ᠰᠢᠩ ᠾᠧ ᠰᠢᠶᠠᠨ ᠤ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ 
ᠨᠡᠶᠢᠲᠡᠯᠡᠭᠰᠡᠨ ᠴᠠᠭ᠄
2025/3/30
     ᠡᠭᠦᠷᠭᠡ ᠬᠠᠷᠢᠭᠤᠴᠠᠯᠭ᠎ᠠ᠄ ᠰᠢᠶᠠᠨ ᠤ ᠠᠷᠠᠳ ᠤᠨ ᠵᠠᠰᠠᠭ ᠤᠨ ᠣᠷᠳᠣᠨ ᠤ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠠᠴᠠ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠠᠵᠢᠯ ᠤᠨ ᠲᠤᠬᠠᠶ ᠨᠠᠮ ᠤᠨ ᠲᠥᠪ ᠬᠤᠷᠢᠶ᠎ᠠ ᠶᠢᠨ ᠴᠢᠭᠯᠡᠯᠲᠡ ᠲᠥᠷᠥ ᠶᠢᠨ ᠪᠣᠳᠣᠯᠭ᠎ᠠ ᠪᠣᠯᠤᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠵᠢᠴᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶ᠎ᠠ᠂ ᠰᠢᠶᠠᠨ ᠤ ᠨᠠᠮ ᠤᠨ ᠬᠤᠷᠢᠶ᠎ᠠ ᠶᠢᠨ ᠠᠵᠢᠯ ᠤᠨ ᠱᠠᠭᠠᠷᠳᠠᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠬᠠᠷᠢᠭᠤᠴᠠᠵᠤ᠂ ᠨᠠᠮ ᠤᠨ ᠪᠥᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠬᠤ ᠶᠢ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠶᠠᠪᠤᠴᠠ ᠳᠤ ᠨᠠᠶᠢᠳᠠᠪᠤᠷᠢᠵᠢᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠶᠢ ᠰᠠᠶᠢᠲᠤᠷ ᠪᠡᠶᠡᠯᠡᠭᠦᠯᠬᠦ ᠪᠠ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠬᠤᠶᠠᠷ ᠶᠡᠭᠡ ᠶᠠᠪᠤᠳᠠᠯ ᠤᠨ ᠳᠤᠮᠳᠠ ᠡᠭᠦᠷᠭᠡ ᠴᠢᠳᠠᠪᠤᠷᠢ ᠪᠠᠨ ᠪᠠᠳᠠᠷᠠᠭᠤᠯᠬᠤ ᠬᠡᠷᠡᠭᠲᠡᠶ᠃ ᠭᠤᠤᠯ ᠡᠭᠦᠷᠭᠡ ᠬᠠᠷᠢᠭᠤᠴᠠᠯᠭ᠎ᠠ ᠨᠢ᠄      ︵ᠨᠢᠭᠡ︶ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠠᠵᠢᠯ ᠤᠨ ᠭᠤᠣᠯ ᠰᠢᠵᠢᠮ ᠢ ᠪᠠᠲᠤ ᠡᠵᠡᠮᠳᠡᠵᠦ᠂ ᠲᠡᠭᠦᠨ ᠢ ᠤᠯᠤᠰ ᠤᠨ ᠥᠮᠴᠢᠯᠡᠯ ᠤᠨ ᠡᠳ᠋ ᠬᠦᠷᠦᠩᠭᠡ ᠶᠢᠨ ᠬᠠᠮᠢᠶᠠᠷᠤᠯᠲᠠ᠂ ᠡᠳ᠋ ᠬᠦᠷᠦᠩᠭᠡ ᠶᠢᠨ ᠦᠷᠳᠡᠭ ᠢ ᠪᠠᠲᠤᠯᠠᠵᠤ ᠦᠷᠳᠡᠭ ᠢ ᠨᠡᠮᠡᠭᠳᠡᠭᠦᠯᠬᠦ ᠳᠤ ᠬᠢᠨᠠᠯᠲᠠ ᠲᠠᠯᠪᠢᠬᠤ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠥᠭᠡᠷᠡᠴᠢᠯᠡᠯᠲᠡ ᠶᠢ ᠲᠠᠬᠢᠨ ᠵᠣᠬᠢᠶᠠᠨ ᠪᠠᠶᠢᠭᠤᠯᠬᠤ᠂ ᠬᠢᠨᠠᠨ ᠬᠠᠮᠢᠶᠠᠷᠬᠤ ᠶᠢ ᠴᠢᠩᠭᠠᠳᠬᠠᠬᠤ ᠵᠢᠴᠢ ᠲᠤᠰ ᠪᠡᠶ᠎ᠡ ᠶᠢᠨ ᠪᠠᠶᠢᠭᠤᠯᠤᠯᠲᠠ ᠵᠡᠷᠭᠡ ᠪᠦᠬᠦ ᠶᠠᠪᠤᠴᠠ ᠶᠢᠨ ᠡᠯ᠎ᠡ ᠲᠠᠯ᠎ᠠ ᠳᠤ ᠲᠤᠭᠤᠰᠢᠯᠠᠭᠤᠯᠵᠤ᠂ ᠰᠢᠶᠠᠨ ᠤ ᠠᠷᠠᠳ ᠤᠨ ᠵᠠᠰᠠᠭ ᠤᠨ ᠣᠷᠳᠣᠨ ᠤ ᠡᠷᠬᠡ ᠣᠯᠭᠤᠯᠲᠠ ᠶᠢ ᠦᠨᠳᠦᠰᠦᠯᠡᠨ᠂ ᠪᠡᠯᠡ ᠭᠠᠷᠭᠠᠭᠴᠢ ᠶᠢᠨ ᠡᠭᠦᠷᠭᠡ ᠬᠠᠷᠢᠭᠤᠴᠠᠯᠭ᠎ᠠ ᠶᠢ ᠭᠦᠢᠴᠡᠳᠬᠡᠵᠦ᠂ ᠪᠦᠬᠦ ᠰᠢᠶᠠᠨ ᠤ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠤᠯᠤᠰ ᠤᠨ ᠥᠮᠴᠢᠯᠡᠯ ᠤᠨ ᠡᠳ᠋ ᠬᠦᠷᠦᠩᠭᠡ ᠶᠢ ᠬᠢᠨᠠᠨ ᠬᠠᠮᠢᠶᠠᠷᠴᠤ᠂ ᠤᠯᠤᠰ ᠤᠨ ᠥᠮᠴᠢᠯᠡᠯ ᠤᠨ ᠡᠳ᠋ ᠬᠦᠷᠦᠩᠭᠡ ᠶᠢᠨ ᠬᠠᠮᠢᠶᠠᠷᠤᠯᠲᠠ ᠶᠢᠨ ᠠᠵᠢᠯ ᠢ ᠴᠢᠩᠭᠠᠳᠬᠠᠨ᠎ᠠ᠃      ︵ᠬᠤᠶᠠᠷ︶ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠥᠷᠲᠡᠭ ᠢ ᠪᠠᠲᠤᠯᠠᠵᠤ ᠥᠷᠲᠡᠭ ᠢ ᠨᠡᠮᠡᠭᠳᠡᠭᠦᠯᠬᠦ ᠳᠤ ᠬᠢᠨᠠᠯᠲᠠ ᠲᠠᠯᠪᠢᠬᠤ ᠬᠠᠷᠢᠭᠤᠴᠠᠯᠭ᠎ᠠ ᠶᠢ ᠡᠭᠦᠷᠭᠡᠯᠡᠵᠦ᠂ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠥᠷᠲᠡᠭ ᠢ ᠪᠠᠲᠤᠯᠠᠵᠤ ᠥᠷᠲᠡᠭ ᠢ ᠨᠡᠮᠡᠭᠳᠡᠭᠦᠯᠬᠦ ᠭᠦᠢᠴᠡᠳᠬᠡᠬᠦ ᠲᠣᠭᠠᠨ ᠤ ᠰᠢᠰᠲ᠋ᠧᠮᠵᠢ ᠶᠢ ᠪᠠᠶᠢᠭᠤᠯᠤᠨ ᠲᠡᠭᠦᠯᠳᠡᠷᠵᠢᠭᠦᠯᠵᠦ᠂ ᠬᠢᠨᠠᠨ ᠰᠢᠯᠭᠠᠬᠤ ᠪᠠᠷᠢᠮᠵᠢᠶ᠎ᠠ ᠪᠣᠯᠤᠨ ᠠᠷᠭ᠎ᠠ ᠬᠡᠮᠵᠢᠶ᠎ᠡ ᠠᠷᠭ᠎ᠠ ᠶᠢ ᠲᠣᠭᠲᠠᠭᠠᠨ᠂ ᠪᠦᠷᠢᠳᠬᠡᠬᠦ᠂ ᠲᠤᠯᠭᠠᠨ ᠪᠣᠳᠣᠬᠤ ᠪᠠᠷ ᠳᠠᠮᠵᠢᠭᠤᠯᠤᠨ ᠬᠢᠨᠠᠨ ᠬᠠᠮᠢᠶᠠᠷᠴᠤ ᠪᠠᠶᠢᠭ᠎ᠠ ᠠᠵᠤ ᠠᠬᠤᠶᠢᠯᠠᠯ ᠪᠣᠯᠤᠨ ᠵᠠᠰᠠᠭ ᠵᠠᠬᠢᠷᠭᠠᠨ ᠠᠵᠢᠯ ᠦᠢᠯᠡᠰ ᠤᠨ ᠨᠢᠭᠡᠴᠡ ᠶᠢᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠥᠷᠲᠡᠭ ᠢ ᠪᠠᠲᠤᠯᠠᠵᠤ ᠨᠡᠮᠡᠭᠳᠡᠬᠦ ᠶᠢ ᠨᠡᠮᠡᠭᠳᠡᠭᠦᠯᠵᠦ ᠪᠠᠶᠢᠭ᠎ᠠ ᠪᠠᠶᠢᠳᠠᠯ ᠳᠤ ᠬᠢᠨᠠᠨ ᠬᠠᠮᠢᠶᠠᠷᠤᠯᠲᠠ ᠬᠢᠬᠦ ᠬᠡᠷᠡᠭᠲᠡᠶ᠃ ᠬᠢᠨᠠᠨ ᠬᠠᠮᠢᠶᠠᠷᠴᠤ ᠪᠠᠶᠢᠭ᠎ᠠ ᠠᠵᠤ ᠠᠬᠤᠶᠢᠯᠠᠯ ᠤᠨ ᠴᠠᠯᠢᠩ ᠤᠨ ᠬᠤᠪᠢᠶᠠᠷᠢᠯᠠᠯᠲᠠ ᠶᠢᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠵᠤ᠂ ᠬᠢᠨᠠᠨ ᠬᠠᠮᠢᠶᠠᠷᠴᠤ ᠪᠠᠶᠢᠭ᠎ᠠ ᠠᠵᠤ ᠠᠬᠤᠶᠢᠯᠠᠯ ᠤᠨ ᠬᠠᠷᠢᠭᠤᠴᠠᠯᠭᠠᠲᠠᠨ ᠤ ᠣᠷᠣᠯᠭ᠎ᠠ ᠶᠢᠨ ᠬᠤᠪᠢᠶᠠᠷᠢᠯᠠᠯᠲᠠ ᠶᠢᠨ ᠲᠥᠷᠥ ᠶᠢᠨ ᠪᠣᠳᠣᠯᠭ᠎ᠠ ᠶᠢ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠶᠠᠪᠤᠴᠠ ᠳᠤ ᠬᠥᠭᠵᠢᠯᠲᠡ ᠪᠠ ᠠᠮᠤᠷ ᠲᠦᠪᠰᠢᠨ ᠢ ᠨᠢᠭᠡᠳᠦᠯᠲᠡᠶ ᠲᠥᠯᠥᠪᠯᠡᠨ᠂ ᠡᠯ᠎ᠡ ᠲᠥᠷᠥᠯ ᠤᠨ ᠠᠶᠤᠯ ᠲᠦᠭᠰᠢᠭᠦᠷᠢ ᠪᠠ ᠥᠷᠢᠰᠥᠯᠳᠦᠭᠡᠨ ᠢ ᠪᠦᠲᠦᠮᠵᠢᠲᠡᠶ ᠰᠡᠷᠭᠡᠶᠢᠯᠡᠨ ᠠᠷᠢᠯᠭᠠᠵᠤ᠂ ᠴᠢᠨᠠᠷ ᠰᠠᠶᠢᠲᠠᠶ ᠬᠥᠭᠵᠢᠯᠲᠡ ᠪᠠ ᠥᠨᠳᠥᠷ ᠬᠢᠷᠢ ᠲᠦᠪᠰᠢᠨ ᠪᠥᠬᠦᠶ ᠰᠠᠶᠢᠨ ᠨᠥᠬᠦᠴᠡᠯᠳᠦᠯ ᠢ ᠪᠡᠶᠡᠯᠡᠭᠦᠯᠦᠨ᠎ᠡ᠃      ︵ᠭᠤᠷᠪᠠ︶ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠪᠠᠶᠢᠳᠠᠯ ᠤᠨ ᠮᠡᠳᠡᠭᠦᠯᠦᠯᠲᠡ ᠶᠢ ᠲᠦᠷᠦᠭᠦᠯᠡᠨ ᠨᠠᠶᠢᠷᠠᠭᠤᠯᠤᠨ ᠵᠣᠬᠢᠶᠠᠨ᠎ᠠ᠃ ᠵᠠᠰᠠᠭ ᠵᠠᠬᠢᠷᠭ᠎ᠠ ᠠᠵᠢᠯ ᠦᠢᠯᠡᠰ ᠤᠨ ᠨᠢᠭᠡᠴᠡ ᠶᠢᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠳᠦᠷᠢᠮ ᠲᠣᠭᠲᠠᠭᠠᠯ ᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠰᠢᠶᠠᠨ ᠤ ᠲᠤᠰ ᠱᠠᠲᠤᠨ ᠤ ᠵᠠᠰᠠᠭ ᠵᠠᠬᠢᠷᠭ᠎ᠠ ᠠᠵᠢᠯ ᠦᠢᠯᠡᠰ ᠤᠨ ᠨᠢᠭᠡᠴᠡ ᠶᠢᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢ ᠲᠣᠭᠲᠠᠭᠠᠯ ᠶᠣᠰᠣᠭᠠᠷ ᠬᠠᠮᠢᠶᠠᠷᠴᠤ᠂ ᠤᠯᠤᠰ ᠤᠨ ᠥᠮᠴᠢᠯᠡᠯᠲᠦ ᠬᠥᠷᠥᠩᠭᠡ ᠶᠢᠨ ᠬᠠᠮᠢᠶᠠᠷᠤᠯᠲᠠ ᠶᠢᠨ ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠦᠨ᠂ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠪᠠᠶᠢᠭᠤᠯᠤᠯ ᠤᠨ ᠥᠭᠡᠷᠡᠴᠢᠯᠡᠯᠲᠡ ᠶᠢ ᠡᠭᠦᠷᠭᠡᠯᠡᠵᠦ᠂ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠥᠭᠡᠷᠡᠴᠢᠯᠡᠯᠲᠡ ᠪᠠ ᠳᠠᠬᠢᠨ ᠵᠣᠬᠢᠶᠠᠨ ᠪᠠᠶᠢᠭᠤᠯᠬᠤ ᠶᠢ ᠵᠢᠯᠣᠭᠤᠳᠤᠨ ᠠᠬᠢᠭᠤᠯᠤᠨ᠎ᠠ᠃      ︵ᠲᠦᠷᠪᠡ︶ ᠪᠡᠯᠡ ᠭᠠᠷᠭᠠᠭᠰᠠᠨ ᠠᠵᠤ ᠠᠬᠤᠶᠢᠯᠠᠯ ᠤᠨ ᠤᠯᠤᠰ ᠤᠨ ᠥᠮᠴᠢᠯᠡᠯᠲᠦ ᠬᠥᠷᠥᠩᠭᠡ ᠶᠢᠨ ᠠᠰᠢᠭ ᠣᠯᠵᠠᠪᠤᠷᠢ ᠶᠢ ᠳᠡᠭᠡᠭᠰᠢ ᠲᠤᠰᠢᠶᠠᠬᠤ ᠶᠢ ᠬᠠᠷᠢᠭᠤᠴᠠᠵᠤ᠂ ᠪᠦᠬᠦ ᠰᠢᠶᠠᠨ ᠤ ᠤᠯᠤᠰ ᠤᠨ ᠥᠮᠴᠢᠯᠡᠯᠲᠦ ᠬᠥᠷᠥᠩᠭᠡ ᠶᠢᠨ ᠡᠵᠡᠩᠨᠡᠯᠲᠡ ᠶᠢᠨ ᠲᠥᠰᠦᠪ ᠤᠨ ᠬᠤᠯᠪᠣᠭᠳᠠᠯ ᠪᠦᠬᠦᠢ ᠬᠠᠮᠢᠶᠠᠷᠤᠯᠲᠠ ᠶᠢᠨ ᠳᠦᠷᠢᠮ ᠪᠣᠯᠤᠨ ᠠᠷᠭ᠎ᠠ ᠶᠢ ᠲᠤᠭᠤᠷᠪᠢᠨ ᠲᠣᠭᠲᠠᠭᠠᠵᠤ᠂ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠤᠯᠤᠰ ᠤᠨ ᠥᠮᠴᠢᠯᠡᠯᠲᠦ ᠬᠥᠷᠥᠩᠭᠡ ᠶᠢᠨ ᠡᠵᠡᠩᠨᠡᠯᠲᠡ ᠶᠢᠨ ᠲᠥᠰᠦᠪ ᠪᠠ ᠲᠥᠰᠦᠪ ᠤᠨ ᠭᠦᠢᠴᠡᠳᠬᠡᠯ ᠢ ᠨᠠᠶᠢᠷᠠᠭᠤᠯᠤᠨ ᠵᠣᠬᠢᠶᠠᠬᠤ ᠪᠠ ᠬᠡᠷᠡᠭᠵᠢᠭᠦᠯᠬᠦ ᠵᠡᠷᠭᠡ ᠠᠵᠢᠯ ᠢ ᠬᠠᠷᠢᠭᠤᠴᠠᠨ᠎ᠠ᠃      ︵ᠲᠠᠪᠤ︶ ᠬᠠᠮᠢᠶᠠᠷᠤᠯᠲᠠ ᠶᠢᠨ ᠡᠷᠬᠡ ᠮᠡᠳᠡᠯ ᠤᠨ ᠬᠡᠪᠴᠢᠶ᠎ᠡ ᠶᠣᠰᠣᠭᠠᠷ᠂ ᠬᠠᠤᠯᠢ ᠪᠠᠷ ᠲᠣᠭᠲᠠᠭᠠᠭᠰᠠᠨ ᠳᠡᠰ ᠳᠠᠷᠠᠭᠠᠯᠠᠯ ᠢᠶᠠᠷ ᠳᠠᠮᠵᠢᠭᠤᠯᠤᠨ ᠬᠢᠨᠠᠨ ᠬᠠᠮᠢᠶᠠᠷᠴᠤ ᠪᠦᠬᠦᠢ ᠠᠵᠤ ᠠᠬᠤᠶᠢᠯᠠᠯ ᠤᠨ ᠬᠠᠷᠢᠭᠤᠴᠠᠯᠭᠠᠲᠠᠨ ᠢ ᠲᠣᠮᠢᠯᠠᠬᠤ ᠪᠠ ᠪᠠᠭᠤᠯᠭᠠᠬᠤ᠂ ᠰᠢᠯᠭᠠᠨ ᠬᠢᠨᠠᠬᠤ ᠶᠢ ᠶᠠᠪᠤᠭᠳᠠᠭᠤᠯᠵᠤ᠂ ᠬᠥᠮᠦᠨ ᠰᠣᠩᠭᠤᠬᠤ ᠬᠥᠮᠦᠨ ᠬᠡᠷᠡᠭᠯᠡᠬᠦ ᠲᠣᠭᠲᠠᠴᠠ ᠶᠢ ᠪᠦᠷᠢᠨᠰᠢᠭᠦᠯᠦᠨ᠂ ᠡᠵᠡᠩᠨᠡᠭᠴᠢ ᠶᠢᠨ ᠤᠷᠮᠠᠰᠢᠭᠤᠯᠬᠤ ᠪᠠ ᠬᠢᠵᠠᠭᠠᠷᠯᠠᠬᠤ ᠳᠦᠷᠢᠮ ᠢ ᠲᠡᠭᠦᠯᠳᠡᠷᠵᠢᠭᠦᠯᠦᠨ᠎ᠡ᠃      ︵ᠵᠢᠷᠭᠤᠭ᠎ᠠ︶ ᠪᠡᠯᠡ ᠭᠠᠷᠭᠠᠭᠰᠠᠨ ᠠᠵᠤ ᠠᠬᠤᠶᠢᠯᠠᠯ ᠤᠨ ᠤᠯᠤᠰ ᠤᠨ ᠥᠮᠴᠢᠯᠡᠯᠲᠦ ᠬᠤᠪᠢ ᠣᠷᠣᠭᠤᠯᠤᠯᠲᠠ ᠶᠢ ᠡᠷᠬᠡᠰᠢᠶᠡᠬᠦ᠂ ᠬᠤᠪᠢ ᠣᠷᠣᠭᠤᠯᠤᠭᠰᠠᠨ ᠠᠵᠤ ᠠᠬᠤᠶᠢᠯᠠᠯ ᠤᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠥᠮᠴᠢᠯᠡᠬᠦ ᠡᠷᠬᠡ ᠶᠢᠨ ᠬᠤᠪᠢᠷᠠᠯᠲᠠ ᠵᠡᠷᠭᠡ ᠶᠢ ᠬᠠᠤᠯᠢ ᠶᠣᠰᠣᠭᠠᠷ ᠬᠢᠨᠠᠨ ᠬᠠᠮᠢᠶᠠᠷᠤᠨ᠎ᠠ᠃      ︵ᠳᠤᠯᠤᠭ᠎ᠠ︶ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ᠂ ᠲᠤᠰ ᠰᠠᠯᠠᠭ᠎ᠠ ᠮᠥᠴᠢᠷ ᠤᠨ ᠢᠶᠠᠨ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ᠂ ᠦᠵᠡᠯ ᠤᠬᠠᠮᠰᠠᠷ ᠤᠨ ᠬᠡᠯᠪᠡᠷᠢ᠂ ᠠᠶᠤᠯᠭᠦᠢ ᠦᠢᠯᠡᠳᠪᠦᠷᠢᠯᠡᠯ᠂ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ᠂ ᠲᠣᠭᠲᠠᠭᠤᠨ ᠢ ᠬᠠᠮᠠᠭᠠᠯᠠᠬᠤ ᠵᠠᠬᠢᠳᠠᠯ ᠰᠤᠷᠪᠤᠯᠵᠢᠯᠠᠭ᠎ᠠ᠂ ᠢᠳᠡᠭᠡᠨ ᠤ ᠠᠮᠤᠷ ᠲᠦᠪᠰᠢᠨ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠡᠷᠭᠡ ᠠᠵᠢᠯ ᠢ ᠬᠠᠷᠢᠭᠤᠴᠠᠨ᠎ᠠ᠃      ︵ᠨᠠᠢᠮᠠ︶ ᠠᠵᠤ ᠠᠬᠤᠶᠢᠯᠠᠯ ᠤᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠰᠠᠭᠤᠷᠢ ᠬᠠᠮᠢᠶᠠᠷᠤᠯᠲᠠ ᠶᠢ ᠬᠠᠷᠢᠭᠤᠴᠠᠵᠤ᠂ ᠬᠤᠯᠪᠣᠭᠳᠠᠯ ᠪᠦᠬᠦᠢ ᠳᠦᠷᠢᠮ ᠢ ᠲᠣᠭᠲᠠᠭᠠᠨ᠂ ᠪᠦᠬᠦ ᠰᠢᠶᠠᠨ ᠤ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠠᠵᠢᠯ ᠢ ᠬᠠᠤᠯᠢ ᠶᠣᠰᠣᠭᠠᠷ ᠵᠢᠯᠣᠭᠤᠳᠬᠤ ᠪᠠ ᠬᠢᠨᠠᠯᠲᠠ ᠲᠠᠯᠪᠢᠨ᠎ᠠ᠃      ︵ᠶᠢᠰᠦ︶ ᠰᠢᠶᠠᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠡᠭᠦᠷᠭᠡ ᠶᠢ ᠪᠡᠶᠡᠯᠡᠭᠦᠯᠦᠨ᠎ᠡ᠃      ︵ᠠᠷᠪᠠ︶ ᠬᠤᠯᠪᠣᠭᠳᠠᠯ ᠪᠦᠬᠦᠢ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ          ᠰᠢᠶᠠᠨ ᠤ ᠡᠳ᠋ ᠤᠨ ᠵᠠᠰᠠᠭ ᠤᠨ ᠲᠣᠪᠴᠢᠶ᠎ᠠ ᠲᠠᠢ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠲᠠ ᠶᠢ ᠡᠭᠦᠷᠭᠡᠯᠡᠬᠦ ᠪᠠ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠡᠵᠡᠩᠨᠡᠯᠲᠡ ᠶᠢᠨ ᠲᠥᠰᠦᠪ ᠢ ᠨᠠᠶᠢᠷᠠᠭᠤᠯᠤᠨ ᠵᠣᠬᠢᠶᠠᠬᠤ ᠲᠠᠯ᠎ᠠ ᠪᠠᠷ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ᠃      1. ᠰᠢᠶᠠᠨ ᠤ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠠᠴᠠ ᠵᠠᠰᠠᠭ ᠵᠠᠬᠢᠷᠭ᠎ᠠ ᠠᠵᠢᠯ ᠦᠢᠯᠡᠰ ᠤᠨ ᠨᠢᠭᠡᠴᠢ ᠶᠢᠨ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠳᠦᠷᠢᠮ ᠢ ᠬᠠᠷᠢᠭᠤᠴᠠᠨ ᠲᠣᠭᠲᠠᠭᠠᠨ᠎ᠠ᠃ ᠪᠦᠬᠦ ᠰᠢᠶᠠᠨ ᠤ ᠤᠯᠤᠰ ᠤᠨ ᠥᠮᠴᠢᠯᠡᠯ ᠤᠨ ᠬᠥᠷᠥᠩᠭᠡ ᠶᠢᠨ ᠡᠵᠡᠩᠨᠡᠯᠲᠡ ᠶᠢᠨ ᠲᠥᠰᠦᠪ ᠤᠨ ᠳᠦᠷᠢᠮ ᠢ ᠬᠠᠷᠢᠭᠤᠴᠠᠨ ᠲᠣᠭᠲᠠᠭᠠᠨ᠎ᠠ᠃ ᠪᠦᠬᠦ ᠰᠢᠶᠠᠨ ᠤ ᠤᠯᠤᠰ ᠤᠨ ᠥᠮᠴᠢᠯᠡᠯ ᠤᠨ ᠡᠳ᠋ ᠬᠦᠷᠦᠩᠭᠡ ᠶᠢᠨ ᠡᠵᠡᠩᠨᠡᠯᠲᠡ ᠶᠢᠨ ᠲᠥᠰᠦᠪ ᠤᠨ ᠳᠦᠷᠢᠮ ᠢ ᠬᠡᠷᠡᠭᠵᠢᠭᠦᠯᠬᠦ ᠶᠢ ᠵᠣᠬᠢᠶᠠᠨ ᠪᠠᠶᠢᠭᠤᠯᠵᠤ᠂ ᠰᠢᠶᠠᠨ ᠤ ᠲᠤᠰ ᠱᠠᠲᠤᠨ ᠤ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠤᠯᠤᠰ ᠤᠨ ᠥᠮᠴᠢᠯᠡᠯ ᠤᠨ ᠡᠳ᠋ ᠬᠦᠷᠦᠩᠭᠡ ᠶᠢᠨ ᠡᠵᠡᠩᠨᠡᠯᠲᠡ ᠶᠢᠨ ᠲᠥᠰᠦᠪ ᠢ ᠵᠣᠬᠢᠶᠠᠨ ᠪᠠᠶᠢᠭᠤᠯᠤᠨ ᠬᠡᠷᠡᠭᠵᠢᠭᠦᠯᠬᠦ ᠶᠢ ᠬᠠᠷᠢᠭᠤᠴᠠᠨ᠎ᠠ᠃ ᠤᠯᠤᠰ ᠤᠨ ᠥᠮᠴᠢᠯᠡᠯᠲᠦ ᠬᠥᠷᠥᠩᠭᠡ ᠶᠢᠨ ᠡᠵᠡᠩᠨᠡᠯᠲᠡ ᠶᠢᠨ ᠲᠥᠰᠦᠪ ᠤᠨ ᠲᠥᠰᠦᠯ ᠢ ᠨᠠᠶᠢᠷᠠᠭᠤᠯᠤᠨ ᠵᠣᠬᠢᠶᠠᠬᠤ ᠶᠢᠨ ᠬᠠᠮᠲᠤ ᠲᠥᠰᠦᠯ ᠢ ᠰᠢᠶᠠᠨ ᠤ ᠡᠳ᠋ ᠤᠨ ᠵᠠᠰᠠᠭ ᠤᠨ ᠲᠣᠪᠴᠢᠶ᠎ᠠ ᠳᠤ ᠮᠡᠳᠡᠭᠦᠯᠦᠨ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ ᠪᠠᠶᠢᠩᠭᠤ ᠶᠢᠨ ᠬᠤᠷᠢᠶᠠᠨ ᠳᠤ ᠮᠡᠳᠡᠭᠦᠯᠦᠨ᠎ᠡ᠃ ᠠᠵᠤ ᠠᠬᠤᠶᠢᠯᠠᠯ ᠤᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ᠂ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠥᠭᠡᠷᠡᠴᠢᠯᠡᠯᠲᠡ ᠶᠢᠨ ᠲᠥᠷᠥ ᠶᠢᠨ ᠪᠣᠳᠣᠯᠭ᠎ᠠ ᠶᠢ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠨᠠᠶᠢᠳᠠᠪᠤᠷᠢᠵᠢᠭᠤᠯᠬᠤ ᠶᠢ ᠬᠠᠷᠢᠭᠤᠴᠠᠨ᠎ᠠ᠃ ᠵᠠᠰᠠᠭ ᠤᠨ ᠣᠷᠳᠣᠨ ᠢ ᠣᠷᠣᠯᠠᠨ ᠪᠡᠯᠡ ᠭᠠᠷᠭᠠᠬᠤ ︵ᠰᠢᠶᠠᠨ ᠤ ᠵᠠᠰᠠᠭ ᠤᠨ ᠣᠷᠳᠣᠨ ᠤ ᠪᠡᠯᠡ ᠭᠠᠷᠭᠠᠭᠰᠠᠨ ᠤᠯᠤᠰ ᠤᠨ ᠥᠮᠴᠢᠯᠡᠯᠲᠦ ᠮᠥᠩᠭᠦᠨ ᠭᠦᠢᠯᠭᠡᠭᠡᠨ ᠤ ᠡᠳ᠋ ᠬᠥᠷᠥᠩᠭᠡ ᠪᠠᠭᠲᠠᠬᠤ ᠦᠭᠡᠶ︶ ᠶᠢ ᠬᠠᠷᠢᠭᠤᠴᠠᠬᠤ ᠶᠢᠨ ᠬᠠᠮᠲᠤ ᠪᠡᠯᠡ ᠭᠠᠷᠭᠠᠭᠰᠠᠨ ᠠᠵᠤ ᠠᠬᠤᠶᠢᠯᠠᠯ ᠢ ᠵᠣᠬᠢᠶᠠᠨ ᠪᠠᠶᠢᠭᠤᠯᠤᠨ ᠬᠢᠨᠠᠯᠲᠠ ᠲᠠᠯᠪᠢᠵᠤ ᠪᠠᠶᠢᠭᠠᠳ ᠤᠯᠤᠰ ᠤᠨ ᠥᠮᠴᠢᠯᠡᠯᠲᠦ ᠬᠥᠷᠥᠩᠭᠡ ᠶᠢᠨ ᠡᠵᠡᠩᠨᠡᠯᠲᠡ ᠶᠢᠨ ᠠᠰᠢᠭ ᠣᠯᠵᠠᠪᠤᠷᠢ ᠶᠢ ᠲᠤᠰᠢᠶᠠᠬᠤ ᠬᠡᠷᠡᠭᠲᠡᠶ᠃      2. ᠰᠢᠶᠠᠨ ᠤ ᠡᠳ᠋ ᠤᠨ ᠵᠠᠰᠠᠭ ᠤᠨ ᠲᠣᠪᠴᠢᠶ᠎ᠠ ᠤᠯᠤᠰ ᠤᠨ ᠥᠮᠴᠢᠯᠡᠯ ᠤᠨ ᠬᠥᠷᠥᠩᠭᠡ ᠶᠢᠨ ᠡᠵᠡᠩᠨᠡᠯᠲᠡ ᠶᠢᠨ ᠲᠥᠰᠦᠪ ᠪᠠ ᠲᠥᠰᠦᠪ ᠤᠨ ᠭᠦᠢᠴᠡᠳᠬᠡᠯ ᠢ ᠬᠠᠷᠢᠭᠤᠴᠠᠨ ᠴᠤᠭᠯᠠᠭᠤᠯᠤᠨ᠎ᠠ᠃ ᠤᠯᠤᠰ ᠤᠨ ᠥᠮᠴᠢᠯᠡᠯᠲᠦ ᠬᠥᠷᠥᠩᠭᠡ ᠶᠢᠨ ᠠᠰᠢᠭ ᠣᠷᠣᠯᠭ᠎ᠠ ᠶᠢᠨ ᠵᠠᠷᠤᠯᠭ᠎ᠠ ᠶᠢ ᠬᠠᠮᠢᠶᠠᠷᠤᠨ᠎ᠠ᠃ ᠠᠵᠤ ᠠᠬᠤᠶᠢᠯᠠᠯ ᠤᠨ ᠡᠳ᠋ ᠤᠨ ᠶᠠᠪᠤᠳᠠᠯ ᠤᠨ ᠳᠦᠷᠢᠮ ᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃      ᠳᠣᠲᠣᠭᠠᠳᠤ ᠶᠢᠨ ᠪᠠᠶᠢᠭᠤᠯᠤᠮᠵᠢ᠄      ︵ᠨᠢᠭᠡ︶ ᠶᠡᠷᠦᠩᠬᠡᠶᠢᠯᠡᠭᠰᠡᠨ ᠰᠲ᠋ᠣᠺ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠭᠤᠣᠯ ᠱᠤᠭᠤᠮ ᠢ ᠲᠤᠤᠱᠯᠠᠭᠤᠯᠬᠤ ᠠᠵᠢᠯ ᠢ ᠨᠢᠭᠡᠳᠦᠯᠲᠡᠶ ᠲᠥᠯᠥᠪᠯᠡᠨ ᠵᠣᠬᠢᠴᠠᠭᠤᠯᠬᠤ᠂ ᠬᠢᠨᠠᠨ ᠬᠠᠮᠢᠶᠠᠷᠴᠤ ᠪᠠᠶᠢᠭ᠎ᠠ ᠠᠵᠤ ᠠᠬᠤᠶᠢᠯᠠᠯ ᠤᠨ ᠲᠣᠭᠲᠠᠭᠤᠨ ᠢ ᠬᠠᠮᠠᠭᠠᠯᠠᠬᠤ ᠠᠵᠢᠯ ᠢ ᠬᠠᠷᠢᠭᠤᠴᠠᠵᠤ᠂ ᠪᠠᠶᠢᠭᠤᠯᠭ᠎ᠠ ᠶᠢᠨ ᠡᠳᠦᠷ ᠲᠤᠲᠤᠮ ᠤᠨ ᠠᠵᠢᠯᠯᠠᠭᠠᠨ ᠢ ᠬᠠᠷᠢᠭᠤᠴᠠᠵᠤ᠂ ᠮᠡᠳᠡᠭᠡ ᠵᠠᠩᠭᠢ᠂ ᠠᠮᠤᠷ ᠲᠦᠪᠰᠢᠨ᠂ ᠨᠢᠭᠤᠴᠠ ᠶᠢ ᠬᠠᠮᠠᠭᠠᠯᠠᠬᠤ᠂ ᠵᠠᠬᠢᠳᠠᠯ ᠰᠤᠷᠪᠤᠯᠵᠢᠯᠠᠯ᠂ ᠵᠠᠰᠠᠭ ᠤᠨ ᠶᠠᠪᠤᠳᠠᠯ ᠢ ᠢᠯᠡ ᠪᠣᠯᠭᠠᠬᠤ᠂ ᠡᠳ᠋ ᠤᠨ ᠶᠠᠪᠤᠳᠠᠯ᠂ ᠰᠢᠮᠳᠠᠭᠤᠯᠤᠨ ᠪᠠᠶᠢᠴᠠᠭᠠᠵᠤ ᠰᠢᠮᠳᠠᠭᠤᠯᠤᠨ ᠭᠦᠢᠴᠡᠳᠬᠡᠬᠦ ᠵᠡᠷᠭᠡ ᠠᠵᠢᠯ ᠢ ᠡᠭᠦᠷᠭᠡᠯᠡᠨ᠎ᠡ᠃ ᠴᠢᠬᠤᠯᠠ ᠪᠢᠴᠢᠭ ᠮᠠᠲ᠋ᠧᠷᠢᠶᠠᠯ ᠪᠣᠯᠤᠨ ᠮᠡᠳᠡᠭᠦᠯᠦᠯᠲᠡ ᠲᠤᠭᠤᠷᠪᠢᠬᠤ ᠶᠢ ᠬᠠᠷᠢᠭᠤᠴᠠᠨ᠎ᠠ᠃ ᠲᠤᠰ ᠰᠠᠯᠠᠭ᠎ᠠ ᠮᠥᠴᠢᠷ ᠤᠨ ᠢᠶᠠᠨ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠤᠨ ᠬᠠᠤᠯᠢ ᠲᠣᠭᠲᠠᠭᠠᠯ ᠳᠤ ᠨᠡᠶᠢᠴᠡᠬᠦ ᠴᠢᠨᠠᠷ ᠢ ᠬᠢᠨᠠᠨ ᠬᠠᠷᠭᠤᠭᠤᠯᠬᠤ᠂ ᠮᠡᠳᠡᠭᠦᠯᠦᠨ ᠬᠦᠷᠭᠡᠵᠦ ᠳᠠᠩᠰᠠᠯᠠᠭᠤᠯᠬᠤ ᠠᠵᠢᠯ ᠢ ᠬᠠᠷᠢᠭᠤᠴᠠᠨ᠎ᠠ᠃ ᠪᠠᠶᠢᠭᠤᠯᠭ᠎ᠠ ᠶᠢᠨ ᠮᠡᠳᠡᠭᠡ ᠵᠠᠩᠭᠢᠵᠢᠯᠲᠠ᠂ ᠡᠳ᠋ ᠤᠨ ᠶᠠᠪᠤᠳᠠᠯ ᠤᠨ ᠠᠵᠢᠯ ᠢ ᠬᠠᠷᠢᠭᠤᠴᠠᠨ᠎ᠠ᠃ ᠪᠠᠶᠢᠭᠤᠯᠭ᠎ᠠ ᠵᠢᠴᠢ ᠬᠠᠷᠢᠶ᠎ᠠ ᠨᠢᠭᠡᠴᠢ ᠶᠢᠨ ᠠᠵᠢᠯᠲᠠᠨ ᠤ ᠶᠠᠪᠤᠳᠠᠯ᠂ ᠪᠠᠶᠢᠭᠤᠯᠤᠮᠵᠢ ᠶᠢᠨ ᠣᠷᠣᠨ ᠲᠤᠭ᠎ᠠ᠂ ᠪᠠᠶᠢᠭᠤᠯᠭ᠎ᠠ ᠪᠣᠯᠤᠨ ᠬᠠᠷᠢᠶ᠎ᠠ ᠨᠢᠭᠡᠴᠢ ᠶᠢᠨ ᠨᠠᠮ ᠪᠠ ᠣᠯᠠᠨ ᠲᠦᠮᠡᠨ᠂ ᠰᠠᠬᠢᠯᠭ᠎ᠠ ᠪᠠᠲᠤ ᠪᠠᠶᠢᠴᠠᠭᠠᠬᠤ ᠵᠡᠷᠭᠡ ᠠᠵᠢᠯ ᠢ ᠬᠠᠷᠢᠭᠤᠴᠠᠨ᠎ᠠ᠃ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ᠂ ᠲᠤᠰ ᠰᠠᠯᠠᠭ᠎ᠠ ᠮᠥᠴᠢᠷ ᠤᠨ ᠢᠶᠠᠨ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ᠂ ᠦᠵᠡᠯ ᠤᠬᠠᠮᠰᠠᠷ ᠤᠨ ᠬᠡᠯᠪᠡᠷᠢ᠂ ᠠᠶᠤᠯᠭᠦᠢ ᠦᠢᠯᠡᠳᠪᠦᠷᠢᠯᠡᠯ᠂ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ᠂ ᠲᠣᠭᠲᠠᠭᠤᠨ ᠢ ᠬᠠᠮᠠᠭᠠᠯᠠᠬᠤ ᠵᠠᠬᠢᠳᠠᠯ ᠰᠤᠷᠪᠤᠯᠵᠢᠯᠠᠭ᠎ᠠ᠂ ᠢᠳᠡᠭᠡᠨ ᠤ ᠠᠮᠤᠷ ᠲᠦᠪᠰᠢᠨ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠡᠷᠭᠡ ᠠᠵᠢᠯ ᠢ ᠬᠠᠷᠢᠭᠤᠴᠠᠨ᠎ᠠ᠃ ᠬᠠᠮᠢᠶᠠᠷᠤᠯᠲᠠ ᠶᠢᠨ ᠡᠷᠬᠡ ᠮᠡᠳᠡᠯ ᠤᠨ ᠶᠣᠰᠣᠭᠠᠷ᠂ ᠬᠢᠨᠠᠨ ᠬᠠᠮᠢᠶᠠᠷᠴᠤ ᠪᠠᠶᠢᠭ᠎ᠠ ᠠᠵᠤ ᠠᠬᠤᠶᠢᠯᠠᠯ ᠤᠨ ᠤᠳᠤᠷᠢᠳᠬᠤ ᠬᠥᠮᠦᠰ ᠢ ᠰᠢᠯᠭᠠᠨ ᠪᠠᠶᠢᠴᠠᠭᠠᠬᠤ ᠠᠵᠢᠯ ᠢ ᠡᠭᠦᠷᠭᠡᠯᠡᠬᠦ ᠶᠢᠨ ᠬᠠᠮᠲᠤ ᠲᠣᠮᠢᠯᠠᠵᠤ ᠪᠠᠭᠤᠯᠭᠠᠬᠤ ᠰᠠᠨᠠᠭᠤᠯᠭ᠎ᠠ ᠳᠤᠷᠠᠳᠴᠤ᠂ ᠬᠢᠨᠠᠨ ᠬᠠᠮᠢᠶᠠᠷᠴᠤ ᠪᠠᠶᠢᠭ᠎ᠠ ᠠᠵᠤ ᠠᠬᠤᠶᠢᠯᠠᠯ ᠤᠨ ᠤᠳᠤᠷᠢᠳᠬᠤ ᠪᠠᠭ ᠤᠨ ᠪᠠᠶᠢᠭᠤᠯᠤᠯᠲᠠ ᠪᠠ ᠤᠳᠤᠷᠢᠳᠬᠤ ᠬᠥᠮᠦᠰ ᠤᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠵᠤ᠂ ᠭᠠᠳᠠᠨᠠᠬᠢ ᠬᠡᠷᠡᠭ ᠮᠡᠳᠡᠭᠴᠢ᠂ ᠰᠲ᠋ᠣᠺ ᠤᠨ ᠡᠷᠬᠡ ᠶᠢᠨ ᠲᠥᠯᠥᠭᠡᠯᠡᠭᠴᠢ ᠶᠢ ᠬᠠᠷᠢᠭᠤᠴᠠᠨ᠎ᠠ ᠃ ᠤᠯᠤᠰ ᠤᠨ ᠥᠮᠴᠢᠯᠡᠯ ᠤᠨ ᠬᠤᠪᠢ ᠡᠵᠡᠮᠳᠡᠭᠰᠡᠨ ᠪᠠ ᠬᠤᠪᠢ ᠣᠷᠣᠭᠤᠯᠤᠭᠰᠠᠨ ᠺᠣᠮᠫᠠᠨᠢ ᠳᠤ ᠤᠯᠤᠰ ᠤᠨ ᠥᠮᠴᠢᠯᠡᠯ ᠤᠨ ᠰᠲ᠋ᠣᠺ ᠤᠨ ᠡᠷᠬᠡ ᠶᠢᠨ ᠲᠥᠯᠥᠭᠡᠯᠡᠭᠴᠢ ᠲᠣᠮᠢᠯᠠᠬᠤ ᠲᠥᠰᠦᠯ ᠢ ᠲᠤᠭᠤᠷᠪᠢᠨ ᠲᠣᠭᠲᠠᠭᠠᠨ᠎ᠠ᠃ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠤᠳᠤᠷᠢᠳᠬᠤ ᠪᠠᠭ ᠤᠨ ᠪᠠᠶᠢᠭᠤᠯᠤᠯᠲᠠ ᠶᠢ ᠴᠢᠩᠭᠠᠳᠬᠠᠬᠤ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠶᠢ ᠰᠤᠳᠤᠯᠤᠨ ᠲᠣᠭᠲᠠᠭᠠᠨ᠎ᠠ᠃ ᠬᠢᠨᠠᠨ ᠬᠠᠮᠢᠶᠠᠷᠬᠤ ᠭᠠᠵᠠᠷ ᠤᠨ ᠬᠢᠨᠠᠨ ᠬᠠᠮᠢᠶᠠᠷᠬᠤ ᠠᠵᠤ ᠠᠬᠤᠶᠢᠯᠠᠯ ᠤᠨ ᠵᠣᠬᠢᠶᠠᠨ ᠪᠠᠶᠢᠭᠤᠯᠬᠤ ᠠᠵᠢᠯᠲᠠᠨ ᠤ ᠶᠠᠪᠤᠳᠠᠯ᠂ ᠴᠢᠳᠠᠪᠤᠷᠢᠲᠠᠨ᠂ ᠬᠥᠮᠦᠵᠢᠯ ᠪᠣᠯᠪᠠᠰᠤᠷᠠᠭᠤᠯᠤᠯ ᠤᠨ ᠠᠵᠢᠯ ᠢ ᠵᠢᠯᠣᠭᠤᠳᠤᠨ ᠬᠢᠨᠠᠯᠲᠠ ᠲᠠᠯᠪᠢᠨ᠎ᠠ᠃      ︵ᠬᠤᠶᠠᠷ︶ ᠵᠠᠰᠠᠭ ᠵᠠᠬᠢᠷᠬᠠᠨ ᠤ ᠠᠵᠢᠯ ᠦᠢᠯᠡᠰ ᠤᠨ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠲᠠᠰᠤᠭ᠃ ᠪᠦᠬᠦ ᠰᠢᠶᠠᠨ ᠤ ᠵᠠᠰᠠᠭ ᠵᠠᠬᠢᠷᠭ᠎ᠠ ᠠᠵᠢᠯ ᠦᠢᠯᠡᠰ ᠤᠨ ᠨᠢᠭᠡᠴᠡ ᠶᠢᠨ ᠤᠯᠤᠰ ᠤᠨ ᠥᠮᠴᠢᠯᠡᠯ ᠤᠨ ᠡᠳ᠋ ᠬᠦᠷᠦᠩᠭᠡ ᠶᠢᠨ ᠲᠦᠷᠢᠮ ᠲᠣᠭᠲᠠᠭᠠᠯ ᠢ ᠲᠤᠭᠤᠷᠪᠢᠨ ᠲᠣᠭᠲᠠᠭᠠᠨ᠎ᠠ᠃ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠪᠠᠶᠢᠳᠠᠯ ᠢ ᠮᠡᠳᠡᠭᠦᠯᠬᠦ ᠳᠦᠷᠢᠮ ᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠪᠦᠬᠦ ᠰᠢᠶᠠᠨ ᠤ ᠵᠠᠰᠠᠭ ᠵᠠᠬᠢᠷᠭᠠᠨ ᠤ ᠠᠵᠢᠯ ᠦᠢᠯᠡᠰ ᠤᠨ ᠨᠢᠭᠡᠴᠡ ᠶᠢᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠬᠠᠮᠢᠶ᠎ᠠ ᠪᠦᠬᠦᠢ ᠠᠵᠢᠯ ᠢ ᠡᠭᠦᠷᠭᠡᠯᠡᠨ᠎ᠡ᠃          ᠭᠤᠷᠪᠠ ᠥᠮᠴᠢᠯᠡᠬᠦ ᠡᠷᠬᠡ ᠶᠢᠨ ᠬᠠᠤᠯᠢ ᠲᠤᠭᠲᠠᠬᠠᠯ ᠪᠠ ᠥᠭᠡᠷᠡᠴᠢᠯᠡᠯᠲᠡ ᠶᠢᠨ ᠲᠥᠯᠥᠪᠵᠢᠭᠦᠯᠭᠡ ᠶᠢᠨ ᠰᠲ᠋ᠤᠺ᠃ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠪᠠᠶᠢᠭᠤᠯᠤᠯ ᠪᠠ ᠳᠦᠷᠢᠮ ᠤᠨ ᠥᠭᠡᠷᠡᠴᠢᠯᠡᠯᠲᠡ ᠶᠢᠨ ᠲᠥᠷᠥ ᠶᠢᠨ ᠪᠣᠳᠣᠯᠭ᠎ᠠ ᠶᠢᠨ ᠰᠠᠨᠠᠭᠤᠯᠭ᠎ᠠ ᠶᠢ ᠰᠤᠳᠤᠯᠤᠨ ᠳᠤᠷᠠᠳᠤᠨ᠎ᠠ᠃ ᠪᠠᠶᠢᠭᠤᠯᠭ᠎ᠠ ᠶᠢᠨ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠶᠢ ᠬᠠᠤᠯᠢ ᠶᠣᠰᠣᠭᠠᠷ ᠬᠢᠨᠠᠨ ᠪᠠᠶᠢᠴᠠᠭᠠᠬᠤ ᠪᠠ ᠬᠠᠤᠯᠢ ᠴᠠᠭᠠᠵᠠ ᠶᠢᠨ ᠬᠡᠷᠡᠭ ᠶᠠᠪᠤᠳᠠᠯ ᠤᠨ ᠠᠵᠢᠯ ᠢ ᠡᠭᠦᠷᠭᠡᠯᠡᠵᠦ᠂ ᠬᠢᠨᠠᠨ ᠬᠠᠮᠢᠶᠠᠷᠴᠤ ᠪᠠᠶᠢᠭ᠎ᠠ ᠠᠵᠤ ᠠᠬᠤᠶᠢᠯᠠᠯ ᠤᠨ ᠬᠠᠤᠯᠢ ᠪᠠᠷ ᠵᠠᠰᠠᠬᠤ ᠪᠠᠶᠢᠭᠤᠯᠤᠯᠲᠠ ᠪᠠ ᠬᠠᠤᠯᠢ ᠴᠠᠭᠠᠵᠠ ᠶᠢᠨ ᠵᠥᠪᠯᠡᠭᠴᠢ ᠶᠢᠨ ᠠᠵᠢᠯ ᠢ ᠵᠢᠯᠣᠭᠤᠳᠤᠨ ᠠᠬᠢᠭᠤᠯᠤᠨ᠎ᠠ᠃ ᠤᠯᠤᠰ ᠤᠨ ᠥᠮᠴᠢᠯᠡᠯ ᠤᠨ ᠥᠮᠴᠢᠯᠡᠯ ᠤᠨ ᠡᠷᠬᠡ ᠶᠢᠨ ᠬᠠᠮᠢᠶᠠᠷᠤᠯᠲᠠ ᠶᠢ ᠲᠡᠭᠦᠯᠳᠡᠷᠵᠢᠭᠦᠯᠬᠦ ᠰᠠᠨᠠᠭᠤᠯᠭ᠎ᠠ ᠶᠢ ᠰᠤᠳᠤᠯᠤᠨ ᠳᠤᠷᠠᠳᠴᠤ᠂ ᠤᠯᠤᠰ ᠤᠨ ᠥᠮᠴᠢᠯᠡᠯ ᠤᠨ ᠡᠷᠬᠡ ᠶᠢᠨ ᠬᠠᠮᠢᠶᠠᠷᠤᠯᠲᠠ ᠶᠢᠨ ᠲᠠᠯ᠎ᠠ ᠶᠢᠨ ᠲᠦᠷᠢᠮ ᠲᠣᠭᠲᠠᠭᠠᠯ ᠪᠠ ᠬᠠᠮᠢᠶᠠᠷᠤᠯᠲᠠ ᠶᠢᠨ ᠠᠷᠭ᠎ᠠ ᠶᠢ ᠲᠤᠭᠤᠷᠪᠢᠨ ᠲᠣᠭᠲᠠᠭᠠᠨ᠎ᠠ᠃ ᠪᠡᠯᠡ ᠭᠠᠷᠭᠠᠭᠰᠠᠨ ᠠᠵᠤ ᠠᠬᠤᠶᠢᠯᠠᠯ ᠤᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠥᠮᠴᠢᠯᠡᠬᠦ ᠡᠷᠬᠡ ᠶᠢ ᠵᠠᠭᠠᠭᠯᠠᠨ ᠲᠣᠭᠲᠠᠭᠠᠬᠤ᠂ ᠳᠠᠩᠰᠠᠯᠠᠬᠤ᠂ ᠬᠤᠪᠢᠶᠠᠷᠢᠯᠠᠨ ᠰᠢᠯᠵᠢᠭᠦᠯᠬᠦ᠂ ᠰᠢᠢᠳᠪᠤᠷᠢᠯᠡᠬᠦ ᠵᠢᠴᠢ ᠥᠮᠴᠢᠯᠡᠬᠦ ᠡᠷᠬᠡ ᠶᠢᠨ ᠵᠢᠭᠤᠷᠠᠯᠳᠤᠭᠠᠨ ᠢ ᠡᠶᠡᠳᠡᠭᠦᠯᠦᠨ ᠰᠢᠢᠳᠪᠤᠷᠢᠯᠡᠬᠦ ᠵᠡᠷᠭᠡ ᠠᠵᠢᠯ ᠢ ᠡᠭᠦᠷᠭᠡᠯᠡᠨ᠎ᠡ᠃ ᠪᠡᠯᠡ ᠭᠠᠷᠭᠠᠬᠤ ᠠᠵᠤ ᠠᠬᠤᠶᠢᠯᠠᠯ ᠤᠨ ᠡᠳ᠋ ᠬᠥᠷᠥᠩᠭᠡ ᠶᠢ ᠦᠨᠡᠯᠡᠨ ᠵᠢᠱᠢᠬᠦ ᠲᠥᠷᠥᠯ ᠵᠦᠢᠯ ᠤᠨ ᠬᠢᠨᠠᠨ ᠵᠥᠪᠰᠢᠶᠡᠷᠡᠬᠦ ᠪᠠ ᠳᠠᠩᠰᠠᠯᠠᠭᠤᠯᠬᠤ ᠠᠵᠢᠯ ᠢ ᠡᠭᠦᠷᠭᠡᠯᠡᠨ᠎ᠡ᠃ ᠬᠢᠨᠠᠨ ᠬᠠᠮᠢᠶᠠᠷᠴᠤ ᠪᠠᠶᠢᠭ᠎ᠠ ᠠᠵᠤ ᠠᠬᠤᠶᠢᠯᠠᠯ ᠤᠨ ᠬᠥᠷᠥᠩᠭᠡ ᠮᠥᠩᠭᠦ ᠶᠢᠨ ᠬᠤᠪᠢᠷᠠᠯᠲᠠ᠂ ᠰᠲ᠋ᠣᠺ ᠤᠨ ᠡᠷᠬᠡ ᠶᠢᠨ ᠬᠠᠮᠢᠶᠠᠷᠤᠯᠲᠠ ᠵᠢᠴᠢ ᠥᠷᠢ ᠲᠠᠯᠪᠢᠬᠤ ᠲᠥᠰᠦᠯ ᠢ ᠬᠢᠨᠠᠨ ᠬᠠᠷᠭᠤᠭᠤᠯᠤᠨ᠎ᠠ᠃ ᠤᠯᠤᠰ ᠤᠨ ᠥᠮᠴᠢᠯᠡᠯ ᠤᠨ ᠡᠷᠬᠡ ᠶᠢᠨ ᠠᠷᠠᠯᠵᠢᠶᠠᠯᠠᠭ᠎ᠠ ᠳᠤ ᠬᠢᠨᠠᠯᠲᠠ ᠲᠠᠯᠪᠢᠨ ᠵᠢᠷᠤᠮᠵᠢᠭᠤᠯᠵᠤ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠥᠭᠡᠷᠡᠴᠢᠯᠡᠯᠲᠡᠡ ᠶᠢᠨ ᠲᠥᠷᠥ ᠶᠢᠨ ᠪᠣᠳᠤᠯᠭ᠎ᠠ ᠶᠢᠨ ᠰᠠᠨᠠᠭᠤᠯᠭ᠎ᠠ ᠶᠢ ᠰᠣᠳᠤᠯᠤᠨ ᠳᠤᠷᠠᠳᠤᠭᠰᠠᠨ ᠪᠠᠶᠢᠨ᠎ᠠ᠃ ᠬᠢᠨᠠᠨ ᠬᠠᠮᠢᠶᠠᠷᠴᠤ ᠪᠠᠶᠢᠭ᠎ᠠ ᠠᠵᠤ ᠠᠬᠤᠶᠢᠯᠠᠯ ᠢ ᠵᠢᠯᠣᠭᠤᠳᠤᠨ ᠳᠤᠮᠳᠠᠳᠤ ᠤᠯᠤᠰ ᠤᠨ ᠣᠨᠴᠠᠯᠢᠭ ᠪᠦᠬᠦᠢ ᠣᠳᠣ ᠦᠶ᠎ᠡ ᠶᠢᠨ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠳᠦᠷᠢᠮ ᠤᠨ ᠪᠠᠶᠢᠭᠤᠯᠤᠯᠲᠠ ᠪᠠ ᠬᠡᠷᠡᠭ ᠮᠡᠳᠡᠭᠴᠢᠳ ᠤᠨ ᠵᠥᠪᠯᠡᠯ ᠤᠨ ᠪᠠᠶᠢᠭᠤᠯᠤᠯᠲᠠ ᠶᠢ ᠴᠢᠩᠭᠠᠳᠬᠠᠨ᠎ᠠ᠃ ᠬᠢᠨᠠᠨ ᠬᠠᠮᠢᠶᠠᠷᠴᠤ ᠪᠠᠶᠢᠭ᠎ᠠ ᠠᠵᠤ ᠠᠬᠤᠶᠢᠯᠠᠯ ᠢ ᠨᠡᠶᠢᠯᠡᠭᠦᠯᠬᠦ᠂ ᠬᠤᠪᠢ ᠣᠷᠣᠭᠤᠯᠬᠤ ᠳᠦᠷᠢᠮ ᠢᠶᠠᠷ ᠥᠭᠡᠷᠡᠴᠢᠯᠡᠬᠦ᠂ ᠵᠠᠬ᠎ᠠ ᠳᠡᠯᠭᠡᠭᠦᠷ ᠲᠤ ᠭᠠᠷᠭᠠᠬᠤ᠂ ᠪᠡᠯᠡ ᠨᠡᠶᠢᠯᠡᠭᠦᠯᠬᠦ᠂ ᠲᠤᠰᠠᠭᠠᠷᠯᠠᠬᠤ ᠵᠡᠷᠭᠡ ᠳᠠᠬᠢᠨ ᠵᠣᠬᠢᠶᠠᠨ ᠪᠠᠶᠢᠭᠤᠯᠬᠤ ᠪᠠ ᠪᠠᠶᠢᠭᠤᠯᠬᠤ ᠲᠥᠰᠦᠯ ᠢ ᠲᠤᠭᠤᠷᠪᠢᠨ ᠲᠣᠭᠲᠠᠭᠠᠨ᠎ᠠ᠃ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠨᠡᠶᠢᠭᠡᠮ ᠤᠨ ᠡᠭᠦᠷᠭᠡ ᠴᠢᠳᠠᠪᠤᠷᠢ ᠶᠢ ᠰᠠᠯᠭᠠᠬᠤ ᠪᠠ ᠲᠡᠦᠬᠡᠨ ᠠᠴᠠ ᠦᠯᠡᠳᠡᠭᠳᠡᠵᠦ ᠢᠷᠡᠭᠰᠡᠨ ᠠᠰᠠᠭᠤᠳᠠᠯ ᠢ ᠰᠢᠢᠳᠪᠤᠷᠢᠯᠡᠬᠦ ᠶᠢ ᠵᠢᠯᠣᠭᠤᠳᠤᠨ ᠠᠬᠢᠭᠤᠯᠤᠨ᠎ᠠ᠃ ᠬᠢᠨᠠᠨ ᠬᠠᠮᠢᠶᠠᠷᠴᠤ ᠪᠠᠶᠢᠭ᠎ᠠ ᠠᠵᠤ ᠠᠬᠤᠶᠢᠯᠠᠯ ᠤᠨ ᠪᠡᠯᠡ ᠣᠷᠣᠭᠤᠯᠤᠯᠲᠠ ᠶᠢ ᠬᠢᠨᠠᠨ ᠬᠠᠮᠢᠶᠠᠷᠬᠤ ᠶᠢ ᠬᠠᠷᠢᠭᠤᠴᠠᠵᠤ᠂ ᠬᠢᠨᠠᠨ ᠬᠠᠮᠢᠶᠠᠷᠴᠤ ᠪᠠᠶᠢᠭ᠎ᠠ ᠠᠵᠤ ᠠᠬᠤᠶᠢᠯᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠲᠥᠷᠥ ᠶᠢᠨ ᠪᠣᠳᠣᠯᠭ᠎ᠠ ᠶᠢᠨ ᠰᠠᠨᠠᠭᠤᠯᠭ᠎ᠠ ᠶᠢ ᠰᠤᠳᠤᠯᠤᠨ ᠳᠤᠷᠠᠳᠴᠤ᠂ ᠬᠢᠨᠠᠨ ᠬᠠᠮᠢᠶᠠᠷᠴᠤ ᠪᠠᠶᠢᠭ᠎ᠠ ᠠᠵᠤ ᠠᠬᠤᠶᠢᠯᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠠ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠶᠢ ᠵᠢᠯᠣᠭᠤᠳᠤᠨ᠎ᠠ᠃ ᠬᠢᠨᠠᠨ ᠬᠠᠮᠢᠶᠠᠷᠴᠤ ᠪᠠᠶᠢᠭ᠎ᠠ ᠠᠵᠤ ᠠᠬᠤᠶᠢᠯᠠᠯ ᠬᠢᠭᠡᠳ ᠣᠷᠣᠨ ᠨᠤᠲᠤᠭ᠂ ᠰᠠᠯᠠᠭ᠎ᠠ ᠮᠥᠴᠢᠷ ᠤᠨ ᠬᠠᠮᠲᠤᠷᠠᠯᠴᠠᠭ᠎ᠠ ᠪᠠᠨ ᠴᠢᠩᠭᠠᠳᠬᠠᠬᠤ ᠶᠢ ᠵᠢᠯᠣᠭᠤᠳᠤᠨ ᠵᠣᠬᠢᠴᠠᠭᠤᠯᠤᠨ᠎ᠠ᠃      ︵ᠲᠦᠷᠪᠡ︶ ᠬᠥᠷᠥᠩᠭᠡ ᠶᠢᠨ ᠡᠵᠡᠩᠨ᠋ᠡᠯᠲᠡ ᠬᠢᠭᠡᠳ ᠡᠳ᠋ ᠤᠨ ᠶᠠᠪᠤᠳᠠᠯ ᠤᠨ ᠬᠢᠨᠠᠯᠲᠠ ᠬᠢᠨ᠋ᠠᠨ ᠰᠢᠯᠬᠠᠵᠤ ᠦᠨ᠋ᠡᠯᠡᠬᠦ ᠲᠠᠰᠤᠭ᠃ ᠤᠯᠤᠰ ᠤᠨ ᠥᠮᠴᠢᠯᠡᠯᠲᠦ ᠬᠥᠷᠥᠩᠭᠡ ᠶᠢᠨ ᠠᠵᠢᠯᠯᠠᠭᠠᠨ ᠤ ᠳᠦᠷᠢᠮ ᠢ ᠰᠤᠳᠤᠯᠤᠨ ᠪᠠᠶᠢᠭᠤᠯᠵᠤ᠂ ᠤᠯᠤᠰ ᠤᠨ ᠥᠮᠴᠢᠯᠡᠯᠲᠦ ᠬᠥᠷᠥᠩᠭᠡ ᠶᠢᠨ ᠪᠡᠯᠡ ᠣᠷᠣᠭᠤᠯᠬᠤ᠂ ᠡᠵᠡᠩᠨᠡᠬᠦ ᠺᠣᠮᠫᠠᠨᠢ ᠶᠢ ᠵᠣᠬᠢᠶᠠᠨ ᠪᠠᠶᠢᠭᠤᠯᠤᠨ ᠵᠢᠯᠣᠭᠤᠳᠴᠤ ᠪᠠᠶᠢᠭᠠᠳ ᠤᠯᠤᠰ ᠤᠨ ᠥᠮᠴᠢᠯᠡᠯᠲᠦ ᠬᠥᠷᠥᠩᠭᠡ ᠶᠢᠨ ᠡᠵᠡᠩᠨᠡᠯᠲᠡ ᠶᠢ ᠥᠷᠨᠢᠭᠦᠯᠦᠨ᠎ᠡ᠃ ᠬᠢᠨᠠᠨ ᠬᠠᠮᠢᠶᠠᠷᠴᠤ ᠪᠠᠶᠢᠭ᠎ᠠ ᠠᠵᠤ ᠠᠬᠤᠶᠢᠯᠠᠯ ᠢ ᠵᠢᠯᠣᠭᠤᠳᠴᠤ ᠪᠠᠶᠢᠭᠠᠳ ᠡᠷᠬᠢᠯᠡᠨ ᠬᠢᠵᠦ ᠪᠠᠶᠢᠭ᠎ᠠ ᠮᠥᠩᠭᠦᠨ ᠭᠦᠢᠯᠭᠡᠭᠡᠨ ᠤ ᠲᠤᠬᠠᠶᠢᠯᠠᠭᠰᠠᠨ ᠠᠵᠢᠯ ᠤᠨ ᠬᠠᠮᠢᠶᠠᠷᠤᠯᠲᠠ ᠬᠢᠭᠡᠳ ᠦᠢᠯᠡᠴᠢᠯᠡᠭᠡ ᠶᠢ ᠴᠢᠩᠭᠠᠳᠬᠠᠨ᠎ᠠ᠃ ᠬᠤᠯᠪᠣᠭᠳᠠᠯ ᠪᠦᠬᠦᠢ ᠪᠡᠯᠡ ᠣᠷᠣᠭᠤᠯᠤᠯᠲᠠ ᠶᠢᠨ ᠰᠠᠭᠤᠷᠢ ᠮᠥᠩᠭᠦ ᠪᠠᠶᠢᠭᠤᠯᠬᠤ ᠪᠠ ᠠᠵᠢᠯᠯᠠᠭᠤᠯᠬᠤ ᠶᠢ ᠵᠣᠬᠢᠶᠠᠨ ᠪᠠᠶᠢᠭᠤᠯᠤᠨ ᠵᠢᠯᠣᠭᠤᠳᠴᠤ᠂ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠤᠨ ᠣᠯᠠᠨ ᠡᠰᠢᠲᠦ ᠪᠡᠯᠡ ᠣᠷᠣᠭᠤᠯᠤᠯᠲᠠ ᠶᠢᠨ ᠭᠤᠤᠯ ᠴᠣᠭᠴᠠ ᠪᠦᠬᠦᠢ ᠠᠵᠤ ᠠᠬᠤᠶᠢᠯᠠᠯ ᠤᠨ ᠬᠤᠪᠢ ᠣᠷᠣᠭᠤᠯᠤᠭᠴᠢ ᠶᠢᠨ ᠡᠭᠦᠷᠭᠡ ᠬᠠᠷᠢᠭᠤᠴᠠᠯᠭ᠎ᠠ ᠶᠢ ᠭᠦᠢᠴᠡᠳᠬᠡᠬᠦ ᠵᠡᠷᠭᠡ ᠠᠵᠢᠯ ᠢ ᠰᠢᠰᠲ᠋ᠧᠮᠵᠢᠭᠦᠯᠦᠨ ᠬᠠᠮᠢᠶᠠᠷᠤᠨ᠎ᠠ᠃ ᠪᠡᠯᠡ ᠭᠠᠷᠭᠠᠭᠰᠠᠨ ᠠᠵᠤ ᠠᠬᠤᠶᠢᠯᠠᠯ ᠢ ᠵᠣᠬᠢᠶᠠᠨ ᠪᠠᠶᠢᠭᠤᠯᠤᠨ ᠤᠯᠤᠰ ᠤᠨ ᠥᠮᠴᠢᠯᠡᠯᠲᠦ ᠬᠥᠷᠥᠩᠭᠡ ᠶᠢᠨ ᠠᠰᠢᠭ ᠣᠯᠵᠠᠪᠤᠷᠢ ᠶᠢ ᠳᠡᠭᠡᠭᠰᠢ ᠲᠤᠰᠢᠶᠠᠵᠤ᠂ ᠤᠯᠤᠰ ᠤᠨ ᠥᠮᠴᠢᠯᠡᠯᠲᠦ ᠬᠥᠷᠥᠩᠭᠡ ᠶᠢᠨ ᠡᠵᠡᠩᠨᠡᠯᠲᠡ ᠶᠢᠨ ᠲᠥᠰᠦᠪ ᠪᠠ ᠲᠥᠰᠦᠪ ᠤᠨ ᠭᠦᠢᠴᠡᠳᠬᠡᠯ ᠢ ᠨᠠᠶᠢᠷᠠᠭᠤᠯᠤᠨ ᠵᠣᠬᠢᠶᠠᠬᠤ ᠪᠠ ᠭᠦᠢᠴᠡᠳᠬᠡᠬᠦ ᠵᠡᠷᠭᠡ ᠠᠵᠢᠯ ᠢ ᠳᠠᠭᠠᠭᠠᠨ ᠡᠷᠬᠢᠯᠡᠨ᠎ᠡ᠃          ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠪᠠᠶᠢᠭᠤᠯᠤᠯ ᠪᠠ ᠳᠦᠷᠢᠮ ᠤᠨ ᠥᠭᠡᠷᠡᠴᠢᠯᠡᠯᠲᠡ ᠶᠢᠨ ᠲᠥᠷᠥ ᠶᠢᠨ ᠪᠣᠳᠣᠯᠭ᠎ᠠ ᠶᠢᠨ ᠰᠠᠨᠠᠭᠤᠯᠭ᠎ᠠ ᠶᠢ ᠰᠤᠳᠤᠯᠤᠨ ᠳᠤᠷᠠᠳᠤᠨ᠎ᠠ᠃ ᠪᠠᠶᠢᠭᠤᠯᠭ᠎ᠠ ᠶᠢᠨ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠶᠢ ᠬᠠᠤᠯᠢ ᠶᠣᠰᠣᠭᠠᠷ ᠬᠢᠨᠠᠨ ᠪᠠᠶᠢᠴᠠᠭᠠᠬᠤ ᠪᠠ ᠬᠠᠤᠯᠢ ᠴᠠᠭᠠᠵᠠ ᠶᠢᠨ ᠬᠡᠷᠡᠭ ᠶᠠᠪᠤᠳᠠᠯ ᠤᠨ ᠠᠵᠢᠯ ᠢ ᠡᠭᠦᠷᠭᠡᠯᠡᠵᠦ᠂ ᠬᠢᠨᠠᠨ ᠬᠠᠮᠢᠶᠠᠷᠴᠤ ᠪᠠᠶᠢᠭ᠎ᠠ ᠠᠵᠤ ᠠᠬᠤᠶᠢᠯᠠᠯ ᠤᠨ ᠬᠠᠤᠯᠢ ᠪᠠᠷ ᠵᠠᠰᠠᠬᠤ ᠪᠠᠶᠢᠭᠤᠯᠤᠯᠲᠠ ᠪᠠ ᠬᠠᠤᠯᠢ ᠴᠠᠭᠠᠵᠠ ᠶᠢᠨ ᠵᠥᠪᠯᠡᠭᠴᠢ ᠶᠢᠨ ᠠᠵᠢᠯ ᠢ ᠵᠢᠯᠣᠭᠤᠳᠤᠨ ᠠᠬᠢᠭᠤᠯᠤᠨ᠎ᠠ᠃ ᠬᠢᠨᠠᠨ ᠬᠠᠮᠢᠶᠠᠷᠴᠤ ᠪᠠᠶᠢᠭ᠎ᠠ ᠠᠵᠤ ᠠᠬᠤᠶᠢᠯᠠᠯ ᠤᠨ ᠡᠳ᠋ ᠤᠨ ᠶᠠᠪᠤᠳᠠᠯ ᠤᠨ ᠲᠥᠰᠦᠪ ᠪᠠ ᠲᠥᠰᠦᠪ ᠤᠨ ᠭᠦᠢᠴᠡᠳᠬᠡᠯ ᠤᠨ ᠠᠵᠢᠯ ᠢ ᠳᠠᠭᠠᠭᠠᠨ ᠭᠦᠢᠴᠡᠳᠬᠡᠨ᠎ᠡ᠃ ᠤᠯᠤᠰ ᠤᠨ ᠥᠮᠴᠢᠯᠡᠯ ᠤᠨ ᠠᠵᠤ ᠠᠬᠤᠢ ᠪᠣᠯᠤᠨ ᠬᠢᠨᠠᠨ ᠬᠠᠮᠢᠶᠠᠷᠤᠭᠰᠠᠨ ᠠᠵᠤ ᠠᠬᠤᠶᠢᠯᠠᠯ ᠤᠨ ᠠᠵᠢᠯᠯᠠᠭᠠᠨ ᠤ ᠪᠠᠶᠢᠳᠠᠯ ᠢ ᠶᠡᠷᠦᠩᠬᠡᠶᠢᠯᠡᠨ ᠰᠤᠳᠤᠯᠵᠤ᠃ ᠬᠢᠨᠠᠨ ᠬᠠᠮᠢᠶᠠᠷᠴᠤ ᠪᠠᠶᠢᠭ᠎ᠠ ᠠᠵᠤ ᠠᠬᠤᠶᠢᠯᠠᠯ ᠤᠨ ᠡᠳ᠋ ᠬᠥᠷᠥᠩᠭᠡ ᠶᠢᠨ ᠬᠦᠨᠳᠦ ᠶᠡᠭᠡ ᠬᠤᠬᠢᠷᠠᠯ ᠤᠨ ᠬᠠᠷᠢᠭᠤᠴᠠᠯᠭ᠎ᠠ ᠶᠢ ᠨᠡᠬᠡᠮᠵᠢᠯᠡᠬᠦ ᠰᠠᠨᠠᠭᠤᠯᠭ᠎ᠠ ᠪᠠ ᠠᠷᠭ᠎ᠠ ᠬᠡᠮᠵᠢᠶ᠎ᠡ ᠶᠢ ᠰᠤᠳᠤᠯᠤᠨ ᠳᠤᠷᠠᠳᠬᠤ ᠬᠡᠷᠡᠭᠲᠡᠶ᠃ ᠬᠢᠨᠠᠨ ᠬᠠᠮᠢᠶᠠᠷᠴᠤ ᠪᠠᠶᠢᠭ᠎ᠠ ᠠᠵᠤ ᠠᠬᠤᠶᠢᠯᠠᠯ ᠤᠨ ᠡᠳ᠋ ᠬᠥᠷᠥᠩᠭᠡ ᠶᠢ ᠢᠯᠭᠠᠷᠠᠭᠤᠯᠤᠨ ᠪᠡᠯᠡ ᠮᠥᠩᠭᠦ ᠬᠠᠷᠭᠤᠭᠤᠯᠬᠤ ᠪᠠ ᠡᠳ᠋ ᠬᠥᠷᠥᠩᠭᠡ ᠶᠢᠨ ᠬᠤᠬᠢᠷᠠᠯ ᠢ ᠬᠢᠨᠠᠨ ᠲᠠᠶᠢᠯᠬᠤ ᠠᠵᠢᠯ ᠢ ᠡᠭᠦᠷᠭᠡᠯᠡᠨ᠎ᠡ᠃ ᠬᠢᠨᠠᠨ ᠬᠠᠮᠢᠶᠠᠷᠴᠤ ᠪᠠᠶᠢᠭ᠎ᠠ ᠠᠵᠤ ᠠᠬᠤᠶᠢᠯᠠᠯ ᠤᠨ ᠠᠶᠤᠯ ᠲᠦᠭᠰᠢᠭᠦᠷᠢ ᠶᠢ ᠬᠠᠮᠢᠶᠠᠷᠤᠨ ᠡᠵᠡᠮᠳᠡᠬᠦ ᠶᠢ ᠵᠢᠯᠣᠭᠤᠳᠤᠨ᠎ᠠ᠃ ᠶᠡᠷᠦᠩᠬᠡᠶ ᠨᠢᠭᠲᠠᠯᠠᠨ ᠪᠣᠳᠣᠭᠴᠢ ᠶᠢ ᠰᠢᠮᠳᠠᠭᠤᠯᠤᠨ ᠠᠵᠤ ᠠᠬᠤᠶᠢᠯᠠᠯ ᠤᠨ ᠴᠢᠬᠤᠯᠠ ᠡᠵᠡᠩᠨᠡᠯᠲᠡ ᠶᠢᠨ ᠵᠦᠢᠯ ᠪᠣᠯᠤᠨ ᠬᠦᠨᠳᠦ ᠶᠡᠭᠡ ᠲᠦᠭᠰᠢᠭᠦᠷᠢ ᠶᠢ ᠮᠡᠳᠡᠭᠦᠯᠵᠦ᠂ ᠰᠢᠢᠳᠪᠤᠷᠢᠯᠡᠬᠦ ᠰᠠᠨᠠᠭᠤᠯᠭ᠎ᠠ ᠶᠢ ᠰᠤᠳᠤᠯᠤᠨ ᠳᠤᠷᠠᠳᠬᠤ ᠬᠡᠷᠡᠭᠲᠡᠶ᠃ ᠤᠯᠤᠰ ᠤᠨ ᠥᠮᠴᠢᠯᠡᠯᠲᠦ ᠡᠳ᠋ ᠬᠥᠷᠥᠩᠭᠡ ᠶᠢ ᠪᠦᠷᠢᠳᠬᠡᠨ ᠵᠠᠳᠠᠯᠬᠤ᠂ ᠮᠡᠳᠡᠭᠡ ᠵᠠᠩᠭᠢ ᠨᠡᠶᠢᠲᠡᠯᠡᠬᠦ ᠠᠵᠢᠯ ᠢ ᠡᠭᠦᠷᠭᠡᠯᠡᠨ᠎ᠡ᠃ ᠬᠢᠨᠠᠨ ᠬᠠᠮᠢᠶᠠᠷᠴᠤ ᠪᠠᠶᠢᠭ᠎ᠠ ᠠᠵᠤ ᠠᠬᠤᠶᠢᠯᠠᠯ ᠤᠨ ᠭᠦᠢᠴᠡᠳᠬᠡᠯ ᠲᠣᠭᠠᠨ ᠤ ᠰᠢᠰᠲ᠋ᠧᠮᠵᠢ ᠶᠢ ᠪᠦᠷᠢᠨᠰᠢᠭᠦᠯᠵᠦ᠂ ᠬᠢᠨᠠᠨ ᠬᠠᠮᠢᠶᠠᠷᠴᠤ ᠪᠠᠶᠢᠭ᠎ᠠ ᠠᠵᠤ ᠠᠬᠤᠶᠢᠯᠠᠯ ᠤᠨ ᠬᠠᠷᠢᠭᠤᠴᠠᠯᠭᠠᠲᠠᠨ ᠤ ᠡᠵᠡᠩᠨᠡᠯᠲᠡ ᠶᠢᠨ ᠠᠮᠵᠢᠯᠲᠠ ᠪᠦᠲᠦᠮᠵᠢ ᠶᠢ ᠬᠢᠨᠠᠨ ᠰᠢᠯᠭᠠᠬᠤ ᠳᠦᠷᠢᠮ ᠢ ᠲᠡᠭᠦᠯᠳᠡᠷᠵᠢᠭᠦᠯᠦᠨ᠎ᠡ᠃ ᠬᠢᠨᠠᠨ ᠵᠠᠬᠢᠷᠴᠤ ᠪᠠᠶᠢᠭ᠎ᠠ ᠠᠵᠤ ᠠᠬᠤᠢ ᠶᠢᠨ ᠨᠢᠭᠡᠴᠡ ᠶᠢᠨ ᠬᠠᠷᠢᠭᠤᠴᠠᠯᠭᠠᠭᠠᠲᠠᠨ ᠳᠤ ᠣᠨ ᠤ ᠬᠢᠨᠠᠨ ᠰᠢᠯᠭᠠᠯᠲᠠ ᠪᠠ ᠲᠤᠰᠢᠶᠠᠯ ᠤᠨ ᠬᠤᠭᠤᠴᠠᠭᠠᠨ ᠤ ᠬᠢᠨᠠᠨ ᠰᠢᠯᠭᠠᠯᠲᠠ ᠬᠢᠬᠦ ᠬᠡᠷᠡᠭᠲᠡᠢ᠃ ᠬᠢᠨᠠᠨ ᠬᠠᠮᠢᠶᠠᠷᠴᠤ ᠪᠠᠶᠢᠭ᠎ᠠ ᠠᠵᠤ ᠠᠬᠤᠶᠢᠯᠠᠯ ᠤᠨ ᠣᠷᠣᠯᠭ᠎ᠠ ᠶᠢᠨ ᠬᠤᠪᠢᠶᠠᠷᠢᠯᠠᠯᠲᠠ ᠶᠢᠨ ᠳᠦᠷᠢᠮ ᠤᠨ ᠥᠭᠡᠷᠡᠴᠢᠯᠡᠯᠲᠡ ᠶᠢᠨ ᠠᠷᠭ᠎ᠠ ᠶᠢ ᠳᠤᠷᠠᠳᠤᠨ᠎ᠠ᠃ ᠬᠢᠨᠠᠨ ᠬᠠᠮᠢᠶᠠᠷᠴᠤ ᠪᠠᠶᠢᠭ᠎ᠠ ᠠᠵᠤ ᠠᠬᠤᠶᠢᠯᠠᠯ ᠤᠨ ᠴᠠᠯᠢᠩ ᠤᠨ ᠬᠤᠪᠢᠶᠠᠷᠢᠯᠠᠯᠲᠠ ᠶᠢᠨ ᠶᠡᠷᠦᠩᠬᠡᠢ ᠬᠢᠷᠢ ᠬᠡᠮᠵᠢᠶ᠎ᠡ ᠶᠢ ᠲᠣᠬᠢᠷᠠᠭᠤᠯᠤᠨ ᠡᠵᠡᠮᠳᠡᠵᠦ᠂ ᠬᠢᠨᠠᠨ ᠬᠠᠮᠢᠶᠠᠷᠴᠤ ᠪᠠᠶᠢᠭ᠎ᠠ ᠠᠵᠤ ᠠᠬᠤᠶᠢᠯᠠᠯ ᠤᠨ ᠬᠠᠷᠢᠭᠤᠴᠠᠯᠭᠠᠲᠠᠨ ᠤ ᠴᠠᠯᠢᠩ ᠬᠥᠯᠥᠰᠥ ᠶᠢᠨ ᠳᠦᠷᠢᠮ ᠪᠠ ᠤᠷᠮᠠᠰᠢᠭᠤᠯᠬᠤ ᠠᠷᠭ᠎ᠠ ᠶᠢ ᠳᠤᠷᠠᠳᠬᠤ ᠶᠢᠨ ᠬᠠᠮᠲᠤ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃ ᠬᠢᠨᠠᠨ ᠬᠠᠮᠢᠶᠠᠷᠴᠤ ᠪᠠᠶᠢᠭ᠎ᠠ ᠠᠵᠤ ᠠᠬᠤᠶᠢᠯᠠᠯ ᠤᠨ ᠬᠠᠷᠢᠭᠤᠴᠠᠯᠭᠠᠲᠠᠨ ᠤ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠣᠯᠭᠤᠮᠵᠢ᠂ ᠲᠤᠬᠠᠶᠢᠯᠠᠭᠰᠠᠨ ᠠᠵᠢᠯ ᠤᠨ ᠵᠠᠷᠤᠯᠭ᠎ᠠ ᠪᠠ ᠠᠵᠢᠯᠲᠠᠨ ᠠᠵᠢᠯᠴᠢᠨ ᠤ ᠠᠰᠠᠷᠠᠮᠵᠢ ᠶᠢᠨ ᠪᠠᠲᠤᠯᠠᠭ᠎ᠠ ᠶᠢ ᠵᠢᠷᠤᠮᠵᠢᠭᠤᠯᠤᠨ᠎ᠠ᠃ ᠬᠢᠨᠠᠨ ᠬᠠᠮᠢᠶᠠᠷᠴᠤ ᠪᠠᠶᠢᠭ᠎ᠠ ᠠᠵᠤ ᠠᠬᠤᠶᠢᠯᠠᠯ ᠤᠨ ᠠᠶᠤᠯᠭᠦᠢ ᠦᠢᠯᠡᠳᠪᠦᠷᠢᠯᠡᠯ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ᠂ ᠡᠨᠧᠷᠭᠢ ᠠᠷᠪᠢᠯᠠᠵᠤ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠪᠠ ᠣᠷᠴᠢᠨ ᠲᠣᠭᠤᠷᠢᠨ ᠢ ᠬᠠᠮᠠᠭᠠᠯᠠᠬᠤ ᠵᠡᠷᠭᠡ ᠲᠦᠷᠦ ᠶᠢᠨ ᠪᠤᠳᠤᠯᠭ᠎ᠠ ᠬᠠᠤᠯᠢ ᠲᠣᠭᠲᠠᠭᠠᠯ ᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠵᠢᠯᠣᠭᠤᠳᠤᠨ ᠬᠢᠨᠠᠯᠲᠠ ᠲᠠᠯᠪᠢᠨ᠎ᠠ᠃ ᠲᠤᠰ ᠰᠠᠯᠠᠭ᠎ᠠ ᠮᠥᠴᠢᠷ ᠤᠨ ᠢᠶᠠᠨ ᠠᠶᠤᠯ ᠦᠭᠡᠶ ᠦᠢᠯᠡᠳᠪᠦᠷᠢᠯᠡᠯ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ᠂ ᠡᠨᠧᠷᠭᠢ ᠠᠷᠪᠢᠯᠠᠵᠤ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠪᠠ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠵᠡᠷᠭᠡ ᠠᠵᠢᠯ ᠢ ᠬᠠᠷᠢᠭᠤᠴᠠᠨ᠎ᠠ᠃      ᠭᠤᠣᠯ ᠬᠠᠷᠢᠭᠤᠴᠠᠯᠭᠠᠲᠠᠨ ᠤ ᠣᠪᠣᠭ ᠨᠡᠷ᠎ᠡ ᠯᠢᠦ ᠰᠢᠶᠠᠩ ᠰᠢᠶᠠᠩ      ᠠᠵᠢᠯᠯᠠᠬᠤ ᠬᠠᠶ᠋ᠢᠭ᠄ ᠥᠪᠥᠷ ᠮᠣᠩᠭᠤᠯ ᠤᠨ ᠤᠯᠠᠭᠠᠨᠴᠠᠪ ᠬᠤᠲᠠ ᠶᠢᠨ ᠰᠢᠩ ᠾᠧ ᠰᠢᠶᠠᠨ ᠤ ᠡᠳ᠋ ᠤᠨ ᠵᠠᠰᠠᠭ ᠤᠨ ᠲᠣᠪᠴᠢᠶ᠎ᠠ ᠶᠢᠨ ᠲᠣᠮᠣ ᠠᠰᠠᠷ ᠤᠨ ᠳᠥᠷᠪᠡᠳᠦᠭᠡᠷ ᠳᠠᠪᠬᠤᠷᠯᠢᠭ ᠤᠨ ᠪᠠᠷᠠᠭᠤᠨ ᠠᠯᠪᠠᠨ ᠬᠡᠷ      ᠠᠯᠪᠠᠯᠠᠬᠤ ᠴᠠᠭ᠄ ᠠᠵᠢᠯᠯᠠᠬᠤ ᠡᠳᠦᠷ ᠤᠨ 9᠄ 00 - 12᠄ 00᠂ 14᠄ 30-18᠄ 00 ︵ᠬᠠᠤᠯᠢ ᠪᠠᠷ ᠲᠣᠭᠲᠠᠭᠠᠭᠰᠠᠨ ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠠᠴᠠ ᠭᠠᠳᠠᠨ᠎ᠠ︶      ᠬᠠᠷᠢᠯᠴᠠᠬᠤ ᠤᠲᠠᠰᠤ᠄ 0474 - 7213116      
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠤᠷᠳᠤᠨ ᠤ ᠬᠢᠲᠠᠳ ᠲᠤᠤᠷ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3