ᠪᠠᠶᠢᠭᠤᠯᠤᠮᠵᠢ ᠶᠢᠨ ᠡᠭᠦᠷᠭᠡ ᠴᠢᠳᠠᠪᠤᠷᠢ | | ᠨᠢᠭᠡ᠂ ᠨᠠᠮ ᠵᠠᠰᠠᠭ ᠤᠨ ᠪᠠᠶᠢᠭᠤᠯᠤᠮᠵᠢ | 1. ᠨᠠᠮ ᠵᠠᠰᠠᠭ ᠤᠨ ᠶᠡᠷᠦᠩᠬᠡᠶᠢᠯᠡᠭᠰᠡᠨ ᠠᠯᠪᠠᠨ ᠭᠡᠷ᠂ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠡᠳᠦᠷ | ᠲᠤᠲᠤᠮ ᠤᠨ ᠠᠵᠢᠯᠯᠠᠭᠠᠨ ᠪᠠ ᠶᠡᠷᠦᠩᠬᠡᠶᠢᠯᠡᠨ ᠵᠣᠬᠢᠴᠠᠭᠤᠯᠬᠤ ᠠᠵᠢᠯ ᠢ ᠬᠠᠷᠢᠭᠤᠴᠠᠨ᠎ᠠ︔ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠯᠪᠠᠨ ᠭᠡᠷ ᠤᠨ ᠠᠵᠢᠯ ᠢ ᠡᠭᠦᠷᠭᠡᠯᠡᠨ᠎ᠡ︔ | ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠰᠢᠢᠳᠪᠦᠷᠢᠲᠦ ᠪᠣᠳᠣᠯᠭ᠎ᠠ ᠶᠢᠨ ᠰᠢᠮᠳᠠᠭᠤᠯᠤᠨ ᠪᠠᠶᠢᠴᠠᠭᠠᠬᠤ ᠠᠵᠢᠯ ᠢ | ᠬᠠᠷᠢᠭᠤᠴᠠᠨ᠎ᠠ︔ ᠠᠵᠢᠯᠲᠠᠨ ᠤ ᠶᠠᠪᠤᠳᠠᠯ ᠪᠠ ᠡᠳ᠋ ᠤᠨ ᠵᠠᠰᠠᠭ ᠵᠡᠷᠭᠡ ᠠᠵᠢᠯ ᠢ ᠬᠠᠷᠢᠭᠤᠴᠠᠨ᠎ᠠ᠃ | 2. ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠠᠯᠪᠠᠨ ᠭᠡᠷ ᠦᠨᠳᠦᠰᠦᠨ ᠱᠠᠲᠤᠨ ᠤ ᠨᠠᠮ ᠤᠨ | ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠯᠲᠠ ᠪᠣᠯᠤᠨ ᠣᠯᠠᠨ ᠲᠦᠮᠡᠨ ᠤ ᠪᠦᠯᠬᠦᠮ ᠤᠨ ᠠᠵᠢᠯ ᠢ ᠬᠠᠷᠢᠭᠤᠴᠠᠨ᠎ᠠ︔ | ᠤᠬᠠᠭᠤᠯᠭ᠎ᠠ᠂ ᠦᠵᠡᠯ ᠤᠬᠠᠮᠰᠠᠷ ᠤᠨ ᠬᠡᠯᠪᠡᠷᠢ᠂ ᠰᠣᠶᠣᠯ ᠪᠡᠶ᠎ᠡ ᠶᠢᠨ ᠲᠠᠮᠢᠷ ᠤᠨ ᠠᠵᠢᠯ ᠢ ᠬᠠᠷᠢᠭᠤᠴᠠᠨ᠎ᠠ︔ | ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢᠨ ᠠᠵᠢᠯ ᠢ ᠬᠠᠷᠢᠭᠤᠴᠠᠨ᠎ᠠ︔ ᠨᠢᠭᠡᠳᠦᠮᠡᠯ ᠹᠷᠣᠨᠲ᠂ | ᠦᠨᠳᠦᠰᠦᠲᠡᠨ ᠱᠠᠰᠢᠨ ᠰᠤᠷᠲᠠᠬᠤᠨ ᠵᠡᠷᠭᠡ ᠠᠵᠢᠯ ᠢ ᠬᠠᠷᠢᠭᠤᠴᠠᠨ᠎ᠠ᠃ | 3. ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠯᠪᠠᠨ ᠬᠡᠷ᠂ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢᠨ ᠬᠤᠯᠪᠣᠭᠳᠠᠯ ᠪᠥᠬᠦᠶ ᠲᠥᠷᠥ ᠶᠢᠨ ᠪᠣᠳᠣᠯᠭ᠎ᠠ ᠠᠷᠭ᠎ᠠ | ᠬᠡᠮᠵᠢᠶ᠎ᠡ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠬᠠᠷᠢᠭᠤᠴᠠᠨ᠎ᠠ︔ ᠶᠠᠳᠠᠭᠤ ᠶᠢ ᠲᠡᠳᠬᠦᠵᠦ ᠨᠡᠭᠡᠭᠡᠨ | ᠬᠥᠭᠵᠢᠭᠦᠯᠬᠦ ᠠᠵᠢᠯ ᠢ ᠬᠠᠷᠢᠭᠤᠴᠠᠨ᠎ᠠ︔ ᠠᠵᠤ ᠦᠢᠯᠡᠰ ᠤᠨ ᠲᠥᠯᠥᠪᠵᠢᠭᠦᠯᠭᠡ ᠶᠢᠨ ᠬᠥᠭᠵᠢᠯᠲᠡ ᠶᠢᠨ ᠠᠵᠢᠯ ᠢ | ᠬᠠᠷᠢᠭᠤᠴᠠᠨ᠎ᠠ︔ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢᠨ ᠠᠵᠢᠯ ᠢ | ᠬᠠᠷᠢᠭᠤᠴᠠᠨ᠎ᠠ︔ ᠠᠮᠢ ᠠᠬᠤᠶ ᠶᠢᠨ ᠣᠷᠴᠢᠨ ᠲᠣᠭᠤᠷᠢᠨ ᠵᠡᠷᠭᠡ ᠠᠵᠢᠯ ᠢ ᠬᠠᠷᠢᠭᠤᠴᠠᠨ᠎ᠠ᠃ | 4. ᠨᠡᠶᠢᠭᠡᠮ ᠤᠨ ᠬᠡᠷᠡᠭ ᠶᠠᠪᠤᠳᠠᠯ ᠤᠨ ᠠᠯᠪᠠᠨ ᠬᠡᠷ ᠠᠷᠠᠳ ᠤᠨ ᠶᠠᠪᠤᠳᠠᠯ᠂ ᠡᠷᠡᠭᠦᠯ ᠬᠠᠮᠠᠭᠠᠯᠠᠯ᠂ ᠰᠤᠷᠭᠠᠨ | ᠬᠥᠮᠦᠵᠢᠯ᠂ ᠰᠢᠨᠵᠢᠯᠡᠬᠦ ᠤᠬᠠᠭᠠᠨ ᠮᠡᠷᠭᠡᠵᠢᠯ᠂ ᠵᠡᠮᠳᠡᠭᠴᠦᠳ ᠤᠨ ᠬᠤᠯᠪᠣᠭ᠎ᠠ᠂ ᠲᠤᠭ᠎ᠠ ᠪᠦᠷᠢᠳᠬᠡᠯ᠂ ᠬᠥᠳᠡᠯᠮᠦᠷᠢ | ᠠᠵᠢᠯ ᠣᠯᠭᠤᠯᠲᠠ᠂ ᠨᠡᠶᠢᠭᠡᠮ ᠤᠨ ᠪᠠᠲᠤᠯᠠᠭ᠎ᠠ᠂ ᠲᠥᠯᠥᠪᠯᠡᠭᠡᠲᠦ ᠦᠷᠡᠵᠢᠯ᠂ ᠨᠡᠶᠢᠭᠡᠮ ᠤᠨ ᠪᠦᠯᠬᠦᠮ ᠵᠡᠷᠭᠡ | ᠨᠡᠶᠢᠭᠡᠮ ᠤᠨ ᠴᠢᠨᠠᠷᠲᠠᠶ ᠬᠡᠷᠡᠭ ᠶᠠᠪᠤᠳᠠᠯ ᠤᠨ ᠠᠵᠢᠯ ᠢ ᠬᠠᠷᠢᠭᠤᠴᠠᠨ᠎ᠠ᠃ | 5. ᠠᠮᠤᠷ ᠲᠦᠪᠰᠢᠨ ᠤ ᠪᠠᠶᠢᠭᠤᠯᠤᠯᠲᠠ ᠶᠢᠨ ᠠᠯᠪᠠᠨ ᠬᠡᠷ ᠨᠢ ᠪᠠᠴᠢᠮ ᠪᠠᠶᠢᠳᠠᠯ ᠢ ᠠᠷᠭᠠᠴᠠᠬᠤ | ᠬᠠᠮᠢᠶᠠᠷᠤᠯᠲᠠ᠂ ᠵᠠᠬᠢᠳᠠᠯ ᠰᠤᠷᠪᠤᠯᠵᠢᠯᠠᠭ᠎ᠠ ᠪᠠᠷ ᠲᠣᠭᠲᠠᠭᠤᠨ ᠪᠠᠶᠢᠳᠠᠯ ᠢ ᠬᠠᠮᠠᠭᠠᠯᠠᠬᠤ ᠪᠠ ᠨᠡᠶᠢᠭᠡᠮ ᠤᠨ ᠠᠮᠤᠷ | ᠲᠦᠪᠰᠢᠨ ᠢ ᠶᠡᠷᠦᠩᠬᠡᠶᠢᠯᠡᠨ ᠵᠠᠰᠠᠬᠤ ᠠᠵᠢᠯ ᠢ ᠬᠠᠷᠢᠭᠤᠴᠠᠨ᠎ᠠ︔ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ | ᠪᠠᠶᠢᠭᠤᠯᠤᠯᠲᠠ ᠶᠢ ᠲᠦᠯᠬᠢᠨ ᠠᠬᠢᠭᠤᠯᠬᠤ ᠠᠵᠢᠯ ᠢ ᠬᠠᠷᠢᠭᠤᠴᠠᠨ᠎ᠠ︔ ᠲᠣᠣᠷᠵᠢᠯ ᠤᠨ ᠠᠵᠢᠯ ᠢ ᠬᠠᠷᠢᠭᠤᠴᠠᠨ᠎ᠠ᠃ | ᠬᠤᠶᠠᠷ᠂ ᠠᠵᠢᠯ ᠦᠢᠯᠡᠰ ᠤᠨ ᠪᠠᠶᠢᠭᠤᠯᠤᠮᠵᠢ | 1. ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ᠄ ᠴᠡᠷᠢᠭ ᠠᠴᠠ ᠬᠠᠯᠠᠭᠳᠠᠭᠰᠠᠳ ᠤᠨ | ᠴᠣᠩᠬᠤᠪᠴᠢ᠂ ᠶᠡᠷᠦᠩᠬᠡᠶᠢᠯᠡᠭᠰᠡᠨ ᠦᠢᠯᠡᠴᠢᠯᠡᠭᠡᠨ ᠤ ᠴᠣᠩᠬᠤᠪᠴᠢ᠂ ᠭᠠᠵᠠᠷ ᠰᠢᠷᠣᠶ ᠶᠢᠨ ᠴᠣᠩᠬᠤᠪᠴᠢ᠂ | ᠠᠷᠠᠳ ᠤᠨ ᠶᠠᠪᠤᠳᠠᠯ ᠤᠨ ᠴᠣᠩᠬᠤᠪᠴᠢ᠂ ᠨᠡᠶᠢᠭᠡᠮ ᠤᠨ ᠪᠠᠲᠤᠯᠠᠭ᠎ᠠ ᠶᠢᠨ ᠴᠣᠩᠬᠤᠪᠴᠢ᠂ ᠡᠳ᠋ ᠤᠨ ᠵᠠᠰᠠᠭ ᠤᠨ | ᠴᠣᠩᠬᠤᠪᠴᠢ᠂ ᠡᠮ ᠡᠮᠨᠡᠯᠭᠡ ᠶᠢᠨ ᠳᠠᠭᠠᠳᠬᠠᠯ ᠤᠨ ᠴᠣᠩᠬᠤᠪᠴᠢ ᠲᠣᠬᠢᠷᠠᠭᠤᠯᠵᠤ᠂ ᠬᠠᠮᠢᠶ᠎ᠠ ᠪᠥᠬᠦᠶ ᠵᠦᠢᠯᠡᠰ ᠢ | ᠬᠢᠨᠠᠨ ᠵᠥᠪᠰᠢᠶᠡᠷᠡᠬᠦ ᠪᠠ ᠦᠢᠯᠡᠴᠢᠯᠡᠬᠦ ᠠᠵᠢᠯ ᠢ ᠬᠠᠷᠢᠭᠤᠴᠠᠨ᠎ᠠ᠃ | 2. ᠰᠢᠶᠠᠩ ᠤᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ᠄ ᠰᠢᠶᠠᠩ | ᠪᠠᠯᠭᠠᠰᠤᠨ ᠤ ᠵᠠᠰᠠᠭ ᠤᠨ ᠣᠷᠳᠣᠨ ᠤ ᠨᠡᠷ᠎ᠡ ᠪᠠᠷ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯ ᠢ ᠥᠷᠨᠢᠭᠦᠯᠵᠦ᠂ | ᠰᠢᠶᠠᠨ ᠤ ᠠᠷᠠᠳ ᠤᠨ ᠵᠠᠰᠠᠭ ᠤᠨ ᠣᠷᠳᠣᠨ ᠠᠴᠠ ᠣᠯᠭᠤᠭᠰᠠᠨ ᠰᠢᠶᠠᠩ ᠪᠠᠯᠭᠠᠰᠤᠨ ᠤ ᠵᠠᠰᠠᠭ ᠵᠠᠬᠢᠷᠭᠠᠨ ᠤ | ᠬᠠᠤᠯᠢ ᠬᠡᠷᠡᠭᠵᠢᠭᠦᠯᠬᠦ ᠡᠷᠬᠡ ᠶᠢ ᠲᠥᠪᠯᠡᠷᠡᠭᠦᠯᠦᠨ ᠬᠡᠷᠡᠭᠵᠢᠭᠦᠯᠦᠨ᠎ᠡ᠃ | 3. ᠰᠢᠶᠠᠩ ᠤᠨ ᠶᠡᠷᠦᠩᠬᠡᠶᠢᠯᠡᠭᠰᠡᠨ ᠪᠠᠲᠤᠯᠠᠭ᠎ᠠ ᠪᠠ ᠮᠡᠷᠭᠡᠵᠢᠯ ᠳᠡᠯᠭᠡᠷᠡᠭᠦᠯᠬᠦ ᠲᠥᠪ᠄ ᠲᠠᠷᠢᠶᠠᠯᠠᠩ᠂ ᠣᠶ | ᠰᠢᠭᠤᠶ᠂ ᠮᠠᠯ ᠠᠵᠤ ᠠᠬᠤᠶ᠂ ᠤᠰᠤ ᠵᠡᠷᠭᠡ ᠬᠦᠷᠢᠶᠡᠨ ᠳᠠᠬᠢ ᠮᠡᠷᠭᠡᠵᠢᠯ ᠢ ᠣᠷᠣᠭᠤᠯᠤᠨ ᠠᠪᠴᠢᠷᠠᠬᠤ ᠪᠠ | ᠳᠡᠯᠭᠡᠷᠡᠭᠦᠯᠬᠦ ᠠᠵᠢᠯ ᠢ ᠬᠠᠷᠢᠭᠤᠴᠠᠨ᠎ᠠ︔ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠬᠤᠪᠢᠷᠠᠭᠤᠯᠬᠤ | ᠠᠵᠢᠯ ᠢ ᠬᠠᠷᠢᠭᠤᠴᠠᠨ᠎ᠠ︔ ᠮᠠᠯᠴᠢᠨ ᠲᠠᠷᠢᠶᠠᠴᠢᠨ ᠳᠤ ᠠᠵᠤ ᠦᠢᠯᠡᠰ ᠤᠨ ᠮᠡᠳᠡᠭᠡ ᠵᠠᠩᠭᠢ ᠶᠢᠨ ᠦᠢᠯᠡᠴᠢᠯᠡᠭᠡᠨ ᠤ | ᠠᠵᠢᠯ ᠢ ᠬᠠᠷᠢᠭᠤᠴᠠᠨ᠎ᠠ︔ ᠲᠤᠰᠬᠠᠶ ᠮᠡᠷᠭᠡᠵᠢᠯ ᠤᠨ ᠪᠣᠯᠪᠠᠰᠤᠷᠠᠭᠤᠯᠤᠯ᠂ ᠡᠪᠡᠳᠴᠢᠨ ᠬᠤᠷᠣᠬᠠᠶ ᠶᠢᠨ ᠬᠥᠨᠥᠭᠡᠯ ᠢ | ᠰᠡᠷᠭᠡᠶᠢᠯᠡᠨ ᠵᠠᠰᠠᠬᠤ᠂ ᠠᠮᠢᠲᠠᠨ ᠤ ᠬᠢᠵᠢᠭ ᠢ ᠰᠡᠷᠭᠡᠶᠢᠯᠡᠬᠦ ᠵᠡᠷᠭᠡ ᠠᠵᠢᠯ ᠢ ᠬᠠᠷᠢᠭᠤᠴᠠᠨ᠎ᠠ᠃ | ᠭᠤᠷᠪᠠ᠂ ᠬᠠᠷᠢᠯᠴᠠᠬᠤ ᠠᠷᠭ᠎ᠠ ᠮᠠᠶ᠋ᠢᠭ | ᠠᠯᠪᠠᠯᠠᠬᠤ ᠴᠠᠭ᠄ ᠭᠠᠷᠠᠭ ᠤᠨ ᠨᠢᠭᠡᠨ ᠠᠴᠠ ᠭᠠᠷᠠᠭ ᠤᠨ ᠲᠠᠪᠤᠨ ᠤ 9᠄ 00-12᠄ 00 ᠂ 15᠄ 00 | - 18᠄ 00 ︵ᠬᠠᠤᠯᠢ ᠪᠠᠷ ᠲᠣᠭᠲᠠᠭᠠᠭᠰᠠᠨ ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠠᠴᠠ ᠪᠤᠰᠤᠳ︶ | ᠠᠯᠪᠠᠯᠠᠬᠤ ᠤᠲᠠᠰᠤ᠄ 0474 - 7545003 | ᠠᠵᠢᠯᠯᠠᠬᠤ ᠬᠠᠶ᠋ᠢᠭ᠄ ᠰᠢᠩ ᠾᠧ ᠰᠢᠶᠠᠨ ᠤ ᠳ᠋ᠠ ᠲᠦᠩ ᠶᠣᠣ ᠰᠢᠶᠠᠩ ᠤᠨ ᠳ᠋ᠠ ᠲᠦᠩ ᠶᠣᠣ ᠲᠣᠰᠬᠤᠨ ᠤ | ᠰᠢᠶᠠᠩ ᠤᠨ ᠵᠠᠰᠠᠭ ᠤᠨ ᠣᠷᠳᠣᠨ ᠤ ᠲᠣᠮᠣ ᠠᠰᠠᠷ | ᠬᠠᠷᠢᠭᠤᠴᠠᠯᠭᠠᠲᠠᠨ ᠤ ᠣᠪᠣᠭ ᠨᠡᠷ᠎ᠡ᠄ ᠭᠤᠤ ᠶᠠ ᠨᠠᠨ | ᠤᠷᠴᠢᠭᠤᠯᠤᠭᠴᠢ᠄ ᠨᠠᠷᠠᠰᠤ | ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ | |