ᠲᠥᠯᠥᠭᠡᠯᠡᠭᠴᠢ ᠭᠡᠰᠢᠭᠦᠳ ᠤᠨ ᠣᠯᠠᠨ ᠲᠦᠮᠡᠨ ᠲᠠᠢ ᠬᠠᠷᠢᠯᠴᠠᠬᠤ᠂ ᠣᠯᠠᠨ ᠲᠦᠮᠡᠨ ᠳᠤ ᠦᠢᠯᠡᠴᠢᠯᠡᠬᠦ ᠬᠥᠭᠦᠷᠭᠡ | ᠬᠤᠯᠪᠣᠭᠠᠰᠤ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠣᠯᠠᠨ ᠲᠦᠮᠡᠨ ᠤ ᠠᠰᠢᠭ ᠲᠤᠰᠠ ᠶᠢᠨ ᠭᠤᠮᠣᠳᠠᠯ | ᠱᠠᠭᠠᠷᠳᠠᠯᠭ᠎ᠠ ᠪᠠᠨ ᠢᠯᠡᠳᠬᠡᠬᠦ ᠠᠷᠭ᠎ᠠ ᠵᠠᠮ ᠢ ᠰᠠᠭᠠᠳ ᠦᠭᠡᠢ ᠨᠡᠪᠲᠡᠷᠡᠭᠦᠯᠬᠦ ᠶᠢᠨ ᠲᠥᠯᠥᠭᠡ᠂ ᠰᠠᠶᠢᠬᠤᠰᠤ ᠪᠠᠯᠭᠠᠰᠤᠨ ᠤ ︽ | ᠬᠤᠶᠠᠷ ᠲᠥᠯᠥᠭᠡᠯᠡᠭᠴᠢ ᠨᠢᠭᠡ ᠭᠡᠰᠢᠭᠦᠳ ᠤᠨ ᠭᠡᠷ︾ ᠲᠥᠯᠥᠭᠡᠯᠡᠭᠴᠢ ᠭᠡᠰᠢᠭᠦᠳ ᠤᠨ ᠡᠭᠦᠷᠭᠡ ᠲᠤᠰᠢᠶᠠᠯ ᠢᠶᠠᠨ | ᠭᠦᠢᠴᠡᠳᠬᠡᠬᠦ ᠣᠨᠴᠠᠯᠢᠭᠲᠤ ᠠᠵᠢᠯᠯᠠᠭ᠎ᠠ ᠶᠢ ᠲᠠᠰᠤᠷᠠᠯᠲᠠ ᠦᠭᠡᠢ ᠪᠠᠶᠠᠯᠢᠭᠵᠢᠭᠤᠯᠵᠤ᠂ ᠲᠥᠯᠥᠭᠡᠯᠡᠭᠴᠢ ᠭᠡᠰᠢᠭᠦᠳ ᠤᠨ | ᠡᠭᠦᠷᠭᠡ ᠲᠤᠰᠢᠶᠠᠯ ᠢᠶᠠᠨ ᠭᠦᠢᠴᠡᠳᠬᠡᠬᠦ ︽ᠵᠢᠵᠢᠭ ᠬᠡᠰᠡᠭ︾ ᠢᠶᠠᠷ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠶᠢᠨ | ᠦᠷ᠎ᠡ ᠪᠦᠲᠦᠮᠵᠢ ᠶᠢ ᠲᠠᠰᠤᠷᠠᠯᠲᠠ ᠦᠭᠡᠢ ᠳᠡᠭᠡᠭᠰᠢᠯᠡᠭᠦᠯᠬᠦ ᠶᠢ ᠠᠬᠢᠭᠤᠯᠪᠠ᠃ | ᠨᠢᠭᠡ᠂ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ ᠨᠠᠮ ᠣᠯᠠᠨ ᠲᠦᠮᠡᠨ ᠤ ︽ᠰᠡᠳᠬᠢᠯ ᠤᠨ | ᠬᠥᠭᠦᠷᠭᠡ︾ ᠶᠢ ᠪᠤᠰᠬᠠᠪᠠ | ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠶᠢᠨ ᠰᠢᠨ᠎ᠡ ᠶᠢ ᠡᠭᠦᠳᠬᠦ ᠰᠢᠨ᠎ᠡ ᠠᠷᠭ᠎ᠠ ᠵᠠᠮ ᠢ ᠢᠳᠡᠪᠬᠢᠲᠡᠢ | ᠰᠦᠪᠡᠭᠴᠢᠯᠡᠵᠦ᠂ ︽ᠦᠨᠳᠦᠰᠦᠨ ᠱᠠᠲᠤᠨ ᠤ ᠨᠢᠭᠡᠳᠦᠭᠡᠷ ᠹᠷᠣᠨᠲ ᠲᠤ ᠵᠥᠪᠳᠡᠯᠴᠡᠵᠦ᠂ ᠤᠯᠠᠨ ᠲᠦᠮᠡᠨ ᠤ ᠳᠡᠷᠭᠡᠳᠡ | ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ︾ ᠪᠠᠷ ᠦᠢᠯᠡᠴᠢᠯᠡᠭᠡᠨ ᠤ ᠣᠶᠢᠯᠠᠭᠠᠭᠳᠠᠬᠤᠨ ᠪᠣᠯᠭᠠᠵᠤ᠂ ᠲᠥᠯᠥᠭᠡᠯᠡᠭᠴᠢ | ᠭᠡᠰᠢᠭᠦᠳ ᠤᠨ ᠲᠤᠰ ᠪᠡᠶ᠎ᠡ ᠶᠢᠨ ᠣᠨᠴᠠ ᠴᠢᠳᠠᠪᠤᠷᠢ ᠪᠣᠯᠤᠨ ᠣᠨᠴᠠᠯᠢᠭ ᠲᠠᠢ ᠤᠶᠠᠯᠳᠤᠭᠤᠯᠵᠤ᠂ ᠲᠥᠯᠥᠭᠡᠯᠡᠭᠴᠢ | ᠭᠡᠰᠢᠭᠦᠳ ᠤᠨ ᠨᠠᠮ ᠤᠨ ᠭᠡᠰᠢᠭᠦᠨ᠂ ᠤᠯᠠᠨ ᠲᠦᠮᠡᠨ ᠲᠠᠢ ᠬᠠᠷᠢᠯᠴᠠᠬᠤ ᠲᠦᠷᠢᠮ ᠢ ᠨᠠᠶᠢᠳᠠᠪᠤᠷᠢᠵᠢᠭᠤᠯᠵᠤ᠂ ᠤᠯᠠᠷᠢᠯ ᠪᠦᠷᠢ | ᠨᠢᠭᠡ ᠤᠳᠠᠭ᠎ᠠ ᠰᠣᠯᠢᠯᠴᠠᠭ᠎ᠠ ᠬᠢᠵᠦ ᠬᠠᠷᠢᠯᠴᠠᠨ ᠲᠤᠯᠢ ᠪᠣᠯᠭᠠᠬᠤ ᠬᠤᠷᠠᠯ ᠬᠤᠷᠠᠯᠳᠤᠭᠤᠯᠵᠤ᠂ ᠪᠠᠶᠢᠩᠭᠤᠵᠢᠭᠤᠯᠤᠨ ᠵᠡᠭᠡᠯᠢ | ᠭᠤᠳᠤᠮᠵᠢ ᠪᠠᠷ ᠶᠠᠪᠤᠵᠤ ᠡᠷᠦᠬᠡ ᠳᠤ ᠣᠷᠣᠵᠤ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ | ᠤᠬᠠᠭᠤᠯᠭ᠎ᠠ᠂ ᠠᠷᠠᠳ ᠲᠤ ᠠᠰᠢᠭ ᠬᠦᠷᠲᠡᠭᠡᠬᠦ ᠲᠦᠷᠦ ᠶᠢᠨ ᠪᠤᠳᠤᠯᠭ᠎ᠠ ᠶᠢᠨ ᠲᠠᠶᠢᠯᠤᠮᠵᠢ ᠬᠢᠬᠦ ᠵᠡᠷᠭᠡ ᠠᠵᠢᠯ ᠢ 60 | ᠭᠠᠷᠤᠢ ᠤᠳᠠᠭ᠎ᠠ ᠥᠷᠨᠢᠭᠦᠯᠵᠦ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠠᠵᠢᠯᠯᠠᠭ᠎ᠠ ᠳᠤ ᠢᠳᠡᠪᠬᠢᠲᠡᠢ | ᠣᠷᠣᠯᠴᠠᠵᠤ᠂ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠶᠢᠨ ᠴᠢᠳᠠᠪᠤᠷᠢ ᠶᠢ ᠦᠷᠭᠦᠯᠵᠢᠯᠡᠨ ᠴᠢᠩᠭᠠᠳᠬᠠᠪᠠ᠃ | ᠬᠤᠶᠠᠷ᠂ ᠠᠷᠠᠳ ᠤᠨ ᠰᠠᠨᠠᠯ ᠢ ᠰᠣᠨᠣᠰᠴᠤ ᠬᠦᠴᠢᠷ ᠪᠡᠷᠬᠡᠰᠢᠶᠡᠯ ᠢ ᠢᠯᠠᠨ ᠳᠠᠪᠠᠨ᠎ᠠ | ᠦᠨᠳᠦᠰᠦᠨ ᠱᠠᠲᠤᠨ ᠤ ᠵᠠᠰᠠᠯᠲᠠ ᠶᠢᠨ ᠰᠢᠰᠲ᠋ᠧᠮ ᠢ ᠢᠳᠡᠪᠬᠢᠲᠡᠢ ᠲᠡᠭᠦᠯᠳᠡᠷᠵᠢᠭᠦᠯᠵᠦ᠂ ᠬᠠᠷᠢᠯᠴᠠᠨ ᠦᠢᠯᠡᠳᠦᠯᠴᠡᠬᠦ | ᠠᠷᠭ᠎ᠠ ᠵᠠᠮ ᠢ ᠨᠡᠪᠲᠡᠷᠡᠭᠦᠯᠵᠦ᠂ ︽ᠰᠦᠯᠵᠢᠶᠡᠨ ᠭᠠᠳᠠᠨᠠᠬᠢ︾ ᠶᠢ ᠲᠤᠬᠠᠢ ᠶᠢᠨ ᠭᠠᠵᠠᠷ ᠲᠤᠨᠢ ᠰᠤᠷᠪᠤᠯᠵᠢᠯᠠᠬᠤ᠂ ᠴᠡᠭ | ᠲᠣᠭᠲᠠᠭᠠᠨ ᠬᠦᠯᠢᠶᠡᠨ ᠠᠪᠬᠤ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ᠂ ᠵᠠᠰᠠᠭ ᠤᠨ ᠣᠷᠳᠣᠨ ᠪᠣᠯᠤᠨ ᠤᠯᠠᠨ | ᠲᠦᠮᠡᠨ ᠤ ᠬᠤᠭᠤᠷᠣᠨᠳᠣᠬᠢ ᠳᠡᠭᠡᠳᠦ ᠲᠤᠤᠷᠠᠳᠤ ᠱᠠᠲᠤᠨ ᠤ ᠬᠠᠷᠢᠯᠴᠠᠨ ᠬᠥᠳᠡᠯᠦᠯᠴᠡᠬᠦ ᠠᠷᠭ᠎ᠠ ᠵᠠᠮ ᠢ ᠨᠡᠪᠲᠡᠷᠡᠭᠦᠯᠵᠦ᠂ ︽ | ᠠᠷᠠᠳ ᠤᠨ ᠲᠥᠯᠥᠭᠡ ᠦᠭᠡ ᠬᠡᠯᠡᠬᠦ︾ ᠶᠢ ᠪᠡᠶᠡᠯᠡᠭᠦᠯᠬᠦ ᠪᠠᠷ ᠪᠠᠷᠠᠬᠤ ᠦᠭᠡᠢ᠂ ᠨᠡᠩ ᠴᠤ ︽ᠠᠷᠠᠳ ᠢᠷᠭᠡᠳ ᠦᠭᠡ ᠬᠡᠯᠡᠬᠦ | ︾ ᠶᠢ ᠪᠡᠶᠡᠯᠡᠭᠦᠯᠬᠦ ᠬᠡᠷᠡᠭᠲᠡᠢ᠃ ᠬᠠᠷᠢᠯᠴᠠᠨ ᠨᠡᠪᠲᠡᠷᠡᠯᠴᠡᠬᠦ ᠬᠥᠭᠦᠷᠭᠡ ᠶᠢ ᠪᠠᠶᠢᠭᠤᠯᠵᠤ᠂ ︽ᠬᠤᠶᠠᠷ ᠲᠥᠯᠥᠭᠡᠯᠡᠭᠴᠢ ᠨᠢᠭᠡ | ᠭᠡᠰᠢᠭᠦᠳ ᠤᠨ ᠭᠡᠷ︾ ᠤᠨ ᠦᠢᠯᠡᠳᠦᠯ ᠢ ᠪᠠᠳᠠᠷᠠᠭᠤᠯᠵᠤ᠂ ᠤᠯᠠᠨ ᠲᠦᠮᠡᠨ ᠯᠦᠭᠡ ᠶᠢᠨ ᠤᠯᠤᠯᠴᠠᠭ᠎ᠠ ᠬᠠᠷᠢᠯᠴᠠᠭ᠎ᠠ ᠪᠠᠨ | ᠴᠢᠩᠭᠠᠳᠬᠠᠵᠤ᠂ ᠨᠡᠶᠢᠭᠡᠮ ᠤᠨ ᠪᠠᠶᠢᠳᠠᠯ ᠠᠷᠠᠳ ᠤᠨ ᠰᠠᠨᠠᠭ᠎ᠠ ᠶᠢ ᠰᠠᠨᠠᠭᠠᠴᠢᠯᠠᠭ᠎ᠠ ᠠᠴᠠ ᠪᠠᠨ ᠴᠤᠭᠯᠠᠭᠤᠯᠵᠤ᠂ ᠤᠯᠠᠨ | ᠲᠦᠮᠡᠨ ᠤ ᠬᠡᠷᠡᠭᠴᠡᠭᠡ᠂ ᠪᠤᠳᠤᠯ᠂ ᠬᠦᠴᠢᠷᠳᠡᠯ᠂ ᠱᠠᠭᠠᠷᠳᠠᠯᠭ᠎ᠠ ᠶᠢ ᠣᠶᠢᠯᠠᠭᠠᠵᠤ᠂ ᠤᠯᠠᠨ ᠲᠦᠮᠡᠨ ᠲᠠᠢ ︽ᠨᠢᠭᠡ ᠬᠡᠰᠡᠭ | ᠪᠣᠯᠭᠠᠬᠤ︾ ᠶᠢ ᠪᠡᠶᠡᠯᠡᠭᠦᠯᠵᠦ᠂ ᠤᠯᠠᠨ ᠲᠦᠮᠡᠨ ᠢ ᠲᠠᠰᠤᠷᠠᠯᠲᠠ ᠦᠭᠡᠢ ᠬᠠᠪᠰᠤᠷᠴᠤ ᠪᠠᠶᠢᠭᠠᠳ ᠬᠡᠷᠡᠭᠴᠡᠭᠡ ᠶᠢ ᠨᠢ | ᠰᠢᠢᠳᠪᠦᠷᠢᠯᠡᠬᠦ ᠳᠤᠮᠳᠠ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠴᠢᠳᠠᠪᠤᠷᠢ ᠶᠢ ᠨᠢ ᠳᠡᠭᠡᠭᠰᠢᠯᠡᠭᠦᠯᠵᠦ᠂ ᠠᠷᠠᠳ | ᠲᠦᠮᠡᠨ ᠳᠤ ᠦᠢᠯᠡᠴᠢᠯᠡᠬᠦ ︽ᠵᠠᠢ ᠦᠭᠡᠢ︾ ᠪᠠᠶᠢᠬᠤ ᠶᠢ ᠤᠷᠲᠤᠳᠬᠠᠪᠠ᠃ ᠰᠠᠶᠢᠬᠤᠰᠤ ᠪᠠᠯᠭᠠᠰᠤᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠡᠤ ᠢ ᠡᠷᠡᠭᠦᠯ ᠬᠠᠮᠠᠭᠠᠯᠠᠯ ᠤᠨ ᠬᠤᠷᠢᠶᠠᠨ ᠤ ᠳᠠᠷᠤᠭ᠎ᠠ ᠯᠢ | ᠵᠥᠩ ᠬᠤᠸᠠ ᠭᠠᠷᠠᠭ ᠪᠦᠷᠢ ᠬᠤᠶᠠᠷ ᠡᠳᠦᠷ ᠤᠨ ᠴᠠᠭ ᠢ ᠵᠠᠷᠤᠴᠠᠭᠤᠯᠵᠤ ᠳ᠋ᠦᠩ ᠾᠧ ᠡᠷᠡᠭᠦᠯ ᠬᠠᠮᠠᠭᠠᠯᠠᠯ ᠤᠨ | ᠲᠠᠰᠤᠭ ᠲᠤ ᠬᠦᠷᠴᠦ ᠡᠪᠡᠳᠴᠢᠨ ᠦᠵᠡᠵᠦ᠂ ᠲᠣᠰᠬᠤᠨ ᠤ ᠠᠷᠠᠳ ᠢ ᠵᠢᠯᠣᠭᠤᠳᠤᠨ ᠡᠳᠦᠷ ᠲᠤᠲᠤᠮ ᠤᠨ | ᠰᠤᠪᠢᠯᠠᠯᠲᠠ ᠶᠢᠨ ᠠᠵᠢᠯ ᠢ ᠬᠡᠷᠬᠢᠨ ᠰᠠᠶᠢᠲᠤᠷ ᠬᠢᠬᠦ ᠶᠢ ᠵᠢᠯᠤᠭᠤᠳᠴᠤ᠂ ᠠᠷᠠᠳ ᠣᠯᠠᠨ ᠳᠤ ︽ᠬᠡᠷ ᠤᠨ ᠡᠭᠦᠳᠡ︾ ᠳᠠᠷᠤᠶ | ᠡᠮᠴᠢᠯᠡᠭᠡᠨ ᠤ ᠦᠢᠯᠡᠴᠢᠯᠡᠭᠡ ᠬᠦᠷᠲᠡᠭᠡᠨ᠎ᠡ᠃ | ︽ᠰᠦᠯᠵᠢᠶᠡᠨ ᠳᠡᠭᠡᠷ᠎ᠡ︾ ︽ᠰᠢᠩ ᠾᠧ ᠰᠢᠶᠠᠨ ᠤ ᠲᠥᠯᠥᠭᠡᠯᠡᠭᠴᠢ ᠭᠡᠰᠢᠭᠦᠳ ᠤᠨ ᠲᠣᠭᠠᠴᠢᠯᠠᠭᠰᠠᠨ | ᠶᠡᠷᠦᠩᠬᠡᠶᠢᠯᠡᠭᠰᠡᠨ ᠦᠢᠯᠡᠴᠢᠯᠡᠭᠡᠨ ᠤ ᠲᠠᠪᠴᠠᠩ ᠳᠤ ᠲᠦᠰᠢᠭᠯᠡᠨ᠂ ︽ᠠᠯᠠᠭᠠᠨ ᠳᠡᠭᠡᠷ᠎ᠡ ᠲᠤᠰᠢᠶᠠᠯ ᠬᠠᠷᠢᠭᠤᠴᠠᠯᠭ᠎ᠠ ᠪᠠᠨ | ᠭᠦᠢᠴᠡᠳᠬᠡᠬᠦ︾ ᠶᠢ ᠪᠡᠶᠡᠯᠡᠭᠦᠯᠪᠡ᠃ ᠲᠥᠯᠥᠭᠡᠯᠡᠭᠴᠢ ᠲᠤᠰᠬᠠᠶ ᠲᠠᠩᠰᠠ ᠬᠠᠷ᠎ᠠ ᠶᠢ ᠠᠰᠢᠭᠯᠠᠨ ᠪᠥᠬᠦ ᠶᠠᠪᠤᠴᠠ ᠶᠢ | ᠰᠦᠯᠵᠢᠶᠡᠨ ᠳᠡᠭᠡᠷ᠎ᠡ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠭᠡᠵᠦ ᠪᠣᠯᠬᠤ ᠪᠥᠭᠡᠳ ᠨᠠᠩ ᠣᠯᠠᠨ ᠣᠯᠠᠨ ᠲᠦᠮᠡᠨ ᠢ | ᠬᠥᠲᠥᠯᠦᠨ ᠵᠢᠯᠣᠭᠤᠳᠴᠤ ᠪᠠᠶᠢᠭᠠᠳ ︽ᠤᠮᠠᠷᠠᠲᠤ ᠬᠢᠯᠢ ᠶᠢᠨ ᠠᠷᠠᠳ ᠤᠨ ᠰᠡᠳᠬᠢᠯ ᠤᠨ ᠬᠥᠭᠦᠷᠭᠡ︾ ᠶᠢᠨ ᠵᠢᠵᠢᠭ ᠲᠠᠰ | ᠳᠠᠷᠠᠭᠠᠯᠠᠯ ᠢ ᠥᠷᠭᠡᠨ ᠢᠶᠠᠷ ᠳᠡᠩᠰᠡᠯᠡᠵᠦ ᠬᠡᠷᠡᠭᠯᠡᠭᠦᠯᠵᠦ᠂ ᠣᠯᠠᠨ ᠲᠦᠮᠡᠨ ᠲᠡᠷᠡ ᠳᠠᠷᠤᠶ ᠳᠤᠨᠢ ᠰᠦᠯᠵᠢᠶᠡᠨ ᠳᠡᠭᠡᠷ᠎ᠡ ᠰᠠᠨᠠᠯ | ᠰᠠᠨᠠᠭᠤᠯᠭ᠎ᠠ ᠲᠤᠰᠢᠶᠠᠵᠤ᠂ ᠲᠥᠯᠥᠭᠡᠯᠡᠭᠴᠢᠳ ᠴᠤᠭᠯᠠᠭᠤᠯᠤᠭᠰᠠᠨ ᠰᠠᠨᠠᠯ ᠰᠠᠨᠠᠭᠤᠯᠭ᠎ᠠ ᠶᠢ ᠴᠠᠭ ᠲᠤᠬᠠᠶ ᠳᠤᠨᠢ ᠲᠥᠷᠥᠯ | ᠬᠤᠪᠢᠶᠠᠨ ᠡᠮᠬᠢᠯᠡᠨ ᠰᠢᠢᠳᠪᠦᠷᠢᠯᠡᠵᠦ᠂ ︽ᠵᠡᠷᠭᠡ ᠣᠯᠠᠨ ᠲᠦᠮᠡᠨ ᠢ ᠬᠡᠷ ᠲᠤᠨᠢ ᠬᠦᠷᠭᠡᠬᠦ︾ ᠶᠢ ︽ᠦᠢᠯᠡᠴᠢᠯᠡᠭᠡ ᠶᠢ | ᠭᠡᠷ ᠲᠤᠨᠢ ᠬᠦᠷᠭᠡᠬᠦ︾ ᠪᠣᠯᠭᠠᠨ ᠬᠤᠪᠢᠷᠠᠭᠤᠯᠵᠤ ᠪᠣᠯᠤᠨ᠎ᠠ᠃ ᠣᠲᠣ ᠪᠣᠯᠲᠠᠯ᠎ᠠ ᠬᠠᠷᠢᠶ᠎ᠠ ᠣᠷᠣᠨ ᠤ ᠣᠯᠠᠨ ᠲᠦᠮᠡᠨ ᠤ | ᠲᠤᠰᠬᠠᠭᠰᠠᠨ ᠭᠤᠳᠤᠮᠵᠢ ᠶᠢᠨ ᠵᠠᠮ ᠢ ᠬᠠᠲᠠᠭᠤᠷᠠᠭᠤᠯᠬᠤ᠂ ᠣᠷᠴᠢᠨ ᠲᠣᠭᠤᠷᠢᠨ ᠤ ᠠᠷᠢᠭᠤᠨ ᠴᠡᠪᠡᠷ ᠢ ᠴᠡᠭᠴᠡᠯᠡᠨ ᠵᠠᠰᠠᠬᠤ | ᠂ ᠵᠡᠭᠡᠯᠢ ᠭᠤᠳᠤᠮᠵᠢ ᠶᠢᠨ ᠭᠡᠷᠡᠯᠲᠦᠭᠦᠯᠭᠡ ᠶᠢᠨ ᠲᠥᠬᠦᠭᠡᠷᠦᠮᠵᠢ ᠬᠦᠷᠦᠯᠴᠡᠬᠦ ᠥᠬᠡᠶ ᠵᠡᠷᠭᠡ ᠡᠯ᠎ᠡ ᠲᠥᠷᠥᠯ ᠤᠨ ᠠᠰᠠᠭᠤᠳᠠᠯ ᠢ | ᠨᠡᠶᠢᠲᠡ ᠵᠠᠭᠤ ᠭᠠᠷᠤᠶ ᠬᠤᠪᠢ ᠭᠦᠢᠴᠡᠳᠬᠡᠵᠦ᠂ ᠡᠭᠦᠷᠭᠡ ᠴᠢᠳᠠᠪᠤᠷᠢ ᠶᠢᠨ ᠬᠡᠪᠴᠢᠶᠡᠨ ᠳᠤ ᠰᠢᠢᠳᠪᠦᠷᠢᠯᠡᠵᠦ ᠳᠠᠭᠤᠰᠬᠠᠭᠰᠠᠨ | ᠨᠣᠷᠮ᠎ᠠ ᠶᠢ 100% ᠳᠤ ᠬᠦᠷᠦᠭᠦᠯᠵᠦ᠂ ᠡᠭᠦᠷᠭᠡ ᠴᠢᠳᠠᠪᠤᠷᠢ ᠶᠢᠨ ᠬᠡᠪᠴᠢᠶᠡᠨ ᠳᠤ ᠥᠬᠡᠶ ᠪᠣᠯ ᠴᠠᠭ ᠲᠤᠬᠠᠶ ᠳᠤᠨᠢ | ᠰᠢᠶᠠᠨ ᠤ ᠬᠤᠯᠪᠣᠭ᠎ᠠ ᠠᠪᠬᠤ ᠠᠯᠪᠠᠨ ᠬᠡᠷ ᠲᠤ ᠬᠠᠷᠢᠭᠤ ᠲᠤᠰᠬᠠᠵᠤ᠂ ᠨᠡᠶᠢᠭᠡᠮ ᠤᠨ ᠪᠠᠶᠢᠳᠠᠯ ᠠᠷᠠᠳ ᠤᠨ ᠰᠠᠨᠠᠭ᠎ᠠ ᠶᠢ | ᠲᠤᠰᠬᠠᠬᠤ ᠠᠷᠭ᠎ᠠ ᠵᠠᠮ ᠢ ᠪᠦᠲᠦᠮᠵᠢᠲᠡᠶ ᠰᠢᠯᠤᠭᠤᠳᠬᠠᠵᠤ᠂ ᠶᠠᠪᠤᠳᠠᠯ ᠪᠦᠬᠦᠨ ᠢ ᠨᠠᠶᠢᠳᠠᠪᠤᠷᠢᠵᠢᠭᠤᠯᠵᠤ᠂ ᠶᠠᠪᠤᠳᠠᠯ | ᠪᠦᠬᠦᠨ ᠳᠤ ᠬᠠᠷᠢᠭᠤᠯᠲᠠ ᠥᠭᠬᠦ ᠬᠡᠷᠡᠭᠲᠡᠶ᠃ | ᠭᠤᠷᠪᠠ᠂ ᠠᠷᠠᠳ ᠤᠨ ᠲᠥᠯᠥᠭᠡ ᠠᠵᠢᠯ ᠶᠠᠪᠤᠳᠠᠯ ᠭᠦᠢᠴᠡᠳᠭᠡᠬᠦ ᠳᠤ ᠡᠭᠦᠷᠭᠡ ᠲᠤᠰᠢᠶᠠᠯ ᠢᠶᠠᠨ ᠭᠦᠢᠴᠡᠳᠭᠡᠬᠦ ︽ | ᠳᠡᠭᠡᠭᠰᠢᠯᠡᠭᠦᠯᠬᠦ ᠬᠠᠭᠤᠳᠠᠰᠤ︾ ᠶᠢ ᠰᠠᠶᠢᠲᠤᠷ ᠬᠠᠷᠢᠭᠤᠯᠤᠨ᠎ᠠ | ᠠᠷᠠᠳ ᠲᠦᠮᠡᠨ ᠳᠤ ᠦᠢᠯᠡᠴᠢᠯᠡᠬᠦ ᠠᠷᠭ᠎ᠠ ᠵᠠᠮ ᠢ ᠲᠠᠰᠤᠷᠠᠯᠲᠠ ᠦᠭᠡᠢ ᠥᠷᠭᠡᠳᠬᠡᠵᠦ᠂ ᠠᠷᠠᠳ ᠲᠦᠮᠡᠨ ᠳᠤ | ᠦᠢᠯᠡᠴᠢᠯᠡᠬᠦ ᠠᠭᠤᠯᠤᠭᠳᠠᠬᠤᠨ ᠢ ᠪᠠᠶᠠᠯᠢᠭᠵᠢᠭᠤᠯᠵᠤ᠂ ︽ᠬᠤᠶᠠᠷ ᠲᠥᠯᠥᠭᠡᠯᠡᠭᠴᠢ ᠨᠢᠭᠡ ᠭᠡᠰᠢᠭᠦᠨ︾ ᠤ ᠡᠭᠦᠷᠭᠡ | ᠲᠤᠰᠢᠶᠠᠯ ᠢᠶᠠᠨ ᠭᠦᠢᠴᠡᠳᠬᠡᠬᠦ ᠢᠳᠡᠪᠬᠢᠵᠢᠯ ᠪᠠ ᠪᠡᠶᠡᠴᠢ ᠴᠢᠳᠠᠮᠠᠭᠠᠶ ᠴᠢᠨᠠᠷ ᠢ ᠳᠠᠶᠢᠴᠢᠯᠠᠵᠤ᠂ ᠰᠠᠶᠢᠬᠤᠰᠦ ᠬᠤᠯᠪᠣᠭᠠᠨ ᠤ | ᠥᠷᠲᠡᠭᠡ ᠬᠢᠭᠡᠳ ᠤᠯᠤᠰ ᠲᠥᠷᠥ ᠬᠠᠤᠯᠢ ᠴᠠᠭᠠᠵᠠ ᠶᠢᠨ ᠲᠦᠷᠦᠯ ᠲᠡᠮᠳᠡᠭ ᠢ ᠭᠦᠨᠵᠡᠭᠡᠶ ᠠᠭᠤᠰᠤᠯᠴᠠᠭᠤᠯᠬᠤ | ᠪᠠᠶᠢᠭᠤᠯᠤᠯᠲᠠ ᠶᠢ ᠲᠦᠯᠬᠢᠨ ᠠᠬᠢᠭᠤᠯᠵᠤ᠂ ︽ᠲᠣᠰᠬᠤᠨ ᠤ ᠺᠠᠳ᠋ᠷ ᠤᠨ ᠲᠥᠯᠥᠭᠡᠯᠡᠭᠴᠢ ᠭᠡᠰᠢᠭᠦᠳ ᠤᠨ ᠬᠠᠤᠯᠢ | ᠴᠠᠭᠠᠵᠠ ᠶᠢᠨ ᠭᠠᠵᠠᠷ︾ ᠤᠨ ᠬᠠᠮᠲᠤᠷᠠᠨ ᠡᠶᠡᠳᠡᠭᠦᠯᠬᠦ ᠵᠠᠭᠪᠤᠷ ᠢ ᠪᠤᠢ ᠪᠣᠯᠭᠠᠵᠤ᠂ ᠳ᠋ᠢᠶᠠᠩᠬᠤᠸᠠ᠂ ᠸᠢᠴᠠᠲ᠂ ᠭᠡᠷ ᠲᠤᠨᠢ | ᠬᠦᠷᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠣᠷᠣᠰᠢᠵᠤ ᠪᠠᠶᠢᠭ᠎ᠠ ᠠᠰᠠᠭᠤᠳᠠᠯ ᠢ ᠴᠠᠭ ᠲᠤᠬᠠᠶ ᠳᠤᠨᠢ ᠣᠶᠢᠯᠠᠭᠠᠵᠤ᠂ | ᠬᠦᠴᠢᠷ ᠲᠦᠪᠡᠭᠲᠡᠶ ᠵᠢᠭᠤᠷᠠᠯᠳᠤᠭᠠᠨ ᠢ ᠤᠷᠴᠢᠨ ᠢᠶᠠᠷ ᠠᠷᠢᠯᠭᠠᠵᠤ᠂ ᠰᠢᠨ᠎ᠡ ᠴᠠᠭ ᠦᠶ᠎ᠡ ᠶᠢᠨ ︽ᠹᠧᠩ ᠴᠢᠶᠣᠤ ᠶᠢᠨ | ᠲᠤᠷᠰᠢᠯᠭ᠎ᠠ︾ ᠶᠢ ᠰᠠᠶᠢᠲᠤᠷ ᠬᠥᠭᠵᠢᠭᠦᠯᠵᠦ᠂ ᠡᠶ᠎ᠡ ᠵᠣᠬᠢᠴᠠᠯ ᠲᠠᠢ ᠲᠣᠭᠲᠠᠭᠤᠨ ᠨᠡᠶᠢᠭᠡᠮ ᠤᠨ ᠣᠷᠴᠢᠨ ᠨᠥᠬᠦᠴᠡᠯ ᠢ ᠪᠤᠢ | ᠪᠣᠯᠭᠠᠨ᠎ᠠ᠃ | ᠲᠥᠯᠥᠭᠡᠯᠡᠭᠴᠢ ᠭᠡᠰᠢᠭᠦᠳ ᠬᠠᠯᠠᠮᠰᠢᠯ ᠣᠳᠠᠰᠣ 12345 ᠶᠢ ᠰᠢᠮᠳᠠᠭᠤᠯᠤᠨ ᠭᠦᠢᠴᠡᠳᠬᠡᠬᠦ ᠳᠤ ᠣᠷᠣᠯᠴᠠᠵᠤ᠂ | ᠲᠥᠯᠥᠭᠡᠯᠡᠭᠴᠢᠳ ᠤᠨ ᠣᠯᠠᠨ ᠲᠦᠮᠡᠨ ᠲᠠᠢ ᠬᠠᠷᠢᠯᠴᠠᠬᠤ ᠦᠢᠯᠡᠳᠦᠯ ᠢ ᠠᠰᠢᠭᠯᠠᠨ᠂ ᠣᠶᠢᠷ᠎ᠠ ᠶᠢᠨ ᠬᠤᠭᠤᠴᠠᠭᠠᠨ ᠳᠤ | ᠥᠨᠳᠥᠷ ᠳᠠᠪᠲᠠᠮᠵᠢ ᠪᠠᠷ ᠠᠰᠠᠭᠤᠳᠠᠯ ᠭᠠᠷᠴᠤ᠂ ᠲᠤᠰᠬᠠᠶ ᠵᠦᠢᠯ ᠢᠶᠠᠷ ᠰᠢᠮᠳᠠᠭᠤᠯᠤᠨ ᠭᠦᠢᠴᠡᠳᠭᠡᠵᠦ᠂ ︽ᠰᠡᠳᠬᠢᠯ | ᠲᠠᠯᠪᠢᠬᠤ᠂ ᠬᠦᠴᠦᠯᠡᠬᠦ᠂ ᠬᠠᠶᠢᠷ᠎ᠠ ᠰᠡᠳᠬᠢᠯᠭᠡ ᠶᠢ ᠬᠡᠷᠡᠭᠯᠡᠬᠦ︾ ᠶᠢ ᠪᠠᠷᠢᠮᠲᠠᠯᠠᠨ ᠣᠯᠠᠨ ᠲᠦᠮᠡᠨ ᠤ ᠬᠦᠴᠢᠷ ᠵᠣᠪᠠᠭᠤᠷᠢ ᠶᠢ | ᠰᠢᠢᠳᠪᠦᠷᠢᠯᠡᠵᠦ᠂ ᠣᠯᠠᠨ ᠲᠦᠮᠡᠨ ᠤ ᠳᠤᠮᠳᠠ ᠭᠦᠨᠵᠡᠭᠡᠶᠢᠷᠡᠨ ᠨᠡᠪᠲᠡᠷᠡᠯᠴᠡᠨ ᠰᠣᠯᠢᠯᠴᠠᠵᠤ᠂ ᠨᠢᠭᠡᠳᠦᠭᠡᠷ ᠹᠷᠣᠨᠲ ᠤᠨ | ᠪᠠᠶᠢᠳᠠᠯ ᠢ ᠣᠶᠢᠯᠠᠭᠠᠵᠤ᠂ ᠬᠠᠮᠤᠭ ᠤᠨ ᠦᠨᠡᠨ ᠪᠣᠳᠠᠲᠠᠶ ᠰᠠᠨᠠᠯ ᠢ ᠴᠤᠭᠯᠠᠭᠤᠯᠵᠤ᠂ ᠵᠠᠰᠠᠭ ᠤᠨ ᠣᠷᠳᠣᠨ ᠬᠢᠭᠡᠳ ᠣᠯᠠᠨ | ᠲᠦᠮᠡᠨ ᠤ ᠨᠡᠪᠲᠡᠷᠡᠯᠴᠡᠬᠦ ᠬᠥᠭᠦᠷᠭᠡ ᠶᠢ ᠰᠠᠶᠢᠲᠤᠷ ᠪᠤᠰᠬᠠᠪᠠ᠃ ᠣᠶᠢᠷ᠎ᠠ ᠳᠤ᠂ ᠾᠧ ᠰᠢᠩ ᠭᠦᠩ ᠲᠣᠰᠬᠤᠨ ᠤ ᠣᠯᠠᠨ | ᠲᠦᠮᠡᠨ 12345 ᠬᠠᠯᠠᠭᠤᠨ ᠤᠲᠠᠰᠤ ᠪᠠᠷ ᠳᠠᠮᠵᠢᠨ ᠲᠦᠭᠡᠭᠡᠯ ᠤᠰᠤᠨ ᠤ ᠪᠤᠯᠠᠩᠭᠢᠷ ᠢ ᠲᠤᠰᠬᠠᠵᠤ᠂ ᠡᠳᠦᠷ | ᠲᠤᠲᠤᠮ ᠤᠨ ᠤᠤᠭᠤᠬᠤ ᠤᠰᠤ᠂ ᠤᠰᠤ ᠬᠡᠷᠡᠭᠯᠡᠬᠦ ᠶᠢ ᠨᠥᠯᠥᠭᠡᠯᠡᠵᠦ᠂ ᠲᠥᠯᠥᠭᠡᠯᠡᠭᠴᠢ ᠭᠡᠰᠢᠭᠦᠳ ᠪᠠᠶᠢᠳᠠᠯ ᠢ ᠮᠡᠳᠡᠭᠡᠳ᠂ | ᠲᠣᠰᠬᠤᠨ ᠤ ᠠᠷᠠᠳ ᠤᠨ ᠵᠥᠪᠯᠡᠯ ᠪᠣᠯᠤᠨ ᠰᠢᠶᠠᠩ ᠪᠠᠯᠭᠠᠰᠤ᠂ ᠰᠢᠶᠠᠨ ᠤ ᠱᠠᠲᠤᠨ ᠤ ᠬᠠᠮᠢᠶ᠎ᠠ ᠪᠦᠬᠦᠢ ᠰᠠᠯᠠᠭ᠎ᠠ | ᠮᠥᠴᠢᠷ ᠤᠨ ᠣᠯᠠᠨ ᠲᠠᠯ᠎ᠠ ᠪᠠᠷ ᠵᠣᠬᠢᠴᠠᠭᠤᠯᠬᠤ ᠶᠢᠨ ᠬᠠᠮᠲᠤ ᠲᠤᠬᠠᠶ ᠶᠢᠨ ᠭᠠᠵᠠᠷ ᠲᠤᠨᠢ ᠪᠠᠶᠢᠴᠠᠭᠠᠨ ᠰᠤᠳᠤᠯᠤᠯᠲᠠ ᠬᠢᠵᠦ᠂ | ᠰᠢᠶᠠᠨ ᠤ ᠤᠰᠤᠨ ᠠᠰᠢᠭᠯᠠᠯᠲᠠ ᠶᠢᠨ ᠲᠣᠪᠴᠢᠶ᠎ᠠ ᠲᠠᠢ ᠬᠠᠷᠢᠯᠴᠠᠵᠤ ᠲᠤᠰᠬᠠᠶ ᠬᠥᠮᠦᠨ ᠲᠣᠮᠢᠯᠠᠨ ᠬᠤᠳᠳᠤᠭ ᠢ | ᠴᠡᠪᠡᠷᠯᠡᠵᠦ᠂ ᠤᠰᠤᠨ ᠤ ᠴᠢᠨᠠᠷ ᠤᠨ ᠠᠷᠢᠭᠤᠨ ᠴᠡᠪᠡᠷ ᠢ ᠪᠠᠲᠤᠯᠠᠵᠤ᠂ ᠣᠯᠠᠨ ᠲᠦᠮᠡᠨ ᠤ ᠤᠤᠭᠤᠬᠤ ᠤᠰᠤᠨ ᠤ ᠠᠮᠤᠷ | ᠲᠦᠪᠰᠢᠨ ᠢ ᠪᠠᠲᠤᠯᠠᠵᠤ᠂ ᠣᠯᠠᠨ ᠲᠦᠮᠡᠨ ᠰᠢᠢᠳᠪᠦᠷᠢᠯᠡᠭᠰᠡᠨ ᠦᠷ᠎ᠡ ᠳ᠋ᠦᠩ ᠳᠤ ᠮᠠᠰᠢ ᠬᠠᠨᠤᠮᠵᠢᠲᠠᠶ ᠪᠠᠶᠢᠨ᠎ᠠ᠃ | ᠲᠥᠯᠥᠭᠡᠯᠡᠭᠴᠢ ᠭᠡᠰᠢᠭᠦᠳ ᠤᠨ ᠬᠦᠴᠦᠨ ᠢ ᠨᠢᠭᠲᠠᠷᠠᠭᠤᠯᠵᠤ᠂ ᠠᠷᠠᠳ ᠤᠯᠠᠨ ᠳᠤ ᠥᠷᠭᠡᠨ ᠢᠶᠠᠷ ᠦᠢᠯᠡᠴᠢᠯᠡᠨ᠎ᠡ᠃ | ᠰᠠᠶᠢᠬᠤᠰᠤ ᠪᠠᠯᠭᠠᠰᠤ ᠶᠢᠨ ᠬᠢᠨ ᠲᠥᠯᠥᠭᠡᠯᠡᠭᠴᠢ ᠭᠡᠰᠢᠭᠦᠳ ᠤᠨ ᠠᠭᠤᠰᠤᠯᠴᠠᠨ ᠬᠦᠴᠦᠯᠡᠬᠦ ᠶᠢ ᠦᠷᠭᠦᠯᠵᠢᠯᠡᠨ ᠠᠬᠢᠭᠤᠯᠵᠤ᠂ | ᠲᠥᠯᠥᠭᠡᠯᠡᠭᠴᠢ ᠭᠡᠰᠢᠭᠦᠳ ᠤᠨ ᠠᠷᠠᠳ ᠤᠨ ᠰᠠᠨᠠᠭ᠎ᠠ ᠶᠢ ᠴᠤᠭᠯᠠᠭᠤᠯᠬᠤ᠂ ᠵᠥᠷᠢᠴᠡᠯ ᠢ ᠰᠢᠢᠳᠪᠦᠷᠢᠯᠡᠬᠦ᠂ ᠲᠤᠰᠢᠶᠠᠯ | ᠬᠠᠷᠢᠭᠤᠴᠠᠯᠭ᠎ᠠ ᠪᠠᠨ ᠭᠦᠢᠴᠡᠳᠬᠡᠬᠦ ᠳᠤ ᠬᠢᠨᠠᠯᠲᠠ ᠲᠠᠯᠪᠢᠬᠤ ᠢᠳᠡᠪᠬᠢ ᠦᠢᠯᠡᠳᠦᠯ ᠢ ᠦᠨᠡᠨᠬᠦ ᠪᠠᠳᠠᠷᠠᠭᠤᠯᠵᠤ᠂ ᠦᠨᠳᠦᠰᠦᠨ | ᠱᠠᠲᠤᠨ ᠤ ᠵᠠᠰᠠᠯᠲᠠ ᠶᠢᠨ ᠣᠳᠣᠬᠢᠴᠢᠯᠠᠯᠲᠠ ᠶᠢᠨ ᠲᠦᠪᠰᠢᠨ ᠢ ᠳᠡᠭᠡᠭᠰᠢᠯᠡᠭᠦᠯᠵᠦ᠂ ᠬᠠᠮᠲᠤᠪᠠᠷ ᠪᠠᠶᠢᠭᠤᠯᠵᠤ ᠬᠠᠮᠲᠤᠪᠠᠷ | ᠵᠠᠰᠠᠵᠤ ᠬᠠᠮᠲᠤᠪᠠᠷ ᠡᠳ᠋ᠯᠡᠬᠦ ᠦᠨᠳᠦᠰᠦᠨ ᠱᠠᠲᠤᠨ ᠤ ᠵᠠᠰᠠᠯᠲᠠ ᠶᠢᠨ ᠰᠢᠨ᠎ᠡ ᠪᠠᠶᠢᠷᠢᠰᠢᠯ ᠢ ᠦᠷᠭᠦᠯᠵᠢᠯᠡᠨ ᠪᠤᠢ ᠪᠣᠯᠭᠠᠨ᠎ᠠ᠃ | ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ | ᠤᠷᠴᠢᠭᠤᠯᠤᠭᠴᠢ᠄ ᠮᠥᠩᠭᠦᠨᠰᠤᠶᠢᠬᠡ | ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ |