ᠪᠠᠶᠢᠭᠤᠯᠤᠮᠵᠢ ᠶᠢᠨ ᠡᠭᠦᠷᠭᠡ ᠴᠢᠳᠠᠪᠤᠷᠢ | | ᠨᠢᠭᠡ᠂ ᠨᠠᠮ ᠵᠠᠰᠠᠭ ᠤᠨ ᠪᠠᠶᠢᠭᠤᠯᠤᠮᠵᠢ | 1. ᠨᠠᠮ ᠵᠠᠰᠠᠭ ᠤᠨ ᠶᠡᠷᠦᠩᠬᠡᠶᠢᠯᠡᠭᠰᠡᠨ ᠠᠯᠪᠠᠨ ᠭᠡᠷ᠄ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠡᠳᠦᠷ | ᠲᠤᠲᠤᠮ ᠤᠨ ᠠᠵᠢᠯᠯᠠᠭᠠᠨ ᠪᠠ ᠶᠡᠷᠦᠩᠬᠡᠶᠢᠯᠡᠨ ᠵᠣᠬᠢᠴᠠᠭᠤᠯᠬᠤ ᠠᠵᠢᠯ ᠢ ᠬᠠᠷᠢᠭᠤᠴᠠᠨ᠎ᠠ︔ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠯᠪᠠᠨ ᠭᠡᠷ ᠤᠨ ᠠᠵᠢᠯ ᠢ ᠡᠭᠦᠷᠭᠡᠯᠡᠨ᠎ᠡ︔ | ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠰᠢᠢᠳᠪᠦᠷᠢᠲᠦ ᠪᠣᠳᠣᠯᠭ᠎ᠠ ᠶᠢᠨ ᠰᠢᠮᠳᠠᠭᠤᠯᠤᠨ ᠪᠠᠶᠢᠴᠠᠭᠠᠬᠤ ᠠᠵᠢᠯ ᠢ | ᠬᠠᠷᠢᠭᠤᠴᠠᠨ᠎ᠠ︔ ᠠᠵᠢᠯᠲᠠᠨ ᠤ ᠶᠠᠪᠤᠳᠠᠯ ᠪᠠ ᠡᠳ᠋ ᠤᠨ ᠵᠠᠰᠠᠭ ᠵᠡᠷᠭᠡ ᠠᠵᠢᠯ ᠢ ᠬᠠᠷᠢᠭᠤᠴᠠᠨ᠎ᠠ᠃ | 2 . ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠠᠯᠪᠠᠨ ᠭᠡᠷ᠄ ᠦᠨᠳᠦᠰᠦᠨ ᠱᠠᠲᠤᠨ ᠤ | ᠨᠠᠮ ᠤᠨ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠯᠲᠠ ᠪᠠ ᠣᠯᠠᠨ ᠲᠦᠮᠡᠨ ᠤ ᠪᠦᠯᠬᠦᠮ ᠤᠨ ᠠᠵᠢᠯ ᠢ | ᠬᠠᠷᠢᠭᠤᠴᠠᠨ᠎ᠠ︔ ᠤᠬᠠᠭᠤᠯᠭ᠎ᠠ᠂ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠢ ᠬᠠᠷᠢᠭᠤᠴᠠᠨ᠎ᠠ︔ ᠨᠠᠮ ᠤᠨ | ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢᠨ ᠠᠵᠢᠯ ᠢ ᠬᠠᠷᠢᠭᠤᠴᠠᠨ᠎ᠠ︔ ᠨᠢᠭᠡᠳᠦᠮᠡᠯ ᠹᠷᠣᠨᠲ᠂ | ᠦᠨᠳᠦᠰᠦᠲᠡᠨ ᠱᠠᠰᠢᠨ ᠰᠤᠷᠲᠠᠬᠤᠨ ᠵᠡᠷᠭᠡ ᠠᠵᠢᠯ ᠢ ᠬᠠᠷᠢᠭᠤᠴᠠᠨ᠎ᠠ᠃ | 3. ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠯᠪᠠᠨ ᠭᠡᠷ᠄ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢᠨ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠶᠢᠨ | ᠠᠷᠭ᠎ᠠ ᠬᠡᠮᠵᠢᠶ᠎ᠡ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠬᠠᠷᠢᠭᠤᠴᠠᠨ᠎ᠠ︔ ᠶᠠᠳᠠᠭᠤ ᠶᠢ ᠲᠡᠳᠬᠦᠵᠦ ᠨᠡᠭᠡᠭᠡᠨ | ᠬᠥᠭᠵᠢᠭᠦᠯᠬᠦ ᠠᠵᠢᠯ ᠢ ᠬᠠᠷᠢᠭᠤᠴᠠᠨ᠎ᠠ︔ ᠠᠵᠤ ᠦᠢᠯᠡᠰ ᠤᠨ ᠲᠥᠯᠥᠪᠵᠢᠭᠦᠯᠭᠡ ᠶᠢᠨ ᠬᠥᠭᠵᠢᠯᠲᠡ ᠶᠢᠨ ᠠᠵᠢᠯ ᠢ | ᠬᠠᠷᠢᠭᠤᠴᠠᠨ᠎ᠠ︔ ᠠᠮᠢ ᠠᠬᠤᠶ ᠶᠢᠨ ᠣᠷᠴᠢᠨ ᠲᠣᠭᠤᠷᠢᠨ ᠵᠡᠷᠭᠡ ᠠᠵᠢᠯ ᠢ ᠬᠠᠷᠢᠭᠤᠴᠠᠨ᠎ᠠ᠃ | 4 . ᠨᠡᠶᠢᠭᠡᠮ ᠤᠨ ᠬᠡᠷᠡᠭ ᠶᠠᠪᠤᠳᠠᠯ ᠤᠨ ᠠᠯᠪᠠᠨ ᠭᠡᠷ᠄ ᠠᠷᠠᠳ ᠤᠨ ᠶᠠᠪᠤᠳᠠᠯ᠂ ᠡᠮ ᠡᠮᠨᠡᠯᠭᠡ ᠡᠷᠡᠭᠦᠯ | ᠬᠠᠮᠠᠭᠠᠯᠠᠯ᠂ ᠰᠤᠷᠭᠠᠨ ᠬᠥᠮᠦᠵᠢᠯ ᠪᠡᠶ᠎ᠡ ᠶᠢᠨ ᠲᠠᠮᠢᠷ᠂ ᠰᠣᠶᠣᠯ ᠵᠢᠭᠤᠯᠴᠢᠯᠠᠯ᠂ ᠰᠢᠨᠵᠢᠯᠡᠬᠦ ᠤᠬᠠᠭᠠᠨ ᠮᠡᠷᠭᠡᠵᠢᠯ᠂ | ᠵᠡᠮᠳᠡᠭᠴᠦᠳ ᠤᠨ ᠬᠤᠯᠪᠣᠭ᠎ᠠ᠂ ᠲᠤᠭ᠎ᠠ ᠪᠦᠷᠢᠳᠬᠡᠯ᠂ ᠬᠥᠳᠡᠯᠮᠦᠷᠢ ᠠᠵᠢᠯ ᠣᠯᠭᠤᠯᠲᠠ᠂ ᠨᠡᠶᠢᠭᠡᠮ ᠤᠨ ᠪᠠᠲᠤᠯᠠᠭ᠎ᠠ᠂ | ᠲᠥᠯᠥᠪᠯᠡᠭᠡᠲᠦ ᠦᠷᠡᠵᠢᠯ᠂ ᠨᠡᠶᠢᠭᠡᠮ ᠤᠨ ᠪᠦᠯᠬᠦᠮ ᠵᠡᠷᠭᠡ ᠨᠡᠶᠢᠭᠡᠮ ᠤᠨ ᠬᠡᠷᠡᠭ ᠶᠠᠪᠤᠳᠠᠯ ᠤᠨ ᠴᠢᠨᠠᠷᠲᠠᠶ ᠠᠵᠢᠯ ᠢ | ᠬᠠᠷᠢᠭᠤᠴᠠᠨ᠎ᠠ᠃ | 5 . ᠠᠮᠤᠷ ᠲᠦᠪᠰᠢᠨ ᠤ ᠪᠠᠶᠢᠭᠤᠯᠤᠯᠲᠠ ᠶᠢᠨ ᠠᠯᠪᠠᠨ ᠬᠡᠷ᠄ ᠪᠠᠴᠢᠮ ᠪᠠᠶᠢᠳᠠᠯ ᠢ ᠠᠷᠭᠠᠴᠠᠭᠠᠬᠤ | ᠬᠠᠮᠢᠶᠠᠷᠤᠯᠲᠠ᠂ ᠵᠠᠬᠢᠳᠠᠯ ᠰᠤᠷᠪᠤᠯᠵᠢᠯᠠᠭ᠎ᠠ ᠪᠠᠷ ᠲᠣᠭᠲᠠᠭᠤᠨ ᠪᠠᠶᠢᠳᠠᠯ ᠢ ᠬᠠᠮᠠᠭᠠᠯᠠᠬᠤ ᠪᠠ ᠨᠡᠶᠢᠭᠡᠮ ᠤᠨ ᠠᠮᠤᠷ | ᠲᠦᠪᠰᠢᠨ ᠢ ᠶᠡᠷᠦᠩᠬᠡᠶᠢᠯᠡᠨ ᠵᠠᠰᠠᠬᠤ ᠠᠵᠢᠯ ᠢ ᠬᠠᠷᠢᠭᠤᠴᠠᠨ᠎ᠠ︔ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ | ᠪᠠᠶᠢᠭᠤᠯᠤᠯᠲᠠ ᠶᠢ ᠠᠬᠢᠭᠤᠯᠬᠤ ᠠᠵᠢᠯ ᠢ ᠬᠠᠷᠢᠭᠤᠴᠠᠨ᠎ᠠ︔ ᠲᠣᠣᠷᠵᠢᠯ ᠤᠨ ᠠᠵᠢᠯ ᠢ ᠬᠠᠷᠢᠭᠤᠴᠠᠨ᠎ᠠ᠃ | 6 . ᠬᠤᠲᠠ ᠶᠢᠨ ᠬᠠᠮᠢᠶᠠᠷᠤᠯᠲᠠ ᠶᠢᠨ ᠠᠯᠪᠠᠨ ᠭᠡᠷ᠄ ᠬᠠᠷᠢᠶ᠎ᠠ ᠣᠷᠣᠨ ᠤ ᠳᠣᠲᠣᠷᠠᠬᠢ ᠬᠤᠲᠠ ᠶᠢᠨ | ᠳᠦᠷᠰᠦ ᠪᠠᠶᠢᠳᠠᠯ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ᠂ ᠵᠢᠵᠢᠭ ᠲᠣᠭᠤᠷᠢᠭ ᠤᠨ ᠠᠳᠠᠯ ᠠᠬᠤᠶ᠂ ᠣᠯᠠᠨ | ᠨᠡᠶᠢᠲᠡ ᠶᠢᠨ ᠪᠡᠯᠡᠳᠬᠡᠮᠵᠢ ᠶᠢᠨ ᠬᠠᠮᠢᠶᠠᠷᠤᠯᠲᠠ ᠵᠡᠷᠭᠡ ᠠᠵᠢᠯ ᠢ ᠬᠠᠷᠢᠭᠤᠴᠠᠨ᠎ᠠ︔ ᠵᠡᠭᠡᠯᠢ ᠭᠤᠳᠤᠮᠵᠢ ᠶᠢᠨ ᠵᠣᠬᠢᠶᠠᠨ | ᠪᠠᠶᠢᠭᠤᠯᠤᠨ ᠬᠡᠷᠡᠭᠵᠢᠭᠦᠯᠦᠭᠰᠡᠨ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠤᠨ ᠲᠥᠰᠦᠪ ᠤᠨ ᠬᠢᠨᠠᠯᠲᠠ ᠶᠢᠨ | ᠰᠤᠷᠭᠠᠭᠤᠯᠢ᠂ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ ᠵᠡᠷᠭᠡ ᠠᠵᠢᠯ ᠢ ᠬᠠᠷᠢᠭᠤᠴᠠᠨ᠎ᠠ︔ ᠬᠠᠷᠢᠶ᠎ᠠ | ᠣᠷᠣᠨ ᠤ ᠳᠣᠲᠣᠷᠠᠬᠢ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠠᠵᠢᠯ ᠢ ᠶᠡᠷᠦᠩᠬᠡᠶᠢᠯᠡᠨ | ᠵᠣᠬᠢᠴᠠᠭᠤᠯᠤᠨ᠎ᠠ︔ ᠣᠯᠠᠨ ᠨᠡᠶᠢᠲᠡ ᠶᠢᠨ ᠡᠷᠡᠭᠦᠯ ᠬᠠᠮᠠᠭᠠᠯᠠᠯ᠂ ᠠᠮᠢᠲᠠᠨ ᠤ ᠬᠢᠵᠢᠭ ᠰᠡᠷᠭᠡᠶᠢᠯᠡᠬᠦ ᠪᠠ ᠪᠣᠯᠪᠠᠰᠤᠨ | ᠬᠤᠲᠠ᠂ ᠡᠷᠡᠭᠦᠯ ᠬᠠᠮᠠᠭᠠᠯᠠᠯ ᠤᠨ ᠬᠤᠲᠠ ᠶᠢ ᠡᠭᠦᠳᠦᠨ ᠪᠠᠶᠢᠭᠤᠯᠬᠤ ᠵᠡᠷᠭᠡ ᠬᠠᠮᠢᠶ᠎ᠠ ᠪᠦᠬᠦᠢ ᠠᠵᠢᠯ ᠢ | ᠶᠡᠷᠦᠩᠬᠡᠶᠢᠯᠡᠨ ᠵᠣᠬᠢᠴᠠᠭᠤᠯᠤᠨ᠎ᠠ︔ ᠬᠠᠷᠢᠶ᠎ᠠ ᠣᠷᠣᠨ ᠤ ᠳᠣᠲᠣᠷᠠᠬᠢ ᠬᠤᠲᠠ ᠪᠠᠯᠭᠠᠰᠤᠨ ᠤ ᠪᠦᠲᠦᠭᠡᠨ | ᠪᠠᠶᠢᠭᠤᠯᠤᠯᠲᠠ ᠶᠢᠨ ᠲᠥᠯᠥᠪᠵᠢᠭᠦᠯᠭᠡ᠂ ᠣᠯᠠᠨ ᠨᠡᠶᠢᠲᠡ ᠶᠢᠨ ᠦᠢᠯᠡᠴᠢᠯᠡᠭᠡᠨ ᠤ ᠪᠡᠯᠡᠳᠬᠡᠮᠵᠢ ᠶᠢᠨ | ᠲᠥᠯᠥᠪᠵᠢᠭᠦᠯᠭᠡ ᠪᠠ ᠬᠠᠷᠢᠶ᠎ᠠ ᠣᠷᠣᠨ ᠤ ᠪᠠᠷᠢᠯᠭ᠎ᠠ ᠶᠢᠨ ᠲᠥᠷᠥᠯ ᠵᠦᠢᠯ ᠤᠨ ᠪᠠᠷᠢᠯᠭ᠎ᠠ ᠳᠠᠭᠤᠰᠤᠭᠰᠠᠨ ᠢ ᠰᠢᠯᠭᠠᠨ | ᠠᠪᠬᠤ᠂ ᠵᠢᠵᠢᠭ ᠲᠣᠭᠤᠷᠢᠭ ᠢ ᠲᠥᠯᠥᠪᠵᠢᠭᠦᠯᠵᠦ ᠰᠢᠯᠭᠠᠨ ᠠᠪᠬᠤ ᠵᠡᠷᠭᠡ ᠠᠵᠢᠯ ᠢ ᠬᠠᠮᠵᠢᠨ ᠰᠠᠶᠢᠲᠤᠷ | ᠭᠦᠢᠴᠡᠳᠬᠡᠨ᠎ᠡ︔ ᠵᠠᠬ᠎ᠠ ᠳᠡᠯᠭᠡᠭᠦᠷ ᠤᠨ ᠬᠢᠨᠠᠯᠲᠠ ᠲᠠᠯᠪᠢᠬᠤ᠂ ᠣᠷᠴᠢᠨ ᠲᠣᠭᠤᠷᠢᠨ ᠤ ᠬᠠᠮᠠᠭᠠᠯᠠᠯᠲᠠ᠂ ᠬᠠᠭᠤᠴᠢᠨ | ᠵᠢᠵᠢᠭ ᠲᠣᠭᠤᠷᠢᠭ ᠢ ᠴᠡᠭᠴᠡᠯᠡᠨ ᠵᠠᠰᠠᠬᠤ᠂ ᠪᠠᠲᠤᠯᠠᠭ᠎ᠠ ᠶᠢᠨ ᠴᠢᠨᠠᠷᠲᠠᠶ ᠣᠷᠣᠨ ᠰᠠᠭᠤᠴᠠ ᠶᠢᠨ ᠬᠠᠮᠢᠶᠠᠷᠤᠯᠲᠠ ᠵᠡᠷᠭᠡ | ᠠᠵᠢᠯ ᠢ ᠬᠠᠮᠵᠢᠨ ᠥᠷᠨᠢᠭᠦᠯᠦᠨ᠎ᠡ᠃ | ᠬᠤᠶᠠᠷ᠂ ᠠᠵᠢᠯ ᠦᠢᠯᠡᠰ ᠤᠨ ᠨᠢᠭᠡᠴᠢ | 1. ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ᠄ ᠨᠠᠮ ᠤᠨ ᠭᠡᠰᠢᠭᠦᠨ ᠪᠠ ᠣᠯᠠᠨ ᠲᠦᠮᠡᠨ ᠤ | ᠦᠢᠯᠡᠴᠢᠯᠡᠭᠡᠨ ᠤ ᠲᠥᠷᠥᠯ ᠵᠦᠢᠯ ᠤᠨ ᠪᠦᠬᠦᠯᠢ ᠴᠣᠭᠴᠠ ᠶᠢᠨ ᠲᠣᠬᠢᠷᠠᠭᠤᠯᠤᠯᠲᠠ᠂ ᠲᠣᠬᠢᠷᠠᠭᠤᠯᠤᠯᠲᠠ ᠪᠠ | ᠲᠣᠬᠢᠷᠠᠭᠤᠯᠤᠯᠲᠠ ᠶᠢ ᠬᠠᠷᠢᠭᠤᠴᠠᠵᠤ᠂ ᠨᠠᠮ ᠤᠨ ᠭᠡᠰᠢᠭᠦᠨ ᠪᠠ ᠣᠯᠠᠨ ᠲᠦᠮᠡᠨ ᠳᠤ ᠶᠡᠷᠦᠩᠬᠡᠶᠢᠯᠡᠭᠰᠡᠨ ᠴᠢᠨᠠᠷᠲᠠᠶ | ᠦᠢᠯᠡᠴᠢᠯᠡᠭᠡᠨ ᠤ ᠲᠤᠯᠭᠠᠭᠤᠷᠢᠯᠠᠬᠤ ᠲᠠᠪᠴᠠᠩ ᠬᠠᠩᠭᠠᠨ᠎ᠠ︔ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠡᠯ᠎ᠡ | ᠲᠥᠷᠥᠯ ᠤᠨ ᠠᠵᠢᠯᠯᠠᠭᠠᠨ ᠤ ᠲᠠᠯᠠᠪᠤᠷ ᠤᠨ ᠴᠢᠳᠠᠮᠵᠢ ᠶᠢᠨ ᠲᠥᠯᠥᠪᠵᠢᠭᠦᠯᠭᠡ᠂ ᠬᠠᠮᠢᠶᠠᠷᠤᠯᠲᠠ ᠪᠠ ᠬᠠᠮᠠᠭᠠᠯᠠᠯᠲᠠ ᠶᠢ | ᠬᠠᠷᠢᠭᠤᠴᠠᠨ᠎ᠠ︔ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠠᠵᠢᠯ ᠣᠯᠵᠤ ᠠᠳᠠᠯ ᠦᠢᠯᠡᠰ ᠴᠣᠭᠴᠠᠯᠠᠬᠤ ᠶᠢ | ᠲᠡᠳᠬᠦᠬᠦ᠂ ᠠᠰᠠᠷᠠᠨ ᠲᠡᠳᠬᠦᠵᠦ ᠬᠠᠪᠰᠤᠷᠤᠨ ᠲᠡᠳᠬᠦᠬᠦ᠂ ᠡᠷᠬᠢᠨ ᠦᠵᠡᠵᠦ ᠲᠣᠬᠤᠨᠢᠭᠤᠯᠬᠤ᠂ ᠵᠠᠬᠢᠳᠠᠯ | ᠰᠤᠷᠪᠤᠯᠵᠢᠯᠠᠯ ᠢ ᠬᠦᠯᠢᠶᠡᠨ ᠠᠪᠬᠤ᠂ ᠡᠷᠬᠡ ᠠᠰᠢᠭ ᠢ ᠪᠠᠲᠤᠯᠠᠬᠤ ᠵᠡᠷᠭᠡ ᠶᠠᠪᠤᠳᠠᠯ ᠤᠨ ᠴᠢᠨᠠᠷᠲᠠᠶ ᠠᠵᠢᠯ ᠢ | ᠡᠭᠦᠷᠭᠡᠯᠡᠨ᠎ᠡ︔ ᠴᠡᠷᠢᠭ ᠢᠶᠠᠨ ᠬᠦᠷᠢᠶᠡᠯᠡᠨ ᠴᠡᠷᠢᠭ ᠤᠨ ᠬᠡᠷ ᠪᠦᠯᠢ ᠶᠢ ᠬᠠᠷᠠᠭᠠᠯᠵᠠᠬᠤ ᠵᠡᠷᠭᠡ ᠠᠵᠢᠯ ᠢ ᠬᠠᠷᠢᠭᠤᠴᠠᠨ᠎ᠠ | ︔ ᠰᠢᠶᠠᠩ ᠪᠠᠯᠭᠠᠰᠤᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠪᠠ ᠰᠠᠶᠢᠨ ᠳᠤᠷ᠎ᠠ ᠶᠢᠨ | ᠦᠢᠯᠡᠴᠢᠯᠡᠭᠡᠨ ᠤ ᠠᠵᠢᠯ ᠢ ᠨᠢᠭᠡᠳᠦᠯᠲᠡᠶ ᠲᠥᠯᠥᠪᠯᠡᠨ ᠵᠣᠬᠢᠴᠠᠭᠤᠯᠬᠤ ᠪᠠ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃ | | 2. ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ᠄ ᠪᠠᠯᠭᠠᠰᠤᠨ ᠤ ᠵᠠᠰᠠᠭ ᠤᠨ | ᠣᠷᠳᠣᠨ ᠤ ᠨᠡᠷ᠎ᠡ ᠪᠠᠷ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯ ᠢ ᠥᠷᠨᠢᠭᠦᠯᠵᠦ᠂ ᠥᠪᠡᠷᠲᠡᠭᠡᠨ ᠵᠠᠰᠠᠬᠤ | ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠣᠯᠭᠤᠭᠰᠠᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ | ᠡᠷᠬᠡ ᠶᠢ ᠲᠥᠪᠯᠡᠷᠡᠭᠦᠯᠦᠨ ᠬᠡᠷᠡᠭᠵᠢᠭᠦᠯᠦᠨ᠎ᠡ᠃ | 3. ᠶᠡᠷᠦᠩᠬᠡᠶᠢᠯᠡᠭᠰᠡᠨ ᠪᠠᠲᠤᠯᠠᠭ᠎ᠠ ᠪᠠ ᠮᠡᠷᠭᠡᠵᠢᠯ ᠳᠡᠯᠭᠡᠷᠡᠭᠦᠯᠬᠦ ᠲᠥᠪ᠄ ᠲᠠᠷᠢᠶᠠᠯᠠᠩ᠂ ᠣᠶ ᠰᠢᠭᠤᠶ᠂ ᠮᠠᠯ | ᠠᠵᠤ ᠠᠬᠤᠶ᠂ ᠤᠰᠤ ᠵᠡᠷᠭᠡ ᠬᠦᠷᠢᠶᠡᠨ ᠳᠠᠬᠢ ᠮᠡᠷᠭᠡᠵᠢᠯ ᠢ ᠣᠷᠣᠭᠤᠯᠤᠨ ᠠᠪᠴᠢᠷᠠᠬᠤ ᠪᠠ ᠳᠡᠯᠭᠡᠷᠡᠭᠦᠯᠬᠦ ᠠᠵᠢᠯ ᠢ | ᠬᠠᠷᠢᠭᠤᠴᠠᠨ᠎ᠠ︔ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠬᠤᠪᠢᠷᠠᠭᠤᠯᠬᠤ ᠠᠵᠢᠯ ᠢ ᠬᠠᠷᠢᠭᠤᠴᠠᠨ᠎ᠠ | ︔ ᠮᠠᠯᠴᠢᠨ ᠲᠠᠷᠢᠶᠠᠴᠢᠨ ᠳᠤ ᠠᠵᠤ ᠦᠢᠯᠡᠰ ᠤᠨ ᠮᠡᠳᠡᠭᠡ ᠵᠠᠩᠭᠢ ᠶᠢᠨ ᠦᠢᠯᠡᠴᠢᠯᠡᠭᠡᠨ ᠤ ᠠᠵᠢᠯ ᠢ ᠬᠠᠷᠢᠭᠤᠴᠠᠨ᠎ᠠ︔ | ᠲᠤᠰᠬᠠᠶ ᠮᠡᠷᠭᠡᠵᠢᠯ ᠤᠨ ᠪᠣᠯᠪᠠᠰᠤᠷᠠᠭᠤᠯᠤᠯ᠂ ᠡᠪᠡᠳᠴᠢᠨ ᠬᠤᠷᠣᠬᠠᠶ ᠶᠢᠨ ᠬᠥᠨᠥᠭᠡᠯ ᠢ ᠰᠡᠷᠭᠡᠶᠢᠯᠡᠨ ᠵᠠᠰᠠᠬᠤ᠂ | ᠠᠮᠢᠲᠠᠨ ᠤ ᠬᠢᠵᠢᠭ ᠢ ᠰᠡᠷᠭᠡᠶᠢᠯᠡᠬᠦ ᠵᠡᠷᠭᠡ ᠠᠵᠢᠯ ᠢ ᠬᠠᠷᠢᠭᠤᠴᠠᠨ᠎ᠠ᠃ | ᠭᠤᠷᠪᠠ᠂ ᠬᠠᠷᠢᠯᠴᠠᠬᠤ ᠠᠷᠭ᠎ᠠ ᠮᠠᠶ᠋ᠢᠭ | ᠠᠯᠪᠠᠯᠠᠬᠤ ᠴᠠᠭ᠄ ᠭᠠᠷᠠᠭ ᠤᠨ ᠨᠢᠭᠡᠨ ᠠᠴᠠ ᠭᠠᠷᠠᠭ ᠤᠨ ᠲᠠᠪᠤᠨ ᠤ 9᠄ 00-12᠄ 00 ᠂ 15᠄ 00 | - 18᠄ 00 ︵ᠬᠠᠤᠯᠢ ᠪᠠᠷ ᠲᠣᠭᠲᠠᠭᠠᠭᠰᠠᠨ ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠠᠴᠠ ᠪᠤᠰᠤᠳ︶ | ᠠᠯᠪᠠᠯᠠᠬᠤ ᠤᠲᠠᠰᠤ᠄ 0474 - 7550003 | ᠬᠠᠶ᠋ᠢᠭ᠄ ᠰᠢᠩ ᠾᠧ ᠰᠢᠶᠠᠨ ᠤ ᠳ᠋ᠢᠶᠠᠨ ᠽᠢ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ | ᠬᠠᠷᠢᠭᠤᠴᠠᠯᠭᠠᠲᠠᠨ ᠤ ᠣᠪᠣᠭ ᠨᠡᠷ᠎ᠡ᠄ ᠮᠠ ᠶᠥᠩ ᠹᠧᠩ | ᠤᠷᠴᠢᠭᠤᠯᠤᠭᠴᠢ᠄ ᠨᠠᠷᠠᠰᠤ | ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ |