪᠠᠶᠢᠴᠠᠭᠠᠯᠲᠠ ᠪᠠ ᠨᠡᠶᠢᠲᠡᠯᠡᠬᠦ ᠳᠦᠷᠢᠮ ᠢ ᠪᠠᠶᠢᠭᠤᠯᠤᠨ᠎ᠠ᠃ ᠠᠵᠤ | ᠠᠬᠤᠶᠢᠯᠠᠯ ᠤᠨ ᠴᠠᠯᠢᠩ ᠤᠨ ᠣᠷᠣᠯᠭ᠎ᠠ ᠶᠢᠨ ᠬᠤᠪᠢᠶᠠᠷᠢᠯᠠᠯᠲᠠ ᠶᠢᠨ ᠬᠤᠷᠸ᠎ᠠ ᠵᠢᠯᠣᠭᠤᠳᠤᠯᠭ᠎ᠠ᠂ ᠲᠣᠬᠢᠷᠠᠭᠤᠯᠭ᠎ᠠ | ᠡᠵᠡᠮᠰᠢᠯ ᠪᠣᠯᠤᠨ ᠣᠯᠭᠤᠬᠤ ᠲᠥᠷᠥ ᠶᠢᠨ ᠪᠣᠳᠣᠯᠭ᠎ᠠ ᠶᠢ ᠲᠤᠤᠱᠯᠠᠭᠤᠯᠬᠤ ᠬᠡᠷᠡᠭᠲᠡᠶ᠃ ᠤᠯᠤᠰ ᠤᠨ ᠥᠮᠴᠢᠯᠡᠯᠲᠦ | ᠠᠵᠤ ᠠᠬᠤᠶᠢᠯᠠᠯ ᠤᠨ ᠬᠠᠷᠢᠭᠤᠴᠠᠯᠭᠠᠲᠠᠨ ᠤ ᠴᠠᠯᠢᠩ ᠬᠥᠯᠥᠰᠥ ᠪᠠ ᠴᠠᠯᠢᠩ ᠢ ᠲᠣᠭᠲᠠᠭᠠᠬᠤ ᠲᠣᠭᠲᠠᠴᠠ ᠶᠢᠨ | ᠲᠥᠷᠥ ᠶᠢᠨ ᠪᠣᠳᠣᠯᠭ᠎ᠠ ᠶᠢ ᠲᠤᠤᠱᠯᠠᠭᠤᠯᠤᠨ᠎ᠠ᠃ ᠤᠯᠤᠰ᠂ ᠥᠪᠡᠷᠲᠡᠭᠡᠨ ᠵᠠᠰᠠᠬᠤ ᠣᠷᠣᠨ ᠤ ᠠᠵᠢᠯ ᠠᠴᠠ | ᠪᠣᠯᠤᠭᠰᠠᠨ ᠭᠡᠮᠲᠦᠯ ᠤᠨ ᠳᠠᠭᠠᠳᠬᠠᠯ ᠤᠨ ᠬᠠᠤᠯᠢ ᠴᠠᠭᠠᠵᠠ ᠬᠠᠤᠯᠢ ᠲᠣᠭᠲᠠᠭᠠᠯ ᠪᠣᠯᠤᠨ ᠲᠥᠷᠥ ᠶᠢᠨ ᠪᠣᠳᠣᠯᠭ᠎ᠠ ᠶᠢ | ᠲᠤᠤᠱᠯᠠᠭᠤᠯᠵᠤ᠂ ᠠᠵᠢᠯ ᠠᠴᠠ ᠪᠣᠯᠤᠭᠰᠠᠨ ᠭᠡᠮᠲᠦᠯ ᠢ ᠰᠡᠷᠭᠡᠶᠢᠯᠡᠬᠦ᠂ ᠠᠵᠢᠯ ᠠᠴᠠ ᠪᠣᠯᠤᠭᠰᠠᠨ ᠭᠡᠮᠲᠦᠯ ᠢ | ᠦᠨᠡᠮᠰᠢᠬᠦ᠂ ᠬᠥᠳᠡᠯᠮᠦᠷᠢᠯᠡᠬᠦ ᠴᠢᠳᠠᠪᠤᠷᠢ ᠶᠢ ᠬᠢᠨᠠᠨ ᠲᠣᠭᠲᠠᠭᠠᠬᠤ᠂ ᠠᠵᠢᠯ ᠠᠴᠠ ᠪᠣᠯᠤᠭᠰᠠᠨ ᠭᠡᠮᠲᠦᠯ ᠢ | ᠡᠷᠡᠭᠦᠯᠵᠢᠭᠦᠯᠬᠦ ᠵᠡᠷᠭᠡ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠤᠨ ᠬᠠᠮᠢᠶᠠᠷᠤᠯᠲᠠ ᠶᠢᠨ ᠠᠷᠭ᠎ᠠ ᠶᠢ | ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ | ︵ᠬᠤᠶᠠᠷ︶ ᠠᠵᠢᠯ ᠦᠢᠯᠡᠰ ᠤᠨ ᠨᠢᠭᠡᠴᠢ ᠶᠢᠨ ᠠᠵᠢᠯᠲᠠᠨ ᠤ ᠶᠠᠪᠤᠳᠠᠯ ᠤᠨ ᠲᠠᠰᠤᠭ᠃ ᠠᠵᠢᠯᠲᠠᠨ ᠤ | ᠶᠠᠪᠤᠳᠠᠯ ᠤᠨ ᠬᠠᠮᠢᠶᠠᠷᠤᠯᠲᠠ᠂ ᠺᠠᠳ᠋ᠷ ᠢ ᠬᠢᠨᠠᠨ ᠰᠢᠯᠭᠠᠬᠤ ᠵᠡᠷᠭᠡ ᠠᠵᠢᠯ ᠢ ᠬᠠᠷᠢᠭᠤᠴᠠᠨ᠎ᠠ᠃ ᠪᠦᠬᠦ ᠰᠢᠶᠠᠨ ᠤ | ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮ ᠤᠨ ᠺᠠᠳ᠋ᠷ ᠤᠨ ᠬᠥᠮᠦᠵᠢᠯ | ᠪᠣᠯᠪᠠᠰᠤᠷᠠᠭᠤᠯᠤᠯ ᠤᠨ ᠠᠵᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠪᠦᠬᠦ ᠰᠢᠶᠠᠨ ᠤ ᠲᠤᠰᠬᠠᠶ | ᠮᠡᠷᠭᠡᠵᠢᠯ ᠤᠨ ᠠᠵᠢᠯᠲᠠᠨ ᠤ ᠦᠷᠭᠦᠯᠵᠢᠯᠡᠭᠰᠡᠨ ᠰᠤᠷᠭᠠᠨ ᠬᠥᠮᠦᠵᠢᠯ ᠤᠨ ᠠᠵᠢᠯ ᠢ ᠬᠠᠷᠢᠭᠤᠴᠠᠨ᠎ᠠ᠃ ᠲᠤᠰᠬᠠᠶ | ᠮᠡᠷᠭᠡᠵᠢᠯ ᠤᠨ ᠬᠢᠷᠢ ᠬᠡᠮ ᠤᠨ ᠰᠢᠯᠭᠠᠯᠲᠠ ᠶᠢᠨ ᠳᠦᠷᠢᠮ ᠢ ᠨᠠᠶᠢᠳᠠᠪᠤᠷᠢᠵᠢᠭᠤᠯᠵᠤ᠂ ᠠᠵᠢᠯ ᠦᠢᠯᠡᠰ ᠤᠨ | ᠨᠢᠭᠡᠴᠡ ᠶᠢᠨ ᠠᠵᠢᠯ ᠤᠨ ᠪᠠᠶᠢᠷᠢ ᠶᠢᠨ ᠬᠠᠮᠢᠶᠠᠷᠤᠯᠲᠠ᠂ ᠮᠡᠷᠭᠡᠵᠢᠯ ᠤᠨ ᠴᠣᠯᠠ ᠶᠢ ᠬᠢᠨᠠᠨ ᠲᠣᠭᠲᠠᠭᠠᠵᠤ ᠳᠡᠭᠡᠭᠰᠢ | ᠮᠡᠳᠡᠭᠦᠯᠬᠦ᠂ ᠠᠵᠢᠯᠲᠠᠨ ᠢ ᠤᠷᠢᠵᠤ ᠬᠡᠷᠡᠭᠯᠡᠬᠦ᠂ ᠲᠤᠰᠬᠠᠶ ᠮᠡᠷᠭᠡᠵᠢᠯ ᠤᠨ ᠠᠵᠢᠯᠲᠠᠨ ᠤ ᠮᠡᠷᠭᠡᠵᠢᠯ ᠤᠨ ᠴᠣᠯᠠ ᠶᠢ | ᠤᠷᠢᠨ ᠲᠣᠮᠢᠯᠠᠭᠰᠠᠨ ᠤ ᠳᠠᠷᠠᠭᠠᠬᠢ ᠠᠵᠢᠯ ᠤᠨ ᠠᠮᠵᠢᠯᠲᠠ ᠪᠦᠲᠦᠮᠵᠢ ᠶᠢ ᠦᠨᠡᠯᠡᠬᠦ ᠪᠠ ᠬᠠᠮᠢᠶᠠᠷᠬᠤ ᠵᠡᠷᠭᠡ ᠠᠵᠢᠯ ᠢ | ᠬᠠᠷᠢᠭᠤᠴᠠᠨ᠎ᠠ᠃ | ︵ᠭᠤᠷᠪᠠ︶ ᠴᠠᠯᠢᠩ ᠠᠰᠠᠷᠠᠮᠵᠢ ᠶᠢᠨ ᠲᠠᠰᠤᠭ᠃ ᠤᠯᠤᠰ ᠪᠣᠯᠤᠨ ᠥᠪᠡᠷᠲᠡᠭᠡᠨ ᠵᠠᠰᠠᠬᠤ ᠣᠷᠣᠨ ᠤ | ᠠᠮᠵᠢᠯᠲᠠ ᠪᠦᠲᠦᠮᠵᠢ ᠶᠢᠨ ᠴᠠᠯᠢᠩ᠂ ᠨᠥᠬᠦᠪᠥᠷᠢ ᠮᠥᠩᠭᠦ᠂ ᠠᠰᠠᠷᠠᠮᠵᠢ᠂ ᠲᠡᠳᠬᠦᠪᠦᠷᠢ ᠳᠤ ᠭᠠᠷᠬᠤ ᠵᠡᠷᠭᠡ | ᠲᠥᠷᠥ ᠶᠢᠨ ᠪᠣᠳᠣᠯᠭ᠎ᠠ ᠶᠢ ᠲᠤᠭᠤᠰᠢᠯᠠᠭᠤᠯᠤᠨ᠎ᠠ᠃ ᠠᠵᠢᠯ ᠦᠢᠯᠡᠰ ᠤᠨ ᠨᠢᠭᠡᠴᠡ ᠶᠢ ᠬᠢᠨᠠᠨ ᠰᠢᠯᠭᠠᠬᠤ᠂ | ᠪᠣᠯᠪᠠᠰᠤᠷᠠᠭᠤᠯᠬᠤ᠂ ᠱᠠᠩᠨᠠᠵᠤ ᠲᠣᠷᠭᠠᠬᠤ᠂ ᠭᠤᠮᠣᠳᠠᠯ ᠲᠣᠭᠠᠴᠢᠬᠤ ᠠᠵᠢᠯ ᠢ ᠵᠣᠬᠢᠶᠠᠨ ᠪᠠᠶᠢᠭᠤᠯᠤᠨ | ᠬᠡᠷᠡᠭᠵᠢᠭᠦᠯᠦᠨ᠎ᠡ᠃ ᠰᠢᠶᠠᠨ ᠤ ᠰᠢᠭᠤᠳ ᠬᠠᠷᠢᠶ᠎ᠠ ᠠᠵᠢᠯ ᠦᠢᠯᠡᠰ ᠤᠨ ᠨᠢᠭᠡᠴᠡ ᠶᠢᠨ ᠠᠵᠢᠯ ᠤᠨ ᠠᠮᠵᠢᠯᠲᠠ | ᠪᠦᠲᠦᠮᠵᠢ ᠶᠢᠨ ᠴᠠᠯᠢᠩ ᠤᠨ ᠶᠡᠷᠦᠩᠬᠡᠶ ᠬᠡᠮᠵᠢᠶ᠎ᠡ ᠶᠢ ᠬᠢᠨᠠᠨ ᠲᠣᠭᠲᠠᠭᠠᠬᠤ᠂ ᠴᠠᠯᠢᠩ ᠤᠨ ᠰᠠᠭᠤᠷᠢ ᠮᠥᠩᠭᠦ ᠶᠢ | ᠰᠢᠭᠦᠨ ᠰᠢᠶ᠋ᠳᠪᠦᠷᠢᠯᠡᠬᠦ᠂ ᠠᠵᠢᠯᠯᠠᠭᠰᠠᠨ ᠨᠠᠰᠤ ᠶᠢ ᠮᠠᠭᠠᠳᠯᠠᠨ ᠲᠣᠭᠲᠠᠭᠠᠬᠤ ᠵᠢᠴᠢ ᠴᠠᠯᠢᠩ ᠢ ᠲᠣᠭᠲᠠᠭᠠᠬᠤ᠂ | ᠬᠢᠨᠠᠨ ᠬᠠᠷᠭᠤᠭᠤᠯᠬᠤ᠂ ᠳᠠᠩᠰᠠᠯᠠᠬᠤ᠂ ᠰᠢᠯᠭᠠᠨ ᠬᠢᠨᠠᠵᠤ ᠪᠣᠯᠪᠠᠰᠤᠷᠠᠭᠤᠯᠬᠤ᠂ ᠱᠠᠩᠨᠠᠵᠤ ᠲᠣᠷᠭᠠᠬᠤ᠂ ᠭᠤᠮᠣᠳᠠᠯ | ᠲᠣᠭᠠᠴᠢᠬᠤ ᠠᠵᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ | ︵ᠲᠦᠷᠪᠡ︶ ᠠᠵᠢᠯ ᠮᠡᠷᠭᠡᠵᠢᠯ ᠤᠨ ᠴᠢᠳᠠᠪᠤᠷᠢ ᠶᠢᠨ ᠪᠠᠶᠢᠬᠤᠯᠤᠯᠲᠠ ᠶᠢᠨ ᠲᠠᠰᠤᠭ᠃ ᠪᠦᠬᠦ ᠰᠢᠶᠠᠨ ᠤ | ᠬᠤᠲᠠ ᠬᠥᠳᠡᠭᠡ ᠶᠢᠨ ᠬᠥᠳᠡᠯᠮᠦᠷᠢᠴᠢᠳ ᠤᠨ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠭᠤᠯᠤᠯ ᠤᠨ | ᠦᠨᠳᠦᠰᠦᠨ ᠲᠥᠷᠥ ᠶᠢᠨ ᠪᠣᠳᠣᠯᠭ᠎ᠠ ᠪᠠ ᠬᠥᠭᠵᠢᠯᠲᠡ ᠶᠢᠨ ᠲᠥᠯᠥᠪᠵᠢᠭᠦᠯᠭᠡ ᠶᠢ ᠲᠤᠤᠱᠯᠠᠭᠤᠯᠵᠤ᠂ ᠨᠠᠰᠤᠨ | ᠲᠤᠷᠰᠢ ᠶᠢᠨ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠭᠤᠯᠤᠯ ᠤᠨ ᠳᠦᠷᠢᠮ ᠢ ᠲᠡᠭᠦᠯᠳᠡᠷᠵᠢᠭᠦᠯᠬᠦ ᠶᠢᠨ | ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠪᠦᠬᠦ ᠰᠢᠶᠠᠨ ᠤ ᠠᠵᠢᠯ ᠣᠯᠭᠤᠯᠲᠠ ᠶᠢᠨ ᠪᠣᠯᠪᠠᠰᠤᠷᠠᠭᠤᠯᠤᠯ ᠤᠨ | ᠲᠥᠯᠥᠪᠵᠢᠭᠦᠯᠭᠡ᠂ ᠲᠥᠯᠥᠪᠯᠡᠭᠡ ᠶᠢ ᠲᠤᠭᠤᠰᠢᠯᠠᠭᠤᠯᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ | ᠮᠡᠷᠭᠡᠵᠢᠯ ᠤᠨ ᠴᠢᠳᠠᠪᠤᠷᠢᠲᠠᠨ ᠢ ᠪᠣᠯᠪᠠᠰᠤᠷᠠᠭᠤᠯᠬᠤ᠂ ᠦᠨᠡᠯᠡᠬᠦ᠂ ᠤᠷᠮᠠᠰᠢᠭᠤᠯᠬᠤ᠂ ᠮᠡᠷᠭᠡᠵᠢᠯ ᠤᠨ ᠴᠢᠳᠠᠪᠤᠷᠢ ᠶᠢ | ᠬᠢᠨᠠᠨ ᠲᠣᠭᠲᠠᠭᠠᠬᠤ ᠶᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ | ︵ᠲᠠᠪᠤ︶ ᠨᠠᠰᠤᠵᠢᠯ ᠤᠨ ᠳᠠᠭᠠᠳᠬᠠᠯ ᠤᠨ ᠲᠠᠰᠤᠭ᠃ ᠪᠠᠶᠢᠭᠤᠯᠭ᠎ᠠ ᠠᠵᠢᠯ ᠦᠢᠯᠡᠰ ᠤᠨ ᠨᠢᠭᠡᠴᠡ ᠶᠢᠨ | ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠪᠠ ᠠᠵᠤ ᠠᠬᠤᠶᠢᠯᠠᠯ ᠤᠨ ᠠᠵᠢᠯᠲᠠᠨ ᠠᠵᠢᠯᠴᠢᠨ ᠤ ᠦᠨᠳᠦᠰᠦᠨ | ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠲᠤᠬᠠᠶ ᠤᠯᠤᠰ ᠪᠠ ᠥᠪᠡᠷᠲᠡᠭᠡᠨ ᠵᠠᠰᠠᠬᠤ ᠣᠷᠣᠨ ᠤ ᠬᠠᠤᠯᠢ | ᠴᠠᠭᠠᠵᠠ ᠬᠠᠤᠯᠢ ᠲᠣᠭᠲᠠᠭᠠᠯ ᠪᠠ ᠲᠥᠷᠥ ᠶᠢᠨ ᠪᠣᠳᠣᠯᠭ᠎ᠠ ᠶᠢᠨ ᠲᠣᠭᠲᠠᠭᠠᠯ ᠢ ᠲᠤᠭᠤᠰᠢᠯᠠᠭᠤᠯᠤᠨ | ᠨᠠᠶᠢᠳᠠᠪᠤᠷᠢᠵᠢᠭᠤᠯᠤᠨ᠎ᠠ᠃ ᠠᠵᠢᠯ ᠠᠴᠠ ᠪᠠᠨ ᠪᠠᠭᠤᠵᠤ ᠠᠮᠠᠷᠠᠭᠰᠠᠨ ᠬᠥᠮᠦᠰ ᠤᠨ ᠨᠠᠰᠤᠵᠢᠯ ᠤᠨ ᠠᠰᠠᠷᠠᠮᠵᠢ ᠶᠢᠨ | ᠦᠨᠳᠦᠰᠦᠨ ᠮᠥᠩᠭᠦ ᠶᠢ ᠲᠣᠬᠢᠷᠠᠭᠤᠯᠬᠤ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠶᠢᠨ ᠬᠠᠮᠲᠤ ᠵᠣᠬᠢᠶᠠᠨ | ᠪᠠᠶᠢᠭᠤᠯᠤᠨ ᠬᠡᠷᠡᠭᠵᠢᠭᠦᠯᠦᠨ᠎ᠡ᠃ | ︵ᠵᠢᠷᠭᠤᠭ᠎ᠠ︶ ᠴᠢᠳᠠᠪᠤᠷᠢᠲᠠᠨ ᠤ ᠰᠲ᠋ᠣᠺ᠃ ᠪᠦᠬᠦ ᠰᠢᠶᠠᠨ ᠤ ᠴᠢᠳᠠᠪᠤᠷᠢᠲᠠᠨ ᠤ ᠠᠵᠢᠯ ᠤᠨ ᠬᠤᠷᠸ᠎ᠠ | ᠬᠠᠮᠢᠶᠠᠷᠤᠯᠲᠠ ᠶᠢ ᠬᠠᠷᠢᠭᠤᠴᠠᠵᠤ᠂ ᠵᠢᠯᠣᠭᠤᠳᠤᠨ ᠵᠣᠬᠢᠴᠠᠭᠤᠯᠬᠤ ᠠᠵᠢᠯ ᠢ ᠬᠠᠷᠢᠭᠤᠴᠠᠨ᠎ᠠ︔ ᠳᠡᠭᠡᠳᠦ ᠳᠡᠰ | ᠳᠠᠪᠬᠤᠷᠭ᠎ᠠ ᠶᠢᠨ ᠴᠢᠳᠠᠪᠤᠷᠢᠲᠠᠨ ᠢ ᠣᠷᠣᠭᠤᠯᠤᠨ ᠠᠪᠴᠢᠷᠠᠨ᠎ᠠ︔ ︽ᠵᠢᠷᠭᠤᠭᠠᠨ ᠲᠥᠷᠥᠯ ᠤᠨ ᠦᠨᠳᠦᠰᠦᠨ | ᠱᠠᠲᠤᠨ ᠤ ᠲᠥᠷᠥᠯ ᠵᠦᠢᠯ ᠤᠨ ᠰᠣᠷᠣᠭᠴᠢ︾ ᠶᠢᠨ ᠠᠵᠢᠯ ᠤᠨ ᠪᠠᠶᠢᠷᠢ ᠶᠢ ᠲᠥᠪᠬᠢᠨᠡᠭᠦᠯᠬᠦ᠂ ᠦᠶ᠋ᠯᠡᠴᠢᠯᠡᠭᠡᠨ ᠤ | ᠳᠣᠲᠣᠭᠠᠳᠤ ᠠᠵᠢᠯ ᠤᠨ ᠰᠢᠯᠭᠠᠨ ᠬᠢᠨᠠᠬᠤ᠂ ᠨᠡᠶᠢᠭᠡᠮ ᠤᠨ ᠳᠠᠭᠠᠳᠬᠠᠯ ᠲᠤᠰᠢᠶᠠᠬᠤ᠂ ᠴᠠᠯᠢᠩ ᠣᠯᠭᠤᠬᠤ᠂ ᠬᠥᠮᠦᠨ | ᠬᠡᠷᠡᠭᠯᠡᠬᠦ ᠨᠢᠭᠡᠴᠡ ᠶᠢ ᠵᠢᠯᠣᠭᠤᠳᠤᠨ ᠵᠣᠬᠢᠴᠠᠭᠤᠯᠵᠤ ᠪᠠᠶᠢᠭᠠᠳ ︽ᠵᠢᠷᠭᠤᠭᠠᠨ ᠲᠥᠷᠥᠯ ᠤᠨ ᠦᠨᠳᠦᠰᠦᠨ ᠱᠠᠲᠤᠨ ᠤ | ᠲᠥᠷᠥᠯ ᠵᠦᠢᠯ ᠤᠨ ᠰᠣᠷᠣᠭᠴᠢ︾ ᠶᠢᠨ ᠠᠵᠢᠯᠲᠠᠨ ᠤ ᠰᠤᠷᠭᠠᠨ ᠬᠥᠮᠦᠵᠢᠯ᠂ ᠬᠥᠮᠦᠵᠢᠭᠦᠯᠬᠦ ᠪᠠ ᠬᠠᠮᠢᠶᠠᠷᠬᠤ᠂ | ᠬᠡᠷᠡᠭᠯᠡᠬᠦ ᠠᠵᠢᠯ ᠢ ᠰᠠᠶᠢᠲᠤᠷ ᠬᠢᠬᠦ ᠬᠡᠷᠡᠭᠲᠡᠶ︔ ᠬᠤᠯᠪᠣᠭᠳᠠᠯ ᠪᠦᠬᠦᠢ ᠴᠢᠳᠠᠪᠤᠷᠢᠲᠠᠨ ᠤ ᠡᠩᠨᠡᠭᠡ ᠶᠢᠨ ᠪᠦᠬᠦᠯᠢ | ᠴᠣᠭᠴᠠ ᠶᠢᠨ ᠬᠥᠭᠵᠢᠯᠲᠡ ᠬᠤᠪᠢᠷᠠᠯᠲᠠ ᠶᠢᠨ ᠪᠠᠶᠢᠳᠠᠯ ᠢ ᠰᠤᠳᠤᠯᠤᠨ ᠵᠠᠳᠠᠯᠵᠤ᠂ ᠡᠯ᠎ᠡ ᠲᠥᠷᠥᠯ ᠤᠨ | ᠴᠢᠳᠠᠪᠤᠷᠢᠲᠠᠨ ᠤ ᠡᠩᠨᠡᠭᠡ ᠶᠢᠨ ᠬᠤᠷᠸ᠎ᠠ ᠬᠠᠮᠢᠶᠠᠷᠤᠯᠲᠠ ᠬᠢᠬᠦ ᠳᠤ ᠮᠡᠳᠡᠭᠡ ᠵᠠᠩᠭᠢ ᠶᠢᠨ ᠦᠨᠳᠦᠰᠦᠯᠡᠯ ᠬᠠᠩᠭᠠᠨ᠎ᠠ︔ | ᠲᠤᠰᠬᠠᠶ ᠮᠡᠷᠭᠡᠵᠢᠯ ᠤᠨ ᠴᠢᠳᠠᠪᠤᠷᠢᠲᠠᠨ ᠤ ᠡᠩᠨᠡᠭᠡ ᠶᠢᠨ ᠬᠤᠷᠸ᠎ᠠ ᠬᠠᠮᠢᠶᠠᠷᠤᠯᠲᠠ ᠬᠢᠬᠦ ᠳᠤ ᠮᠡᠳᠡᠭᠡ ᠵᠠᠩᠭᠢ ᠶᠢᠨ | ᠦᠨᠳᠦᠰᠦᠯᠡᠯ ᠬᠠᠩᠭᠠᠨ᠎ᠠ︔ ᠲᠤᠰᠬᠠᠶ ᠮᠡᠷᠭᠡᠵᠢᠯ ᠤᠨ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢᠨ ᠠᠵᠢᠯ ᠢ | ᠰᠠᠶᠢᠲᠤᠷ ᠠᠳᠬᠤᠵᠤ᠂ ᠲᠤᠰᠬᠠᠶ ᠮᠡᠷᠭᠡᠵᠢᠯᠲᠡᠨ ᠤ ᠮᠡᠳᠡᠭᠡ ᠵᠠᠩᠭᠢ ᠶᠢᠨ ᠬᠥᠮᠥᠷᠭᠡ ᠶᠢ ᠪᠠᠶᠢᠭᠤᠯᠤᠨ ᠬᠠᠮᠢᠶᠠᠷᠤᠨ᠎ᠠ᠃ | ︵ᠳᠤᠯᠤᠭ᠎ᠠ︶ ᠬᠥᠳᠡᠯᠮᠦᠷᠢ ᠠᠵᠢᠯᠲᠠᠨ ᠤ ᠶᠠᠪᠤᠳᠠᠯ ᠤᠨ ᠮᠠᠷᠭᠤᠯᠳᠤᠭᠠᠨ ᠢ ᠬᠥᠨᠳᠡᠯᠡᠨ ᠠᠴᠠ ᠲᠠᠰᠤᠯᠬᠤ | ᠬᠤᠷᠢᠶ᠎ᠠ᠃ ᠬᠥᠳᠡᠯᠮᠦᠷᠢ ᠠᠵᠢᠯᠲᠠᠨ ᠤ ᠶᠠᠪᠤᠳᠠᠯ ᠤᠨ ᠮᠠᠷᠭᠤᠯᠳᠤᠭᠠᠨ ᠢ ᠡᠶᠡᠳᠡᠭᠦᠯᠵᠦ ᠬᠥᠨᠳᠡᠯᠡᠨ ᠠᠴᠠ ᠲᠠᠰᠤᠯᠬᠤ | ᠬᠠᠤᠯᠢ ᠴᠠᠭᠠᠵᠠ ᠬᠠᠤᠯᠢ ᠲᠣᠭᠲᠠᠭᠠᠯ ᠢ ᠤᠬᠠᠭᠤᠯᠤᠨ ᠲᠤᠤᠱᠯᠠᠭᠤᠯᠤᠨ᠎ᠠ︔ ᠬᠥᠳᠡᠯᠮᠦᠷᠢ ᠠᠵᠢᠯᠲᠠᠨ ᠤ ᠶᠠᠪᠤᠳᠠᠯ ᠤᠨ | ᠮᠠᠷᠭᠤᠯᠳᠤᠭᠠᠨ ᠤ ᠬᠡᠷᠡᠭ ᠢ ᠬᠠᠤᠯᠢ ᠶᠣᠰᠣᠭᠠᠷ ᠡᠶᠡᠳᠡᠭᠦᠯᠦᠨ ᠰᠢᠢᠳᠪᠦᠷᠢᠯᠡᠨ᠎ᠡ︔ ᠬᠥᠳᠡᠯᠮᠦᠷᠢ ᠠᠵᠢᠯᠲᠠᠨ ᠤ | ᠶᠠᠪᠤᠳᠠᠯ ᠤᠨ ᠮᠠᠷᠭᠤᠯᠳᠤᠭᠠᠨ ᠢ ᠡᠶᠡᠳᠡᠭᠦᠯᠬᠦ ᠪᠠ ᠬᠥᠨᠳᠡᠯᠡᠨ ᠠᠴᠠ ᠲᠠᠰᠤᠯᠬᠤ ᠬᠠᠤᠯᠢ ᠴᠠᠭᠠᠵᠠ ᠬᠠᠤᠯᠢ | ᠲᠣᠭᠲᠠᠭᠠᠯ ᠤᠨ ᠵᠥᠪᠯᠡᠯᠭᠡ ᠬᠠᠩᠭᠠᠨ᠎ᠠ᠃ ᠪᠦᠬᠦ ᠰᠢᠶᠠᠨ ᠤ ᠬᠥᠳᠡᠯᠮᠦᠷᠢ ᠠᠵᠢᠯᠲᠠᠨ ᠤ ᠶᠠᠪᠤᠳᠠᠯ ᠤᠨ | ᠮᠠᠷᠭᠤᠯᠳᠤᠭᠠᠨ ᠢ ᠬᠥᠨᠳᠡᠯᠡᠨ ᠠᠴᠠ ᠲᠠᠰᠤᠯᠬᠤ ᠬᠡᠷᠡᠭ ᠤᠨ ᠡᠪᠬᠡᠮᠡᠯ ᠢ ᠦᠨᠡᠯᠡᠨ ᠪᠠᠶᠢᠴᠠᠭᠠᠬᠤ ᠠᠵᠢᠯ ᠢ | ᠬᠠᠷᠢᠭᠤᠴᠠᠨ᠎ᠠ᠃ ᠪᠦᠬᠦ ᠰᠢᠶᠠᠨ ᠤ ᠦᠨᠳᠦᠰᠦᠨ ᠱᠠᠲᠤᠨ ᠤ ᠡᠶᠡᠳᠡᠭᠦᠯᠬᠦ ᠵᠣᠬᠢᠶᠠᠨ ᠪᠠᠶᠢᠭᠤᠯᠤᠯᠲᠠ ᠶᠢᠨ | ᠪᠠᠶᠢᠭᠤᠯᠤᠯᠲᠠ ᠵᠢᠴᠢ ᠬᠥᠳᠡᠯᠮᠦᠷᠢ ᠠᠵᠢᠯᠲᠠᠨ ᠤ ᠶᠠᠪᠤᠳᠠᠯ ᠤᠨ ᠮᠠᠷᠭᠤᠯᠳᠤᠭᠠᠨ ᠢ ᠰᠦᠯᠵᠢᠶᠡᠨ ᠳᠡᠭᠡᠷ᠎ᠡ ᠡᠶᠡᠳᠡᠭᠦᠯᠬᠦ | ᠲᠠᠪᠴᠠᠩ ᠤᠨ ᠠᠵᠢᠯᠯᠠᠭᠠᠨ ᠤ ᠠᠵᠢᠯ ᠢ ᠬᠠᠷᠢᠭᠤᠴᠠᠨ ᠵᠢᠯᠣᠭᠤᠳᠤᠨ᠎ᠠ᠃ | ᠠᠯᠪᠠᠨ ᠤᠲᠠᠰᠤ᠄ 0474 - 7212579 | ᠬᠠᠷᠢᠭᠤᠴᠠᠯᠭᠠᠲᠠᠨ᠄ ᠭᠦᠸᠧ ᠵᠢᠶᠠᠨ ᠵᠢᠶᠦ᠋ᠨ | ᠠᠯᠪᠠᠯᠠᠬᠤ ᠴᠠᠭ᠄ ᠦᠳᠡ ᠶᠢᠨ ᠡᠮᠦᠨ᠎ᠡ 9᠄ 00-12᠄ 00 ᠦᠳᠡ ᠶᠢᠨ ᠬᠤᠶᠢᠨ᠎ᠠ 14᠄ 30 - 18 | ᠄ 00 | ᠠᠵᠢᠯᠯᠠᠬᠤ ᠭᠠᠵᠠᠷ᠄ ᠰᠢᠩ ᠾᠧ ᠰᠢᠶᠠᠨ ᠶᠢᠨ ᠴᠧᠩ ᠭᠤᠸᠠᠨ ᠪᠠᠯᠭᠠᠰᠤᠨ ᠤ ᠠᠷᠠᠳ ᠤᠨ ᠠᠮᠢᠳᠤᠷᠠᠯ ᠤᠨ | ᠦᠢᠯᠡᠴᠢᠯᠡᠭᠡᠨ ᠤ ᠲᠥᠪ ᠤᠨ ᠲᠠᠪᠤᠳᠤᠭᠠᠷ ᠠᠰᠠᠷ᠃ | ᠤᠷᠴᠢᠭᠤᠯᠤᠭᠴᠢ᠄ ᠨᠠᠷᠠᠰᠤ | ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ | | | |