ᠪᠠᠶᠢᠭᠤᠯᠤᠮᠵᠢ ᠶᠢᠨ ᠡᠭᠦᠷᠭᠡ ᠴᠢᠳᠠᠪᠤᠷᠢ | | ᠭᠤᠣᠯ ᠡᠭᠦᠷᠭᠡ ᠬᠠᠷᠢᠭᠤᠴᠠᠯᠭ᠎ᠠ᠄ ᠨᠢᠭᠡ᠂ ᠨᠠᠮ ᠵᠠᠰᠠᠭ ᠤᠨ ᠪᠠᠶᠢᠭᠤᠯᠤᠮᠵᠢ ︵ᠨᠢᠭᠡ︶ ᠨᠠᠮ ᠵᠠᠰᠠᠭ ᠤᠨ | ᠶᠡᠷᠦᠩᠬᠡᠶᠢᠯᠡᠭᠰᠡᠨ ᠠᠯᠪᠠᠨ ᠭᠡᠷ᠃ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠡᠳᠦᠷ ᠲᠤᠲᠤᠮ ᠤᠨ ᠠᠵᠢᠯᠯᠠᠭᠠᠨ | ᠪᠠ ᠶᠡᠷᠦᠩᠬᠡᠶᠢᠯᠡᠨ ᠵᠣᠬᠢᠴᠠᠭᠤᠯᠬᠤ ᠠᠵᠢᠯ ᠢ ᠬᠠᠷᠢᠭᠤᠴᠠᠨ᠎ᠠ︔ ᠡᠭᠦᠷᠭᠡᠯᠡᠵᠦ ᠪᠠᠶᠢᠭ᠎ᠠ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠠᠯᠪᠠᠨ ᠭᠡᠷ ᠤᠨ ᠠᠵᠢᠯ︔ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ | ᠰᠢᠢᠳᠪᠦᠷᠢᠲᠦ ᠪᠣᠳᠣᠯᠭ᠎ᠠ ᠶᠢᠨ ᠰᠢᠮᠳᠠᠭᠤᠯᠤᠨ ᠪᠠᠶᠢᠴᠠᠭᠠᠬᠤ ᠠᠵᠢᠯ ᠢ ᠬᠠᠷᠢᠭᠤᠴᠠᠨ᠎ᠠ︔ ᠠᠵᠢᠯᠲᠠᠨ ᠤ ᠶᠠᠪᠤᠳᠠᠯ ᠪᠠ | ᠡᠳ᠋ ᠤᠨ ᠵᠠᠰᠠᠭ ᠵᠡᠷᠭᠡ ᠠᠵᠢᠯ ᠢ ᠬᠠᠷᠢᠭᠤᠴᠠᠨ᠎ᠠ᠃ ︵ᠬᠤᠶᠠᠷ︶ ᠦᠨᠳᠦᠰᠦᠨ ᠱᠠᠲᠤᠨ ᠤ ᠨᠠᠮ ᠤᠨ | ᠪᠠᠶᠢᠭᠤᠯᠤᠯᠲᠠ ᠶᠢᠨ ᠠᠯᠪᠠᠨ ᠭᠡᠷ᠃ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ | ᠪᠠᠶᠢᠭᠤᠯᠤᠯᠲᠠ ᠪᠣᠯᠤᠨ ᠣᠯᠠᠨ ᠲᠦᠮᠡᠨ ᠤ ᠪᠦᠯᠬᠦᠮ ᠤᠨ ᠠᠵᠢᠯ ᠢ ᠬᠠᠷᠢᠭᠤᠴᠠᠨ᠎ᠠ︔ ᠤᠬᠠᠭᠤᠯᠭ᠎ᠠ᠂ ᠦᠵᠡᠯ | ᠤᠬᠠᠮᠰᠠᠷ ᠤᠨ ᠬᠡᠯᠪᠡᠷᠢ ᠶᠢᠨ ᠠᠵᠢᠯ ᠢ ᠬᠠᠷᠢᠭᠤᠴᠠᠨ᠎ᠠ︔ ᠨᠠᠮ ᠤᠨ ᠰᠤᠷᠲᠠᠯ ᠴᠢᠬᠡᠴᠢ ᠵᠠᠰᠠᠭ ᠤᠨ | ᠪᠠᠶᠢᠭᠤᠯᠤᠯᠲᠠ ᠶᠢᠨ ᠠᠵᠢᠯ ᠢ ᠬᠠᠷᠢᠭᠤᠴᠠᠨ᠎ᠠ︔ ᠨᠢᠭᠡᠳᠦᠮᠡᠯ ᠹᠷᠣᠨᠲ᠂ ᠦᠨᠳᠦᠰᠦᠲᠡᠨ ᠱᠠᠰᠢᠨ ᠰᠤᠷᠲᠠᠬᠤᠨ ᠵᠡᠷᠭᠡ | ᠠᠵᠢᠯ ᠢ ᠬᠠᠷᠢᠭᠤᠴᠠᠨ᠎ᠠ᠃ ︵ᠭᠤᠷᠪᠠ︶ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠯᠪᠠᠨ ᠭᠡᠷ᠃ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢᠨ ᠬᠤᠯᠪᠣᠭᠳᠠᠯ ᠪᠦᠬᠦᠢ ᠲᠦᠷᠦ ᠶᠢᠨ | ᠪᠤᠳᠤᠯᠭ᠎ᠠ ᠠᠷᠭ᠎ᠠ ᠬᠡᠮᠵᠢᠶ᠎ᠡ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠬᠠᠷᠢᠭᠤᠴᠠᠨ᠎ᠠ︔ ᠶᠠᠳᠠᠭᠤ ᠶᠢ | ᠲᠡᠳᠬᠦᠵᠦ ᠨᠡᠭᠡᠭᠡᠨ ᠬᠥᠭᠵᠢᠭᠦᠯᠬᠦ ᠠᠵᠢᠯ ᠢ ᠬᠠᠷᠢᠭᠤᠴᠠᠨ᠎ᠠ︔ ᠠᠵᠤ ᠦᠢᠯᠡᠰ ᠤᠨ ᠲᠥᠯᠥᠪᠵᠢᠭᠦᠯᠭᠡ ᠶᠢᠨ | ᠬᠥᠭᠵᠢᠯᠲᠡ ᠶᠢᠨ ᠠᠵᠢᠯ ᠢ ᠬᠠᠷᠢᠭᠤᠴᠠᠨ᠎ᠠ︔ ᠠᠮᠢ ᠠᠬᠤᠶ ᠣᠷᠴᠢᠨ ᠲᠣᠭᠤᠷᠢᠨ ᠵᠡᠷᠭᠡ ᠠᠵᠢᠯ ᠢ ᠬᠠᠷᠢᠭᠤᠴᠠᠨ᠎ᠠ᠃ | ︵ᠳᠥᠷᠪᠡ︶ ᠨᠡᠶᠢᠭᠡᠮ ᠤᠨ ᠬᠡᠷᠡᠭ ᠶᠠᠪᠤᠳᠠᠯ ᠤᠨ ᠠᠯᠪᠠᠨ ᠭᠡᠷ᠃ ᠠᠷᠠᠳ ᠤᠨ ᠶᠠᠪᠤᠳᠠᠯ᠂ ᠡᠮ ᠡᠮᠨᠡᠯᠭᠡ ᠡᠷᠡᠭᠦᠯ | ᠬᠠᠮᠠᠭᠠᠯᠠᠯ᠂ ᠰᠤᠷᠭᠠᠨ ᠬᠥᠮᠦᠵᠢᠯ ᠪᠡᠶ᠎ᠡ ᠶᠢᠨ ᠲᠠᠮᠢᠷ᠂ ᠰᠣᠶᠣᠯ ᠵᠢᠭᠤᠯᠴᠢᠯᠠᠯ᠂ ᠰᠢᠨᠵᠢᠯᠡᠬᠦ ᠤᠬᠠᠭᠠᠨ ᠮᠡᠷᠭᠡᠵᠢᠯ᠂ | ᠵᠡᠮᠳᠡᠭᠴᠦᠳ ᠤᠨ ᠬᠤᠯᠪᠣᠭ᠎ᠠ᠂ ᠲᠤᠭ᠎ᠠ ᠪᠦᠷᠢᠳᠬᠡᠯ᠂ ᠬᠥᠳᠡᠯᠮᠦᠷᠢ ᠠᠵᠢᠯ ᠣᠯᠭᠤᠯᠲᠠ᠂ ᠨᠡᠶᠢᠭᠡᠮ ᠤᠨ ᠪᠠᠲᠤᠯᠠᠭ᠎ᠠ᠂ | ᠲᠥᠯᠥᠪᠯᠡᠭᠡᠲᠦ ᠦᠷᠡᠵᠢᠯ᠂ ᠨᠡᠶᠢᠭᠡᠮ ᠤᠨ ᠪᠦᠯᠬᠦᠮ ᠵᠡᠷᠭᠡ ᠨᠡᠶᠢᠭᠡᠮ ᠤᠨ ᠬᠡᠷᠡᠭ ᠶᠠᠪᠤᠳᠠᠯ ᠤᠨ ᠴᠢᠨᠠᠷᠲᠠᠶ ᠠᠵᠢᠯ ᠢ | ᠬᠠᠷᠢᠭᠤᠴᠠᠨ᠎ᠠ᠃ ︵ᠲᠠᠪᠤ︶ ᠠᠮᠤᠷ ᠲᠦᠪᠰᠢᠨ ᠤ ᠪᠦᠲᠦᠭᠡᠨ ᠪᠠᠶᠢᠭᠤᠯᠤᠯᠲᠠ ᠶᠢᠨ ᠠᠯᠪᠠᠨ ᠭᠡᠷ ᠪᠠᠴᠢᠮ ᠪᠠᠶᠢᠳᠠᠯ ᠢ | ᠠᠷᠭᠠᠴᠠᠬᠤ ᠬᠠᠮᠢᠶᠠᠷᠤᠯᠲᠠ᠂ ᠵᠠᠬᠢᠳᠠᠯ ᠰᠤᠷᠪᠤᠯᠵᠢᠯᠠᠭ᠎ᠠ ᠪᠠᠷ ᠲᠣᠭᠲᠠᠭᠤᠨ ᠪᠠᠶᠢᠳᠠᠯ ᠢ ᠬᠠᠮᠠᠭᠠᠯᠠᠬᠤ ᠪᠠ ᠨᠡᠶᠢᠭᠡᠮ ᠤᠨ | ᠠᠮᠤᠷ ᠲᠦᠪᠰᠢᠨ ᠢ ᠶᠡᠷᠦᠩᠬᠡᠶᠢᠯᠡᠨ ᠵᠠᠰᠠᠬᠤ ᠠᠵᠢᠯ ᠢ ᠬᠠᠷᠢᠭᠤᠴᠠᠨ᠎ᠠ︔ ᠬᠠᠤᠯᠢ ᠪᠠᠷ ᠵᠠᠰᠠᠬᠤ ᠵᠠᠰᠠᠭ ᠤᠨ | ᠣᠷᠳᠣᠨ ᠤ ᠪᠠᠶᠢᠭᠤᠯᠤᠯᠲᠠ ᠶᠢ ᠲᠦᠯᠬᠢᠨ ᠠᠬᠢᠭᠤᠯᠬᠤ ᠠᠵᠢᠯ ᠢ ᠬᠠᠷᠢᠭᠤᠴᠠᠨ᠎ᠠ︔ ᠲᠣᠤᠷᠯᠢᠭ ᠠᠵᠢᠯ ᠤᠨ ᠠᠵᠢᠯ ᠢ | ᠬᠠᠷᠢᠭᠤᠴᠠᠨ᠎ᠠ᠃ ᠬᠤᠶᠠᠷ᠂ ᠠᠵᠢᠯ ᠦᠢᠯᠡᠰ ᠤᠨ ᠨᠢᠭᠡᠴᠡ ︵ᠨᠢᠭᠡ︶ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ | ᠬᠠᠤᠯᠢ ᠬᠡᠷᠡᠭᠵᠢᠭᠦᠯᠬᠦ ᠲᠣᠪᠴᠢᠶ᠎ᠠ ᠰᠢᠶᠠᠩ ᠤᠨ ᠵᠠᠰᠠᠭ ᠤᠨ ᠣᠷᠳᠣᠨ ᠤ ᠨᠡᠷ᠎ᠡ ᠪᠠᠷ ᠵᠠᠰᠠᠭ ᠵᠠᠬᠢᠷᠭᠠᠨ ᠤ ᠬᠠᠤᠯᠢ | ᠬᠡᠷᠡᠭᠵᠢᠭᠦᠯᠬᠦ ᠠᠵᠢᠯ ᠢ ᠥᠷᠨᠢᠭᠦᠯᠵᠦ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ | ᠣᠯᠭᠤᠭᠰᠠᠨ ᠰᠢᠶᠠᠩ ᠤᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠡᠷᠬᠡ ᠶᠢ ᠲᠥᠪᠯᠡᠷᠡᠭᠦᠯᠦᠨ ᠬᠡᠷᠡᠭᠵᠢᠭᠦᠯᠬᠦ | ᠬᠡᠷᠡᠭᠲᠡᠶ᠃ ︵ᠬᠤᠶᠠᠷ︶ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ᠃ ᠨᠠᠮ ᠤᠨ ᠭᠡᠰᠢᠭᠦᠨ ᠣᠯᠠᠨ | ᠲᠦᠮᠡᠨ ᠤ ᠦᠢᠯᠡᠴᠢᠯᠡᠭᠡᠨ ᠤ ᠲᠥᠷᠥᠯ ᠵᠦᠢᠯ ᠤᠨ ᠪᠦᠬᠦᠯᠢ ᠴᠣᠭᠴᠠ ᠶᠢᠨ ᠲᠣᠬᠢᠷᠠᠭᠤᠯᠤᠯᠲᠠ᠂ ᠲᠣᠬᠢᠷᠠᠭᠤᠯᠤᠯᠲᠠ | ᠪᠠ ᠲᠣᠬᠢᠷᠠᠭᠤᠯᠤᠯᠲᠠ ᠶᠢ ᠬᠠᠷᠢᠭᠤᠴᠠᠵᠤ᠂ ᠨᠠᠮ ᠤᠨ ᠭᠡᠰᠢᠭᠦᠨ ᠪᠠ ᠣᠯᠠᠨ ᠲᠦᠮᠡᠨ ᠳᠤ ᠶᠡᠷᠦᠩᠬᠡᠶᠢᠯᠡᠭᠰᠡᠨ ᠴᠢᠨᠠᠷᠲᠠᠶ | ᠦᠢᠯᠡᠴᠢᠯᠡᠭᠡᠨ ᠤ ᠲᠤᠯᠭᠠᠭᠤᠷᠢᠯᠠᠬᠤ ᠲᠠᠪᠴᠠᠩ ᠬᠠᠩᠭᠠᠨ᠎ᠠ︔ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠡᠯ᠎ᠡ | ᠲᠥᠷᠥᠯ ᠤᠨ ᠠᠵᠢᠯᠯᠠᠭᠠᠨ ᠤ ᠲᠠᠯᠠᠪᠤᠷ ᠤᠨ ᠴᠢᠳᠠᠮᠵᠢ ᠶᠢᠨ ᠲᠥᠯᠥᠪᠵᠢᠭᠦᠯᠭᠡ᠂ ᠬᠠᠮᠢᠶᠠᠷᠤᠯᠲᠠ ᠪᠠ ᠬᠠᠮᠠᠭᠠᠯᠠᠯᠲᠠ ᠶᠢ | ᠬᠠᠷᠢᠭᠤᠴᠠᠨ᠎ᠠ︔ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠠᠵᠢᠯ ᠣᠯᠵᠤ ᠠᠳᠠᠯ ᠦᠢᠯᠡᠰ ᠴᠣᠭᠴᠠᠯᠠᠬᠤ ᠶᠢ | ᠲᠡᠳᠬᠦᠬᠦ᠂ ᠠᠰᠠᠷᠠᠨ ᠲᠡᠳᠬᠦᠵᠦ ᠬᠠᠪᠰᠤᠷᠤᠨ ᠲᠡᠳᠬᠦᠬᠦ᠂ ᠡᠷᠬᠢᠨ ᠦᠵᠡᠵᠦ ᠲᠣᠬᠤᠨᠢᠭᠤᠯᠬᠤ᠂ ᠵᠠᠬᠢᠳᠠᠯ | ᠰᠤᠷᠪᠤᠯᠵᠢᠯᠠᠯ ᠢ ᠬᠦᠯᠢᠶᠡᠨ ᠠᠪᠬᠤ᠂ ᠡᠷᠬᠡ ᠠᠰᠢᠭ ᠢ ᠪᠠᠲᠤᠯᠠᠬᠤ ᠵᠡᠷᠭᠡ ᠶᠠᠪᠤᠳᠠᠯ ᠤᠨ ᠴᠢᠨᠠᠷᠲᠠᠶ ᠠᠵᠢᠯ ᠢ | ᠡᠭᠦᠷᠭᠡᠯᠡᠨ᠎ᠡ︔ ᠴᠡᠷᠢᠭ ᠢᠶᠠᠨ ᠬᠦᠷᠢᠶᠡᠯᠡᠨ ᠴᠡᠷᠢᠭ ᠤᠨ ᠬᠡᠷ ᠪᠦᠯᠢ ᠶᠢ ᠬᠠᠷᠠᠭᠠᠯᠵᠠᠬᠤ ᠵᠡᠷᠭᠡ ᠠᠵᠢᠯ ᠢ ᠬᠠᠷᠢᠭᠤᠴᠠᠨ᠎ᠠ | ︔ ᠰᠢᠶᠠᠩ ᠰᠢᠶᠠᠩ ᠤᠨ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠪᠠ ᠰᠠᠶᠢᠨ ᠳᠤᠷ᠎ᠠ ᠶᠢᠨ | ᠦᠢᠯᠡᠴᠢᠯᠡᠭᠡᠨ ᠤ ᠠᠵᠢᠯ ᠢ ᠨᠢᠭᠡᠳᠦᠯᠲᠡᠶ ᠲᠥᠯᠥᠪᠯᠡᠨ ᠵᠣᠬᠢᠴᠠᠭᠤᠯᠬᠤ ᠪᠠ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃ | ︵ᠭᠤᠷᠪᠠ︶ ᠶᠡᠷᠦᠩᠬᠡᠶᠢᠯᠡᠭᠰᠡᠨ ᠪᠠᠲᠤᠯᠠᠭ᠎ᠠ ᠪᠠ ᠮᠡᠷᠭᠡᠵᠢᠯ ᠳᠡᠯᠭᠡᠷᠡᠭᠦᠯᠬᠦ ᠲᠥᠪ ᠤᠨ ᠡᠭᠦᠷᠭᠡ ᠬᠠᠷᠢᠭᠤᠴᠠᠯᠭ᠎ᠠ᠄ | ᠲᠠᠷᠢᠶᠠᠯᠠᠩ᠂ ᠣᠶ ᠰᠢᠭᠤᠶ᠂ ᠮᠠᠯ ᠠᠵᠤ ᠠᠬᠤᠶ᠂ ᠤᠰᠤ ᠵᠡᠷᠭᠡ ᠬᠦᠷᠢᠶᠡᠨ ᠳᠠᠬᠢ ᠮᠡᠷᠭᠡᠵᠢᠯ ᠢ ᠣᠷᠣᠭᠤᠯᠤᠨ | ᠠᠪᠴᠢᠷᠠᠬᠤ ᠪᠠ ᠳᠡᠯᠭᠡᠷᠡᠭᠦᠯᠬᠦ ᠠᠵᠢᠯ ᠢ ᠬᠠᠷᠢᠭᠤᠴᠠᠨ᠎ᠠ︔ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ | ᠬᠤᠪᠢᠷᠠᠭᠤᠯᠬᠤ ᠠᠵᠢᠯ ᠢ ᠬᠠᠷᠢᠭᠤᠴᠠᠨ᠎ᠠ︔ ᠲᠠᠷᠢᠶᠠᠴᠢᠳ ᠲᠤ ᠠᠵᠤ ᠦᠢᠯᠡᠰ ᠤᠨ ᠮᠡᠳᠡᠭᠡ ᠵᠠᠩᠭᠢ ᠶᠢᠨ | ᠦᠢᠯᠡᠴᠢᠯᠡᠭᠡᠨ ᠤ ᠠᠵᠢᠯ ᠢ ᠬᠠᠷᠢᠭᠤᠴᠠᠨ᠎ᠠ︔ ᠲᠤᠰᠬᠠᠶ ᠮᠡᠷᠭᠡᠵᠢᠯ ᠤᠨ ᠪᠣᠯᠪᠠᠰᠤᠷᠠᠭᠤᠯᠤᠯ᠂ ᠡᠪᠡᠳᠴᠢᠨ | ᠬᠤᠷᠣᠬᠠᠶ ᠶᠢᠨ ᠬᠥᠨᠥᠭᠡᠯ ᠢ ᠰᠡᠷᠭᠡᠶᠢᠯᠡᠨ ᠵᠠᠰᠠᠬᠤ᠂ ᠠᠮᠢᠲᠠᠨ ᠤ ᠬᠢᠵᠢᠭ ᠢ ᠰᠡᠷᠭᠡᠶᠢᠯᠡᠬᠦ ᠵᠡᠷᠭᠡ ᠠᠵᠢᠯ ᠢ | ᠬᠠᠷᠢᠭᠤᠴᠠᠨ᠎ᠠ᠃ | ᠬᠠᠷᠢᠭᠤᠴᠠᠯᠭᠠᠲᠠᠨ ᠤ ᠣᠪᠣᠭ ᠨᠡᠷ᠎ᠡ᠄ ᠪᠠᠢ ᠬᠤᠩ | ᠠᠯᠪᠠᠯᠠᠬᠤ ᠴᠠᠭ᠄ ᠠᠵᠢᠯᠯᠠᠬᠤ ᠡᠳᠦᠷ ᠤᠨ ᠦᠳᠡ ᠶᠢᠨ ᠡᠮᠦᠨ᠎ᠡ 9᠄ 00 - 12᠄ 00 ᠦᠳᠡ ᠶᠢᠨ | ᠬᠤᠶᠢᠨ᠎ᠠ 14᠄ 30-18᠄ 00 | ᠠᠵᠢᠯᠯᠠᠬᠤ ᠬᠠᠶ᠋ᠢᠭ᠄ ᠥᠪᠥᠷ ᠮᠣᠩᠭᠤᠯ ᠤᠨ ᠰᠢᠩ ᠾᠧ ᠰᠢᠶᠠᠨ ᠤ ᠡᠤ ᠬᠥ᠋ ᠴᠢᠤᠸᠠᠨ ᠰᠢᠶᠠᠩ ᠤᠨ ᠡᠤ ᠬᠥ᠋ | ᠴᠢᠤᠸᠠᠨ ᠲᠣᠰᠬᠤᠨ | ᠬᠠᠷᠢᠯᠴᠠᠬᠤ ᠣᠳᠠᠰᠣ᠄ 0474 - 744 2006 | ᠤᠷᠴᠢᠭᠤᠯᠤᠭᠴᠢ᠄ ᠨᠠᠷᠠᠰᠤ | ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ | |