ᠸᠠᠩ ᠬᠤᠢ ᠢᠦᠢ ᠰᠢᠩ ᠾᠧ ᠰᠢᠶᠠᠨ ᠤ ᠠᠷᠪᠠᠨ ᠲᠠᠪᠤᠳᠤᠭᠠᠷ ᠬᠤᠭᠤᠴᠠᠭᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ 2025 ᠣᠨ ᠤ 12 ᠳ᠋ᠤᠭᠠᠷ ᠤᠳᠠᠭ᠎ᠠ ᠶᠢᠨ ᠬᠤᠷᠠᠯ ᠢ ᠡᠷᠬᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/4/22
     4 ᠰᠠᠷ᠎ᠠ ᠶᠢᠨ 18 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠱᠦᠵᠢ ᠸᠠᠩ ᠬᠤᠢ ᠢᠦᠢ ᠰᠢᠶᠠᠨ ᠤ ᠠᠷᠪᠠᠨ ᠲᠠᠪᠤᠳᠤᠭᠠᠷ ᠬᠤᠭᠤᠴᠠᠭᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ 2025 ᠣᠨ ᠤ 12 ᠳ᠋ᠤᠭᠠᠷ ᠤᠳᠠᠭ᠎ᠠ ᠶᠢᠨ ᠬᠤᠷᠠᠯ ᠵᠢᠴᠢ ᠰᠢᠶᠠᠨ ᠤ ᠨᠠᠮ ᠤᠨ ᠬᠤᠷᠢᠶᠠᠨ ᠤ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠵᠥᠪᠯᠡᠯ ᠤᠨ ᠠᠩᠬᠠᠳᠤᠭᠠᠷ ᠤᠳᠠᠭ᠎ᠠ ᠶᠢᠨ ᠬᠤᠷᠠᠯ᠂ ᠰᠢᠶᠠᠨ ᠤ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠠᠵᠢᠯ ᠤᠨ ᠤᠳᠤᠷᠢᠳᠬᠤ ᠳᠤᠭᠤᠶᠢᠯᠠᠩ ᠤᠨ ᠠᠩᠬᠠᠳᠤᠭᠠᠷ ᠤᠳᠠᠭ᠎ᠠ ᠶᠢᠨ ᠬᠤᠷᠠᠯ᠂ ᠰᠢᠶᠠᠨ ᠤ ᠲᠠᠪᠤᠨ ᠶᠡᠭᠡ ᠡᠭᠦᠷᠭᠡ ᠶᠢ ᠪᠡᠶᠡᠯᠡᠭᠦᠯᠵᠦ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠤᠨ ᠠᠩᠬᠠᠳᠤᠭᠠᠷ ᠤᠳᠠᠭ᠎ᠠ ᠶᠢᠨ ᠬᠤᠷᠠᠯ ᠢ ᠡᠷᠬᠢᠯᠡᠨ ᠬᠤᠷᠠᠯᠳᠤᠭᠤᠯᠪᠠ᠃ ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠤᠢᠢᠷ᠎ᠠ ᠶᠢᠨ ᠬᠤᠭᠤᠴᠠᠭᠠᠨ ᠤ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ᠂ ᠬᠤᠳᠠ ᠶᠢᠨ ᠬᠤᠯᠪᠣᠭᠳᠠᠯ ᠪᠦᠬᠦᠢ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠨᠡᠶᠢᠭᠡᠮ᠂ ᠬᠥᠳᠡᠭᠡ ᠲᠣᠰᠬᠤᠨ᠂ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ᠂ ᠨᠢᠭᠡᠳᠦᠮᠡᠯ ᠹᠷᠣᠨᠲ᠂ ᠠᠵᠤ ᠠᠬᠤᠢ ᠶᠢᠨ ᠠᠵᠢᠯᠯᠠᠭ᠎ᠠ᠂ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ᠂ ᠠᠮᠤ ᠪᠤᠳᠠᠭᠠᠨ ᠤ ᠠᠮᠤᠷ ᠲᠦᠪᠰᠢᠨ ᠵᠡᠷᠭᠡ ᠬᠠᠮᠢᠶ᠎ᠠ ᠪᠦᠬᠦᠢ ᠠᠵᠢᠯ ᠢ ᠰᠤᠳᠤᠯᠤᠨ ᠪᠠᠶᠢᠷᠢᠯᠠᠭᠤᠯᠵᠤ᠂ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ ᠢ ᠬᠢᠨᠠᠨ ᠵᠥᠪᠯᠡᠪᠡ᠃      ᠬᠤᠷᠠᠯ ᠠᠴᠠ ᠴᠢᠩᠭᠠᠳᠬᠠᠭᠰᠠᠨ ᠨᠢ᠂ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢ ᠱᠠᠯᠠᠪᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠦᠨᠡᠨ ᠬᠦ ᠰᠠᠶᠢᠲᠤᠷ ᠠᠳᠬᠤᠵᠤ᠂ ᠤᠢ ᠰᠢᠭᠤᠢ ᠡᠪᠡᠰᠦ ᠪᠡᠯᠴᠢᠭᠡᠷ ᠢ ᠰᠦᠢᠳᠭᠡᠬᠦ ᠬᠠᠤᠯᠢ ᠲᠣᠭᠲᠠᠭᠠᠯ ᠠᠴᠠ ᠵᠥᠷᠢᠴᠡᠭᠰᠡᠨ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠡᠷᠡᠰ ᠬᠤᠷᠢᠭᠯᠠᠵᠤ᠂ ᠨᠤᠲᠤᠭ ᠪᠡᠯᠴᠢᠭᠡᠷ ᠪᠠ ᠣᠶᠢᠲᠤ ᠭᠠᠵᠠᠷ ᠢ ᠬᠠᠮᠠᠭᠠᠯᠠᠬᠤ ᠡᠨᠡ ᠬᠦ ᠬᠤᠷᠢᠭ᠎ᠠ ᠱᠤᠭᠤᠮ ᠢ ᠪᠠᠲᠤ ᠰᠠᠬᠢᠬᠤ ᠬᠡᠷᠡᠭᠲᠡᠢ᠃ ᠰᠢ ᠶᠢᠨ ᠫᠢᠩ ᠶᠡᠷᠦᠩᠬᠡᠢ ᠱᠦᠵᠢ ᠶᠢᠨ ᠲᠣᠭᠤᠷᠢᠨ ᠪᠠᠶᠢᠴᠠᠭᠠᠬᠤ ᠠᠵᠢᠯ ᠤᠨ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠤᠯᠤᠰ ᠲᠦᠷᠦ ᠶᠢᠨ ᠬᠢᠨᠠᠯᠲᠠ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠴᠢᠨᠠᠷ ᠰᠠᠶᠢᠲᠠᠢ ᠲᠣᠭᠤᠷᠢᠨ ᠪᠠᠶᠢᠴᠠᠭᠠᠯᠲᠠ ᠶᠢᠨ ᠶᠠᠰᠤ ᠴᠢᠨᠠᠷ ᠦᠷ᠎ᠡ ᠪᠦᠲᠦᠮᠵᠢ ᠪᠠᠷ ᠴᠢᠨᠠᠷ ᠰᠠᠶᠢᠲᠠᠢ ᠬᠥᠭᠵᠢᠯᠲᠡ ᠶᠢ ᠬᠠᠮᠠᠭᠠᠯᠠᠬᠤ ᠬᠡᠷᠡᠭᠲᠡᠢ᠃ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠠ ᠠᠵᠤ ᠦᠢᠯᠡᠰ ᠤᠨ ᠰᠢᠨ᠎ᠡ ᠶᠢ ᠡᠭᠦᠳᠬᠦ ᠶᠢᠨ ᠭᠦᠨᠵᠡᠭᠡᠢ ᠠᠭᠤᠰᠤᠯᠴᠠᠯ ᠢ ᠦᠷᠭᠦᠯᠵᠢᠯᠡᠨ ᠭᠦᠨᠵᠡᠭᠡᠶᠢᠷᠡᠭᠦᠯᠵᠦ᠂ ᠰᠢᠨᠵᠢᠯᠡᠬᠦ ᠤᠬᠠᠭᠠᠨ ᠮᠡᠷᠭᠡᠵᠢᠯ ᠤᠨ ︽ᠪᠦᠰᠡᠯᠡᠯᠲᠡ ᠶᠢ ᠰᠢᠪᠲᠤᠯᠬᠤ︾ ᠢᠨᠵᠧᠨᠧᠷᠢᠩ ᠢ ᠦᠷᠭᠦᠯᠵᠢᠯᠡᠨ ᠰᠠᠶᠢᠲᠤᠷ ᠬᠡᠷᠡᠭᠵᠢᠭᠦᠯᠵᠦ᠂ ᠠᠵᠤ ᠠᠬᠤᠶᠢᠯᠠᠯ ᠤᠨ ᠭᠤᠣᠯ ᠴᠣᠭᠴᠠ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠭᠤᠣᠯᠯᠠᠬᠤ ᠮᠡᠷᠭᠡᠵᠢᠯ ᠤᠨ ᠪᠣᠭᠤᠮᠲᠠ ᠰᠢᠪᠲᠤᠯᠬᠤ ᠪᠠ ᠦᠷ᠎ᠡ ᠪᠦᠲᠦᠭᠡᠯ ᠢ ᠬᠤᠪᠢᠷᠠᠭᠤᠯᠬᠤ ᠲᠠᠯ᠎ᠠ ᠪᠠᠷ ᠨᠡᠩ ᠶᠡᠭᠡ ᠦᠷ᠎ᠡ ᠪᠦᠲᠦᠮᠵᠢ ᠤᠯᠬᠤ ᠪᠠᠷ ᠴᠢᠷᠮᠠᠶᠢᠬᠤ ᠬᠡᠷᠡᠭᠲᠡᠢ᠃ ︽ᠭᠤᠷᠪᠠᠨ ᠨᠣᠭᠤᠭᠠᠨ︾ ᠢ ᠵᠡᠷᠭᠡᠪᠡᠷ ᠠᠳᠬᠤᠬᠤ ᠶᠢ ᠪᠠᠷᠢᠮᠲᠠᠯᠠᠵᠤ᠂ ︽ᠲᠦᠷᠪᠡᠨ ᠬᠥᠮᠥᠷᠭᠡ︾ ᠶᠢᠨ ᠬᠤᠯᠪᠣᠭᠠᠯᠠᠨ ᠬᠥᠳᠡᠯᠦᠯᠴᠡᠬᠦ ᠶᠢ ᠠᠬᠢᠭᠤᠯᠵᠤ᠂ ᠬᠠᠪᠤᠷ ᠤᠨ ᠤᠯᠠᠷᠢᠯ ᠤᠨ ᠣᠶᠢᠵᠢᠭᠤᠯᠬᠤ ᠰᠢᠵᠢᠷ ᠠᠯᠳᠠᠨ ᠴᠠᠭ ᠬᠤᠭᠤᠴᠠᠭ᠎ᠠ ᠶᠢ ᠠᠮᠵᠢᠨ ᠠᠳᠬᠤᠵᠤ᠂ ᠪᠦᠬᠦ ᠠᠷᠠᠳ ᠤᠨ ᠠᠯᠪᠠᠨ ᠵᠢᠷᠤᠮ ᠤᠨ ᠮᠣᠳᠣ ᠲᠠᠷᠢᠬᠤ ᠠᠵᠢᠯᠯᠠᠭ᠎ᠠ ᠶᠢ ᠢᠳᠡᠪᠬᠢᠲᠡᠢ ᠡᠷᠬᠢᠯᠡᠬᠦ ᠬᠡᠷᠡᠭᠲᠡᠢ᠃ ᠣᠷᠣᠨ ᠪᠠᠶᠢᠷᠢ ᠶᠢᠨ ᠳᠠᠪᠠᠭᠤᠯᠢᠭ ᠲᠠᠭᠠᠨ ᠰᠠᠭᠤᠷᠢᠯᠠᠵᠤ᠂ ᠡᠷᠬᠢᠨ ᠲᠣᠭᠤᠷᠢᠨ ᠤ ᠬᠤᠲᠠ ᠰᠢᠶᠠᠨ ᠯᠤᠭ᠎ᠠ ᠶᠢᠨ ᠬᠠᠮᠲᠤᠷᠠᠯᠴᠠᠭ᠎ᠠ ᠪᠠᠨ ᠪᠥᠬᠦ ᠲᠠᠯ᠎ᠠ ᠪᠠᠷ ᠭᠦᠨᠵᠡᠭᠡᠶᠢᠷᠡᠭᠦᠯᠵᠦ᠂ ᠨᠡᠭᠡᠭᠡᠯᠲᠡ ᠬᠢᠬᠦ ᠪᠠᠷ ᠳᠠᠮᠵᠢᠭᠤᠯᠤᠨ ᠪᠥᠬᠦ ᠰᠢᠶᠠᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠬᠢᠷᠢ ᠲᠦᠪᠰᠢᠨ ᠢ ᠦᠨᠡᠨ ᠬᠦ ᠳᠠᠶᠢᠴᠢᠯᠠᠨ ᠳᠡᠭᠡᠭᠰᠢᠯᠡᠭᠦᠯᠬᠦ ᠬᠡᠷᠡᠭᠲᠡᠶ᠃      ᠬᠤᠷᠠᠯ ᠠᠴᠠ ᠴᠢᠩᠭᠠᠳᠬᠠᠭᠰᠠᠨ ᠨᠢ᠂ ᠶᠡᠷᠦᠩᠬᠡᠢ ᠱᠦᠵᠢ ᠰᠢ ᠶᠢᠨ ᠫᠢᠩ ᠤᠨ ᠨᠡᠶᠢᠭᠡᠮ ᠤᠨ ᠠᠵᠢᠯ ᠤᠨ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ ᠣᠶᠢᠯᠠᠭᠠᠵᠤ᠂ ᠬᠠᠮᠵᠢᠯᠴᠠᠨ ᠬᠠᠮᠲᠤᠷᠠᠯᠴᠠᠬᠤ᠂ ᠵᠡᠷᠭᠡᠪᠡᠷ ᠠᠳᠬᠤᠵᠤ ᠬᠠᠮᠲᠤᠪᠠᠷ ᠬᠠᠮᠢᠶᠠᠷᠬᠤ ᠨᠡᠶᠢᠭᠡᠮ ᠤᠨ ᠠᠵᠢᠯ ᠤᠨ ᠪᠠᠶᠢᠷᠢᠰᠢᠯ ᠢ ᠲᠡᠭᠦᠯᠳᠡᠷᠵᠢᠭᠦᠯᠵᠦ᠂ ᠪᠦᠬᠦ ᠰᠢᠶᠠᠨ ᠤ ᠨᠡᠶᠢᠭᠡᠮ ᠤᠨ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ᠃ ᠥᠭᠡᠷᠡᠴᠢᠯᠡᠯᠲᠡ ᠶᠢᠨ ᠬᠠᠷᠢᠭᠤᠴᠠᠯᠭ᠎ᠠ ᠶᠢ ᠴᠢᠩᠭ᠎ᠠ ᠪᠣᠳᠠᠲᠠᠢ ᠨᠠᠶᠢᠳᠠᠪᠤᠷᠢᠵᠢᠭᠤᠯᠵᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠢᠮᠠᠭᠲᠠ ᠪᠠᠷᠢᠮᠲᠠᠯᠠᠵᠤ᠂ ᠠᠵᠤ ᠦᠢᠯᠡᠰ᠂ ᠠᠷᠠᠳ ᠤᠨ ᠠᠮᠢᠳᠤᠷᠠᠯ ᠵᠡᠷᠭᠡ ᠭᠤᠣᠯᠳᠠᠯᠭ᠎ᠠ ᠲᠠᠢ ᠬᠦᠷᠢᠶ᠎ᠡ ᠳᠤ ᠠᠩᠬᠠᠷᠤᠯ ᠢᠶᠠᠨ ᠲᠥᠪᠯᠡᠷᠡᠭᠦᠯᠵᠦ᠂ ᠥᠭᠡᠷᠡᠴᠢᠯᠡᠯᠲᠡ ᠶᠢᠨ ᠨᠡᠩ ᠶᠡᠭᠡ ᠪᠣᠳᠠᠲᠤ ᠦᠷ᠎ᠡ ᠪᠦᠲᠦᠮᠵᠢ ᠤᠯᠬᠤ ᠶᠢ ᠬᠠᠮᠵᠢᠯᠴᠠᠨ ᠠᠬᠢᠭᠤᠯᠬᠤ ᠬᠡᠷᠡᠭᠲᠡᠢ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠪᠠᠷ ᠭᠤᠣᠯ ᠰᠢᠵᠢᠮ ᠪᠣᠯᠭᠠᠬᠤ ᠶᠢ ᠪᠠᠷᠢᠮᠲᠠᠯᠠᠵᠤ᠂ ᠶᠡᠭᠡ ᠨᠢᠭᠡᠳᠦᠮᠡᠯ ᠹᠷᠣᠨᠲ ᠤᠨ ᠠᠵᠢᠯ ᠤᠨ ᠪᠠᠶᠢᠷᠢᠰᠢᠯ ᠢ ᠦᠷᠭᠦᠯᠵᠢᠯᠡᠨ ᠲᠡᠭᠦᠯᠳᠡᠷᠵᠢᠭᠦᠯᠵᠦ᠂ ᠨᠠᠮ ᠤᠨ ᠭᠠᠳᠠᠨᠠᠬᠢ ᠬᠥᠮᠦᠰ᠂ ᠨᠠᠮ ᠤᠨ ᠭᠠᠳᠠᠨᠠᠬᠢ ᠰᠡᠬᠡᠭᠡᠲᠡᠨ᠂ ᠨᠡᠶᠢᠭᠡᠮ ᠤᠨ ᠰᠢᠨ᠎ᠡ ᠳᠠᠪᠬᠤᠷᠭ᠎ᠠ ᠶᠢᠨ ᠬᠥᠮᠦᠰ ᠲᠠᠢ ᠰᠣᠯᠢᠯᠴᠠᠭ᠎ᠠ ᠬᠠᠷᠢᠯᠴᠠᠭ᠎ᠠ ᠪᠠᠨ ᠴᠢᠩᠭᠠᠳᠬᠠᠵᠤ᠂ ᠬᠠᠮᠲᠤ ᠶᠢᠨ ᠲᠠᠨᠢᠯᠲᠠ ᠪᠠᠨ ᠨᠡᠩ ᠰᠠᠶᠢᠲᠤᠷ ᠨᠡᠮᠡᠭᠳᠡᠭᠦᠯᠵᠦ᠂ ᠬᠦᠴᠦᠨ ᠴᠢᠳᠠᠯ ᠢᠶᠠᠨ ᠨᠡᠩ ᠰᠠᠶᠢᠲᠤᠷ ᠨᠢᠭᠲᠠᠷᠠᠭᠤᠯᠬᠤ ᠬᠡᠷᠡᠭᠲᠡᠢ᠃      ᠬᠤᠷᠠᠯ ᠠᠴᠠ ᠴᠢᠩᠭᠠᠳᠬᠠᠭᠰᠠᠨ ᠨᠢ᠂ ᠠᠮᠤ ᠪᠤᠳᠠᠭᠠᠨ ᠤ ᠦᠢᠯᠡᠳᠪᠦᠷᠢᠯᠡᠯ ᠪᠣᠯᠤᠨ ᠴᠢᠬᠤᠯᠠ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠭᠠᠷᠤᠯᠲᠠ ᠶᠢ ᠲᠣᠭᠲᠠᠪᠤᠷᠢᠵᠢᠭᠤᠯᠤᠨ ᠬᠠᠩᠭᠠᠯᠭ᠎ᠠ ᠶᠢ ᠪᠠᠲᠤᠯᠠᠬᠤ ᠶᠢ ᠪᠥᠬᠦ ᠲᠠᠯ᠎ᠠ ᠪᠠᠷ ᠰᠠᠶᠢᠲᠤᠷ ᠠᠳᠬᠤᠵᠤ᠂ ︽ᠮᠢᠩᠭᠠᠨ ᠲᠦᠮᠡᠨ ᠢᠨᠵᠧᠨᠧᠷᠢᠩ︾ ᠤᠨ ᠲᠤᠷᠰᠢᠯᠭ᠎ᠠ ᠶᠢ ᠭᠦᠨᠵᠡᠭᠡᠶ ᠰᠤᠷᠤᠯᠴᠠᠨ ᠬᠡᠷᠡᠭᠯᠡᠵᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠦᠨ ᠥᠷᠭᠡᠳᠬᠡᠵᠦ᠂ ᠠᠷᠭ᠎ᠠ ᠪᠦᠬᠦᠨ ᠢ ᠰᠦᠪᠡᠭᠴᠢᠯᠡᠨ ᠲᠠᠷᠢᠶᠠᠯᠠᠩ ᠤᠨ ᠦᠷ᠎ᠡ ᠠᠰᠢᠭ ᠢ ᠨᠡᠮᠡᠭᠳᠡᠭᠦᠯᠬᠦ᠂ ᠬᠥᠳᠡᠭᠡ ᠲᠣᠰᠬᠤᠨ ᠤ ᠠᠮᠢᠵᠢᠷᠠᠯ ᠤᠨ ᠬᠦᠴᠦᠨ ᠢ ᠨᠡᠮᠡᠭᠳᠡᠭᠦᠯᠬᠦ᠂ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠶᠢ ᠠᠬᠢᠭᠤᠯᠬᠤ ᠬᠡᠷᠡᠭᠲᠡᠶ᠃ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠢ ᠡᠮᠬᠢ ᠵᠢᠷᠤᠮ ᠲᠠᠢ ᠬᠦᠴᠦᠲᠡᠶ ᠵᠣᠬᠢᠶᠠᠨ ᠪᠠᠶᠢᠭᠤᠯᠵᠤ᠂ ᠲᠠᠷᠢᠶᠠᠯᠠᠩ ᠳᠤ ᠬᠡᠷᠡᠭᠯᠡᠬᠦ ᠡᠳ᠋ ᠪᠣᠳᠠᠰ ᠤᠨ ᠬᠠᠩᠭᠠᠯᠭ᠎ᠠ ᠶᠢᠨ ᠨᠥᠭᠡᠴᠡ ᠪᠠ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠲᠠᠷᠢᠶᠠᠯᠠᠩ ᠢ ᠬᠦᠴᠦᠷᠬᠡᠭᠵᠢᠭᠦᠯᠦᠨ ᠲᠠᠷᠢᠶᠠᠴᠢᠳ ᠲᠤ ᠠᠰᠢᠭ ᠬᠦᠷᠲᠡᠭᠡᠬᠦ ᠨᠥᠬᠦᠪᠥᠷᠢ ᠶᠢᠨ ᠲᠥᠷᠥ ᠶᠢᠨ ᠪᠣᠳᠣᠯᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂ ᠮᠡᠷᠭᠡᠵᠢᠯ ᠤᠨ ᠵᠢᠯᠣᠭᠤᠳᠤᠯᠭ᠎ᠠ ᠶᠢ ᠪᠥᠬᠦ ᠶᠠᠪᠤᠴᠠ ᠳᠤ ᠴᠢᠩᠭᠠᠳᠬᠠᠵᠤ᠂ ᠰᠦᠯᠢᠶᠣᠣ ᠪᠦᠷᠬᠦᠪᠴᠢ ᠶᠢ ᠡᠭᠡᠭᠦᠯᠦᠨ ᠬᠤᠷᠢᠶᠠᠬᠤ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠲᠠᠷᠢᠶᠠᠯᠠᠩ ᠤᠨ ᠦᠢᠯᠡᠳᠪᠦᠷᠢᠯᠡᠯ ᠤᠨ ᠰᠠᠶᠢᠨ ᠡᠬᠢᠯᠡᠯᠲᠡ ᠲᠠᠢ ᠪᠣᠯᠬᠤ ᠶᠢ ᠪᠠᠲᠤᠯᠠᠬᠤ ᠬᠡᠷᠡᠭᠲᠡᠶ᠃      ᠬᠤᠷᠠᠯ ᠠᠴᠠ ᠴᠢᠩᠭᠠᠳᠬᠠᠭᠰᠠᠨ ᠨᠢ᠂ ᠠᠵᠤ ᠠᠬᠤᠢ ᠶᠢᠨ ᠲᠤᠬᠢᠷᠠᠭᠤᠯᠭ᠎ᠠ ᠶᠢᠨ ᠠᠵᠢᠯᠯᠠᠭᠠᠨ ᠢ ᠦᠷᠭᠦᠯᠵᠢᠯᠡᠨ ᠴᠢᠩᠭᠠᠳᠬᠠᠵᠤ᠂ ᠲᠦᠷᠦᠯ ᠵᠦᠢᠯ ᠤᠨ ᠭᠠᠷᠳᠠᠮ ᠢ ᠭᠦᠢᠴᠡᠳᠬᠡᠬᠦ ᠠᠬᠢᠴᠠ ᠶᠢ ᠲᠦᠷᠭᠡᠳᠬᠡᠨ ᠠᠬᠢᠭᠤᠯᠵᠤ᠂ ᠠᠵᠤ ᠠᠬᠤᠶᠢᠯᠠᠯ ᠢ ᠲᠤᠰᠠᠯᠠᠬᠤ ᠠᠵᠢᠯᠯᠠᠭ᠎ᠠ ᠶᠢ ᠬᠡᠷᠡᠭᠵᠢᠭᠦᠯᠬᠦ ᠶᠢᠨ ᠲᠣᠭᠤᠷᠢᠨ ᠳᠤ᠂ ᠠᠵᠤ ᠠᠬᠤᠶᠢᠯᠠᠯ ᠢ ᠢᠳᠡᠪᠬᠢᠲᠡᠢ ᠵᠣᠬᠢᠴᠠᠭᠤᠯᠤᠨ ᠬᠠᠪᠰᠤᠷᠴᠤ ᠪᠠᠶᠢᠭᠠᠳ ᠵᠠᠬᠢᠶᠠᠯᠠᠭ᠎ᠠ ᠶᠢᠨ ᠬᠠᠭᠤᠳᠠᠰᠤ ᠶᠢ ᠡᠷᠢᠵᠦ᠂ ᠵᠠᠬ᠎ᠠ ᠳᠡᠯᠭᠡᠭᠦᠷ ᠢᠶᠠᠷ ᠶᠠᠪᠤᠵᠤ᠂ ᠬᠦᠴᠢᠷ ᠠᠰᠠᠭᠤᠳᠠᠯ ᠢ ᠰᠢᠢᠳᠪᠦᠷᠢᠯᠡᠵᠦ᠂ ᠠᠵᠤ ᠠᠬᠤᠶᠢᠯᠠᠯ ᠤᠨ ᠲᠣᠭᠲᠠᠭᠤᠨ ᠢᠶᠠᠷ ᠠᠵᠢᠯᠯᠠᠬᠤ ᠶᠢ ᠪᠦᠬᠦ ᠬᠦᠴᠦᠨ ᠢᠶᠠᠷ ᠢᠶᠠᠨ ᠪᠠᠲᠤᠯᠠᠬᠤ ᠬᠡᠷᠡᠭᠲᠡᠢ᠃ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠶᠠᠰᠤ ᠴᠢᠨᠠᠷ ᠦᠷ᠎ᠡ ᠪᠦᠲᠦᠮᠵᠢ ᠶᠢ ᠦᠷᠭᠦᠯᠵᠢᠯᠡᠨ ᠳᠡᠭᠡᠭᠰᠢᠯᠡᠭᠦᠯᠵᠦ᠂ ᠠᠷᠭ᠎ᠠ ᠪᠦᠬᠦᠨ ᠢ ᠰᠦᠪᠡᠭᠴᠢᠯᠡᠨ ᠥᠷᠢ ᠥᠭᠴᠡᠭᠡ ᠶᠢ ᠠᠷᠢᠯᠭᠠᠬᠤ ᠠᠵᠢᠯ ᠢ ᠠᠬᠢᠭᠤᠯᠵᠤ᠂ ᠠᠶᠤᠯᠭᠦᠢ ᠦᠢᠯᠡᠳᠪᠦᠷᠢᠯᠡᠯ ᠢ ᠡᠴᠦᠰ ᠲᠤᠨᠢ ᠲᠤᠯᠲᠠᠯ᠎ᠠ ᠪᠣᠯᠭᠤᠮᠵᠢᠲᠠᠢ ᠴᠢᠩᠭᠠᠳᠬᠠᠵᠤ᠂ ᠡᠯ᠎ᠡ ᠵᠦᠢᠯ ᠤᠨ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢᠨ ᠦᠷ᠎ᠡ ᠪᠦᠲᠦᠮᠵᠢ ᠤᠯᠬᠤ ᠶᠢ ᠪᠠᠲᠤᠯᠠᠬᠤ ᠬᠡᠷᠡᠭᠲᠡᠢ᠃      ᠬᠤᠷᠠᠯ ᠠᠴᠠ ᠪᠠᠰᠠ 2024 ᠣᠨ ᠤ ᠪᠥᠬᠦ ᠰᠢᠶᠠᠨ ᠤ ︽ᠲᠠᠪᠤᠨ ᠶᠡᠭᠡ ᠡᠭᠦᠷᠭᠡ︾ ᠶᠢ ᠪᠡᠶᠡᠯᠡᠭᠦᠯᠬᠦ᠂ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ︽ᠲᠠᠪᠤᠨ ᠶᠡᠭᠡ ᠡᠭᠦᠷᠭᠡ︾ ᠶᠢᠨ 2025 ᠣᠨ ᠤ ᠭᠤᠤᠯᠳᠠᠯᠭ᠎ᠠ ᠲᠠᠢ ᠡᠭᠦᠷᠭᠡ ᠶᠢᠨ ᠨᠠᠷᠢᠨ ᠲᠠᠩᠰᠠ ᠶᠢ ᠬᠢᠨᠠᠨ ᠵᠥᠪᠯᠡᠵᠦ᠂ ︽ᠲᠠᠪᠤᠨ ᠶᠡᠭᠡ ᠡᠭᠦᠷᠭᠡ︾ ᠶᠢ ᠪᠡᠶᠡᠯᠡᠭᠦᠯᠬᠦ ᠶᠢᠨ ᠴᠢᠬᠤᠯᠠ ᠠᠴᠢ ᠬᠤᠯᠪᠣᠭᠳᠠᠯ ᠢ ᠭᠦᠨᠵᠡᠭᠡᠶ ᠲᠠᠨᠢᠵᠤ᠂ ︽ᠲᠠᠪᠤᠨ ᠶᠡᠭᠡ ᠡᠭᠦᠷᠭᠡ︾ ᠶᠢᠨ ᠡᠯ᠎ᠡ ᠵᠦᠢᠯ ᠤᠨ ᠠᠵᠢᠯ ᠳᠤ ᠰᠢᠨ᠎ᠡ ᠰᠢᠪᠲᠤᠯᠤᠯᠲᠠ ᠲᠠᠢ ᠪᠣᠯᠬᠤ ᠶᠢ ᠪᠥᠬᠦ ᠬᠦᠴᠦᠨ ᠢᠶᠠᠷ ᠢᠶᠠᠨ ᠳᠥᠯᠭᠢᠨ ᠠᠬᠢᠭᠤᠯᠬᠤ ᠬᠡᠷᠡᠭᠲᠡᠶ ᠭᠡᠵᠦ ᠴᠢᠬᠤᠯᠠᠴᠢᠯᠠᠪᠠ᠃                                                             ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ                               ᠤᠷᠴᠢᠭᠤᠯᠤᠭᠴᠢ᠄ ᠮᠥᠩᠭᠦᠨᠰᠤᠶᠢᠬᠡ                               ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3