ᠶᠡᠷᠦᠩᠬᠡᠢ ᠱᠦᠵᠢ ᠰᠢ ᠶᠢᠨ ᠫᠢᠩ ᠤᠨ ᠤᠯᠤᠰ ᠤᠨ ᠠᠮᠤᠷ ᠲᠦᠪᠰᠢᠨ ᠤ ᠬᠥᠮᠦᠵᠢᠯ ᠢ ᠪᠦᠬᠦ ᠲᠠᠯ᠎ᠠ ᠪᠠᠷ | ᠴᠢᠩᠭᠠᠳᠬᠠᠬᠤ ᠲᠤᠬᠠᠢ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ | ᠨᠠᠶᠢᠳᠠᠪᠤᠷᠢᠵᠢᠭᠤᠯᠵᠤ᠂ ᠤᠯᠤᠰ ᠤᠨ ᠠᠮᠤᠷ ᠲᠦᠪᠰᠢᠨ ᠤ ᠬᠠᠤᠯᠢᠵᠢᠯ ᠤᠨ ᠤᠬᠠᠭᠤᠯᠭ᠎ᠠ ᠬᠥᠮᠦᠵᠢᠯ ᠢ | ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠠᠬᠢᠭᠤᠯᠵᠤ᠂ ᠪᠦᠬᠦ ᠠᠷᠠᠳ ᠤᠨ ᠤᠯᠤᠰ ᠤᠨ ᠠᠮᠤᠷ ᠲᠦᠪᠰᠢᠨ ᠤ | ᠤᠬᠠᠮᠰᠠᠷ ᠪᠣᠯᠤᠨ ᠬᠠᠤᠯᠢᠵᠢᠯ ᠤᠨ ᠤᠬᠠᠮᠰᠠᠷ ᠢ ᠴᠢᠩᠭᠠᠳᠬᠠᠬᠤ ᠶᠢᠨ ᠲᠥᠯᠥᠭᠡ᠃ 4 ᠰᠠᠷ᠎ᠠ ᠶᠢᠨ 15 ᠤ ᠡᠳᠦᠷ᠂ | ᠰᠢᠩ ᠾᠧ ᠰᠢᠶᠠᠨ ᠰᠢᠨ᠎ᠡ ᠱᠢ ᠵᠢᠢ ᠠᠭᠤᠳᠠᠮ ᠲᠠᠯᠠᠪᠠᠢ ᠳᠤ ᠪᠦᠬᠦ ᠠᠷᠠᠳ ᠤᠨ ᠤᠯᠤᠰ ᠤᠨ ᠠᠮᠤᠷ ᠲᠦᠪᠰᠢᠨ ᠤ | ᠬᠥᠮᠦᠵᠢᠯ ᠤᠨ ᠡᠳᠦᠷ ᠤᠨ ᠤᠬᠠᠭᠤᠯᠭ᠎ᠠ ᠶᠢᠨ ᠠᠵᠢᠯᠯᠠᠭ᠎ᠠ ᠶᠢ ᠵᠣᠬᠢᠶᠠᠨ ᠪᠠᠶᠢᠭᠤᠯᠵᠤ ᠥᠷᠨᠢᠭᠦᠯᠪᠡ᠃ | ᠡᠨᠡ ᠵᠢᠯ ᠪᠣᠯ ᠤᠯᠤᠰ ᠤᠨ ᠠᠮᠤᠷ ᠲᠦᠪᠰᠢᠨ ᠤ ᠬᠠᠤᠯᠢ ᠶᠢ ᠨᠡᠶᠢᠲᠡᠯᠡᠨ ᠬᠡᠷᠡᠭᠵᠢᠭᠦᠯᠦᠭᠰᠡᠨ 10 ᠵᠢᠯ ᠤᠨ | ᠣᠶ ᠪᠣᠯᠤᠨ᠎ᠠ᠃ ᠠᠵᠢᠯᠯᠠᠭ᠎ᠠ ᠨᠢ ︽ᠪᠥᠬᠦ ᠠᠷᠠᠳ ᠤᠨ ᠤᠯᠤᠰ ᠤᠨ ᠠᠮᠤᠷ ᠲᠦᠪᠰᠢᠨ ᠤ ᠬᠥᠮᠦᠵᠢᠯ᠂ 10 | ᠵᠢᠯ ᠤᠨ ᠣᠶ ᠶᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ︾ ᠪᠠᠷ ᠭᠤᠤᠯ ᠰᠡᠳᠦᠪ ᠪᠣᠯᠭᠠᠵᠤ᠂ ᠤᠯᠤᠰ ᠤᠨ ᠠᠮᠤᠷ | ᠲᠦᠪᠰᠢᠨ ᠤ ᠬᠥᠮᠦᠵᠢᠯ ᠤᠨ ᠡᠳᠦᠷ ᠤᠨ ᠭᠤᠤᠯ ᠰᠡᠳᠦᠪᠲᠦ ᠤᠬᠠᠭᠤᠯᠭ᠎ᠠ ᠶᠢᠨ ᠬᠥᠨᠳᠡᠯᠡᠨ ᠪᠢᠴᠢᠭᠡᠰᠦ ᠶᠢ ᠡᠯᠭᠦᠬᠦ᠂ | ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠣᠯᠠᠨ ᠲᠦᠮᠡᠨ ᠳᠤ | ᠤᠯᠤᠰ ᠤᠨ ᠶᠡᠷᠦᠩᠬᠡᠶ ᠠᠮᠤᠷ ᠲᠦᠪᠰᠢᠨ ᠤ ᠦᠵᠡᠯᠲᠡ᠂ ᠰᠦᠯᠵᠢᠶᠡᠨ ᠤ ᠠᠮᠤᠷ ᠲᠦᠪᠰᠢᠨ᠂ ᠴᠠᠬᠢᠯᠭᠠᠨ | ᠬᠤᠯᠪᠣᠭᠠᠨ ᠤ ᠮᠡᠬᠡᠯᠡᠯ ᠢ ᠰᠡᠷᠭᠡᠶᠢᠯᠡᠬᠦ ᠵᠡᠷᠭᠡ ᠬᠠᠮᠢᠶ᠎ᠠ ᠪᠥᠬᠦᠶ ᠮᠡᠳᠡᠯᠭᠡ ᠪᠠ ᠬᠠᠤᠯᠢ ᠴᠠᠭᠠᠵᠠ ᠬᠠᠤᠯᠢ ᠲᠣᠭᠲᠠᠭᠠᠯ ᠢ | ᠲᠦᠭᠡᠮᠡᠯᠵᠢᠭᠦᠯᠵᠦ᠂ ᠣᠯᠠᠨ ᠲᠦᠮᠡᠨ ᠢ ᠬᠥᠲᠥᠯᠦᠨ ᠵᠢᠯᠣᠭᠤᠳᠴᠤ ᠪᠠᠶᠢᠭᠠᠳ ᠤᠯᠤᠰ ᠤᠨ ᠠᠮᠤᠷ ᠲᠦᠪᠰᠢᠨ ᠢ | ᠬᠠᠯᠠᠮᠵᠢᠯᠠᠨ ᠠᠩᠬᠠᠷᠴᠤ᠂ ᠥᠪᠡᠷ ᠢ ᠪᠠᠨ ᠬᠠᠮᠠᠭᠠᠯᠠᠬᠤ ᠤᠬᠠᠮᠰᠠᠷ ᠢ ᠨᠢ ᠳᠡᠭᠡᠭᠰᠢᠯᠡᠭᠦᠯᠵᠦ᠂ ᠪᠥᠬᠦ ᠠᠷᠠᠳ ᠤᠨ | ᠠᠵᠢᠯᠯᠠᠭ᠎ᠠ ᠶᠢᠨ ᠠᠮᠤᠷ ᠲᠦᠪᠰᠢᠨ ᠢ ᠰᠠᠬᠢᠬᠤ ᠬᠦᠴᠦᠷᠬᠡᠭ ᠶᠡᠭᠡ ᠰᠡᠷᠭᠡᠶᠢᠯᠡᠯᠲᠡ ᠶᠢᠨ ᠱᠤᠭᠤᠮ ᠢ ᠬᠠᠮᠲᠤ ᠪᠠᠷ | ᠪᠠᠬᠢᠵᠢᠭᠦᠯᠪᠡ᠃ | ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ ᠡᠯ᠎ᠡ ᠲᠦᠷᠦᠯ ᠤᠨ ᠤᠯᠤᠰ ᠤᠨ ᠠᠮᠤᠷ ᠲᠦᠪᠰᠢᠨ ᠤ | ᠤᠬᠠᠭᠤᠯᠭ᠎ᠠ ᠬᠥᠮᠦᠵᠢᠯ ᠤᠨ ᠮᠠᠲ᠋ᠧᠷᠢᠶᠠᠯ ᠢ ᠨᠡᠶᠢᠳᠡ 1000 ᠭᠠᠷᠤᠢ ᠬᠤᠪᠢ᠂ ᠡᠯ᠎ᠡ ᠲᠦᠷᠦᠯ ᠤᠨ ᠳᠤᠷᠠᠰᠬᠠᠯ ᠤᠨ | ᠪᠣᠳᠠᠰ ᠢ 200 ᠭᠠᠷᠤᠢ ᠬᠤᠪᠢ ᠲᠠᠷᠬᠠᠭᠠᠵᠤ᠂ ᠤᠯᠠᠨ ᠲᠦᠮᠡᠨ ᠳᠤ 100 ᠭᠠᠷᠤᠢ ᠬᠥᠮᠦᠨ ᠣᠷᠣᠯᠴᠠᠵᠤ᠂ | ᠬᠠᠤᠯᠢᠵᠢᠯ ᠤᠨ ᠵᠣᠷᠢᠭ ᠰᠠᠨᠠᠭ᠎ᠠ ᠶᠢ ᠴᠢᠨᠠᠭᠰᠢᠳᠠ ᠪᠠᠳᠠᠷᠠᠭᠤᠯᠵᠤ᠂ ᠤᠯᠠᠨ ᠤ ᠤᠯᠤᠰ ᠤᠨ ᠠᠮᠤᠷ ᠲᠦᠪᠰᠢᠨ ᠤ | ᠲᠤᠬᠠᠢ ᠲᠠᠨᠢᠯᠲᠠ ᠶᠢ ᠳᠡᠭᠡᠭᠰᠢᠯᠡᠭᠦᠯᠵᠦ᠂ ︽ᠪᠦᠬᠦ ᠠᠷᠠᠳ ᠢᠶᠠᠷ ᠢᠶᠠᠨ ᠬᠠᠷᠢᠭᠤᠴᠠᠯᠭ᠎ᠠ ᠪᠠᠨ ᠮᠡᠳᠡᠵᠦ᠂ ᠬᠥᠮᠦᠨ | ᠪᠦᠬᠦᠨ ᠬᠠᠷᠢᠭᠤᠴᠠᠯᠭ᠎ᠠ ᠪᠠᠨ ᠭᠦᠢᠴᠡᠳᠬᠡᠬᠦ︾ ᠤᠯᠤᠰ ᠤᠨ ᠠᠮᠤᠷ ᠲᠦᠪᠰᠢᠨ ᠤ ᠦᠵᠡᠯᠲᠡ ᠶᠢ ᠪᠦᠷᠢᠯᠳᠦᠭᠦᠯᠬᠦ ᠶᠢ | ᠠᠬᠢᠭᠤᠯᠵᠤ᠂ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠬᠠᠮᠲᠤᠪᠠᠷ ᠪᠠᠶᠢᠭᠤᠯᠬᠤ ᠨᠡᠶᠢᠭᠡᠮ ᠤᠨ | ᠬᠠᠮᠲᠤᠷᠠᠯ ᠤᠨ ᠬᠦᠴᠦᠨ ᠢ ᠨᠢᠭᠲᠠᠷᠠᠭᠤᠯᠪᠠ᠃ | | ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ | ᠤᠷᠴᠢᠭᠤᠯᠤᠭᠴᠢ᠄ ᠮᠥᠩᠭᠦᠨᠰᠤᠶᠢᠬᠡ | ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ |