ᠡᠨᠡ ᠵᠢᠯ ᠠᠴᠠ ᠨᠠᠰᠢ᠂ ᠰᠢᠩ ᠾᠧ ᠰᠢᠶᠠᠨ ᠥᠪᠡᠷᠲᠡᠭᠡᠨ ᠵᠠᠰᠠᠬᠤ ᠣᠷᠣᠨ ᠤ ︽ᠵᠢᠷᠭᠤᠭᠠᠨ ᠠᠵᠢᠯᠯᠠᠭ᠎ᠠ︾ | ᠶᠢ ᠨᠠᠷᠢᠨ ᠬᠢᠨᠠᠮᠠᠭᠠᠢ ᠲᠤᠤᠱᠯᠠᠭᠤᠯᠵᠤ᠂ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠠᠷᠭ᠎ᠠ ᠬᠡᠮᠵᠢᠶ᠎ᠡ ᠶᠢᠨ | ᠰᠢᠨ᠎ᠡ ᠶᠢ ᠲᠠᠰᠤᠷᠠᠯᠲᠠ ᠦᠭᠡᠢ ᠡᠭᠦᠳᠴᠦ᠂ ︽ᠵᠠᠰᠠᠭ ᠪᠠᠩᠬᠢ ᠠᠵᠤ ᠠᠬᠤᠶᠢᠯᠠᠯ︾ ᠢ ᠵᠣᠯᠭᠠᠭᠤᠯᠬᠤ ᠲᠠᠪᠴᠠᠩ ᠢ | ᠰᠠᠨᠠᠭᠠᠴᠢᠯᠠᠭ᠎ᠠ ᠠᠴᠠ ᠪᠠᠨ ᠪᠠᠶᠢᠭᠤᠯᠵᠤ᠂ ᠮᠥᠩᠭᠦᠨ ᠭᠦᠢᠯᠭᠡᠭᠡᠨ ᠤ ᠴᠢᠳᠠᠪᠤᠷᠢ ᠣᠯᠭᠤᠬᠤ ᠶᠢ ᠴᠢᠩᠭᠠᠳᠬᠠᠵᠤ᠂ | ᠠᠵᠤ ᠠᠬᠤᠶᠢᠯᠠᠯ ᠤᠨ ᠡᠷᠡᠭᠦᠯ ᠢᠶᠠᠷ ᠦᠰᠦᠨ ᠪᠤᠶᠢᠵᠢᠬᠤ ᠳᠤ ᠬᠦᠴᠦᠨ ᠨᠡᠮᠡᠷᠢᠯᠡᠵᠦ᠂ ᠠᠵᠤ ᠠᠬᠤᠢ ᠨᠡᠶᠢᠭᠡᠮ ᠤᠨ | ᠴᠢᠨᠠᠷ ᠰᠠᠶᠢᠲᠠᠢ ᠬᠥᠭᠵᠢᠯᠲᠡ ᠶᠢ ᠠᠬᠢᠭᠤᠯᠪᠠ᠃ | ᠥᠪᠥᠷ ᠮᠣᠩᠭᠤᠯ ᠤᠨ ᠰᠢᠩ ᠾᠧ ᠰᠢᠶᠠᠨ ᠤ ᠱᠠᠨ ᠾᠧ ᠲᠧ ᠭᠠᠩ ᠬᠢᠵᠠᠭᠠᠷᠲᠤ ᠺᠣᠮᠫᠠᠨᠢ ᠪᠣᠯ ᠨᠢᠭᠡᠨ | ᠴᠠᠬᠢᠭᠤᠷ ᠮᠠᠩᠭᠠᠨ ᠤ ᠬᠠᠶᠢᠯᠤᠰᠢ ᠶᠢ ᠦᠢᠯᠡᠳᠪᠦᠷᠢᠯᠡᠬᠦ ᠪᠠᠷ ᠭᠤᠣᠯ ᠪᠣᠯᠭᠠᠭᠰᠠᠨ ᠠᠵᠤ ᠠᠬᠤᠶᠢᠯᠠᠯ ᠪᠣᠯᠤᠨ᠎ᠠ᠂ | ᠬᠠᠪᠤᠷ ᠤᠨ ᠡᠬᠢ ᠪᠠᠷ ᠠᠵᠤ ᠠᠬᠤᠶᠢᠯᠠᠯ ᠦᠢᠯᠡᠳᠪᠦᠷᠢᠯᠡᠯ ᠤᠨ ᠬᠡᠪᠴᠢᠶ᠎ᠡ ᠪᠠᠨ ᠥᠷᠭᠡᠳᠬᠡᠬᠦ ᠵᠠᠩᠭᠢᠯᠠᠭ᠎ᠠ ᠶᠢᠨ | ᠬᠤᠭᠤᠴᠠᠭᠠᠨ ᠳᠤ᠂ ᠪᠡᠯᠡ ᠮᠥᠩᠭᠦ ᠳᠤᠲᠠᠭᠳᠠᠬᠤ ᠬᠦᠴᠢᠷ ᠠᠰᠠᠭᠤᠳᠠᠯ ᠲᠤᠯᠭᠠᠷᠠᠵᠤ᠂ ᠡᠨᠡ ᠬᠦ ᠪᠠᠶᠢᠳᠠᠯ ᠢ | ᠣᠶᠢᠯᠠᠭᠠᠭᠰᠠᠨ ᠤ ᠳᠠᠷᠠᠭ᠎ᠠ᠂ ᠰᠢᠩ ᠾᠧ ᠰᠢᠶᠠᠨ ᠤ ᠮᠥᠩᠭᠦᠨ ᠭᠦᠢᠯᠭᠡᠭᠡᠨ ᠤ ᠠᠯᠪᠠᠨ ᠭᠡᠷ ᠴᠠᠭ ᠲᠤᠬᠠᠶ ᠳᠤᠨᠢ | ᠰᠢᠶᠠᠨ ᠤ ᠳᠣᠲᠣᠷᠠᠬᠢ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠨᠢᠭᠡᠴᠡ ᠶᠢ ᠵᠣᠬᠢᠴᠠᠭᠤᠯᠤᠨ ᠠᠵᠤ | ᠠᠬᠤᠶᠢᠯᠠᠯ ᠯᠤᠭ᠎ᠠ ᠵᠣᠯᠭᠠᠭᠤᠯᠵᠤ᠂ ᠬᠤᠶᠠᠷ ᠲᠠᠯ᠎ᠠ ᠪᠠᠷ ᠢᠶᠠᠨ ᠭᠦᠨᠵᠡᠭᠡᠶ ᠪᠠᠶᠢᠴᠠᠭᠠᠨ ᠰᠤᠳᠤᠯᠤᠯᠲᠠ ᠬᠢᠵᠦ | ᠵᠥᠪᠳᠡᠯᠴᠡᠭᠰᠡᠨ ᠤ ᠳᠠᠷᠠᠭ᠎ᠠ᠂ ᠰᠢᠩ ᠾᠧ ᠰᠢᠶᠠᠨ ᠤ ᠮᠧᠩ ᠱᠠᠩ ᠪᠠᠩᠬᠢ ᠠᠴᠠ ᠠᠵᠤ ᠠᠬᠤᠶᠢᠯᠠᠯ ᠳᠤ ᠲᠤᠰᠠᠯᠠᠬᠤ | ᠪᠡᠯᠡ ᠮᠥᠩᠭᠦ ᠴᠤᠭᠯᠠᠭᠤᠯᠬᠤ ᠲᠠᠪᠴᠠᠩ ᠪᠠᠶᠢᠭᠤᠯᠵᠤ᠂ ︽ᠬᠢᠨᠠᠨ ᠵᠥᠪᠰᠢᠶᠡᠷᠡᠬᠦ ᠰᠠᠭᠠᠳ ᠦᠭᠡᠢ ᠨᠡᠪᠲᠡᠷᠡᠬᠦ ᠵᠠᠮ︾ | ᠢ ᠴᠠᠭ ᠲᠤᠬᠠᠶ ᠳᠤᠨᠢ ᠨᠡᠪᠲᠡᠷᠡᠭᠦᠯᠵᠦ᠂ ᠺᠣᠮᠫᠠᠨᠢ ᠶᠢᠨ ︽ᠪᠤᠬᠢᠨᠢᠳᠤᠯ ᠲᠠᠢ ᠶᠠᠪᠤᠳᠠᠯ︾ ᠢ ᠮᠠᠰᠢ ᠲᠦᠷᠭᠡᠨ | ᠰᠢᠢᠳᠪᠦᠷᠢᠯᠡᠪᠡ᠃ | ᠬᠠᠪᠤᠷ ᠠᠴᠠ ᠨᠠᠰᠢ᠂ ᠰᠢᠶᠠᠨ ᠤ ᠮᠥᠩᠭᠦᠨ ᠭᠦᠢᠯᠭᠡᠭᠡᠨ ᠤ ᠠᠯᠪᠠᠨ ᠭᠡᠷ᠂ ᠦᠢᠯᠡᠳᠪᠦᠷᠢ ᠬᠤᠳᠠᠯᠳᠤᠭᠠᠨ ᠤ | ᠬᠤᠯᠪᠣᠭ᠎ᠠ ᠵᠡᠷᠭᠡ ᠰᠠᠯᠠᠭ᠎ᠠ ᠮᠥᠴᠢᠷ ᠢ ᠵᠣᠬᠢᠴᠠᠭᠤᠯᠵᠤ ᠪᠠᠶᠢᠭᠠᠳ ᠡᠯ᠎ᠡ ᠮᠥᠩᠭᠦᠨ ᠭᠦᠢᠯᠭᠡᠭᠡᠨ ᠤ ᠨᠢᠭᠡᠴᠡ ᠶᠢ | ᠵᠣᠬᠢᠴᠠᠭᠤᠯᠤᠨ ᠵᠠᠰᠠᠭ ᠠᠵᠤ ᠠᠬᠤᠶᠢᠯᠠᠯ᠂ ᠪᠠᠩᠬᠢ ᠠᠵᠤ ᠠᠬᠤᠶᠢᠯᠠᠯ ᠤᠨ ᠶᠠᠷᠢᠯᠴᠠᠬᠤ ᠬᠤᠷᠠᠯ ᠬᠤᠷᠠᠯᠳᠤᠭᠤᠯᠬᠤ᠂ | ᠠᠵᠤ ᠠᠬᠤᠶᠢᠯᠠᠯ ᠢᠶᠠᠷ ᠬᠦᠷᠴᠦ ᠪᠠᠶᠢᠴᠠᠭᠠᠨ ᠰᠤᠳᠤᠯᠤᠯᠲᠠ ᠬᠢᠬᠦ ᠵᠡᠷᠭᠡ ᠬᠡᠯᠪᠡᠷᠢ ᠪᠠᠷ ᠳᠠᠮᠵᠢᠭᠤᠯᠤᠨ᠂ ᠠᠵᠤ | ᠠᠬᠤᠶᠢᠯᠠᠯ ᠤᠨ ᠮᠥᠩᠭᠦᠨ ᠭᠦᠢᠯᠭᠡᠭᠡᠨ ᠤ ᠬᠡᠷᠡᠭᠴᠡᠭᠡ ᠶᠢ ᠣᠶᠢᠯᠠᠭᠠᠵᠤ᠂ ᠪᠡᠯᠡ ᠮᠥᠩᠭᠦ ᠶᠢᠨ ᠬᠦᠴᠢᠷ ᠠᠰᠠᠭᠤᠳᠠᠯ ᠢ | ᠰᠢᠢᠳᠪᠦᠷᠢᠯᠡᠵᠦ᠂ ᠠᠵᠤ ᠠᠬᠤᠶᠢᠯᠠᠯ ᠢ ᠲᠤᠰᠠᠯᠠᠬᠤ ᠠᠵᠢᠯᠯᠠᠭ᠎ᠠ ᠶᠢ ᠦᠨᠡᠨᠬᠦ ᠪᠣᠳᠠᠲᠠᠢ ᠳᠤ ᠨᠠᠶᠢᠳᠠᠪᠤᠷᠢᠵᠢᠭᠤᠯᠪᠠ᠃ | ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ | ᠤᠷᠴᠢᠭᠤᠯᠤᠭᠴᠢ᠄ ᠮᠥᠩᠭᠦᠨᠰᠤᠶᠢᠬᠡ | ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ |