ᠦᠨᠳᠦᠰᠦᠲᠡᠨ ᠤ ᠪᠦᠯᠬᠦᠮᠳᠡᠯ ᠰᠢᠶᠠᠩ ᠤᠨ ᠠᠷᠠᠳ ᠤᠨ ᠵᠠᠰᠠᠭ ᠤᠨ ᠣᠷᠳᠣᠨ 
ᠨᠡᠶᠢᠲᠡᠯᠡᠭᠰᠡᠨ ᠴᠠᠭ᠄
2025/3/30
ᠪᠠᠶᠢᠭᠤᠯᠤᠮᠵᠢ ᠶᠢᠨ ᠡᠭᠦᠷᠭᠡ ᠴᠢᠳᠠᠪᠤᠷᠢ          ᠰᠢᠩ ᠾᠧ ᠰᠢᠶᠠᠨ ᠤ ᠦᠨᠳᠦᠰᠦᠲᠡᠨ ᠤ ᠪᠦᠯᠬᠦᠮᠳᠡᠯ ᠰᠢᠶᠠᠩ ᠤᠨ ᠠᠷᠠᠳ ᠤᠨ ᠵᠠᠰᠠᠭ ᠤᠨ ᠣᠷᠳᠣᠨ ᠤ ᠪᠠᠶᠢᠭᠤᠯᠤᠮᠵᠢ ᠶᠢᠨ ᠲᠣᠪᠴᠢ ᠲᠠᠨᠢᠯᠴᠠᠭᠤᠯᠭ᠎ᠠ᠄      ᠦᠨᠳᠦᠰᠦᠲᠡᠨ ᠤ ᠪᠦᠯᠬᠦᠮᠳᠡᠯ ᠰᠢᠶᠠᠩ ᠪᠣᠯ ᠰᠢᠩ ᠾᠧ ᠰᠢᠶᠠᠨ ᠤ ᠳᠤᠮᠳᠠ ᠬᠡᠰᠡᠭ ᠲᠤ ᠪᠠᠶᠢᠷᠢᠯᠠᠵᠤ᠂ ᠵᠡᠭᠦᠨ ᠤᠷᠲᠤᠷᠢᠭ ᠤᠨ 113°45'᠂ ᠤᠮᠠᠷᠠᠲᠤ ᠥᠷᠭᠡᠷᠢᠭ ᠤᠨ 41°00' ᠲᠤ ᠪᠠᠶᠢᠷᠢᠯᠠᠳᠠᠭ᠃ ᠵᠡᠭᠦᠨ ᠲᠠᠯ᠎ᠠ ᠪᠠᠷ ᠨᠢ ᠾᠧᠪᠸᠢ ᠮᠤᠵᠢ ᠶᠢᠨ ᠱᠠᠩ ᠢ ᠰᠢᠶᠠᠨ ᠲᠠᠢ ᠵᠠᠯᠭᠠᠯᠳᠤᠵᠤ᠂ ᠡᠮᠦᠨᠡᠰᠢ ᠪᠠᠨ ᠲᠤᠰ ᠰᠢᠶᠠᠨ ᠤ ᠴᠧᠩ ᠭᠤᠸᠠᠨ ᠪᠠᠯᠭᠠᠰᠤ ᠲᠠᠢ ᠵᠠᠯᠭᠠᠯᠳᠤᠵᠤ᠂ ᠪᠠᠷᠠᠭᠤᠨᠰᠢ ᠤᠯᠠᠭᠠᠨᠴᠠᠪ ᠬᠤᠳᠠ ᠶᠢᠨ ᠴᠠᠬᠠᠷ ᠪᠠᠷᠠᠭᠤᠨ ᠭᠠᠷᠤᠨ ᠡᠮᠦᠨᠡᠲᠦ ᠬᠤᠰᠢᠭᠤ ᠲᠠᠢ ᠵᠠᠯᠭᠠᠯᠳᠤᠵᠤ᠂ ᠤᠮᠠᠷᠠᠰᠢ ᠱᠠᠩᠳᠤ ᠰᠢᠶᠠᠨ ᠲᠠᠢ ᠵᠠᠯᠭᠠᠯᠳᠤᠵᠤ᠂ ᠨᠡᠶᠢᠰᠯᠡᠯ ᠠᠴᠠ 240 ᠺᠢᠯᠣᠮᠧᠳ᠋ᠷ ᠵᠠᠶᠢᠲᠠᠢ᠂ ᠣᠷᠣᠨ ᠤ ᠲᠥᠪ ᠬᠥᠬᠡᠬᠤᠲᠠ ᠠᠴᠠ 220 ᠺᠢᠯᠣᠮᠧᠳ᠋ᠷ ᠵᠠᠶᠢᠲᠠᠢ᠂ ᠠᠷᠠᠳ ᠤᠨ ᠵᠠᠰᠠᠭ ᠤᠨ ᠣᠷᠳᠣᠨ ᠤ ᠰᠠᠭᠤᠭ᠎ᠠ ᠭᠠᠵᠠᠷ ᠬᠤᠸᠠᠩ ᠲᠤ ᠲᠣᠰᠬᠤᠨ᠂ ᠰᠠᠭᠤᠭ᠎ᠠ ᠭᠠᠵᠠᠷ ᠨᠢ ᠴᠧᠩ ᠭᠤᠸᠠᠨ ᠪᠠᠯᠭᠠᠰᠤ ᠶᠢᠨ ᠬᠤᠳᠠ ᠶᠢᠨ ᠲᠣᠭᠤᠷᠢᠭ ᠠᠴᠠ 15 ᠺᠢᠯᠣᠮᠧᠳ᠋ᠷ ᠵᠠᠶᠢᠲᠠᠢ᠃ ᠪᠦᠬᠦ ᠰᠢᠶᠠᠩ ᠳᠤ 22 ᠭᠠᠴᠠᠭᠠᠨ ᠤ ᠠᠷᠠᠳ ᠤᠨ ᠵᠥᠪᠯᠡᠯ᠂ 127 ᠠᠶᠢᠯ ᠲᠣᠰᠬᠤᠨ᠂ 151 ᠭᠠᠴᠠᠭᠠᠨ ᠤ ᠠᠷᠠᠳ ᠤᠨ ᠳᠤᠭᠤᠶᠢᠯᠠᠩ᠂ ᠡᠷᠦᠬᠡ ᠠᠮᠠ ᠶᠢᠨ ᠲᠠᠩᠰᠠ 14773 ᠡᠷᠦᠬᠡ᠂ 39001 ᠬᠥᠮᠦᠨ᠂ ᠪᠠᠶᠢᠩᠭᠤ ᠰᠠᠭᠤᠭ᠎ᠠ 5737 ᠡᠷᠦᠬᠡ᠂ 10561 ᠬᠥᠮᠦᠨ ᠪᠤᠢ᠃      ︵ᠨᠢᠭᠡ︶ ᠨᠠᠮ ᠵᠠᠰᠠᠭ ᠤᠨ ᠪᠠᠶᠢᠭᠤᠯᠤᠮᠵᠢ ︵5︶ ᠲᠣᠬᠢᠷᠠᠭᠤᠯᠪᠠ      1. ᠨᠠᠮ ᠵᠠᠰᠠᠭ ᠤᠨ ᠶᠡᠷᠦᠩᠬᠡᠶᠢᠯᠡᠭᠰᠡᠨ ᠠᠯᠪᠠᠨ ᠭᠡᠷ      ᠭᠤᠣᠯ ᠡᠭᠦᠷᠭᠡ ᠬᠠᠷᠢᠭᠤᠴᠠᠯᠭ᠎ᠠ᠄ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠡᠳᠦᠷ ᠲᠤᠳᠤᠮ ᠤᠨ ᠠᠵᠢᠯᠯᠠᠭᠠᠨ ᠪᠠ ᠶᠡᠷᠦᠩᠬᠡᠶᠢᠯᠡᠨ ᠵᠣᠬᠢᠴᠠᠭᠤᠯᠬᠤ ᠠᠵᠢᠯ ᠢ ᠬᠠᠷᠢᠭᠤᠴᠠᠨ᠎ᠠ︔ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠯᠪᠠᠨ ᠭᠡᠷ ᠤᠨ ᠠᠵᠢᠯ ᠢ ᠡᠭᠦᠷᠭᠡᠯᠡᠨ᠎ᠡ︔ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠰᠢᠢᠳᠪᠦᠷᠢᠲᠦ ᠪᠣᠳᠣᠯᠭ᠎ᠠ ᠶᠢᠨ ᠰᠢᠮᠳᠠᠭᠤᠯᠤᠨ ᠪᠠᠶᠢᠴᠠᠭᠠᠬᠤ ᠠᠵᠢᠯ ᠢ ᠬᠠᠷᠢᠭᠤᠴᠠᠨ᠎ᠠ︔ ᠡᠬᠡ ᠪᠢᠴᠢᠭ ᠲᠤᠭᠤᠷᠪᠢᠬᠤ ᠶᠢ ᠬᠠᠷᠢᠭᠤᠴᠠᠨ᠎ᠠ᠃      2. ᠦᠨᠲᠤᠰᠤᠨ ᠱᠠᠲᠤᠨ ᠤ ᠨᠠᠮ ᠤᠨ ᠪᠠᠶᠢᠭᠤᠯᠤᠯᠲᠠ ᠶᠢᠨ ᠠᠯᠪᠡᠨ ᠭᠡᠷ      ᠭᠤᠣᠯ ᠡᠭᠦᠷᠭᠡ ᠬᠠᠷᠢᠭᠤᠴᠠᠯᠭ᠎ᠠ᠄ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠯᠲᠠ ᠪᠠ ᠤᠯᠠᠨ ᠲᠦᠮᠡᠨ ᠤ ᠪᠦᠯᠬᠦᠮ ᠤᠨ ᠠᠵᠢᠯ ᠢ ᠬᠠᠷᠢᠭᠤᠴᠠᠨ᠎ᠠ︔ ᠤᠬᠠᠭᠤᠯᠭ᠎ᠠ᠂ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠢ ᠬᠠᠷᠢᠭᠤᠴᠠᠨ᠎ᠠ︔ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢᠨ ᠠᠵᠢᠯ ᠢ ᠬᠠᠷᠢᠭᠤᠴᠠᠨ᠎ᠠ︔ ᠨᠢᠭᠡᠳᠦᠮᠡᠯ ᠹᠷᠣᠨᠲ᠂ ᠦᠨᠳᠦᠰᠦᠲᠡᠨ ᠱᠠᠰᠢᠨ ᠰᠤᠷᠲᠠᠬᠤᠨ ᠵᠡᠷᠭᠡ ᠠᠵᠢᠯ ᠢ ᠬᠠᠷᠢᠭᠤᠴᠠᠨ᠎ᠠ︔ ᠵᠣᠬᠢᠶᠠᠨ ᠪᠠᠶᠢᠭᠤᠯᠤᠯᠲᠠ᠂ ᠪᠠᠶᠢᠭᠤᠯᠤᠮᠵᠢ ᠶᠢᠨ ᠣᠷᠣᠨ ᠲᠤᠭ᠎ᠠ᠂ ᠠᠵᠢᠯᠲᠠᠨ ᠤ ᠶᠠᠪᠤᠳᠠᠯ᠂ ᠠᠬᠠᠮᠠᠳ ᠺᠠᠳ᠋ᠷ᠂ ᠬᠤᠶᠢᠴᠢ ᠦᠶ᠎ᠡ ᠶᠢᠨ ᠬᠢᠨ ᠢ ᠬᠠᠯᠠᠮᠵᠢᠯᠠᠬᠤ ᠨᠡᠶᠢᠭᠡᠮᠯᠢᠭ᠂ ᠪᠣᠯᠪᠠᠰᠤᠨ ᠢ ᠡᠭᠦᠳᠦᠨ ᠪᠠᠶᠢᠭᠤᠯᠬᠤ᠂ ᠪᠠᠶᠢᠭᠤᠯᠭ᠎ᠠ ᠶᠢᠨ ᠺᠠᠳ᠋ᠷ ᠤᠨ ᠡᠩᠨᠡᠭᠡᠨ ᠤ ᠪᠠᠶᠢᠭᠤᠯᠤᠯᠲᠠ ᠵᠡᠷᠭᠡ ᠠᠵᠢᠯ ᠢ ᠬᠠᠷᠢᠭᠤᠴᠠᠨ᠎ᠠ᠃      3. ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠯᠪᠠᠨ ᠭᠡᠷ      ᠭᠤᠣᠯ ᠡᠭᠦᠷᠭᠡ ᠬᠠᠷᠢᠭᠤᠴᠠᠯᠭ᠎ᠠ᠄ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢᠨ ᠬᠤᠯᠪᠣᠭᠳᠠᠯ ᠪᠦᠬᠦᠢ ᠲᠦᠷᠦ ᠶᠢᠨ ᠪᠤᠳᠤᠯᠭ᠎ᠠ ᠠᠷᠭ᠎ᠠ ᠬᠡᠮᠵᠢᠶ᠎ᠡ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠬᠠᠷᠢᠭᠤᠴᠠᠨ᠎ᠠ︔ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠠᠵᠢᠯ ᠢ ᠬᠠᠷᠢᠭᠤᠴᠠᠨ᠎ᠠ ︔ ᠠᠵᠤ ᠦᠢᠯᠡᠰ ᠤᠨ ᠲᠥᠯᠥᠪᠵᠢᠭᠦᠯᠭᠡ ᠶᠢᠨ ᠬᠥᠭᠵᠢᠯᠲᠡ ᠶᠢᠨ ᠠᠵᠢᠯ ᠢ ᠬᠠᠷᠢᠭᠤᠴᠠᠨ᠎ᠠ︔ ᠠᠮᠢ ᠠᠬᠤᠶ ᠶᠢᠨ ᠣᠷᠴᠢᠨ ᠲᠣᠭᠤᠷᠢᠨ ᠵᠡᠷᠭᠡ ᠠᠵᠢᠯ ᠢ ᠬᠠᠷᠢᠭᠤᠴᠠᠨ᠎ᠠ᠃      4. ᠨᠡᠶᠢᠭᠡᠮ ᠤᠨ ᠶᠠᠪᠤᠳᠠᠯ ᠤᠨ ᠠᠯᠪᠠᠨ ᠭᠡᠷ      ᠭᠤᠣᠯ ᠡᠭᠦᠷᠭᠡ ᠬᠠᠷᠢᠭᠤᠴᠠᠯᠭ᠎ᠠ᠄ ᠠᠷᠠᠳ ᠤᠨ ᠶᠠᠪᠤᠳᠠᠯ᠂ ᠡᠮ ᠡᠮᠨᠡᠯᠭᠡ ᠡᠷᠡᠭᠦᠯ ᠬᠠᠮᠠᠭᠠᠯᠠᠯ᠂ ᠰᠢᠨᠵᠢᠯᠡᠬᠦ ᠤᠬᠠᠭᠠᠨ ᠮᠡᠷᠭᠡᠵᠢᠯ᠂ ᠵᠡᠮᠳᠡᠭᠴᠦᠳ ᠤᠨ ᠬᠤᠯᠪᠣᠭ᠎ᠠ᠂ ᠲᠤᠭ᠎ᠠ ᠪᠦᠷᠢᠳᠬᠡᠯ᠂ ᠰᠤᠷᠭᠠᠨ ᠬᠥᠮᠦᠵᠢᠯ ᠪᠡᠶ᠎ᠡ ᠶᠢᠨ ᠲᠠᠮᠢᠷ ᠂ ᠰᠣᠶᠣᠯ ᠵᠢᠭᠤᠯᠴᠢᠯᠠᠯ᠂ ᠬᠥᠳᠡᠯᠮᠦᠷᠢ ᠠᠵᠢᠯ ᠣᠯᠭᠤᠯᠲᠠ᠂ ᠨᠡᠶᠢᠭᠡᠮ ᠤᠨ ᠪᠠᠲᠤᠯᠠᠭ᠎ᠠ᠂ ᠲᠥᠯᠥᠪᠯᠡᠭᠡᠲᠦ ᠦᠷᠡᠵᠢᠯ᠂ ᠨᠡᠶᠢᠭᠡᠮ ᠤᠨ ᠪᠦᠯᠬᠦᠮ ᠵᠡᠷᠭᠡ ᠨᠡᠶᠢᠭᠡᠮ ᠤᠨ ᠬᠡᠷᠡᠭ ᠶᠠᠪᠤᠳᠠᠯ ᠤᠨ ᠴᠢᠨᠠᠷᠲᠠᠶ ᠠᠵᠢᠯ ᠢ ᠬᠠᠷᠢᠭᠤᠴᠠᠨ᠎ᠠ᠃      5. ᠠᠮᠤᠭᠤᠯᠠᠩ ᠪᠦᠲᠦᠭᠡᠨ ᠪᠠᠶᠢᠭᠤᠯᠤᠯᠲᠠ ᠶᠢᠨ ᠠᠯᠪᠡᠨ ᠭᠡᠷ      ᠭᠤᠣᠯ ᠡᠭᠦᠷᠭᠡ ᠬᠠᠷᠢᠭᠤᠴᠠᠯᠭ᠎ᠠ᠄ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ᠂ ᠵᠠᠬᠢᠳᠠᠯ ᠰᠤᠷᠪᠤᠯᠵᠢᠯᠠᠭ᠎ᠠ ᠪᠠᠷ ᠲᠣᠭᠲᠠᠭᠤᠨ ᠢ ᠬᠠᠮᠠᠭᠠᠯᠠᠬᠤ ᠪᠠ ᠨᠡᠶᠢᠭᠡᠮ ᠤᠨ ᠠᠮᠤᠷ ᠲᠦᠪᠰᠢᠨ ᠢ ᠶᠡᠷᠦᠩᠬᠡᠶᠢᠯᠡᠨ ᠵᠠᠰᠠᠬᠤ ᠠᠵᠢᠯ ᠢ ᠬᠠᠷᠢᠭᠤᠴᠠᠨ᠎ᠠ︔ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢ ᠠᠬᠢᠭᠤᠯᠬᠤ ᠠᠵᠢᠯ ᠢ ᠬᠠᠷᠢᠭᠤᠴᠠᠨ᠎ᠠ︔ ᠲᠣᠣᠷᠵᠢᠭᠤᠯᠤᠯᠲᠠ ᠶᠢᠨ ᠠᠵᠢᠯ ᠢ ᠬᠠᠷᠢᠭᠤᠴᠠᠨ᠎ᠠ︔ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠠᠵᠢᠯ ᠢ ᠬᠠᠷᠢᠭᠤᠴᠠᠨ᠎ᠠ᠃            ︵ᠬᠤᠶᠠᠷ︶ ᠳᠡᠳ᠋ ᠰᠠᠯᠠᠭᠠᠨ ᠳᠡᠰ ᠲᠠᠢ ᠲᠡᠩᠴᠡᠬᠦ ᠨᠡᠶᠢᠲᠡ ᠶᠢᠨ ᠠᠰᠠᠷᠠᠮᠵᠢ ᠶᠢᠨ ᠨᠢᠭᠡᠳᠦᠭᠡᠷ ᠲᠥᠷᠥᠯ ᠤᠨ ᠠᠵᠢᠯ ᠦᠢᠯᠡᠰ ᠤᠨ ᠨᠢᠭᠡᠴᠡ ︵3︶ ᠲᠣᠬᠢᠷᠠᠭᠤᠯᠪᠠ      1. ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ ︵ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠲᠥᠪ᠂ ᠴᠡᠷᠢᠭ ᠠᠴᠠ ᠬᠠᠯᠠᠭᠳᠠᠭᠰᠠᠳ ᠤᠨ ᠦᠢᠯᠡᠴᠢᠯᠡᠭᠡᠨ ᠤ ᠥᠷᠲᠡᠭᠡ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠭᠠᠵᠠᠷ ᠤᠨ ᠫᠠᠶᠢᠰᠠ︶      ᠭᠤᠤᠯ ᠡᠭᠦᠷᠭᠡ ᠬᠠᠷᠢᠭᠤᠴᠠᠯᠭ᠎ᠠ᠄ ᠨᠠᠮ ᠤᠨ ᠭᠡᠰᠢᠭᠦᠨ ᠣᠯᠠᠨ ᠲᠦᠮᠡᠨ ᠤ ᠦᠢᠯᠡᠴᠢᠯᠡᠭᠡᠨ ᠤ ᠲᠥᠷᠥᠯ ᠵᠦᠢᠯ ᠤᠨ ᠪᠦᠬᠦᠯᠢ ᠴᠣᠭᠴᠠ ᠶᠢᠨ ᠲᠣᠬᠢᠷᠠᠭᠤᠯᠤᠯᠲᠠ᠂ ᠲᠣᠬᠢᠷᠠᠭᠤᠯᠤᠯᠲᠠ ᠪᠠ ᠲᠣᠬᠢᠷᠠᠭᠤᠯᠤᠯᠲᠠ ᠶᠢ ᠬᠠᠷᠢᠭᠤᠴᠠᠵᠤ ᠂ ᠨᠠᠮ ᠤᠨ ᠭᠡᠰᠢᠭᠦᠨ ᠪᠠ ᠣᠯᠠᠨ ᠲᠦᠮᠡᠨ ᠳᠤ ᠶᠡᠷᠦᠩᠬᠡᠶᠢᠯᠡᠭᠰᠡᠨ ᠴᠢᠨᠠᠷᠲᠠᠶ ᠦᠢᠯᠡᠴᠢᠯᠡᠭᠡᠨ ᠤ ᠲᠤᠯᠭᠠᠭᠤᠷᠢᠯᠠᠬᠤ ᠲᠠᠪᠴᠠᠩ ᠬᠠᠩᠭᠠᠨ᠎ᠠ︔ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠡᠯ᠎ᠡ ᠲᠥᠷᠥᠯ ᠤᠨ ᠠᠵᠢᠯᠯᠠᠭᠠᠨ ᠤ ᠲᠠᠯᠠᠪᠤᠷ ᠤᠨ ᠴᠢᠳᠠᠮᠵᠢ ᠶᠢᠨ ᠲᠥᠯᠥᠪᠵᠢᠭᠦᠯᠭᠡ᠂ ᠬᠠᠮᠢᠶᠠᠷᠤᠯᠲᠠ ᠪᠠ ᠬᠠᠮᠠᠭᠠᠯᠠᠯᠲᠠ ᠶᠢ ᠬᠠᠷᠢᠭᠤᠴᠠᠨ᠎ᠠ︔ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠠᠵᠢᠯ ᠣᠯᠵᠤ ᠠᠳᠠᠯ ᠦᠢᠯᠡᠰ ᠴᠣᠭᠴᠠᠯᠠᠬᠤ ᠶᠢ ᠲᠡᠳᠬᠦᠬᠦ᠂ ᠠᠰᠠᠷᠠᠨ ᠲᠡᠳᠬᠦᠵᠦ ᠬᠠᠪᠰᠤᠷᠤᠨ ᠲᠡᠳᠬᠦᠬᠦ᠂ ᠰᠤᠷᠪᠤᠯᠵᠢᠯᠠᠨ ᠲᠣᠬᠤᠨᠢᠭᠤᠯᠬᠤ᠂ ᠵᠠᠬᠢᠳᠠᠯ ᠰᠤᠷᠪᠤᠯᠵᠢᠯᠠᠭ᠎ᠠ ᠶᠢ ᠬᠦᠯᠢᠶᠡᠨ ᠠᠪᠬᠤ᠂ ᠡᠷᠬᠡ ᠠᠰᠢᠭ ᠢ ᠪᠠᠲᠤᠯᠠᠬᠤ ᠵᠡᠷᠭᠡ ᠶᠠᠪᠤᠳᠠᠯ ᠤᠨ ᠴᠢᠨᠠᠷᠲᠠᠶ ᠠᠵᠢᠯ ᠢ ᠬᠠᠷᠢᠭᠤᠴᠠᠨ᠎ᠠ︔ ᠴᠡᠷᠢᠭ ᠢᠶᠠᠨ ᠬᠦᠷᠢᠶᠡᠯᠡᠨ ᠴᠡᠷᠢᠭ ᠤᠨ ᠭᠡᠷ ᠪᠦᠯᠢ ᠶᠢ ᠬᠠᠷᠠᠭᠠᠯᠵᠠᠬᠤ ᠵᠡᠷᠭᠡ ᠠᠵᠢᠯ ᠢ ᠬᠠᠷᠢᠭᠤᠴᠠᠨ᠎ᠠ︔ ᠪᠦᠬᠦ ᠰᠢᠶᠠᠩ ᠤᠨ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠪᠠ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯ ᠢ ᠨᠢᠭᠡᠳᠦᠯᠲᠡᠶ ᠲᠥᠯᠥᠪᠯᠡᠨ ᠵᠣᠬᠢᠴᠠᠭᠤᠯᠬᠤ ᠪᠠ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃      ᠡᠷᠬᠢᠯᠡᠭᠴᠢ 1 ︵ᠳᠡᠳ᠋ ᠰᠠᠯᠠᠭᠠᠨ ᠳᠡᠰ︶᠂ ᠳᠡᠳ᠋ ᠡᠷᠬᠢᠯᠡᠭᠴᠢ 1 ᠨᠡᠷ᠎ᠡ ᠲᠣᠬᠢᠷᠠᠭᠤᠯᠪᠠ᠃      2. ᠶᠡᠷᠤᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠬᠦᠯᠬᠦ ᠲᠤᠪᠴᠢᠶ᠎ᠠ      ᠭᠤᠤᠯ ᠡᠭᠦᠷᠭᠡ ᠬᠠᠷᠢᠭᠤᠴᠠᠯᠭ᠎ᠠ᠄ ᠰᠢᠶᠠᠩ ᠤᠨ ᠵᠠᠰᠠᠭ ᠤᠨ ᠣᠷᠳᠣᠨ ᠤ ᠨᠡᠷ᠎ᠡ ᠪᠠᠷ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯ ᠢ ᠥᠷᠨᠢᠭᠦᠯᠵᠦ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠣᠯᠭᠤᠭᠰᠠᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠡᠷᠬᠡ ᠶᠢ ᠲᠥᠪᠯᠡᠷᠡᠭᠦᠯᠦᠨ ᠬᠡᠷᠡᠭᠵᠢᠭᠦᠯᠦᠨ᠎ᠡ᠃      ᠲᠣᠪᠴᠢᠶᠠᠨ ᠳᠠᠷᠤᠭ᠎ᠠ 1 ᠨᠡᠷ᠎ᠡ ︵ᠳᠡᠳ᠋ ᠰᠠᠯᠠᠭᠠᠨ ᠳᠡᠰ︶᠂ ᠳᠡᠳ᠋ ᠲᠣᠪᠴᠢᠶᠠᠨ ᠳᠠᠷᠤᠭ᠎ᠠ 2 ᠨᠡᠷ᠎ᠡ ᠲᠣᠬᠢᠷᠠᠭᠤᠯᠤᠨ᠎ᠠ᠃      3. ᠶᠡᠷᠤᠩᠬᠡᠶᠢᠯᠡᠭᠰᠡᠨ ᠪᠠᠳᠤᠯᠠᠭ᠎ᠠ ᠪᠠ ᠮᠡᠷᠬᠡᠵᠢᠯ ᠲᠦᠬᠡᠮᠡᠯᠵᠢᠬᠦᠯᠬᠦ ᠲᠦᠪ    ᠭᠤᠤᠯ ᠡᠭᠦᠷᠭᠡ ᠬᠠᠷᠢᠭᠤᠴᠠᠯᠭ᠎ᠠ᠄ ᠲᠠᠷᠢᠶᠠᠯᠠᠩ᠂ ᠣᠶ ᠰᠢᠭᠤᠶ᠂ ᠮᠠᠯ ᠠᠵᠤ ᠠᠬᠤᠶ᠂ ᠤᠰᠤ ᠵᠡᠷᠭᠡ ᠬᠦᠷᠢᠶᠡᠨ ᠳᠠᠬᠢ ᠮᠡᠷᠭᠡᠵᠢᠯ ᠢ ᠣᠷᠣᠭᠤᠯᠤᠨ ᠠᠪᠴᠢᠷᠠᠬᠤ ᠪᠠ ᠳᠡᠯᠭᠡᠷᠡᠭᠦᠯᠬᠦ ᠠᠵᠢᠯ ᠢ ᠬᠠᠷᠢᠭᠤᠴᠠᠨ᠎ᠠ︔ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠬᠤᠪᠢᠷᠠᠭᠤᠯᠬᠤ ᠠᠵᠢᠯ ᠢ ᠬᠠᠷᠢᠭᠤᠴᠠᠨ᠎ᠠ︔ ᠲᠠᠷᠢᠶᠠᠴᠢᠳ ᠲᠤ ᠠᠵᠤ ᠦᠢᠯᠡᠰ ᠤᠨ ᠮᠡᠳᠡᠭᠡ ᠵᠠᠩᠭᠢ ᠶᠢᠨ ᠦᠢᠯᠡᠴᠢᠯᠡᠭᠡᠨ ᠤ ᠠᠵᠢᠯ ᠢ ᠬᠠᠷᠢᠭᠤᠴᠠᠨ᠎ᠠ︔ ᠲᠤᠰᠬᠠᠶ ᠮᠡᠷᠭᠡᠵᠢᠯ ᠤᠨ ᠪᠣᠯᠪᠠᠰᠤᠷᠠᠭᠤᠯᠤᠯ᠂ ᠡᠪᠡᠳᠴᠢᠨ ᠬᠤᠷᠣᠬᠠᠶ ᠶᠢᠨ ᠬᠥᠨᠥᠭᠡᠯ ᠢ ᠰᠡᠷᠭᠡᠶᠢᠯᠡᠨ ᠵᠠᠰᠠᠬᠤ᠂ ᠠᠮᠢᠲᠠᠨ ᠤ ᠬᠢᠵᠢᠭ ᠢ ᠰᠡᠷᠭᠡᠶᠢᠯᠡᠬᠦ ᠵᠡᠷᠭᠡ ᠠᠵᠢᠯ ᠢ ᠬᠠᠷᠢᠭᠤᠴᠠᠨ᠎ᠠ᠃      ᠡᠷᠬᠢᠯᠡᠭᠴᠢ 1 ︵ᠳᠡᠳ᠋ ᠰᠠᠯᠠᠭᠠᠨ ᠳᠡᠰ︶᠂ ᠳᠡᠳ᠋ ᠡᠷᠬᠢᠯᠡᠭᠴᠢ 1 ᠨᠡᠷ᠎ᠡ ᠲᠣᠬᠢᠷᠠᠭᠤᠯᠪᠠ᠃      ︵ᠭᠤᠷᠪᠠ︶ ᠠᠵᠢᠯᠲᠠᠨ ᠤ ᠣᠷᠣᠨ ᠲᠤᠭ᠎ᠠ ᠪᠠ ᠤᠳᠤᠷᠢᠳᠬᠤ ᠲᠤᠰᠢᠶᠠᠯ ᠤᠨ ᠲᠤᠭ᠎ᠠ      ᠵᠠᠰᠠᠭ ᠵᠠᠬᠢᠷᠭᠠᠨ ᠤ ᠤᠷᠤᠨ ᠳᠤᠭ᠎ᠠ ᠶᠢ 32 ᠨᠡᠷ᠎ᠡ᠂ ᠠᠵᠢᠯ ᠦᠢᠯᠡᠰ ᠤᠨ ᠤᠷᠤᠨ ᠳᠤᠭ᠎ᠠ ᠶᠢ 32 ᠨᠡᠷ᠎ᠡ ᠬᠢᠨᠠᠨ ᠳᠤᠭᠳᠠᠭᠠᠪᠠ᠃ ᠣᠷᠣᠨ ᠲᠤᠭ᠎ᠠ ᠶᠢ ᠲᠥᠷᠥᠯ ᠬᠤᠪᠢᠶᠠᠨ ᠬᠠᠮᠢᠶᠠᠷᠬᠤ᠂ ᠠᠵᠢᠯᠲᠠᠨ ᠢ ᠨᠢᠭᠡᠳᠦᠯᠲᠡᠶ ᠲᠥᠯᠥᠪᠯᠡᠨ ᠬᠡᠷᠡᠭᠯᠡᠬᠦ ᠬᠡᠷᠡᠭᠲᠡᠶ᠃ ᠠᠵᠢᠯᠲᠠᠨ ᠲᠣᠬᠢᠷᠠᠭᠤᠯᠬᠤ ᠳᠠᠭᠠᠨ ᠣᠷᠣᠨ ᠲᠣᠭᠠᠨ ᠤ ᠬᠢᠵᠠᠭᠠᠷᠯᠠᠯ ᠢ ᠡᠪᠳᠡᠵᠦ᠂ ᠬᠥᠮᠦᠨ ᠪᠠ ᠠᠵᠢᠯ ᠤᠨ ᠪᠠᠶᠢᠷᠢ ᠶᠢ ᠬᠠᠷᠢᠯᠴᠠᠨ ᠵᠣᠬᠢᠴᠠᠯᠳᠤᠭᠤᠯᠬᠤ ᠵᠠᠷᠴᠢᠮ ᠤᠨ ᠶᠣᠰᠣᠭᠠᠷ ᠠᠵᠢᠯ ᠤᠨ ᠬᠦᠴᠦᠨ ᠢ ᠵᠦᠢ ᠵᠣᠬᠢᠰᠲᠠᠶ ᠲᠣᠬᠢᠷᠠᠭᠤᠯᠬᠤ ᠬᠡᠷᠡᠭᠲᠡᠶ᠃      ᠵᠢᠩᠬᠢᠨᠢ ᠰᠠᠯᠠᠭᠠᠨ ᠳᠡᠰ ᠤᠨ ᠤᠳᠤᠷᠢᠳᠤᠯᠭ᠎ᠠ ᠶᠢᠨ ᠲᠤᠰᠢᠶᠠᠯ ᠤᠨ ᠲᠤᠭ᠎ᠠ 3 ᠬᠥᠮᠥᠨ᠂ ᠳᠡᠳ᠋ ᠰᠠᠯᠠᠭᠠᠨ ᠳᠡᠰ ᠤᠨ ᠤᠳᠤᠷᠢᠳᠤᠯᠭ᠎ᠠ ᠶᠢᠨ ᠲᠤᠰᠢᠶᠠᠯ ᠤᠨ ᠲᠤᠭ᠎ᠠ 7 ᠬᠥᠮᠥᠨ ᠢ ᠬᠢᠨᠠᠨ ᠲᠣᠭᠲᠠᠭᠠᠪᠠ︔ ᠠᠵᠢᠯ ᠦᠢᠯᠡᠰ ᠤᠨ ᠳᠡᠳ᠋ ᠰᠠᠯᠠᠭᠠᠨ ᠳᠡᠰ ᠤᠨ ᠤᠳᠤᠷᠢᠳᠬᠤ ᠲᠤᠰᠢᠶᠠᠯ ᠤᠨ ᠲᠤᠭ᠎ᠠ 3 ᠬᠥᠮᠥᠨ ᠢ ᠬᠢᠨᠠᠨ ᠲᠣᠭᠲᠠᠭᠠᠨ᠎ᠠ᠃      ︵ᠲᠦᠷᠪᠡ︶ ᠲᠣᠮᠢᠯᠠᠨ ᠰᠠᠭᠤᠯᠭᠠᠭᠰᠠᠨ ᠪᠠᠶᠢᠭᠤᠯᠤᠮᠵᠢ ᠶᠢᠨ ᠬᠠᠮᠢᠶᠠᠷᠤᠯᠲᠠ ᠶᠢ ᠴᠢᠩᠭᠡᠳ᠋ᠭᠠᠨ᠎ᠠ      ᠲᠥᠪ ᠤᠨ ᠬᠤᠯᠪᠣᠭᠳᠠᠯ ᠪᠦᠬᠦᠢ ᠱᠠᠭᠠᠷᠳᠠᠯᠭ᠎ᠠ ᠶᠣᠰᠣᠭᠠᠷ᠂ ᠳᠣᠲᠣᠭᠠᠳᠤ ᠶᠢ ᠬᠠᠮᠠᠭᠠᠯᠠᠬᠤ ᠲᠣᠮᠢᠯᠠᠭᠰᠠᠨ ᠰᠠᠯᠪᠤᠷᠢ᠂ ᠬᠠᠤᠯᠢ ᠴᠠᠭᠠᠵᠠ ᠶᠢᠨ ᠭᠠᠵᠠᠷ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠭᠠᠵᠠᠷ᠂ ᠪᠠᠶᠢᠭᠠᠯᠢ ᠶᠢᠨ ᠡᠬᠢ ᠪᠠᠶᠠᠯᠢᠭ ᠤᠨ ᠬᠠᠮᠢᠶᠠᠷᠤᠯᠲᠠ ᠶᠢᠨ ᠭᠠᠵᠠᠷ ᠲᠣᠮᠢᠯᠠᠨ ᠰᠠᠭᠤᠯᠭᠠᠬᠤ ᠪᠠᠶᠢᠭᠤᠯᠤᠯ ᠢ ᠬᠡᠷᠡᠭᠵᠢᠭᠦᠯᠦᠨ᠎ᠡ᠃ ᠲᠣᠮᠢᠯᠠᠨ ᠰᠠᠭᠤᠯᠭᠠᠬᠤ ᠥᠷᠲᠡᠭᠡ ᠭᠠᠵᠠᠷ ᠢ ᠪᠦᠬᠦ ᠰᠢᠶᠠᠩ ᠤᠨ ᠨᠢᠭᠡᠳᠦᠯᠲᠡᠶ ᠵᠢᠯᠣᠭᠤᠳᠤᠨ ᠵᠣᠬᠢᠴᠠᠭᠤᠯᠬᠤ ᠠᠵᠢᠯ ᠤᠨ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠰᠢᠶᠠᠩ ᠤᠨ ᠨᠠᠮ ᠤᠨ ᠬᠤᠷᠢᠶ᠎ᠠ ᠠᠴᠠ ᠲᠣᠮᠢᠯᠠᠨ ᠰᠠᠭᠤᠯᠭᠠᠬᠤ ᠥᠷᠲᠡᠭᠡ ᠭᠠᠵᠠᠷ ᠤᠨ ᠠᠵᠢᠯ ᠢ ᠬᠢᠨᠠᠨ ᠰᠢᠯᠭᠠᠬᠤ ᠪᠠ ᠭᠤᠣᠯ ᠬᠠᠷᠢᠭᠤᠴᠠᠯᠭᠠᠲᠠᠨ ᠨᠥᠬᠦᠳ ᠢ ᠲᠣᠮᠢᠯᠠᠵᠤ ᠪᠠᠭᠤᠯᠭᠠᠬᠤ ᠠᠵᠢᠯ ᠳᠤ ᠰᠠᠨᠠᠯ ᠳᠤᠷᠠᠳᠪᠠ᠃      ᠬᠠᠷᠢᠯᠴᠠᠬᠤ ᠤᠲᠠᠰᠤ᠄ 0474 - 7534002      ᠠᠯᠪᠠᠯᠠᠬᠤ ᠴᠠᠭ᠄ ᠠᠵᠢᠯᠯᠠᠬᠤ ᠡᠳᠦᠷ ᠤᠨ ᠦᠳᠡ ᠶᠢᠨ ᠡᠮᠦᠨ᠎ᠡ 9᠄ 00 - 12᠄ 00᠂ ᠦᠳᠡ ᠶᠢᠨ ᠬᠤᠶᠢᠨ᠎ᠠ 14᠄ 30-1800      ᠬᠠᠶ᠋ᠢᠭ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠠᠭᠠᠨᠴᠠᠪ ᠬᠤᠲᠠ ᠶᠢᠨ ᠰᠢᠩ ᠾᠧ ᠰᠢᠶᠠᠨ ᠤ ᠦᠨᠳᠦᠰᠦᠲᠡᠨ ᠤ ᠪᠦᠯᠬᠦᠮᠳᠡᠯ ᠰᠢᠶᠠᠩ      ᠬᠠᠷᠢᠭᠤᠴᠠᠯᠭᠠᠲᠠᠨ ᠤ ᠣᠪᠣᠭ ᠨᠡᠷ᠎ᠡ᠄ ᠹᠦ᠋ ᠬᠠᠢ           ᠤᠷᠴᠢᠭᠤᠯᠤᠭᠴᠢ᠄ ᠨᠠᠷᠠᠰᠤ           ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ      
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠤᠷᠳᠤᠨ ᠤ ᠬᠢᠲᠠᠳ ᠲᠤᠤᠷ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3