2025 ᠣᠨ ᠤ ᠬᠠᠪᠤᠷ ᠤᠨ ᠤᠯᠠᠷᠢᠯ ᠤᠨ ᠰᠤᠷᠤᠯᠭ᠎ᠠ ᠶᠢᠨ ᠬᠤᠭᠤᠴᠠᠭᠠᠨ ᠳᠤ ᠪᠥᠬᠦ ᠣᠷᠣᠨ ᠤ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠤᠯᠭ᠎ᠠ ᠶᠢᠨ ᠬᠢᠷᠢ ᠲᠦᠪᠰᠢᠨ ᠤ ᠬᠢᠷᠢ ᠲᠡᠩᠴᠡᠭᠰᠡᠨ ᠰᠢᠯᠭᠠᠯᠲᠠ ᠶᠢᠨ ᠨᠡᠷ᠎ᠡ ᠮᠡᠳᠡᠭᠦᠯᠬᠦ ᠠᠵᠢᠯ ᠮᠠᠷᠭᠠᠰᠢ ᠡᠬᠢᠯᠡᠪᠡ
ᠨᠡᠶᠢᠲᠡᠯᠡᠭᠰᠡᠨ ᠴᠠᠭ᠄
2025/4/11
     2025 ᠣᠨ ᠤ ᠬᠠᠪᠤᠷ ᠤᠨ ᠤᠯᠠᠷᠢᠯ ᠤᠨ ᠰᠤᠷᠤᠯᠭ᠎ᠠ ᠶᠢᠨ ᠬᠤᠭᠤᠴᠠᠭᠠᠨ ᠳᠤ ᠪᠥᠬᠦ ᠣᠷᠣᠨ ᠤ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠤᠯᠭ᠎ᠠ ᠶᠢᠨ ᠬᠢᠷᠢ ᠲᠦᠪᠰᠢᠨ ᠤ ᠬᠢᠷᠢ ᠬᠡᠮ ᠤᠨ ᠴᠢᠨᠠᠷᠲᠠᠶ ᠰᠢᠯᠭᠠᠯᠲᠠ ᠶᠢᠨ ᠬᠠᠷᠢᠶ᠎ᠠ ᠶᠢ ᠳᠠᠩᠰᠠᠯᠠᠬᠤ ᠪᠠ ᠰᠦᠯᠵᠢᠶᠡᠨ ᠳᠡᠭᠡᠷ᠎ᠡ ᠬᠢᠴᠢᠶᠡᠯ ᠰᠣᠩᠭᠤᠵᠤ ᠨᠡᠷ᠎ᠡ ᠮᠡᠳᠡᠭᠦᠯᠬᠦ ᠠᠵᠢᠯ ᠮᠠᠷᠭᠠᠰᠢ ᠠᠴᠠ ᠡᠬᠢᠯᠡᠵᠦ᠂ 8 ᠡᠳᠦᠷ ᠤᠨ ᠬᠤᠭᠤᠴᠠᠭ᠎ᠠ ᠲᠠᠢ᠂ 4 ᠳ᠋ᠦ᠋ᠭᠡᠷ ᠰᠠᠷ᠎ᠠ ᠶᠢᠨ 15 ᠤ ᠡᠳᠦᠷ ᠤᠨ 17᠄ 00 ᠴᠠᠭ ᠲᠤ ᠳᠠᠭᠤᠰᠤᠨ᠎ᠠ᠃ ᠠᠳᠡ ᠪᠣᠶ ᠪᠥᠬᠦᠶ ᠰᠢᠯᠭᠠᠭᠤᠯᠤᠭᠴᠢ ᠳᠤ ᠵᠠᠪᠠᠯ ᠲᠣᠭᠲᠠᠭᠰᠠᠨ ᠴᠠᠭ ᠤᠨ ᠳᠣᠲᠣᠷ᠎ᠠ ᠰᠢᠯᠭᠠᠯᠲᠠ ᠶᠢᠨ ᠬᠠᠷᠢᠶ᠎ᠠ ᠶᠢ ᠳᠠᠩᠰᠠᠯᠠᠬᠤ ᠪᠠ ᠬᠢᠴᠢᠶᠡᠯ ᠰᠣᠩᠭᠤᠨ ᠨᠡᠷ᠎ᠡ ᠮᠡᠳᠡᠭᠦᠯᠬᠦ ᠶᠢ ᠪᠡᠶᠡᠯᠡᠭᠦᠯᠵᠦ᠂ ᠬᠤᠭᠤᠴᠠᠭ᠎ᠠ ᠠᠴᠠ ᠬᠡᠲᠦᠷᠡᠭᠡᠳ ᠳᠠᠭᠢᠵᠤ ᠭᠥᠯᠢᠶᠡᠨ ᠠᠪᠴᠤ ᠰᠢᠢᠳᠪᠦᠷᠢᠯᠡᠬᠦ ᠥᠬᠡᠶ ᠭᠡᠵᠦ ᠰᠠᠨᠠᠭᠤᠯᠪᠠ᠃      ᠬᠠᠷᠢᠶᠠᠯᠠᠯ ᠢ ᠳᠠᠩᠰᠠᠯᠠᠬᠤ ᠪᠠ ᠬᠢᠴᠢᠶᠡᠯ ᠰᠣᠩᠭᠤᠨ ᠨᠡᠷ᠎ᠡ ᠮᠡᠳᠡᠭᠦᠯᠬᠦ ᠬᠠᠶ᠋ᠢᠭ ᠨᠢ᠄ https://www4.nm.zsks.cn/BaseStudent/᠃ ᠰᠢᠯᠭᠠᠭᠤᠯᠤᠭᠴᠢ ᠰᠤᠷᠭᠠᠭᠤᠯᠢ ᠶᠢᠨ ᠨᠢᠭᠡᠳᠦᠯᠲᠡᠶ ᠲᠣᠬᠢᠷᠠᠭᠤᠯᠤᠯᠲᠠ ᠶᠣᠰᠣᠭᠠᠷ᠂ ᠲᠣᠭᠲᠠᠭᠰᠠᠨ ᠬᠤᠭᠤᠴᠠᠭᠠᠨ ᠳᠤ ᠰᠦᠯᠵᠢᠶᠡᠨ ᠥᠷᠲᠡᠭᠡ ᠳᠤ ᠭᠠᠷᠴᠤ᠂ ᠲᠣᠰ ᠬᠥᠮᠦᠨ ᠤ ᠬᠡᠷᠡᠭᠴᠡᠭᠡ ᠪᠠᠨ ᠦᠨᠳᠦᠰᠦᠯᠡᠨ᠂ ᠰᠢᠯᠭᠠᠯᠲᠠ ᠶᠢᠨ ᠬᠠᠷᠢᠶ᠎ᠠ ᠶᠢ ᠤᠷᠢᠳᠴᠢᠯᠠᠨ ᠳᠠᠩᠰᠠᠯᠠᠬᠤ᠂ ᠪᠡᠶ᠎ᠡ ᠶᠢᠨ ᠭᠠᠷᠤᠯ ᠤᠨ ᠮᠡᠳᠡᠭᠡ ᠵᠠᠩᠭᠢ ᠴᠤᠭᠯᠠᠭᠤᠯᠬᠤ᠂ ᠰᠢᠯᠭᠠᠯᠲᠠ ᠶᠢᠨ ᠬᠠᠷᠢᠶ᠎ᠠ ᠶᠢ ᠳᠠᠩᠰᠠᠯᠠᠬᠤ ᠵᠢᠴᠢ ᠬᠢᠴᠢᠶᠡᠯ ᠰᠣᠩᠭᠤᠨ ᠨᠡᠷ᠎ᠡ ᠮᠡᠳᠡᠭᠦᠯᠬᠦ ᠶᠢ ᠲᠣᠰ ᠲᠣᠰ ᠪᠡᠶᠡᠯᠡᠭᠦᠯᠦᠨ᠎ᠡ᠃      ᠰᠢᠯᠭᠠᠯᠲᠠ ᠪᠠᠷ ᠨᠡᠷ᠎ᠡ ᠮᠡᠳᠡᠭᠦᠯᠬᠦ ᠰᠦᠢᠳᠬᠡᠯ ᠰᠤᠷᠤᠭᠴᠢ ᠪᠦᠷᠢ ᠳᠤ 10 ᠲᠥᠭᠦᠷᠢᠭ᠂ ᠰᠢᠯᠭᠠᠯᠲᠠ ᠶᠢᠨ ᠰᠦᠢᠳᠬᠡᠯ ᠨᠢ ᠰᠤᠷᠤᠭᠴᠢ ᠨᠢᠭᠡᠪᠦᠷᠢ ᠶᠢᠨ ᠬᠢᠴᠢᠶᠡᠯ ᠪᠦᠷᠢ ᠳᠤ 25 ᠲᠥᠭᠦᠷᠢᠭ ᠪᠣᠯᠤᠨ᠎ᠠ᠃ ᠰᠦᠯᠵᠢᠶᠡᠨ ᠳᠡᠭᠡᠷ᠎ᠡ ᠰᠦᠢᠳᠭᠡᠯ ᠲᠤᠰᠢᠶᠠᠬᠤ ᠶᠢ ᠳᠡᠮᠵᠢᠵᠦ ︽ᠪᠠᠩᠬᠢ ᠶᠢᠨ ᠬᠤᠯᠪᠤᠭ᠎ᠠ︾ ᠶᠢᠨ ᠲᠡᠮᠳᠡᠭ ᠲᠠᠢ ᠪᠠᠩᠬᠢ ᠶᠢᠨ ᠺᠠᠷᠲ᠂ ᠸᠢᠴᠠᠲ ᠪᠠ ᠲᠣᠭᠠᠴᠠᠭ᠎ᠠ ᠬᠢᠬᠦ ᠡᠷᠳᠡᠨᠢ ᠪᠠᠷ ᠰᠦᠢᠳᠭᠡᠯ ᠲᠤᠰᠢᠶᠠᠵᠤ᠂ ᠰᠢᠯᠭᠠᠭᠤᠯᠤᠭᠴᠢ ᠨᠡᠷ᠎ᠡ ᠮᠡᠳᠡᠭᠦᠯᠬᠦ ᠵᠠᠷᠤᠳᠠᠯ ᠢᠶᠠᠨ ᠤᠷᠢᠳᠴᠢᠯᠠᠨ ᠲᠤᠭ᠎ᠠ ᠶᠣᠰᠣᠭᠠᠷ ᠬᠠᠳᠠᠭᠠᠯᠠᠨ᠎ᠠ᠃      ᠬᠢᠴᠢᠶᠡᠯ ᠰᠣᠩᠭᠤᠬᠤ ᠨᠡᠷ᠎ᠡ ᠮᠡᠳᠡᠭᠦᠯᠬᠦ ᠴᠠᠭ ᠳᠠᠭᠤᠰᠤᠭᠰᠠᠨ ᠤ ᠳᠠᠷᠠᠭ᠎ᠠ᠂ ᠰᠢᠯᠭᠠᠭᠤᠯᠤᠭᠴᠢ ᠬᠡᠷᠪᠡ ᠬᠤᠪᠢ ᠬᠥᠮᠦᠨ ᠤ ᠰᠢᠯᠲᠠᠭᠠᠨ ᠠᠴᠠ ᠪᠣᠯᠵᠣ ᠪᠤᠶᠤ ᠪᠤᠰᠤᠳ ᠪᠠᠶᠢᠳᠠᠯ ᠣᠷᠣᠰᠢᠵᠤ ᠪᠠᠶᠢᠪᠠᠯ ᠰᠢᠯᠭᠠᠯᠲᠠ ᠳᠤ ᠣᠷᠣᠯᠴᠠᠭᠰᠠᠨ ᠥᠬᠡᠶ ᠪᠠᠶᠢᠪᠠᠯ᠂ ᠲᠣᠰ ᠤᠳᠠᠭᠠᠨ ᠤ ᠰᠢᠯᠭᠠᠯᠲᠠ ᠳᠤ ᠨᠡᠷ᠎ᠡ ᠮᠡᠳᠡᠭᠦᠯᠦᠭᠰᠡᠨ ᠰᠦᠢᠳᠭᠡᠯ ᠪᠠ ᠰᠢᠯᠭᠠᠯᠲᠠ ᠶᠢᠨ ᠵᠠᠷᠤᠳᠠᠯ ᠢ ᠴᠥᠮ ᠪᠤᠴᠠᠭᠠᠵᠤ ᠥᠭᠬᠦ ᠥᠬᠡᠶ᠂ ᠰᠢᠯᠭᠠᠭᠤᠯᠤᠭᠴᠢ ᠪᠣᠯᠭᠤᠮᠵᠢᠲᠠᠶ ᠰᠣᠩᠭᠤᠬᠤ ᠬᠡᠷᠡᠭᠲᠡᠶ᠃                   ᠢᠷᠡᠯᠲᠡ᠄ ᠠᠮᠢᠵᠢᠷᠠᠯ ᠤᠨ ᠬᠦᠴᠦᠨ ᠲᠠᠢ ᠰᠢᠩ ᠾᠧ           ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ           ᠤᠷᠴᠢᠭᠤᠯᠤᠭᠴᠢ᠄ ᠨᠠᠷᠠᠰᠤ           ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠤᠷᠳᠤᠨ ᠤ ᠬᠢᠲᠠᠳ ᠲᠤᠤᠷ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3