ᠪᠠᠶᠢᠭᠤᠯᠤᠮᠵᠢ ᠶᠢᠨ ᠡᠭᠦᠷᠭᠡ ᠴᠢᠳᠠᠪᠤᠷᠢ | | ᠨᠢᠭᠡ᠂ ᠨᠠᠮ ᠵᠠᠰᠠᠭ ᠤᠨ ᠪᠠᠶᠢᠭᠤᠯᠤᠮᠵᠢ ᠪᠠ ᠠᠵᠢᠯ ᠦᠢᠯᠡᠰ ᠤᠨ ᠨᠢᠭᠡᠴᠢ ᠶᠢᠨ ᠪᠠᠶᠢᠷᠢᠯᠠᠭᠤᠯᠤᠯᠲᠠ | ︵ᠨᠢᠭᠡ︶ ᠨᠠᠮ ᠵᠠᠰᠠᠭ ᠤᠨ ᠪᠠᠶᠢᠭᠤᠯᠤᠮᠵᠢ 5 | 1. ᠨᠠᠮ ᠵᠠᠰᠠᠭ ᠤᠨ ᠶᠡᠷᠦᠩᠬᠡᠶᠢᠯᠡᠭᠰᠡᠨ ᠠᠯᠪᠠᠨ ᠭᠡᠷ | ᠭᠤᠣᠯ ᠡᠭᠦᠷᠭᠡ ᠬᠠᠷᠢᠭᠤᠴᠠᠯᠭ᠎ᠠ᠄ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠡᠳᠦᠷ ᠲᠤᠳᠤᠮ ᠤᠨ | ᠠᠵᠢᠯᠯᠠᠭᠠᠨ ᠪᠠ ᠶᠡᠷᠦᠩᠬᠡᠶᠢᠯᠡᠨ ᠵᠣᠬᠢᠴᠠᠭᠤᠯᠬᠤ ᠠᠵᠢᠯ ᠢ ᠬᠠᠷᠢᠭᠤᠴᠠᠨ᠎ᠠ︔ ᠡᠭᠦᠷᠭᠡᠯᠡᠵᠦ ᠪᠠᠶᠢᠭ᠎ᠠ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠠᠯᠪᠠᠨ ᠭᠡᠷ ᠤᠨ ᠠᠵᠢᠯ︔ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ | ᠰᠢᠢᠳᠪᠦᠷᠢᠲᠦ ᠪᠣᠳᠣᠯᠭ᠎ᠠ ᠶᠢᠨ ᠰᠢᠮᠳᠠᠭᠤᠯᠤᠨ ᠪᠠᠶᠢᠴᠠᠭᠠᠬᠤ ᠠᠵᠢᠯ ᠢ ᠬᠠᠷᠢᠭᠤᠴᠠᠨ᠎ᠠ︔ ᠠᠵᠢᠯᠲᠠᠨ ᠤ ᠶᠠᠪᠤᠳᠠᠯ ᠪᠠ | ᠡᠳ᠋ ᠤᠨ ᠵᠠᠰᠠᠭ ᠵᠡᠷᠭᠡ ᠠᠵᠢᠯ ᠢ ᠬᠠᠷᠢᠭᠤᠴᠠᠨ᠎ᠠ᠃ | 2. ᠦᠨᠲᠤᠰᠤᠨ ᠱᠠᠲᠤᠨ ᠤ ᠨᠠᠮ ᠤᠨ ᠪᠠᠶᠢᠭᠤᠯᠤᠯᠲᠠ ᠶᠢᠨ ᠠᠯᠪᠡᠨ ᠭᠡᠷ | ᠭᠤᠣᠯ ᠡᠭᠦᠷᠭᠡ ᠬᠠᠷᠢᠭᠤᠴᠠᠯᠭ᠎ᠠ᠄ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ | ᠪᠠᠶᠢᠭᠤᠯᠤᠯᠲᠠ ᠪᠠ ᠤᠯᠠᠨ ᠲᠦᠮᠡᠨ ᠤ ᠪᠦᠯᠬᠦᠮ ᠤᠨ ᠠᠵᠢᠯ ᠢ ᠬᠠᠷᠢᠭᠤᠴᠠᠨ᠎ᠠ︔ ᠤᠬᠠᠭᠤᠯᠭ᠎ᠠ᠂ ᠦᠵᠡᠯ | ᠤᠬᠠᠮᠰᠠᠷ ᠤᠨ ᠬᠡᠯᠪᠡᠷᠢ᠂ ᠰᠣᠶᠣᠯ ᠪᠡᠶ᠎ᠡ ᠶᠢᠨ ᠲᠠᠮᠢᠷ ᠤᠨ ᠠᠵᠢᠯ ᠢ ᠬᠠᠷᠢᠭᠤᠴᠠᠨ᠎ᠠ︔ ᠨᠠᠮ ᠤᠨ ᠰᠤᠷᠲᠠᠯ ᠴᠢᠬᠡᠴᠢ | ᠵᠠᠰᠠᠭ ᠤᠨ ᠪᠠᠶᠢᠭᠤᠯᠤᠯᠲᠠ ᠶᠢᠨ ᠠᠵᠢᠯ ᠢ ᠬᠠᠷᠢᠭᠤᠴᠠᠨ᠎ᠠ︔ ᠨᠢᠭᠡᠳᠦᠮᠡᠯ ᠹᠷᠣᠨᠲ᠂ ᠦᠨᠳᠦᠰᠦᠲᠡᠨ ᠱᠠᠰᠢᠨ | ᠰᠤᠷᠲᠠᠬᠤᠨ ᠵᠡᠷᠭᠡ ᠠᠵᠢᠯ ᠢ ᠬᠠᠷᠢᠭᠤᠴᠠᠨ᠎ᠠ᠃ | 3. ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠯᠪᠠᠨ ᠭᠡᠷ | ᠭᠤᠣᠯ ᠡᠭᠦᠷᠭᠡ ᠬᠠᠷᠢᠭᠤᠴᠠᠯᠭ᠎ᠠ᠄ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ | ᠪᠤᠳᠤᠯᠭ᠎ᠠ ᠶᠢᠨ ᠬᠤᠯᠪᠣᠭᠳᠠᠯ ᠪᠦᠬᠦᠢ ᠲᠦᠷᠦ ᠶᠢᠨ ᠪᠤᠳᠤᠯᠭ᠎ᠠ ᠠᠷᠭ᠎ᠠ ᠬᠡᠮᠵᠢᠶ᠎ᠡ ᠶᠢ ᠲᠤᠭᠤᠰᠢᠯᠠᠭᠤᠯᠤᠨ | ᠨᠠᠶᠢᠳᠠᠪᠤᠷᠢᠵᠢᠭᠤᠯᠬᠤ ᠶᠢ ᠬᠠᠷᠢᠭᠤᠴᠠᠨ᠎ᠠ︔ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠠᠵᠢᠯ ᠢ ᠬᠠᠷᠢᠭᠤᠴᠠᠨ᠎ᠠ | ︔ ᠠᠵᠤ ᠦᠢᠯᠡᠰ ᠤᠨ ᠲᠥᠯᠥᠪᠵᠢᠭᠦᠯᠭᠡ ᠶᠢᠨ ᠬᠥᠭᠵᠢᠯᠲᠡ ᠶᠢᠨ ᠠᠵᠢᠯ ᠢ ᠬᠠᠷᠢᠭᠤᠴᠠᠨ᠎ᠠ︔ ᠦᠵᠡᠰᠬᠦᠯᠡᠩᠲᠦ | ᠰᠠᠶᠢᠬᠠᠨ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢᠨ ᠠᠵᠢᠯ ᠢ ᠬᠠᠷᠢᠭᠤᠴᠠᠨ᠎ᠠ︔ ᠠᠮᠢ ᠠᠬᠤᠶ ᠶᠢᠨ | ᠣᠷᠴᠢᠨ ᠲᠣᠭᠤᠷᠢᠨ ᠵᠡᠷᠭᠡ ᠠᠵᠢᠯ ᠢ ᠬᠠᠷᠢᠭᠤᠴᠠᠨ᠎ᠠ᠃ | 4. ᠨᠡᠶᠢᠭᠡᠮ ᠤᠨ ᠶᠠᠪᠤᠳᠠᠯ ᠤᠨ ᠠᠯᠪᠠᠨ ᠭᠡᠷ | ᠭᠤᠣᠯ ᠡᠭᠦᠷᠭᠡ ᠬᠠᠷᠢᠭᠤᠴᠠᠯᠭ᠎ᠠ᠄ ᠠᠷᠠᠳ ᠤᠨ ᠶᠠᠪᠤᠳᠠᠯ᠂ ᠡᠷᠡᠭᠦᠯ ᠬᠠᠮᠠᠭᠠᠯᠠᠯ᠂ ᠰᠤᠷᠭᠠᠨ ᠬᠥᠮᠦᠵᠢᠯ᠂ | ᠰᠢᠨᠵᠢᠯᠡᠬᠦ ᠤᠬᠠᠭᠠᠨ ᠮᠡᠷᠭᠡᠵᠢᠯ᠂ ᠵᠡᠮᠳᠡᠭᠴᠦᠳ ᠤᠨ ᠬᠤᠯᠪᠣᠭ᠎ᠠ᠂ ᠲᠤᠭ᠎ᠠ ᠪᠦᠷᠢᠳᠬᠡᠯ᠂ ᠬᠥᠳᠡᠯᠮᠦᠷᠢ ᠠᠵᠢᠯ | ᠣᠯᠭᠤᠯᠲᠠ᠂ ᠨᠡᠶᠢᠭᠡᠮ ᠤᠨ ᠪᠠᠲᠤᠯᠠᠭ᠎ᠠ᠂ ᠲᠥᠯᠥᠪᠯᠡᠭᠡᠲᠦ ᠦᠷᠡᠵᠢᠯ᠂ ᠨᠡᠶᠢᠭᠡᠮ ᠤᠨ ᠪᠦᠯᠬᠦᠮ ᠵᠡᠷᠭᠡ ᠨᠡᠶᠢᠭᠡᠮ ᠤᠨ | ᠬᠡᠷᠡᠭ ᠶᠠᠪᠤᠳᠠᠯ ᠤᠨ ᠴᠢᠨᠠᠷᠲᠠᠶ ᠠᠵᠢᠯ ᠢ ᠬᠠᠷᠢᠭᠤᠴᠠᠨ᠎ᠠ᠃ | 5. ᠠᠮᠤᠭᠤᠯᠠᠩ ᠪᠦᠲᠦᠭᠡᠨ ᠪᠠᠶᠢᠭᠤᠯᠤᠯᠲᠠ ᠶᠢᠨ ᠠᠯᠪᠡᠨ ᠭᠡᠷ | ᠭᠤᠣᠯ ᠡᠭᠦᠷᠭᠡ ᠬᠠᠷᠢᠭᠤᠴᠠᠯᠭ᠎ᠠ᠄ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ᠂ ᠵᠠᠬᠢᠳᠠᠯ | ᠰᠤᠷᠪᠤᠯᠵᠢᠯᠠᠭ᠎ᠠ ᠪᠠᠷ ᠲᠣᠭᠲᠠᠭᠤᠨ ᠢ ᠬᠠᠮᠠᠭᠠᠯᠠᠬᠤ ᠪᠠ ᠨᠡᠶᠢᠭᠡᠮ ᠤᠨ ᠠᠮᠤᠷ ᠲᠦᠪᠰᠢᠨ ᠢ ᠶᠡᠷᠦᠩᠬᠡᠶᠢᠯᠡᠨ ᠵᠠᠰᠠᠬᠤ | ᠠᠵᠢᠯ ᠢ ᠬᠠᠷᠢᠭᠤᠴᠠᠨ᠎ᠠ︔ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢ ᠲᠦᠯᠬᠢᠨ ᠠᠬᠢᠭᠤᠯᠬᠤ | ᠠᠵᠢᠯ ᠢ ᠬᠠᠷᠢᠭᠤᠴᠠᠨ᠎ᠠ︔ ᠲᠣᠣᠷᠵᠢᠯ ᠤᠨ ᠠᠵᠢᠯ ᠢ ᠬᠠᠷᠢᠭᠤᠴᠠᠨ᠎ᠠ᠃ | ︵ᠬᠤᠶᠠᠷ︶ ᠳᠡᠳ᠋ ᠰᠠᠯᠠᠭᠠᠨ ᠤ ᠲᠠᠰ ᠤᠨ ᠨᠡᠶᠢᠲᠡ ᠶᠢᠨ ᠠᠰᠠᠷᠠᠮᠵᠢ ᠶᠢᠨ ᠨᠢᠭᠡᠳᠦᠭᠡᠷ ᠲᠥᠷᠥᠯ ᠤᠨ ᠠᠵᠢᠯ | ᠦᠢᠯᠡᠰ ᠤᠨ ᠨᠢᠭᠡᠴᠡ ᠶᠢ 3 ᠲᠣᠬᠢᠷᠠᠭᠤᠯᠪᠠ᠄ | 1. ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ ︵ᠠᠷᠠᠳ ᠲᠤ ᠲᠥᠬᠦᠮ ᠦᠵᠡᠭᠦᠯᠬᠦ | ᠦᠢᠯᠡᠴᠢᠯᠡᠭᠡᠨ ᠤ ᠲᠥᠪ᠂ ᠴᠡᠷᠢᠭ ᠠᠴᠠ ᠬᠠᠯᠠᠭᠳᠠᠭᠰᠠᠳ ᠤᠨ ᠦᠢᠯᠡᠴᠢᠯᠡᠭᠡᠨ ᠤ ᠥᠷᠲᠡᠭᠡ᠂ ᠰᠢᠨ᠎ᠡ ᠴᠠᠭ | ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠭᠠᠵᠠᠷ ᠤᠨ ᠫᠠᠶᠢᠰᠠ︶ | ᠭᠤᠤᠯ ᠡᠭᠦᠷᠭᠡ ᠬᠠᠷᠢᠭᠤᠴᠠᠯᠭ᠎ᠠ᠄ ᠨᠠᠮ ᠤᠨ ᠭᠡᠰᠢᠭᠦᠨ ᠣᠯᠠᠨ ᠲᠦᠮᠡᠨ ᠤ ᠦᠢᠯᠡᠴᠢᠯᠡᠭᠡᠨ ᠤ ᠲᠥᠷᠥᠯ | ᠵᠦᠢᠯ ᠤᠨ ᠪᠦᠬᠦᠯᠢ ᠴᠣᠭᠴᠠ ᠶᠢᠨ ᠲᠣᠬᠢᠷᠠᠭᠤᠯᠤᠯᠲᠠ᠂ ᠲᠣᠬᠢᠷᠠᠭᠤᠯᠤᠯᠲᠠ ᠪᠠ ᠲᠣᠬᠢᠷᠠᠭᠤᠯᠤᠯᠲᠠ ᠶᠢ ᠬᠠᠷᠢᠭᠤᠴᠠᠵᠤ | ᠂ ᠨᠠᠮ ᠤᠨ ᠭᠡᠰᠢᠭᠦᠨ ᠪᠠ ᠣᠯᠠᠨ ᠲᠦᠮᠡᠨ ᠳᠤ ᠶᠡᠷᠦᠩᠬᠡᠶᠢᠯᠡᠭᠰᠡᠨ ᠴᠢᠨᠠᠷᠲᠠᠶ ᠦᠢᠯᠡᠴᠢᠯᠡᠭᠡᠨ ᠤ ᠲᠤᠯᠭᠠᠭᠤᠷᠢᠯᠠᠬᠤ | ᠲᠠᠪᠴᠠᠩ ᠬᠠᠩᠭᠠᠨ᠎ᠠ︔ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠡᠯ᠎ᠡ ᠲᠥᠷᠥᠯ ᠤᠨ ᠠᠵᠢᠯᠯᠠᠭᠠᠨ ᠤ | ᠲᠠᠯᠠᠪᠤᠷ ᠤᠨ ᠴᠢᠳᠠᠮᠵᠢ ᠶᠢᠨ ᠲᠥᠯᠥᠪᠵᠢᠭᠦᠯᠭᠡ᠂ ᠬᠠᠮᠢᠶᠠᠷᠤᠯᠲᠠ ᠪᠠ ᠬᠠᠮᠠᠭᠠᠯᠠᠯᠲᠠ ᠶᠢ ᠬᠠᠷᠢᠭᠤᠴᠠᠨ᠎ᠠ︔ | ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠠᠵᠢᠯ ᠣᠯᠵᠤ ᠠᠳᠠᠯ ᠦᠢᠯᠡᠰ ᠴᠣᠭᠴᠠᠯᠠᠬᠤ ᠶᠢ ᠲᠡᠳᠬᠦᠬᠦ᠂ | ᠠᠰᠠᠷᠠᠨ ᠲᠡᠳᠬᠦᠵᠦ ᠬᠠᠪᠰᠤᠷᠤᠨ ᠲᠡᠳᠬᠦᠬᠦ᠂ ᠡᠷᠬᠢᠨ ᠦᠵᠡᠵᠦ ᠲᠣᠬᠤᠨᠢᠭᠤᠯᠬᠤ᠂ ᠵᠠᠬᠢᠳᠠᠯ ᠰᠤᠷᠪᠤᠯᠵᠢᠯᠠᠭ᠎ᠠ ᠶᠢ | ᠬᠦᠯᠢᠶᠡᠨ ᠠᠪᠬᠤ᠂ ᠡᠷᠬᠡ ᠠᠰᠢᠭ ᠢ ᠪᠠᠲᠤᠯᠠᠬᠤ ᠵᠡᠷᠭᠡ ᠶᠠᠪᠤᠳᠠᠯ ᠤᠨ ᠴᠢᠨᠠᠷᠲᠠᠶ ᠠᠵᠢᠯ ᠢ ᠡᠭᠦᠷᠭᠡᠯᠡᠨ᠎ᠡ︔ | ᠴᠡᠷᠢᠭ ᠢᠶᠠᠨ ᠬᠦᠷᠢᠶᠡᠯᠡᠨ ᠴᠡᠷᠢᠭ ᠤᠨ ᠬᠡᠷ ᠪᠦᠯᠢ ᠶᠢ ᠬᠠᠷᠠᠭᠠᠯᠵᠠᠬᠤ ᠵᠡᠷᠭᠡ ᠠᠵᠢᠯ ᠢ ᠬᠠᠷᠢᠭᠤᠴᠠᠨ᠎ᠠ︔ ᠰᠢᠶᠠᠩ | ᠪᠠᠯᠭᠠᠰᠤᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠪᠠ ᠰᠠᠶᠢᠨ ᠳᠤᠷ᠎ᠠ ᠶᠢᠨ ᠦᠢᠯᠡᠴᠢᠯᠡᠭᠡᠨ ᠤ | ᠠᠵᠢᠯ ᠢ ᠨᠢᠭᠡᠳᠦᠯᠲᠡᠶ ᠲᠥᠯᠥᠪᠯᠡᠨ ᠵᠣᠬᠢᠴᠠᠭᠤᠯᠬᠤ ᠪᠠ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃ | 2. ᠶᠡᠷᠤᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠬᠦᠯᠬᠦ ᠲᠤᠪᠴᠢᠶ᠎ᠠ | ᠭᠤᠤᠯ ᠡᠭᠦᠷᠭᠡ ᠬᠠᠷᠢᠭᠤᠴᠠᠯᠭ᠎ᠠ᠄ ᠰᠤᠮᠤ ᠰᠢᠶᠠᠩ ᠪᠠᠯᠭᠠᠰᠤ ᠶᠢᠨ ᠵᠠᠰᠠᠭ ᠤᠨ ᠣᠷᠳᠣᠨ ᠤ ᠨᠡᠷ᠎ᠡ ᠪᠠᠷ ᠵᠠᠰᠠᠭ | ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯ ᠢ ᠥᠷᠨᠢᠭᠦᠯᠵᠦ᠂ ᠥᠪᠡᠷᠲᠡᠭᠡᠨ ᠵᠠᠰᠠᠬᠤ ᠣᠷᠣᠨ ᠤ ᠠᠷᠠᠳ ᠤᠨ | ᠵᠠᠰᠠᠭ ᠤᠨ ᠣᠷᠳᠣᠨ ᠠᠴᠠ ᠣᠯᠭᠤᠭᠰᠠᠨ ᠰᠤᠮᠤ ᠰᠢᠶᠠᠩ ᠪᠠᠯᠭᠠᠰᠤ ᠶᠢᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ | ᠡᠷᠬᠡ ᠶᠢ ᠲᠥᠪᠯᠡᠷᠡᠭᠦᠯᠦᠨ ᠬᠡᠷᠡᠭᠵᠢᠭᠦᠯᠦᠨ᠎ᠡ᠃ | 3. ᠶᠡᠷᠤᠩᠬᠡᠶᠢᠯᠡᠭᠰᠡᠨ ᠪᠠᠳᠤᠯᠠᠭ᠎ᠠ ᠪᠠ ᠮᠡᠷᠬᠡᠵᠢᠯ ᠲᠦᠬᠡᠮᠡᠯᠵᠢᠬᠦᠯᠬᠦ ᠲᠦᠪ | ᠭᠤᠤᠯ ᠡᠭᠦᠷᠭᠡ ᠬᠠᠷᠢᠭᠤᠴᠠᠯᠭ᠎ᠠ᠄ ᠲᠠᠷᠢᠶᠠᠯᠠᠩ᠂ ᠣᠶ ᠰᠢᠭᠤᠶ᠂ ᠮᠠᠯ ᠠᠵᠤ ᠠᠬᠤᠶ᠂ ᠤᠰᠤ ᠵᠡᠷᠭᠡ | ᠬᠦᠷᠢᠶᠡᠨ ᠳᠠᠬᠢ ᠮᠡᠷᠭᠡᠵᠢᠯ ᠢ ᠣᠷᠣᠭᠤᠯᠤᠨ ᠠᠪᠴᠢᠷᠠᠬᠤ ᠪᠠ ᠳᠡᠯᠭᠡᠷᠡᠭᠦᠯᠬᠦ ᠠᠵᠢᠯ ᠢ ᠬᠠᠷᠢᠭᠤᠴᠠᠨ᠎ᠠ︔ ᠰᠢᠨᠵᠢᠯᠡᠬᠦ | ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠬᠤᠪᠢᠷᠠᠭᠤᠯᠬᠤ ᠠᠵᠢᠯ ᠢ ᠬᠠᠷᠢᠭᠤᠴᠠᠨ᠎ᠠ︔ ᠮᠠᠯᠴᠢᠨ ᠲᠠᠷᠢᠶᠠᠴᠢᠨ ᠳᠤ | ᠠᠵᠤ ᠦᠢᠯᠡᠰ ᠤᠨ ᠮᠡᠳᠡᠭᠡ ᠵᠠᠩᠭᠢ ᠶᠢᠨ ᠦᠢᠯᠡᠴᠢᠯᠡᠭᠡᠨ ᠤ ᠠᠵᠢᠯ ᠢ ᠬᠠᠷᠢᠭᠤᠴᠠᠨ᠎ᠠ︔ ᠲᠤᠰᠬᠠᠶ ᠮᠡᠷᠭᠡᠵᠢᠯ ᠤᠨ | ᠪᠣᠯᠪᠠᠰᠤᠷᠠᠭᠤᠯᠤᠯ᠂ ᠡᠪᠡᠳᠴᠢᠨ ᠬᠤᠷᠣᠬᠠᠶ ᠶᠢᠨ ᠬᠥᠨᠥᠭᠡᠯ ᠢ ᠰᠡᠷᠭᠡᠶᠢᠯᠡᠨ ᠵᠠᠰᠠᠬᠤ᠂ ᠠᠮᠢᠲᠠᠨ ᠤ ᠬᠢᠵᠢᠭ ᠢ | ᠰᠡᠷᠭᠡᠶᠢᠯᠡᠬᠦ ᠵᠡᠷᠭᠡ ᠠᠵᠢᠯ ᠢ ᠬᠠᠷᠢᠭᠤᠴᠠᠨ᠎ᠠ᠃ | ᠬᠠᠷᠢᠯᠴᠠᠬᠤ ᠣᠳᠠᠰᠣ᠄ 0474 - 7502003 | ᠬᠠᠷᠢᠭᠤᠴᠠᠯᠭᠠᠲᠠᠨ ᠤ ᠣᠪᠣᠭ ᠨᠡᠷ᠎ᠡ᠄ ᠼᠦᠢ ᠳ᠋ᠥᠸᠧ | ᠠᠯᠪᠠᠯᠠᠬᠤ ᠴᠠᠭ᠄ ᠠᠵᠢᠯᠯᠠᠬᠤ ᠡᠳᠦᠷ ᠤᠨ ᠦᠳᠡ ᠶᠢᠨ ᠡᠮᠦᠨ᠎ᠡ 9᠄ 00 - 12᠄ 00 ᠦᠳᠡ ᠶᠢᠨ | ᠬᠤᠶᠢᠨ᠎ᠠ 14᠄ 30-18᠄ 00 | ᠬᠠᠶ᠋ᠢᠭ᠄ ᠥᠪᠥᠷ ᠮᠣᠩᠭᠤᠯ ᠤᠨ ᠰᠢᠩ ᠾᠧ ᠰᠢᠶᠠᠨ ᠤ ᠵᠠᠩ ᠭᠤᠤ ᠪᠠᠯᠭᠠᠰᠤᠨ ᠤ ᠵᠠᠩ ᠭᠤᠤ ᠲᠣᠰᠬᠤᠨ | | ᠤᠷᠴᠢᠭᠤᠯᠤᠭᠴᠢ᠄ ᠨᠠᠷᠠᠰᠤ | ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ | |