ᠤᠯᠠᠨ ᠶᠠᠩᠵᠤ ᠶᠢᠨ ᠪᠣᠯᠪᠠᠰᠤᠷᠠᠯ ᠨᠢ ᠦᠵᠡᠯ ᠰᠠᠨᠠᠭ᠎ᠠ ᠶᠢ ᠴᠢᠩᠭᠠᠳᠬᠠᠵᠤ ᠦᠨᠳᠦᠰᠦ ᠶᠢ ᠪᠠᠲᠤᠳᠬᠠᠨ ᠠᠴᠢᠶᠠᠯᠠᠪᠤᠷᠢ ᠶᠢ ᠪᠠᠲᠤᠳᠬᠠᠨ ᠡᠭᠦᠷᠭᠡ ᠲᠤᠰᠢᠶᠠᠯ ᠢᠶᠠᠨ ᠰᠠᠶᠢᠲᠤᠷ ᠭᠦᠢᠴᠡᠳᠬᠡᠬᠦ ᠶᠢ ᠠᠬᠢᠭᠤᠯᠤᠨ᠎ᠠ ᠵᠠᠩ ᠭᠤᠤ ᠪᠠᠯᠭᠠᠰᠤ ᠲᠥᠯᠥᠭᠡᠯᠡᠭᠴᠢᠳ ᠤᠨ ᠡᠭᠦᠷᠭᠡ ᠲᠤᠰᠢᠶᠠᠯ ᠢᠶᠠᠨ ᠭᠦᠢᠴᠡᠳᠬᠡᠬᠦ ᠴᠢᠳᠠᠪᠤᠷᠢ ᠶᠢ ᠳᠡᠭᠡᠭᠰᠢᠯᠡᠭᠦᠯᠬᠦ ᠠᠵᠢᠯᠯᠠᠭ᠎ᠠ ᠶᠢ ᠪᠦᠬᠦ ᠲᠠᠯ᠎ᠠ ᠪᠠᠷ ᠥᠷᠨᠢᠭᠦᠯᠪᠡ
ᠨᠡᠶᠢᠲᠡᠯᠡᠭᠰᠡᠨ ᠴᠠᠭ᠄
2025/4/11
     ᠴᠠᠭᠠᠨ ᠰᠠᠷ᠎ᠠ ᠶᠢᠨ ᠡᠬᠢᠨ ᠳᠤ᠂ ᠵᠠᠩ ᠭᠤᠤ ᠪᠠᠯᠭᠠᠰᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠲᠠᠷᠢᠶᠠᠯᠠᠩ ᠤᠨ ᠰᠡᠯᠡᠭᠦᠤ ᠴᠠᠭ ᠢ ᠭᠦᠢᠴᠡᠳ ᠠᠰᠢᠭᠯᠠᠨ᠂ ᠲᠥᠯᠥᠭᠡᠯᠡᠭᠴᠢ ᠭᠡᠰᠢᠭᠦᠳ ᠤᠨ ᠡᠭᠦᠷᠭᠡ ᠲᠤᠰᠢᠶᠠᠯ ᠢᠶᠠᠨ ᠭᠦᠢᠴᠡᠳᠬᠡᠬᠦ ᠴᠢᠳᠠᠪᠤᠷᠢ ᠶᠢ ᠳᠡᠭᠡᠭᠰᠢᠯᠡᠭᠦᠯᠬᠦ ᠶᠢ ᠠᠬᠢᠭᠤᠯᠬᠤ ᠠᠵᠢᠯᠯᠠᠭ᠎ᠠ ᠶᠢ ᠪᠥᠬᠦ ᠲᠠᠯ᠎ᠠ ᠪᠠᠷ ᠥᠷᠨᠢᠭᠦᠯᠵᠦ᠂ ᠪᠠᠯᠭᠠᠰᠤᠨ ᠤ ᠱᠠᠲᠤᠨ ᠤ ︽ᠬᠤᠶᠠᠷ ᠲᠥᠯᠥᠭᠡᠯᠡᠭᠴᠢ ᠨᠢᠭᠡ ᠭᠡᠰᠢᠭᠦᠨ︾ ᠤ ᠬᠤᠯᠪᠣᠭ᠎ᠠ ᠠᠪᠬᠤ ᠲᠠᠰᠤᠭ᠂ ᠲᠣᠰᠬᠤᠨ ᠤ ᠱᠠᠲᠤᠨ ᠤ ︽ᠬᠤᠶᠠᠷ ᠲᠥᠯᠥᠭᠡᠯᠡᠭᠴᠢ ᠨᠢᠭᠡ ᠭᠡᠰᠢᠭᠦᠨ︾ ᠤ ᠬᠤᠯᠪᠣᠭ᠎ᠠ ᠠᠪᠬᠤ ᠥᠷᠲᠡᠭᠡ ᠲᠣᠰ ᠲᠣᠰ ᠤᠨ ᠡᠭᠦᠷᠭᠡ ᠲᠤᠰᠢᠶᠠᠯ ᠢᠶᠠᠨ ᠭᠦᠢᠴᠡᠳᠭᠡᠵᠤ᠂ ᠲᠣᠰ ᠲᠣᠰ ᠤᠨ ᠬᠠᠷᠢᠭᠤᠴᠠᠯᠭ᠎ᠠ ᠪᠠᠨ ᠭᠦᠢᠴᠡᠳᠭᠡᠵᠤ᠂ ᠠᠵᠢᠯ ᠤᠨ ᠬᠤᠪᠢᠶᠠᠷᠢᠯᠠᠯ ᠬᠠᠮᠵᠢᠯᠴᠠᠨ ᠡᠯᠪᠡᠭ ᠪᠠᠶᠠᠯᠢᠭ ᠣᠯᠠᠨ ᠶᠠᠩᠵᠤ ᠶᠢᠨ ᠲᠥᠯᠥᠭᠡᠯᠡᠭᠴᠢ ᠶᠢᠨ ᠡᠭᠦᠷᠭᠡ ᠲᠤᠰᠢᠶᠠᠯ ᠢᠶᠠᠨ ᠭᠦᠢᠴᠡᠳᠭᠡᠬᠦ ᠴᠢᠳᠠᠪᠤᠷᠢ ᠶᠢ ᠳᠡᠭᠡᠭᠰᠢᠯᠡᠭᠦᠯᠬᠦ ᠠᠵᠢᠯᠯᠠᠭ᠎ᠠ ᠶᠢ ᠪᠥᠬᠦ ᠲᠠᠯ᠎ᠠ ᠪᠠᠷ ᠥᠷᠨᠢᠭᠦᠯᠪᠡ᠃ ᠪᠣᠳᠠᠲᠠᠶ ᠪᠠᠶᠢᠳᠠᠯ ᠭᠡᠪᠡᠯ᠄      ᠨᠢᠭᠡ᠂ ᠦᠵᠡᠯ ᠰᠠᠨᠠᠭ᠎ᠠ ᠪᠠᠨ ᠪᠠᠲᠤᠳᠬᠠᠵᠤ ᠦᠨᠳᠦᠰᠦᠨ ᠵᠦᠢᠯ ᠢᠶᠠᠨ ᠪᠠᠲᠤᠳᠬᠠᠨ ᠨᠠᠮ ᠤᠨ ᠤᠳᠤᠷᠢᠳᠤᠯᠭ᠎ᠠ ᠶᠢ ᠪᠠᠷᠢᠮᠲᠠᠯᠠᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠤᠯᠤᠰ ᠲᠦᠷᠦ ᠶᠢᠨ ᠳᠠᠪᠠᠭᠤᠯᠢᠭ ᠢ ᠤᠯᠠᠮ ᠨᠢᠭᠡ ᠠᠯᠬᠤᠮ ᠪᠠᠳᠠᠷᠠᠭᠤᠯᠬᠤ ᠬᠡᠷᠡᠭᠲᠡᠢ      ᠪᠠᠯᠭᠠᠰᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠨᠢ ᠬᠡᠰᠡᠭ ᠬᠤᠪᠢᠶᠠᠨ ᠶᠠᠷᠢᠯᠴᠠᠬᠤ᠂ ᠬᠠᠮᠲᠤ ᠪᠠᠷ ᠰᠤᠷᠤᠯᠴᠠᠬᠤ᠂ ᠲᠤᠰᠬᠠᠢ ᠰᠣᠯᠢᠯᠴᠠᠭ᠎ᠠ ᠬᠢᠬᠦ ᠵᠡᠷᠭᠡ ᠬᠡᠯᠪᠡᠷᠢ ᠪᠠᠷ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠰᠤᠷᠤᠯᠴᠠᠯᠭ᠎ᠠ ᠶᠢᠨ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠲᠥᠪ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠬᠤᠷᠠᠯ ᠳᠡᠭᠡᠷᠡᠬᠢ ᠶᠠᠷᠢᠶ᠎ᠠ ᠶᠢ ᠪᠦᠬᠦ ᠲᠠᠯ᠎ᠠ ᠪᠠᠷ ᠰᠤᠷᠤᠯᠴᠠᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ ᠦᠢᠯᠡᠳᠦᠯ ᠢᠶᠠᠨ ᠭᠦᠢᠴᠡᠳ ᠪᠠᠳᠠᠷᠠᠭᠤᠯᠬᠤ ᠶᠢ ᠵᠣᠷᠢᠭᠵᠢᠭᠤᠯᠵᠤ᠂ ᠠᠷᠠᠳ ᠲᠦᠮᠡᠨ ᠬᠦᠰᠡᠯ ᠱᠠᠭᠠᠷᠳᠠᠯᠭ᠎ᠠ ᠲᠠᠢ ᠪᠣᠯ ᠪᠢᠳᠡ ᠬᠠᠷᠢᠭᠤ ᠥᠭᠬᠦ ᠶᠢ ᠪᠡᠶᠡᠯᠡᠭᠦᠯᠬᠦ ᠬᠡᠷᠡᠭᠲᠡᠢ᠃ ᠲᠠᠰᠤᠷᠠᠯᠳᠠ ᠦᠭᠡᠢ ᠰᠤᠷᠤᠯᠴᠠᠬᠤ ᠪᠠᠷ ᠲᠠᠮᠵᠢᠨ᠂ ᠰᠢᠨ᠎ᠡ ᠴᠠᠭ ᠦᠶ᠎ᠡ᠂ ᠰᠢᠨ᠎ᠡ ᠠᠶᠠᠨ ᠤ ᠰᠢᠨ᠎ᠡ ᠱᠠᠭᠠᠷᠳᠠᠯᠭ᠎ᠠ ᠶᠢ ᠣᠨᠣᠪᠴᠢᠲᠠᠢ ᠡᠵᠡᠮᠳᠡᠵᠦ᠂ ᠠᠷᠠᠳ ᠤᠨ ᠪᠠᠶᠢᠳᠠᠯ ᠢ ᠨᠡᠩ ᠰᠠᠶᠢᠲᠤᠷ ᠣᠶᠢᠯᠠᠭᠠᠵᠤ ᠂ ᠠᠷᠠᠳ ᠤᠨ ᠰᠠᠨᠠᠭ᠎ᠠ ᠶᠢ ᠦᠨᠡᠨ ᠪᠣᠳᠠᠲᠠᠢ ᠲᠤᠰᠬᠠᠵᠤ᠂ ᠠᠷᠠᠳ ᠤᠨ ᠤᠶᠤᠨ ᠤᠬᠠᠭᠠᠨ ᠢ ᠥᠷᠭᠡᠨ ᠢᠶᠠᠷ ᠲᠥᠪᠯᠡᠷᠡᠭᠦᠯᠵᠦ ᠂ ᠨᠠᠮ ᠤᠨ ᠲᠥᠪ ᠬᠤᠷᠢᠶᠠᠨ ᠤ ᠴᠢᠭᠯᠡᠯᠲᠡ ᠲᠦᠷᠦ ᠶᠢᠨ ᠪᠤᠳᠤᠯᠭ᠎ᠠ ᠶᠢ ᠢᠳᠡᠪᠬᠢᠲᠡᠢ ᠤᠬᠠᠭᠤᠯᠤᠨ ᠲᠦᠷᠦᠭᠦᠯᠡᠨ ᠲᠤᠭᠤᠰᠢᠯᠠᠭᠤᠯᠵᠤ᠂ ᠨᠠᠮ ᠪᠣᠯᠤᠨ ᠤᠯᠤᠰ ᠤᠨ ᠠᠷᠠᠳ ᠲᠦᠮᠡᠨ ᠲᠠᠢ ᠬᠠᠷᠢᠯᠴᠠᠬᠤ ᠬᠥᠭᠦᠷᠭᠡ ᠬᠤᠯᠪᠣᠭᠠᠰᠤ ᠪᠣᠯᠬᠤ ᠬᠡᠷᠡᠭᠲᠡᠢ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠤᠯᠤᠰ ᠲᠦᠷᠦ ᠶᠢᠨ ᠰᠢᠨᠵᠢ ᠴᠢᠨᠠᠷ ᠢ ᠪᠠᠲᠤ ᠡᠵᠡᠮᠳᠡᠵᠦ ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠢ ᠢᠮᠠᠭᠲᠠ ᠨᠠᠮ ᠤᠨ ᠤᠳᠤᠷᠢᠳᠤᠯᠭ᠎ᠠ ᠶᠢᠨ ᠳᠣᠣᠷ᠎ᠠ ᠲᠠᠯᠪᠢᠵᠤ᠂ ᠰᠢᠨ᠎ᠡ ᠠᠷᠭ᠎ᠠ ᠬᠡᠯᠪᠡᠷᠢ᠂ ᠰᠢᠨ᠎ᠡ ᠠᠷᠭ᠎ᠠ ᠶᠢ ᠭᠦᠢᠴᠡᠳ ᠬᠡᠷᠡᠭᠯᠡᠨ ᠨᠠᠮ ᠤᠨ ᠤᠨᠤᠯ ᠢ ᠪᠦᠬᠦ ᠲᠠᠯ᠎ᠠ ᠪᠠᠷ ᠰᠤᠷᠤᠯᠴᠠᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠨᠢᠭᠡᠪᠦᠷᠢ ᠳᠤ ᠴᠥᠮ ᠨᠠᠮ ᠤᠨ ᠴᠢᠭᠯᠡᠯᠲᠡ ᠲᠦᠷᠦ ᠶᠢᠨ ᠪᠤᠳᠤᠯᠭ᠎ᠠ ᠶᠢ ᠪᠦᠬᠦ ᠲᠠᠯ᠎ᠠ ᠪᠠᠷ ᠤᠢᠢᠯᠠᠭᠠᠭᠤᠯᠪᠠ᠃ ᠪᠠᠯᠭᠠᠰᠤᠨ ᠤ ᠠᠷᠪᠠᠨ ᠳᠣᠯᠣᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠸᠢᠴᠠᠲ ᠤᠨ ᠬᠤᠯᠪᠣᠭ᠎ᠠ ᠶᠢ ᠦᠷᠭᠦᠯᠵᠢᠯᠡᠨ ᠠᠰᠢᠭᠯᠠᠨ ᠣᠨᠣᠯ ᠰᠤᠷᠤᠯᠴᠠᠬᠤ ᠮᠠᠲ᠋ᠧᠷᠢᠶᠠᠯ ᠢ ᠲᠣᠭᠲᠠᠮᠠᠯ ᠬᠤᠭᠤᠴᠠᠭ᠎ᠠ ᠲᠠᠢ ᠪᠠᠷ ᠬᠦᠷᠭᠡᠨ ᠥᠭᠴᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠨᠢᠭᠡᠪᠦᠷᠢ ᠳᠤ ᠨᠠᠮ ᠤᠨ ᠳᠠᠭᠤᠨ ᠢ ᠳᠠᠮᠵᠢᠭᠤᠯᠵᠤ᠂ ᠲᠥᠯᠥᠭᠡᠯᠡᠭᠴᠢ ᠨᠢᠭᠡᠪᠦᠷᠢ ᠶᠢᠨ ᠦᠵᠡᠯ ᠰᠠᠨᠠᠭ᠎ᠠ ᠶᠢ ᠪᠠᠶᠢᠩᠭᠤ ᠰᠢᠨᠡᠴᠢᠯᠡᠵᠦ᠂ ᠤᠯᠤᠰ ᠲᠦᠷᠦ ᠶᠢᠨ ᠤᠬᠠᠮᠰᠠᠷ ᠢ ᠪᠠᠶᠢᠩᠭᠤ ᠰᠢᠨ᠎ᠡ ᠪᠣᠯᠭᠠᠨ᠎ᠠ᠃ ᠲᠠᠰᠤᠷᠠᠯᠲᠠ ᠦᠭᠡᠢ ᠪᠣᠯᠪᠠᠰᠤᠷᠠᠯ ᠢᠶᠠᠷ ᠳᠠᠮᠵᠢᠨ᠂ ᠲᠥᠯᠥᠭᠡᠯᠡᠭᠴᠢ ᠨᠢᠭᠡᠪᠦᠷᠢ ᠶᠢ ᠨᠠᠮ ᠤᠨ ᠤᠨᠤᠯ ᠤᠨ ᠤᠬᠠᠭᠤᠯᠭ᠎ᠠ ᠶᠢᠨ ︽ᠲᠣᠮᠣᠳᠬᠠᠭᠤᠷ︾ ᠪᠣᠯᠭᠠᠬᠤ ᠬᠡᠷᠡᠭᠲᠡᠢ᠃      ᠬᠤᠶᠠᠷ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠡᠨᠡ ᠬᠦ ᠭᠤᠣᠯ ᠰᠢᠵᠢᠮ ᠢ ᠪᠣᠳᠠᠲᠠᠢ ᠠᠳᠬᠤᠵᠤ ᠰᠠᠶᠢᠲᠤᠷ ᠠᠳᠬᠤᠬᠤ ᠬᠡᠷᠡᠭᠲᠡᠢ      ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠡᠨᠡ ᠬᠦ ᠭᠤᠣᠯ ᠰᠢᠵᠢᠮ ᠢ ᠴᠢᠩᠭ᠎ᠠ ᠡᠵᠡᠮᠳᠡᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠣᠯ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠤᠨ ᠭᠤᠣᠯ ᠱᠤᠭᠤᠮ ᠮᠥᠨ᠂ ᠪᠠᠰᠠ ᠴᠤ ᠪᠦᠬᠦ ᠪᠠᠯᠭᠠᠰᠤᠨ ᠤ ᠠᠵᠢᠯ ᠤᠨ ᠭᠤᠣᠯ ᠱᠤᠭᠤᠮ ᠭᠡᠬᠦ ᠦᠨᠳᠦᠰᠦᠨ ᠵᠢᠷᠤᠮᠯᠠᠯ ᠮᠥᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠡᠨᠡ ᠬᠦ ᠭᠤᠣᠯ ᠰᠢᠵᠢᠮ ᠢ ᠦᠨᠡᠨ ᠪᠣᠳᠠᠲᠠᠢ ᠪᠦᠲᠦᠮᠵᠢᠲᠡᠢ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠡᠯ᠎ᠡ ᠲᠠᠯ᠎ᠠ᠂ ᠪᠦᠬᠦ ᠶᠠᠪᠤᠴᠠ ᠳᠤ ᠲᠤᠭᠤᠰᠢᠯᠠᠭᠤᠯᠬᠤ ᠬᠡᠷᠡᠭᠲᠡᠢ᠃ ᠪᠦᠬᠦ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠢ ᠬᠥᠲᠥᠯᠥᠨ ᠵᠢᠯᠣᠭᠤᠳᠴᠤ ᠪᠠᠶᠢᠭᠠᠳ ︽ᠵᠢᠷᠭᠤᠭᠠᠨ ᠥᠭᠦᠯᠡᠪᠦᠷᠢ︾ ᠶᠢᠨ ᠪᠣᠳᠠᠲᠤ ᠶᠠᠪᠤᠳᠠᠯ ᠤᠨ ᠶᠣᠰᠣ ᠤᠴᠢᠷ ᠢ ᠪᠠᠲᠤ ᠴᠡᠭᠡᠵᠢᠯᠡᠵᠦ᠂ ᠮᠣᠩᠭᠤᠯ ᠮᠣᠷᠢᠨ ᠤ ᠵᠣᠷᠢᠭ ᠰᠠᠨᠠᠭ᠎ᠠ ᠪᠠ ︽ᠭᠤᠷᠪᠠᠨ ᠤᠮᠠᠷᠠᠲᠤ ᠶᠢᠨ ᠵᠣᠷᠢᠭ ᠰᠠᠨᠠᠭ᠎ᠠ︾ ᠶᠢ ᠶᠡᠬᠡᠪᠡᠷ ᠪᠠᠳᠠᠷᠠᠭᠤᠯᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠢ ᠬᠥᠭᠵᠢᠭᠦᠯᠦᠨ ᠮᠠᠨᠳᠤᠭᠤᠯᠬᠤ ᠦᠢᠯᠡᠳᠦᠯᠭᠡ ᠶᠢᠨ ᠳᠤᠮᠳᠠ ᠲᠠᠯᠪᠢᠵᠤ ᠬᠢᠨᠠᠨ ᠰᠢᠨᠵᠢᠯᠡᠬᠦ ᠪᠠ ᠲᠥᠯᠥᠪᠵᠢᠭᠦᠯᠬᠦ ᠶᠢ ᠪᠠᠷᠢᠮᠲᠠᠯᠠᠵᠤ᠂ ᠭᠠᠷᠳᠠᠬᠤ ᠴᠡᠭ ᠢᠶᠠᠨ ᠣᠨᠣᠪᠴᠢᠲᠠᠶ ᠣᠯᠵᠤ᠂ ᠤᠶᠠᠯᠳᠤᠯ ᠤᠨ ᠴᠡᠭ ᠢ ᠡᠵᠡᠮᠳᠡᠵᠦ᠂ ᠵᠠᠩᠭᠢᠯᠠᠭ᠎ᠠ ᠶᠢᠨ ᠴᠡᠭ ᠢᠶᠠᠷ ᠬᠦᠴᠦᠯᠡᠨ᠂ ︽ᠬᠤᠶᠠᠷ ᠶᠡᠭᠡ ᠶᠠᠪᠤᠳᠠᠯ︾ ᠪᠠ ︽ᠬᠤᠶᠠᠷ ᠬᠦᠷᠢᠶᠡᠯᠡᠩ ᠬᠤᠶᠠᠷ ᠲᠣᠭᠤᠷᠢᠭ︾ ᠤᠨ ᠪᠦᠲᠦᠭᠡᠨ ᠪᠠᠶᠢᠭᠤᠯᠤᠯᠲᠠ ᠵᠡᠷᠭᠡ ᠬᠠᠷᠠᠯᠲᠠ ᠳᠤ ᠬᠦᠴᠦᠨ ᠨᠡᠮᠡᠷᠢᠯᠡᠵᠦ᠂ ᠥᠨᠳᠥᠷ ᠦᠷ᠎ᠡ ᠪᠦᠲᠦᠮᠵᠢᠲᠡᠶ ᠬᠢᠨᠠᠯᠲᠠ ᠲᠠᠯᠪᠢᠯᠲᠠ ᠪᠠᠷ ᠠᠵᠢᠯ ᠤᠨ ᠨᠠᠶᠢᠳᠠᠪᠤᠷᠢᠵᠢᠭᠤᠯᠤᠯᠲᠠ ᠶᠢ ᠠᠬᠢᠭᠤᠯᠬᠤ᠂ ᠥᠨᠳᠥᠷ ᠬᠢᠷᠢ ᠲᠦᠪᠰᠢᠨ ᠪᠥᠬᠦᠶ ᠰᠠᠨᠠᠭᠤᠯᠭ᠎ᠠ ᠶᠢ ᠬᠠᠮᠲᠤ ᠶᠢᠨ ᠵᠣᠷᠢᠭ ᠰᠠᠨᠠᠭ᠎ᠠ ᠶᠢ ᠨᠢᠭᠲᠠᠷᠠᠭᠤᠯᠬᠤ᠂ ᠥᠨᠳᠥᠷ ᠪᠠᠷᠢᠮᠵᠢᠶ᠎ᠠ ᠪᠠᠷ ᠦᠢᠯᠡᠴᠢᠯᠡᠬᠦ ᠪᠠᠷ ᠲᠥᠯᠥᠭᠡᠯᠡᠭᠴᠢᠳ ᠤᠨ ᠦᠢᠯᠡᠳᠦᠯ ᠢ ᠪᠠᠳᠠᠷᠠᠭᠤᠯᠵᠤ᠂ ᠰᠢᠨ᠎ᠡ ᠴᠠᠭ ᠦᠶ᠎ᠡ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠦᠴᠦᠨ ᠢᠶᠠᠷ ᠬᠠᠷᠠᠯᠲᠠ ᠡᠭᠦᠷᠭᠡ ᠶᠢ ᠴᠢᠨᠠᠷ ᠰᠠᠶᠢᠲᠠᠶ ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠢ᠃ ᠲᠠᠰᠤᠷᠠᠯᠲᠠ ᠦᠭᠡᠢ ᠦᠢᠯᠡᠳᠦᠯᠭᠡᠵᠢᠭᠦᠯᠬᠦ ᠪᠠᠷ ᠳᠠᠮᠵᠢᠭᠤᠯᠤᠨ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠨᠢᠭᠡᠪᠦᠷᠢ ᠶᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ︽ᠡᠵᠡᠨ ᠬᠥᠮᠦᠨ︾ ᠪᠣᠯᠭᠠᠨ᠎ᠠ᠃              ᠭᠤᠷᠪᠠ᠂ ᠣᠯᠠᠨ ᠲᠦᠮᠡᠨ ᠤ ᠠᠱᠢᠭ ᠲᠤᠰᠠ ᠶᠢ ᠪᠣᠳᠣᠵᠤ᠂ ᠲᠥᠯᠥᠭᠡᠯᠡᠭᠴᠢ ᠶᠢᠨ ᠬᠦᠴᠦᠨ ᠢ ᠨᠢᠭᠲᠠᠷᠠᠭᠤᠯᠤᠨ᠎ᠠ      ᠲᠥᠯᠥᠭᠡᠯᠡᠭᠴᠢᠳ ᠤᠨ ᠶᠡᠭᠡ ᠬᠤᠷᠠᠯ ᠤᠨ ᠲᠦᠷᠢᠮ ᠢᠶᠠᠷ ᠳᠠᠮᠵᠢᠭᠤᠯᠤᠨ ᠠᠷᠠᠳ ᠲᠦᠮᠡᠨ ᠤ ᠡᠷᠬᠡ ᠮᠡᠳᠡᠵᠦ ᠡᠵᠡᠨ ᠰᠠᠭᠤᠬᠤ᠂ ᠤᠯᠠᠨ ᠲᠦᠮᠡᠨ ᠤ ᠠᠰᠢᠭ ᠲᠤᠰᠠ ᠶᠢ ᠬᠠᠮᠠᠭᠠᠯᠠᠬᠤ ᠶᠢ ᠭᠦᠢᠴᠡᠳ ᠪᠠᠲᠤᠯᠠᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠦᠷᠦᠯ ᠵᠦᠢᠯ ᠤᠨ ᠪᠢᠯᠧᠲ ᠥᠭᠬᠦ ᠲᠦᠷᠢᠮ᠂ ᠬᠠᠨᠤᠮᠵᠢ ᠶᠢᠨ ᠬᠡᠮᠵᠢᠶ᠎ᠡ ᠶᠢ ᠰᠢᠯᠭᠠᠨ ᠦᠨᠡᠯᠡᠬᠦ ᠲᠦᠷᠢᠮ ᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠡᠯ᠎ᠡ ᠵᠦᠢᠯ ᠤᠨ ᠬᠥᠭᠵᠢᠯᠲᠡ ᠶᠢᠨ ᠠᠷᠭ᠎ᠠ ᠬᠡᠮᠵᠢᠶ᠎ᠡ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠬᠤ ᠶᠢ ᠠᠬᠢᠭᠤᠯᠵᠤ᠂ ᠤᠯᠠᠨ ᠲᠦᠮᠡᠨ ᠤ ᠪᠠᠴᠢᠮᠳᠠᠵᠤ ᠬᠦᠴᠢᠷᠳᠡᠵᠦ ᠵᠣᠪᠠᠨᠢᠵᠤ ᠬᠦᠰᠡᠵᠦ ᠪᠠᠶᠢᠭ᠎ᠠ ᠠᠰᠠᠭᠤᠳᠠᠯ ᠢ ᠰᠢᠢᠳᠪᠦᠷᠢᠯᠡᠬᠦ ᠶᠢ ᠨᠡᠩ ᠪᠦᠲᠦᠮᠵᠢᠲᠡᠢ ᠠᠬᠢᠭᠤᠯᠵᠤ᠂ ᠤᠯᠠᠨ ᠲᠦᠮᠡᠨ ᠤ ᠬᠠᠯᠠᠭᠤᠨ ᠬᠦᠢᠲᠡᠨ ᠪᠠ ᠬᠦᠴᠢᠷ ᠵᠣᠪᠠᠭᠤᠷᠢ ᠲᠠᠢ ᠲᠥᠯᠥᠭᠡᠯᠡᠭᠴᠢ ᠪᠣᠯᠬᠤ ᠶᠢ ᠤᠷᠢᠳᠠᠪᠠᠷ ᠮᠡᠳᠡᠵᠦ᠂ ᠤᠯᠠᠨ ᠲᠦᠮᠡᠨ ᠤ ᠬᠦᠰᠡᠯ ᠡᠷᠡᠮᠡᠯᠵᠡᠯ ᠤᠨ ᠲᠤᠬᠠᠢ ᠲᠥᠯᠥᠭᠡᠯᠡᠭᠴᠢᠳ ᠤᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠵᠠᠷᠯᠢᠭ ᠢ ᠪᠡᠶᠡᠯᠡᠭᠦᠯᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠪᠠᠷ ᠤᠯᠠᠨ ᠲᠦᠮᠡᠨ ᠤ ᠬᠦᠰᠡᠯ ᠰᠠᠨᠠᠭᠠᠨ ᠤ ︽ᠣᠷᠣᠯᠠᠨ ᠥᠭᠦᠯᠡᠭᠴᠢ︾ ᠪᠣᠯᠭᠠᠬᠤ ᠪᠠᠷ ᠴᠢᠷᠮᠠᠶᠢᠨ᠎ᠠ᠃      ᠳᠥᠷᠪᠡ᠂ ᠲᠣᠰ ᠪᠡᠶ᠎ᠡ ᠶᠢᠨ ᠪᠠᠶᠢᠭᠤᠯᠤᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠡᠭᠦᠷᠭᠡ ᠲᠤᠰᠢᠶᠠᠯ ᠢᠶᠠᠨ ᠭᠦᠢᠴᠡᠳᠭᠡᠬᠦ ᠴᠢᠳᠠᠪᠤᠷᠢ ᠪᠠᠨ ᠳᠡᠭᠡᠭᠰᠢᠯᠡᠭᠦᠯᠬᠦ ᠬᠡᠷᠡᠭᠲᠡᠢ      ᠪᠠᠯᠭᠠᠰᠤᠨ ᠤ ᠱᠠᠲᠤᠨ ᠤ ︽ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠬᠡᠷ︾ ᠤᠨ ᠬᠤᠯᠪᠣᠭ᠎ᠠ ᠠᠪᠬᠤ ᠲᠠᠰᠤᠭ ᠤᠨ ᠴᠢᠳᠠᠮᠵᠢ ᠶᠢ ᠪᠣᠶ ᠪᠣᠯᠭᠠᠬᠤ ᠶᠢ ᠪᠥᠬᠦ ᠲᠠᠯ᠎ᠠ ᠪᠠᠷ ᠥᠷᠨᠢᠭᠦᠯᠵᠦ᠂ ᠲᠥᠯᠥᠭᠡᠯᠡᠭᠴᠢᠳ ᠤᠨ ᠬᠡᠷᠡᠭ ᠵᠥᠪᠯᠡᠬᠦ ᠭᠠᠵᠠᠷ ᠲᠠᠢ᠂ ᠠᠷᠠᠳ ᠤᠨ ᠰᠠᠨᠠᠭ᠎ᠠ ᠶᠢ ᠲᠤᠰᠬᠠᠬᠤ ᠬᠥᠮᠦᠨ ᠲᠠᠢ ᠪᠠᠶᠢᠬᠤ ᠶᠢ ᠪᠡᠶᠡᠯᠡᠭᠦᠯᠵᠦ᠂ ᠲᠥᠯᠥᠭᠡᠯᠡᠭᠴᠢᠳ ᠤᠨ ᠬᠠᠷᠢᠶᠠᠯᠠᠭᠳᠠᠬᠤ ᠰᠡᠳᠬᠢᠯᠭᠡ᠂ ᠬᠠᠷᠢᠭᠤᠴᠠᠯᠭᠠᠲᠤ ᠰᠡᠳᠬᠢᠯᠭᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ᠃ ︽ᠤᠮᠠᠷᠠᠲᠤ ᠬᠢᠯᠢ ᠶᠢᠨ ᠠᠷᠠᠳ ᠤᠨ ᠰᠡᠳᠬᠢᠯ ᠤᠨ ᠬᠥᠭᠦᠷᠭᠡ︾ ᠸᠢᠴᠠᠲ ᠤᠨ ᠵᠢᠵᠢᠭ ᠫᠷᠣᠭ᠍ᠷᠠᠮ ᠢ ᠭᠦᠢᠴᠡᠳ ᠬᠡᠷᠡᠭᠯᠡᠵᠦ᠂ ᠠᠷᠠᠳ ᠤᠨ ᠲᠥᠯᠥᠭᠡᠯᠡᠭᠴᠢᠳ ᠤᠨ ᠡᠭᠦᠷᠭᠡ ᠲᠤᠰᠢᠶᠠᠯ ᠢᠶᠠᠨ ᠭᠦᠢᠴᠡᠳᠬᠡᠬᠦ ︽ᠪᠦᠬᠦᠯᠢ ᠡᠳᠦᠷ︾ ᠢ ᠠᠬᠢᠭᠤᠯᠤᠨ᠎ᠠ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠢ ᠰᠠᠨᠠᠭᠠᠴᠢᠯᠠᠭ᠎ᠠ ᠠᠴᠠ ᠪᠠᠨ ︽ᠤᠴᠢᠷ ᠶᠠᠪᠤᠳᠠᠯ ᠢ ᠡᠷᠢᠬᠦ︾᠂ ᠰᠡᠳᠬᠢᠯ ᠲᠠᠯᠪᠢᠨ ︽ᠤᠴᠢᠷ ᠶᠠᠪᠤᠳᠠᠯ ᠢ ᠪᠣᠳᠣᠯᠬᠢᠯᠠᠬᠤ︾᠂ ᠯᠠᠪᠳᠠᠭᠤᠨ ᠪᠠᠲᠤᠲᠠᠶ ︽ᠠᠵᠢᠯ ᠶᠠᠪᠤᠳᠠᠯ ᠬᠢᠬᠦ︾ ᠪᠣᠯᠭᠠᠵᠤ᠂ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠬᠡᠯᠪᠡᠷᠢ᠂ ᠠᠭᠤᠯᠭ᠎ᠠ᠂ ᠦᠷ᠎ᠡ ᠪᠦᠲᠦᠭᠡᠯ ᠵᠡᠷᠭᠡ ᠲᠠᠯ᠎ᠠ ᠪᠠᠷ ᠰᠢᠨ᠎ᠡ ᠬᠤᠪᠢᠷᠠᠯᠲᠠ ᠶᠢ ᠡᠷᠢᠯᠬᠢᠯᠡᠵᠦ ᠰᠢᠪᠲᠤᠯᠤᠯᠲᠠ ᠶᠢ ᠡᠷᠢᠯᠬᠢᠯᠡᠬᠦ ᠪᠠᠷ ᠴᠢᠷᠮᠠᠶᠢᠵᠤ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠪᠠ ᠪᠥᠬᠦ ᠪᠠᠯᠭᠠᠰᠤᠨ ᠤ ᠠᠵᠤ ᠠᠬᠤᠶ ᠨᠡᠶᠢᠭᠡᠮ ᠤᠨ ᠬᠥᠭᠵᠢᠯᠲᠡ ᠳᠤ ᠦᠢᠯᠡᠴᠢᠯᠡᠬᠦ ᠵᠣᠬᠢᠴᠠᠯ ᠤᠨ ᠴᠡᠭ ᠢ ᠦᠨᠡᠨ ᠬᠦ ᠡᠷᠢᠵᠦ ᠣᠯᠬᠤ ᠬᠡᠷᠡᠭᠲᠡᠶ᠃ ᠣᠯᠠᠨ ᠲᠦᠮᠡᠨ ᠳᠤ ᠤᠶᠢᠯᠡᠴᠢᠯᠡᠬᠦ ︽ᠳᠠᠭᠠᠭᠤᠯᠤᠭᠴᠢ︾᠂ ᠭᠤᠤᠯᠳᠠᠯᠭ᠎ᠠ ᠲᠠᠢ ᠠᠵᠢᠯ ᠤᠨ ︽ᠬᠢᠨᠠᠯᠲᠠ ᠲᠠᠯᠪᠢᠭᠴᠢ︾᠂ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠤᠨ ︽ᠤᠬᠠᠭᠤᠯᠤᠭᠴᠢ︾᠂ ᠰᠠᠨᠠᠯ ᠰᠠᠨᠠᠭᠤᠯᠭ᠎ᠠ ᠨᠢ ︽ᠴᠤᠭᠯᠠᠭᠤᠯᠤᠭᠴᠢ︾᠂ ᠵᠥᠷᠢᠴᠡᠯ ᠵᠢᠭᠤᠷᠠᠯᠳᠤᠭᠠᠨ ᠤ ︽ᠡᠶᠡᠳᠡᠭᠦᠯᠦᠭᠴᠢ︾ ᠵᠡᠷᠭᠡ ᠲᠠᠪᠤᠨ ᠶᠡᠭᠡ ᠭᠡᠰᠢᠭᠦᠨ ᠤ ᠡᠭᠦᠷᠭᠡ ᠬᠠᠷᠢᠭᠤᠴᠠᠯᠭ᠎ᠠ ᠶᠢ ᠰᠠᠨᠠᠭᠠᠴᠢᠯᠠᠭ᠎ᠠ ᠠᠴᠠ ᠪᠠᠨ ᠡᠭᠦᠷᠭᠡᠯᠡᠵᠦ᠂ ᠣᠯᠠᠨ ᠲᠦᠮᠡᠨ ᠳᠤ ᠤᠶᠢᠯᠡᠴᠢᠯᠡᠬᠦ ᠳᠤ ︽ᠵᠠᠶ ᠥᠬᠡᠶ︾ ᠪᠠᠶᠢᠬᠤ ᠶᠢ ᠪᠡᠶᠡᠯᠡᠭᠦᠯᠪᠡ᠃ ᠡᠭᠦᠨ ᠤ ᠬᠠᠮᠲᠤ᠂ ᠲᠥᠯᠥᠭᠡᠯᠡᠭᠴᠢᠳ ᠤᠨ ᠤᠯᠤᠰ ᠲᠦᠷᠦ ᠶᠢᠨ ᠤᠬᠠᠮᠰᠠᠷ ᠢ ᠴᠢᠷᠮᠠᠶᠢᠨ ᠳᠡᠭᠡᠭᠰᠢᠯᠡᠭᠦᠯᠵᠦ᠂ ᠨᠠᠮ ᠤᠨ ᠤᠨᠤᠯ ᠤᠨ ᠰᠤᠷᠤᠯᠴᠠᠯᠭ᠎ᠠ ᠶᠢ ᠡᠳᠦᠷ ᠲᠤᠳᠤᠮ ᠤᠨ ᠠᠵᠢᠯ ᠳᠤ ᠠᠭᠤᠰᠤᠯᠴᠠᠭᠤᠯᠵᠤ᠂ ᠪᠠᠶᠢᠩᠭᠤ ᠠᠳᠬᠤᠵᠤ᠂ ᠣᠨᠴᠠᠭᠠᠶᠢᠯᠠᠨ ᠰᠤᠷᠤᠯᠴᠠᠯᠭ᠎ᠠ ᠶᠢᠨ ᠬᠦᠴᠦᠷᠬᠡᠭ ᠤᠯᠤᠰ ᠤᠨ ᠲᠠᠪᠴᠠᠩ ᠢ ᠠᠰᠢᠭᠯᠠᠵᠤ᠂ ᠲᠥᠯᠥᠭᠡᠯᠡᠭᠴᠢᠳ ᠤᠨ ᠰᠤᠷᠤᠯᠴᠠᠯᠭ᠎ᠠ ᠶᠢᠨ ᠤᠬᠠᠮᠰᠠᠷᠲᠤ ᠴᠢᠨᠠᠷ᠂ ᠰᠠᠨᠠᠭᠠᠴᠢᠯᠠᠭᠠᠲᠤ ᠴᠢᠨᠠᠷ ᠢ ᠲᠠᠰᠤᠷᠠᠯᠳᠠ ᠦᠭᠡᠢ ᠳᠡᠭᠡᠭᠰᠢᠯᠡᠭᠦᠯᠵᠦ᠂ ᠤᠨᠤᠯ ᠤᠨ ᠲᠦᠪᠰᠢᠨ ᠤ ᠳᠡᠭᠡᠭᠰᠢᠯᠡᠯᠲᠡ ᠪᠠᠷ ᠲᠥᠯᠥᠭᠡᠯᠡᠭᠴᠢᠳ ᠤᠨ ᠡᠭᠦᠷᠭᠡ ᠲᠤᠰᠢᠶᠠᠯ ᠢᠶᠠᠨ ᠭᠦᠢᠴᠡᠳᠬᠡᠬᠦ ᠤᠬᠠᠮᠰᠠᠷ ᠪᠣᠯᠤᠨ ᠴᠢᠳᠠᠪᠤᠷᠢ ᠬᠡᠪ ᠴᠢᠨᠠᠷ ᠢ ᠳᠡᠭᠡᠭᠰᠢᠯᠡᠭᠦᠯᠬᠦ ᠶᠢ ᠴᠢᠨᠠᠭᠰᠢᠳᠠ ᠠᠬᠢᠭᠤᠯᠬᠤ ᠬᠡᠷᠡᠭᠲᠡᠢ᠃ ᠨᠢᠭᠡ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠪᠣᠯᠬᠤ ᠳᠤ ᠠᠰᠢᠭ ᠭᠥᠷᠳᠡᠬᠦ ᠣᠶᠢᠯᠠᠭᠠᠭᠳᠠᠬᠤᠨ ᠢ ᠰᠡᠳᠬᠢᠯ ᠳᠡᠭᠡᠨ ᠬᠠᠳᠠᠩᠰᠢᠭᠤᠯᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠶᠢ ᠦᠵᠡᠯ ᠰᠠᠨᠠᠭᠠᠨ ᠤ ︽ᠴᠡᠪᠡᠷᠯᠡᠭᠦᠷ︾ ᠪᠣᠯᠭᠠᠬᠤ ᠬᠡᠷᠡᠭᠲᠡᠶ᠃               ᠵᠤᠬᠢᠶᠠᠭᠴᠢ᠄ ᠵᠠᠩ ᠭᠤᠤ ᠪᠠᠯᠭᠠᠰᠤ           ᠤᠷᠴᠢᠭᠤᠯᠤᠭᠴᠢ᠄ ᠨᠠᠷᠠᠰᠤ           ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠤᠷᠳᠤᠨ ᠤ ᠬᠢᠲᠠᠳ ᠲᠤᠤᠷ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3