ᠪᠠᠶᠢᠭᠤᠯᠤᠮᠵᠢ ᠶᠢᠨ ᠡᠭᠦᠷᠭᠡ ᠴᠢᠳᠠᠪᠤᠷᠢ | | ᠨᠢᠭᠡ᠂ ᠨᠠᠮ ᠵᠠᠰᠠᠭ ᠤᠨ ᠪᠠᠶᠢᠭᠤᠯᠤᠮᠵᠢ | 1. ᠨᠠᠮ ᠵᠠᠰᠠᠭ ᠤᠨ ᠶᠡᠷᠦᠩᠬᠡᠶᠢᠯᠡᠭᠰᠡᠨ ᠠᠯᠪᠠᠨ ᠭᠡᠷ᠃ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠡᠳᠦᠷ | ᠲᠤᠲᠤᠮ ᠤᠨ ᠠᠵᠢᠯᠯᠠᠭᠠᠨ ᠪᠠ ᠶᠡᠷᠦᠩᠬᠡᠶᠢᠯᠡᠨ ᠵᠣᠬᠢᠴᠠᠭᠤᠯᠬᠤ ᠠᠵᠢᠯ ᠢ ᠬᠠᠷᠢᠭᠤᠴᠠᠨ᠎ᠠ︔ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠯᠪᠠᠨ ᠭᠡᠷ ᠤᠨ ᠠᠵᠢᠯ ᠢ ᠡᠭᠦᠷᠭᠡᠯᠡᠨ᠎ᠡ︔ | ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠰᠢᠢᠳᠪᠦᠷᠢᠲᠦ ᠪᠣᠳᠣᠯᠭ᠎ᠠ ᠶᠢᠨ ᠰᠢᠮᠳᠠᠭᠤᠯᠤᠨ ᠪᠠᠶᠢᠴᠠᠭᠠᠬᠤ ᠠᠵᠢᠯ ᠢ | ᠬᠠᠷᠢᠭᠤᠴᠠᠨ᠎ᠠ︔ ᠠᠵᠢᠯᠲᠠᠨ ᠤ ᠶᠠᠪᠤᠳᠠᠯ ᠪᠠ ᠡᠳ᠋ ᠤᠨ ᠵᠠᠰᠠᠭ ᠵᠡᠷᠭᠡ ᠠᠵᠢᠯ ᠢ ᠬᠠᠷᠢᠭᠤᠴᠠᠨ᠎ᠠ᠃ | 2. ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠠᠯᠪᠠᠨ ᠭᠡᠷ᠃ ᠦᠨᠳᠦᠰᠦᠨ ᠱᠠᠲᠤᠨ ᠤ | ᠨᠠᠮ ᠤᠨ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠯᠲᠠ ᠪᠣᠯᠤᠨ ᠣᠯᠠᠨ ᠲᠦᠮᠡᠨ ᠤ ᠪᠦᠯᠬᠦᠮ ᠤᠨ ᠠᠵᠢᠯ ᠢ | ᠬᠠᠷᠢᠭᠤᠴᠠᠨ᠎ᠠ︔ ᠤᠬᠠᠭᠤᠯᠭ᠎ᠠ᠂ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠢ ᠬᠠᠷᠢᠭᠤᠴᠠᠨ᠎ᠠ︔ ᠨᠠᠮ ᠤᠨ | ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢᠨ ᠠᠵᠢᠯ ᠢ ᠬᠠᠷᠢᠭᠤᠴᠠᠨ᠎ᠠ︔ ᠨᠢᠭᠡᠳᠦᠮᠡᠯ ᠹᠷᠣᠨᠲ᠂ | ᠦᠨᠳᠦᠰᠦᠲᠡᠨ ᠱᠠᠰᠢᠨ ᠰᠤᠷᠲᠠᠬᠤᠨ ᠵᠡᠷᠭᠡ ᠠᠵᠢᠯ ᠢ ᠬᠠᠷᠢᠭᠤᠴᠠᠨ᠎ᠠ᠃ | 3. ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠯᠪᠠᠨ ᠭᠡᠷ᠃ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢᠨ ᠬᠤᠯᠪᠣᠭᠳᠠᠯ ᠪᠦᠬᠦᠢ ᠲᠦᠷᠦ ᠶᠢᠨ ᠪᠤᠳᠤᠯᠭ᠎ᠠ ᠠᠷᠭ᠎ᠠ | ᠬᠡᠮᠵᠢᠶ᠎ᠡ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠬᠠᠷᠢᠭᠤᠴᠠᠨ᠎ᠠ︔ ᠶᠠᠳᠠᠭᠤ ᠶᠢ ᠲᠡᠳᠬᠦᠵᠦ ᠨᠡᠭᠡᠭᠡᠨ | ᠬᠥᠭᠵᠢᠭᠦᠯᠬᠦ ᠠᠵᠢᠯ ᠢ ᠬᠠᠷᠢᠭᠤᠴᠠᠨ᠎ᠠ︔ ᠠᠵᠤ ᠦᠢᠯᠡᠰ ᠤᠨ ᠲᠥᠯᠥᠪᠵᠢᠭᠦᠯᠭᠡ ᠶᠢᠨ ᠬᠥᠭᠵᠢᠯᠲᠡ ᠶᠢᠨ ᠠᠵᠢᠯ ᠢ | ᠬᠠᠷᠢᠭᠤᠴᠠᠨ᠎ᠠ︔ ᠠᠮᠢ ᠠᠬᠤᠶ ᠣᠷᠴᠢᠨ ᠲᠣᠭᠤᠷᠢᠨ ᠵᠡᠷᠭᠡ ᠠᠵᠢᠯ ᠢ ᠬᠠᠷᠢᠭᠤᠴᠠᠨ᠎ᠠ᠃ | 4. ᠨᠡᠶᠢᠭᠡᠮ ᠤᠨ ᠶᠠᠪᠤᠳᠠᠯ ᠤᠨ ᠠᠯᠪᠠᠨ ᠭᠡᠷ᠃ ᠠᠷᠠᠳ ᠤᠨ ᠶᠠᠪᠤᠳᠠᠯ᠂ ᠡᠮ ᠡᠮᠨᠡᠯᠭᠡ ᠡᠷᠡᠭᠦᠯ ᠬᠠᠮᠠᠭᠠᠯᠠᠯ᠂ | ᠰᠤᠷᠭᠠᠨ ᠬᠥᠮᠦᠵᠢᠯ ᠪᠡᠶ᠎ᠡ ᠶᠢᠨ ᠲᠠᠮᠢᠷ᠂ ᠰᠣᠶᠣᠯ ᠵᠢᠭᠤᠯᠴᠢᠯᠠᠯ᠂ ᠰᠢᠨᠵᠢᠯᠡᠬᠦ ᠤᠬᠠᠭᠠᠨ ᠮᠡᠷᠭᠡᠵᠢᠯ᠂ | ᠵᠡᠮᠳᠡᠭᠴᠦᠳ ᠤᠨ ᠬᠤᠯᠪᠣᠭ᠎ᠠ᠂ ᠲᠤᠭ᠎ᠠ ᠪᠦᠷᠢᠳᠬᠡᠯ᠂ ᠬᠥᠳᠡᠯᠮᠦᠷᠢ ᠠᠵᠢᠯ ᠣᠯᠭᠤᠯᠲᠠ᠂ ᠨᠡᠶᠢᠭᠡᠮ ᠤᠨ ᠪᠠᠲᠤᠯᠠᠭ᠎ᠠ᠂ | ᠲᠥᠯᠥᠪᠯᠡᠭᠡᠲᠦ ᠦᠷᠡᠵᠢᠯ᠂ ᠨᠡᠶᠢᠭᠡᠮ ᠤᠨ ᠪᠦᠯᠬᠦᠮ ᠵᠡᠷᠭᠡ ᠨᠡᠶᠢᠭᠡᠮ ᠤᠨ ᠬᠡᠷᠡᠭ ᠶᠠᠪᠤᠳᠠᠯ ᠤᠨ ᠴᠢᠨᠠᠷᠲᠠᠶ ᠠᠵᠢᠯ ᠢ | ᠬᠠᠷᠢᠭᠤᠴᠠᠨ᠎ᠠ᠃ | 5. ᠠᠮᠤᠭᠤᠯᠠᠩ ᠪᠦᠲᠦᠭᠡᠨ ᠪᠠᠶᠢᠭᠤᠯᠤᠯᠲᠠ ᠶᠢᠨ ᠠᠯᠪᠠᠨ ᠭᠡᠷ᠃ ᠪᠠᠴᠢᠮ ᠪᠠᠶᠢᠳᠠᠯ ᠢ ᠠᠷᠭᠠᠴᠠᠭᠠᠬᠤ | ᠬᠠᠮᠢᠶᠠᠷᠤᠯᠲᠠ᠂ ᠵᠠᠬᠢᠳᠠᠯ ᠰᠤᠷᠪᠤᠯᠵᠢᠯᠠᠭ᠎ᠠ ᠪᠠᠷ ᠲᠣᠭᠲᠠᠭᠤᠨ ᠢ ᠬᠠᠮᠠᠭᠠᠯᠠᠬᠤ ᠪᠠ ᠨᠡᠶᠢᠭᠡᠮ ᠤᠨ ᠠᠮᠤᠷ ᠲᠦᠪᠰᠢᠨ ᠢ | ᠶᠡᠷᠦᠩᠬᠡᠶᠢᠯᠡᠨ ᠵᠠᠰᠠᠬᠤ ᠠᠵᠢᠯ ᠢ ᠬᠠᠷᠢᠭᠤᠴᠠᠨ᠎ᠠ᠃ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ | ᠪᠠᠶᠢᠭᠤᠯᠤᠯᠲᠠ ᠶᠢᠨ ᠠᠵᠢᠯ ᠢ ᠬᠠᠷᠢᠭᠤᠴᠠᠨ ᠠᠬᠢᠭᠤᠯᠵᠤ᠂ ᠲᠣᠣᠷᠵᠢᠯ ᠤᠨ ᠬᠠᠮᠢᠶ᠎ᠠ ᠪᠦᠬᠦᠢ ᠠᠵᠢᠯ ᠢ ᠬᠠᠷᠢᠭᠤᠴᠠᠨ᠎ᠠ | ᠃ | 6. ᠬᠤᠲᠠ ᠶᠢᠨ ᠬᠠᠮᠢᠶᠠᠷᠤᠯᠲᠠ ᠶᠢᠨ ᠠᠯᠪᠠᠨ ᠭᠡᠷ᠃ ᠬᠠᠷᠢᠶ᠎ᠠ ᠣᠷᠣᠨ ᠤ ᠳᠣᠲᠣᠷᠠᠬᠢ ᠲᠣᠰᠬᠤᠨ ᠤ | ᠳᠦᠷᠰᠦ ᠪᠠᠶᠢᠳᠠᠯ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ᠂ ᠣᠯᠠᠨ ᠨᠡᠶᠢᠲᠡ ᠶᠢᠨ ᠪᠡᠯᠡᠳᠬᠡᠮᠵᠢ ᠶᠢᠨ | ᠬᠠᠮᠢᠶᠠᠷᠤᠯᠲᠠ ᠵᠡᠷᠭᠡ ᠠᠵᠢᠯ ᠢ ᠬᠠᠷᠢᠭᠤᠴᠠᠨ᠎ᠠ︔ ᠬᠠᠷᠢᠶ᠎ᠠ ᠣᠷᠣᠨ ᠤ ᠳᠣᠲᠣᠷᠠᠬᠢ ᠦᠶᠡᠷ ᠢ ᠰᠡᠷᠭᠡᠶᠢᠯᠡᠵᠦ ᠭᠠᠩ | ᠬᠠᠭᠰᠠᠷᠠᠭᠠᠨ ᠲᠠᠢ ᠲᠡᠮᠡᠴᠡᠬᠦ ᠠᠵᠢᠯ ᠢ ᠬᠠᠷᠢᠭᠤᠴᠠᠨ᠎ᠠ︔ ᠣᠯᠠᠨ ᠨᠡᠶᠢᠲᠡ ᠶᠢᠨ ᠡᠷᠡᠭᠦᠯ ᠬᠠᠮᠠᠭᠠᠯᠠᠯ᠂ ᠠᠮᠢᠲᠠᠨ ᠤ | ᠬᠢᠵᠢᠭ ᠰᠡᠷᠭᠡᠶᠢᠯᠡᠬᠦ ᠪᠠ ᠪᠣᠯᠪᠠᠰᠤᠨ ᠬᠤᠲᠠ᠂ ᠡᠷᠡᠭᠦᠯ ᠬᠠᠮᠠᠭᠠᠯᠠᠯ ᠤᠨ ᠬᠤᠲᠠ ᠶᠢ ᠡᠭᠦᠳᠦᠨ ᠪᠠᠶᠢᠭᠤᠯᠬᠤ ᠵᠡᠷᠭᠡ | ᠬᠠᠮᠢᠶ᠎ᠠ ᠪᠦᠬᠦᠢ ᠠᠵᠢᠯ ᠢ ᠶᠡᠷᠦᠩᠬᠡᠶᠢᠯᠡᠨ ᠵᠣᠬᠢᠴᠠᠭᠤᠯᠤᠨ᠎ᠠ︔ ᠬᠠᠷᠢᠶ᠎ᠠ ᠣᠷᠣᠨ ᠤ ᠳᠣᠲᠣᠷᠠᠬᠢ ᠬᠤᠲᠠ | ᠪᠠᠯᠭᠠᠰᠤᠨ ᠤ ᠪᠦᠲᠦᠭᠡᠨ ᠪᠠᠶᠢᠭᠤᠯᠤᠯᠲᠠ ᠶᠢᠨ ᠲᠥᠯᠥᠪᠵᠢᠭᠦᠯᠭᠡ᠂ ᠣᠯᠠᠨ ᠨᠡᠶᠢᠲᠡ ᠶᠢᠨ ᠦᠢᠯᠡᠴᠢᠯᠡᠭᠡᠨ ᠤ | ᠪᠡᠯᠡᠳᠬᠡᠮᠵᠢ ᠶᠢᠨ ᠲᠥᠯᠥᠪᠵᠢᠭᠦᠯᠭᠡ ᠪᠣᠯᠤᠨ ᠬᠠᠷᠢᠶ᠎ᠠ ᠣᠷᠣᠨ ᠤ ᠪᠠᠷᠢᠯᠭ᠎ᠠ ᠶᠢᠨ ᠲᠥᠷᠥᠯ ᠵᠦᠢᠯ ᠤᠨ ᠪᠠᠷᠢᠯᠭ᠎ᠠ | ᠳᠠᠭᠤᠰᠤᠭᠰᠠᠨ ᠢ ᠰᠢᠯᠭᠠᠨ ᠠᠪᠬᠤ ᠵᠡᠷᠭᠡ ᠠᠵᠢᠯ ᠢ ᠬᠠᠮᠵᠢᠨ ᠰᠠᠶᠢᠲᠤᠷ ᠬᠢᠨ᠎ᠠ︔ ᠵᠠᠬ᠎ᠠ ᠳᠡᠯᠭᠡᠭᠦᠷ ᠤᠨ ᠬᠢᠨᠠᠯᠲᠠ | ᠲᠠᠯᠪᠢᠬᠤ᠂ ᠣᠷᠴᠢᠨ ᠲᠣᠭᠤᠷᠢᠨ ᠤ ᠬᠠᠮᠠᠭᠠᠯᠠᠯᠲᠠ᠂ ᠪᠠᠲᠤᠯᠠᠭ᠎ᠠ ᠶᠢᠨ ᠴᠢᠨᠠᠷᠲᠠᠶ ᠣᠷᠣᠨ ᠰᠠᠭᠤᠴᠠ ᠶᠢᠨ | ᠬᠠᠮᠢᠶᠠᠷᠤᠯᠲᠠ ᠵᠡᠷᠭᠡ ᠠᠵᠢᠯ ᠢ ᠬᠠᠮᠵᠢᠨ ᠥᠷᠨᠢᠭᠦᠯᠦᠨ᠎ᠡ᠃ | ᠬᠤᠶᠠᠷ᠂ ᠠᠵᠢᠯ ᠦᠢᠯᠡᠰ ᠤᠨ ᠨᠢᠭᠡᠴᠢ | 1. ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ᠃ ᠨᠠᠮ ᠤᠨ ᠭᠡᠰᠢᠭᠦᠨ ᠣᠯᠠᠨ ᠲᠦᠮᠡᠨ ᠤ | ᠦᠢᠯᠡᠴᠢᠯᠡᠭᠡᠨ ᠤ ᠲᠥᠷᠥᠯ ᠵᠦᠢᠯ ᠤᠨ ᠪᠦᠬᠦᠯᠢ ᠴᠣᠭᠴᠠ ᠶᠢᠨ ᠲᠣᠬᠢᠷᠠᠭᠤᠯᠤᠯᠲᠠ᠂ ᠲᠣᠬᠢᠷᠠᠭᠤᠯᠤᠯᠲᠠ ᠪᠠ | ᠲᠣᠬᠢᠷᠠᠭᠤᠯᠤᠯᠲᠠ ᠶᠢ ᠬᠠᠷᠢᠭᠤᠴᠠᠵᠤ᠂ ᠨᠠᠮ ᠤᠨ ᠭᠡᠰᠢᠭᠦᠨ ᠪᠠ ᠣᠯᠠᠨ ᠲᠦᠮᠡᠨ ᠳᠤ ᠶᠡᠷᠦᠩᠬᠡᠶᠢᠯᠡᠭᠰᠡᠨ ᠴᠢᠨᠠᠷᠲᠠᠶ | ᠦᠢᠯᠡᠴᠢᠯᠡᠭᠡᠨ ᠤ ᠲᠤᠯᠭᠠᠭᠤᠷᠢᠯᠠᠬᠤ ᠲᠠᠪᠴᠠᠩ ᠬᠠᠩᠭᠠᠨ᠎ᠠ︔ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠡᠯ᠎ᠡ | ᠲᠥᠷᠥᠯ ᠤᠨ ᠠᠵᠢᠯᠯᠠᠭᠠᠨ ᠤ ᠲᠠᠯᠠᠪᠤᠷ ᠤᠨ ᠴᠢᠳᠠᠮᠵᠢ ᠶᠢᠨ ᠲᠥᠯᠥᠪᠵᠢᠭᠦᠯᠭᠡ᠂ ᠬᠠᠮᠢᠶᠠᠷᠤᠯᠲᠠ ᠪᠠ ᠬᠠᠮᠠᠭᠠᠯᠠᠯᠲᠠ ᠶᠢ | ᠬᠠᠷᠢᠭᠤᠴᠠᠨ᠎ᠠ︔ ᠴᠡᠷᠢᠭ ᠤᠨ ᠠᠯᠪᠠᠨ ᠠᠴᠠ ᠪᠠᠭᠤᠭᠰᠠᠳ ᠤᠨ ᠠᠵᠢᠯ ᠣᠯᠵᠤ ᠠᠳᠠᠯ ᠦᠢᠯᠡᠰ ᠴᠣᠭᠴᠠᠯᠠᠬᠤ ᠶᠢ | ᠲᠡᠳᠬᠦᠬᠦ᠂ ᠠᠰᠠᠷᠠᠨ ᠬᠠᠷᠠᠭᠠᠯᠵᠠᠵᠤ ᠬᠠᠪᠰᠤᠷᠤᠨ ᠲᠡᠳᠬᠦᠬᠦ᠂ ᠰᠤᠷᠪᠤᠯᠵᠢᠯᠠᠨ ᠲᠣᠬᠤᠨᠢᠭᠤᠯᠬᠤ᠂ ᠵᠠᠬᠢᠳᠠᠯ | ᠰᠤᠷᠪᠤᠯᠵᠢᠯᠠᠭ᠎ᠠ ᠶᠢ ᠬᠦᠯᠢᠶᠡᠨ ᠠᠪᠬᠤ᠂ ᠡᠷᠬᠡ ᠠᠰᠢᠭ ᠢ ᠪᠠᠲᠤᠯᠠᠬᠤ ᠵᠡᠷᠭᠡ ᠶᠠᠪᠤᠳᠠᠯ ᠤᠨ ᠴᠢᠨᠠᠷᠲᠠᠶ ᠠᠵᠢᠯ ᠢ | ᠡᠭᠦᠷᠭᠡᠯᠡᠨ᠎ᠡ︔ ᠴᠡᠷᠢᠭ ᠢᠶᠠᠨ ᠬᠦᠷᠢᠶᠡᠯᠡᠨ ᠴᠡᠷᠢᠭ ᠤᠨ ᠭᠡᠷ ᠪᠦᠯᠢ ᠶᠢ ᠬᠠᠷᠠᠭᠠᠯᠵᠠᠬᠤ ᠵᠡᠷᠭᠡ ᠠᠵᠢᠯ ᠢ ᠬᠠᠷᠢᠭᠤᠴᠠᠨ᠎ᠠ | ︔ ᠰᠢᠶᠠᠩ ᠪᠠᠯᠭᠠᠰᠤᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠪᠠ ᠰᠠᠶᠢᠨ ᠳᠤᠷ᠎ᠠ ᠶᠢᠨ | ᠦᠢᠯᠡᠴᠢᠯᠡᠭᠡᠨ ᠤ ᠠᠵᠢᠯ ᠢ ᠨᠢᠭᠡᠳᠦᠯᠲᠡᠶ ᠲᠥᠯᠥᠪᠯᠡᠨ ᠵᠣᠬᠢᠴᠠᠭᠤᠯᠬᠤ ᠪᠠ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃ | | 2. ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ᠃ ᠪᠠᠯᠭᠠᠰᠤᠨ ᠤ ᠵᠠᠰᠠᠭ ᠤᠨ | ᠣᠷᠳᠣᠨ ᠤ ᠨᠡᠷ᠎ᠡ ᠪᠠᠷ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯ ᠢ ᠥᠷᠨᠢᠭᠦᠯᠵᠦ᠂ ᠥᠪᠡᠷᠲᠡᠭᠡᠨ ᠵᠠᠰᠠᠬᠤ | ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠣᠯᠭᠤᠭᠰᠠᠨ ᠪᠠᠯᠭᠠᠰᠤᠨ ᠤ ᠵᠠᠰᠠᠭ ᠵᠠᠬᠢᠷᠭᠠᠨ ᠤ ᠬᠠᠤᠯᠢ | ᠬᠡᠷᠡᠭᠵᠢᠭᠦᠯᠬᠦ ᠡᠷᠬᠡ ᠶᠢ ᠲᠥᠪᠯᠡᠷᠡᠭᠦᠯᠦᠨ ᠬᠡᠷᠡᠭᠵᠢᠭᠦᠯᠦᠨ᠎ᠡ᠃ | 3. ᠶᠡᠷᠦᠩᠬᠡᠶᠢᠯᠡᠭᠰᠡᠨ ᠪᠠᠲᠤᠯᠠᠭ᠎ᠠ ᠪᠣᠯᠤᠨ ᠮᠡᠷᠭᠡᠵᠢᠯ ᠳᠡᠯᠭᠡᠷᠡᠭᠦᠯᠬᠦ ᠲᠥᠪ᠃ ᠲᠠᠷᠢᠶᠠᠯᠠᠩ᠂ ᠣᠶ ᠰᠢᠭᠤᠶ᠂ | ᠮᠠᠯ ᠠᠵᠤ ᠠᠬᠤᠶ᠂ ᠤᠰᠤ ᠵᠡᠷᠭᠡ ᠬᠦᠷᠢᠶᠡᠨ ᠳᠠᠬᠢ ᠮᠡᠷᠭᠡᠵᠢᠯ ᠢ ᠣᠷᠣᠭᠤᠯᠤᠨ ᠠᠪᠴᠢᠷᠠᠬᠤ ᠪᠠ ᠳᠡᠯᠭᠡᠷᠡᠭᠦᠯᠬᠦ | ᠠᠵᠢᠯ ᠢ ᠬᠠᠷᠢᠭᠤᠴᠠᠨ᠎ᠠ︔ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠬᠤᠪᠢᠷᠠᠭᠤᠯᠬᠤ ᠠᠵᠢᠯ ᠢ | ᠬᠠᠷᠢᠭᠤᠴᠠᠨ᠎ᠠ︔ ᠲᠠᠷᠢᠶᠠᠴᠢᠳ ᠲᠤ ᠠᠵᠤ ᠦᠢᠯᠡᠰ ᠤᠨ ᠮᠡᠳᠡᠭᠡ ᠵᠠᠩᠭᠢ ᠶᠢᠨ ᠦᠢᠯᠡᠴᠢᠯᠡᠭᠡᠨ ᠤ ᠠᠵᠢᠯ ᠢ | ᠬᠠᠷᠢᠭᠤᠴᠠᠨ᠎ᠠ︔ ᠲᠤᠰᠬᠠᠶ ᠮᠡᠷᠭᠡᠵᠢᠯ ᠤᠨ ᠪᠣᠯᠪᠠᠰᠤᠷᠠᠭᠤᠯᠤᠯ᠂ ᠡᠪᠡᠳᠴᠢᠨ ᠬᠤᠷᠣᠬᠠᠶ ᠶᠢᠨ ᠬᠥᠨᠥᠭᠡᠯ ᠢ ᠰᠡᠷᠭᠡᠶᠢᠯᠡᠨ | ᠵᠠᠰᠠᠬᠤ᠂ ᠠᠮᠢᠲᠠᠨ ᠤ ᠬᠢᠵᠢᠭ ᠢ ᠰᠡᠷᠭᠡᠶᠢᠯᠡᠬᠦ ᠵᠡᠷᠭᠡ ᠠᠵᠢᠯ ᠢ ᠬᠠᠷᠢᠭᠤᠴᠠᠨ᠎ᠠ᠃ | ᠬᠠᠷᠢᠯᠴᠠᠬᠤ ᠤᠲᠠᠰᠤ᠄ 0474 - 7586508 | ᠠᠯᠪᠠᠯᠠᠬᠤ ᠴᠠᠭ᠄ ᠠᠵᠢᠯᠯᠠᠬᠤ ᠡᠳᠦᠷ ᠤᠨ ᠦᠳᠡ ᠶᠢᠨ ᠡᠮᠦᠨ᠎ᠡ 9᠄ 00 - 12᠄ 00᠂ ᠦᠳᠡ ᠶᠢᠨ | ᠬᠤᠶᠢᠨ᠎ᠠ 14᠄ 30-1800 | ᠬᠠᠶ᠋ᠢᠭ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠠᠭᠠᠨᠴᠠᠪ ᠬᠤᠲᠠ ᠶᠢᠨ ᠰᠢᠩ ᠾᠧ | ᠰᠢᠶᠠᠨ ᠤ ᠡᠷᠳᠡᠨᠢ ᠪᠠᠯᠭᠠᠰᠤ | ᠬᠠᠷᠢᠭᠤᠴᠠᠯᠭᠠᠲᠠᠨ ᠤ ᠣᠪᠣᠭ ᠨᠡᠷ᠎ᠡ᠄ ᠰᠥᠩ ᠪᠥᠸᠧ | | ᠤᠷᠴᠢᠭᠤᠯᠤᠭᠴᠢ᠄ ᠨᠠᠷᠠᠰᠤ | ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ | |