4 ᠰᠠᠷ᠎ᠠ ᠶᠢᠨ 22 ᠤᠨ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠳᠠᠷᠤᠭ᠎ᠠ | ᠯᠢ ᠺᠠᠢ ᠳ᠋ᠦᠩ ᠶᠡᠭᠡ ᠬᠦᠷᠢᠶ᠎ᠡ ᠰᠢᠶᠠᠩ᠂ ᠪᠦᠯᠬᠦᠮᠳᠡᠯ ᠰᠢᠶᠠᠩ ᠳᠤ ᠭᠦᠨᠵᠡᠭᠡᠶᠢᠷᠡᠨ ᠣᠷᠴᠢᠨ ᠲᠣᠭᠤᠷᠢᠨ ᠤ | ᠬᠠᠮᠠᠭᠠᠯᠠᠯᠲᠠ ᠶᠢ ᠱᠠᠯᠠᠪᠳᠠᠭᠤᠯᠤᠨ ᠪᠠᠶᠢᠴᠠᠭᠠᠬᠤ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ᠂ ᠬᠠᠪᠤᠷ ᠤᠨ | ᠲᠠᠷᠢᠶᠠᠯᠠᠭ᠎ᠠ ᠶᠢᠨ ᠪᠡᠯᠡᠳᠬᠡᠯ ᠠᠵᠢᠯ᠂ ᠲᠠᠷᠢᠶᠠᠯᠠᠩ ᠤᠨ ᠤᠰᠤ ᠠᠷᠪᠢᠯᠠᠬᠤ ᠵᠡᠷᠭᠡ ᠠᠵᠢᠯ ᠤᠨ ᠲᠤᠬᠠᠢ ᠪᠠᠶᠢᠴᠠᠭᠠᠨ | ᠰᠤᠳᠤᠯᠤᠯᠲᠠ ᠬᠢᠭᠰᠡᠨ ᠪᠥᠭᠡᠳ ᠦᠨᠳᠦᠰᠦᠨ ᠱᠠᠲᠤᠨ ᠤ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ | ᠪᠠᠷᠢᠬᠤ ᠪᠠᠶᠢᠭᠤᠯᠤᠯᠲᠠ ᠶᠢᠨ ᠠᠵᠢᠯ ᠢ ᠴᠢᠬᠤᠯᠠᠴᠢᠯᠠᠪᠠ᠃ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ | ᠭᠡᠰᠢᠭᠦᠨ᠂ ᠰᠢᠶᠠᠨ ᠤ ᠳᠡᠳ᠋ ᠳᠠᠷᠤᠭ᠎ᠠ ᠸᠠᠩ ᠵᠢᠶᠠᠨ ᠸᠧᠢ᠂ ᠰᠢᠶᠠᠨ ᠤ ᠳᠡᠳ᠋ ᠳᠠᠷᠤᠭ᠎ᠠ ᠭᠦᠩ ᠰᠢᠤ ᠯᠦᠩ | ᠪᠠᠶᠢᠴᠠᠭᠠᠨ ᠰᠤᠳᠤᠯᠤᠯᠲᠠ ᠳᠤ ᠣᠷᠣᠯᠴᠠᠪᠠ᠃ | ᠯᠢ ᠺᠠᠢ ᠳ᠋ᠦᠩ ᠨᠡᠷ ᠶᠡᠭᠡ ᠬᠦᠷᠢᠶ᠎ᠡ ᠰᠢᠶᠠᠩ ᠤᠨ ᠶᠡᠭᠡ ᠬᠦᠷᠢᠶ᠎ᠡ ᠲᠣᠰᠬᠤᠨ᠂ ᠬᠠᠢ ᠪᠦ᠋ ᠽᠢ ᠲᠣᠰᠬᠤᠨ᠂ | ᠪᠢᠶᠠᠨ ᠵᠢᠶᠠ ᠲᠣᠰᠬᠤᠨ᠂ ᠪᠦᠯᠬᠦᠮᠳᠡᠯ ᠰᠢᠶᠠᠩ ᠤᠨ ᠨᠠᠢᠮᠠᠳᠤᠭᠠᠷ ᠲᠣᠰᠬᠤᠨ ᠵᠡᠷᠭᠡ ᠭᠠᠵᠠᠷ ᠲᠤ ᠬᠦᠷᠴᠦ᠂ | ᠣᠷᠴᠢᠨ ᠲᠣᠭᠤᠷᠢᠨ ᠤ ᠬᠠᠮᠠᠭᠠᠯᠠᠯᠲᠠ ᠶᠢ ᠱᠠᠯᠠᠪᠳᠠᠭᠤᠯᠤᠨ ᠪᠠᠶᠢᠴᠠᠭᠠᠬᠤ ᠠᠰᠠᠭᠤᠳᠠᠯ ᠢ ᠴᠡᠭᠴᠡᠯᠡᠨ | ᠰᠠᠶᠢᠵᠢᠷᠠᠭᠤᠯᠤᠭᠰᠠᠨ ᠪᠠᠶᠢᠳᠠᠯ ᠢ ᠨᠠᠷᠢᠨ ᠪᠠᠶᠢᠴᠠᠭᠠᠨ ᠦᠵᠡᠵᠦ᠂ ᠲᠠᠷᠢᠮᠠᠯ ᠤᠨ ᠪᠦᠲᠦᠴᠡ᠂ ᠲᠠᠷᠢᠶᠠᠯᠠᠩ ᠤᠨ | ᠦᠢᠯᠡᠳᠪᠦᠷᠢᠯᠡᠯ ᠤᠨ ᠬᠡᠷᠡᠭᠰᠡᠯ ᠢ ᠬᠠᠩᠭᠠᠨ ᠪᠣᠷᠣᠯᠠᠭᠤᠯᠬᠤ ᠵᠡᠷᠭᠡ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ | ᠠᠵᠢᠯ ᠤᠨ ᠬᠤᠯᠪᠣᠭᠳᠠᠯ ᠪᠦᠬᠦᠢ ᠪᠠᠶᠢᠳᠠᠯ ᠢ ᠣᠶᠢᠯᠠᠭᠠᠪᠠ᠃ ᠤᠰᠤ ᠠᠷᠪᠢᠯᠠᠬᠤ ᠠᠵᠢᠯᠯᠠᠭ᠎ᠠ ᠥᠷᠨᠢᠭᠦᠯᠦᠭᠰᠡᠨ | ᠪᠠᠶᠢᠳᠠᠯ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠭᠰᠡᠨ ᠪᠥᠭᠡᠳ ᠦᠨᠳᠦᠰᠦᠨ ᠱᠠᠲᠤᠨ ᠤ ᠨᠠᠮ ᠤᠨ ᠰᠤᠷᠲᠠᠯ | ᠴᠢᠬᠡᠴᠢ ᠵᠠᠰᠠᠭ ᠤᠨ ᠪᠠᠶᠢᠭᠤᠯᠤᠯᠲᠠ ᠵᠡᠷᠭᠡ ᠡᠯ᠎ᠡ ᠵᠦᠢᠯ ᠤᠨ ᠠᠵᠢᠯ ᠤᠨ ᠲᠤᠬᠠᠶ ᠴᠢᠬᠤᠯᠠᠴᠢᠯᠠᠪᠠ᠃ | ᠲᠡᠷᠡ ᠴᠢᠩᠭᠠᠳᠬᠠᠭᠰᠠᠨ ᠨᠢ᠂ ᠡᠯ᠎ᠡ ᠰᠠᠯᠠᠭ᠎ᠠ ᠮᠥᠴᠢᠷ ᠤᠨ ᠬᠢᠨ ᠠᠮᠢ ᠠᠬᠤᠢ ᠶᠢᠨ ᠣᠷᠴᠢᠨ ᠲᠣᠭᠤᠷᠢᠨ ᠤ | ᠬᠠᠮᠠᠭᠠᠯᠠᠯᠲᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠠᠰᠠᠭᠤᠳᠠᠯ ᠳᠤ ᠴᠢᠭᠯᠡᠭᠦᠯᠦᠨ᠂ ᠨᠠᠷᠢᠨ | ᠲᠠᠩᠰᠠ ᠪᠠᠶᠢᠭᠤᠯᠵᠤ᠂ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ ᠲᠣᠳᠣᠷᠬᠠᠶᠢᠯᠠᠨ᠂ ᠬᠠᠷᠢᠭᠤᠴᠠᠯᠭ᠎ᠠ ᠶᠢ | ᠬᠥᠮᠦᠨ ᠳᠤ ᠬᠦᠷᠲᠡᠯ᠎ᠡ ᠨᠠᠶᠢᠳᠠᠪᠤᠷᠢᠵᠢᠭᠤᠯᠵᠤ᠂ ᠥᠨᠴᠥᠭ ᠪᠤᠯᠤᠩ ᠦᠯᠡᠳᠡᠭᠡᠬᠦ ᠦᠭᠡᠢ ᠪᠠᠶᠢᠬᠤ ᠶᠢ ᠪᠠᠲᠤᠯᠠᠬᠤ | ᠬᠡᠷᠡᠭᠲᠡᠢ᠃ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠬᠠᠩᠭᠠᠯᠭ᠎ᠠ ᠪᠠ ᠶᠠᠰᠤ ᠴᠢᠨᠠᠷ ᠢ ᠪᠠᠲᠤᠯᠠᠵᠤ᠂ | ᠦᠷ᠎ᠡ᠂ ᠬᠢᠮᠢ ᠶᠢᠨ ᠪᠤᠷᠳᠤᠭᠤᠷ᠂ ᠲᠠᠷᠢᠶᠠᠨ ᠡᠮ᠂ ᠰᠦᠯᠢᠶᠣᠣ ᠪᠦᠷᠬᠦᠪᠴᠢ ᠵᠡᠷᠭᠡ ᠲᠠᠷᠢᠶᠠᠯᠠᠩ ᠤᠨ | ᠦᠢᠯᠡᠳᠪᠦᠷᠢᠯᠡᠯ ᠤᠨ ᠬᠡᠷᠡᠭᠰᠡᠯ ᠢ ᠦᠢᠯᠡᠳᠪᠦᠷᠢᠯᠡᠵᠦ ᠰᠢᠯᠵᠢᠭᠦᠯᠦᠨ ᠲᠡᠭᠡᠭᠡᠪᠦᠷᠢᠯᠡᠵᠦ ᠨᠥᠭᠡᠴᠡᠯᠡᠬᠦ ᠶᠢ ᠦᠨᠡᠨ ᠬᠦ | ᠪᠠᠲᠤᠯᠠᠵᠤ᠂ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠢ ᠪᠥᠬᠦ ᠬᠦᠴᠦᠨ ᠢᠶᠠᠷ ᠢᠶᠠᠨ ᠪᠠᠲᠤᠯᠠᠬᠤ ᠬᠡᠷᠡᠭᠲᠡᠶ᠃ | ᠡᠭᠦᠨ ᠤ ᠬᠠᠮᠲᠤ ᠲᠠᠷᠢᠶᠠᠯᠠᠩ ᠤᠨ ᠮᠡᠷᠭᠡᠵᠢᠯ ᠤᠨ ᠵᠢᠯᠤᠭᠤᠳᠤᠯᠭ᠎ᠠ ᠶᠢ ᠴᠢᠩᠭᠠᠳᠬᠠᠵᠤ᠂ ᠬᠠᠪᠤᠷ ᠤᠨ | ᠲᠠᠷᠢᠶᠠᠯᠠᠭ᠎ᠠ ᠶᠢᠨ ᠦᠢᠯᠡᠳᠪᠦᠷᠢᠯᠡᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠠᠭᠤᠯᠤᠭᠳᠠᠴᠠ ᠶᠢ ᠳᠡᠭᠡᠭᠰᠢᠯᠡᠭᠦᠯᠵᠦ᠂ | ᠬᠥᠳᠡᠭᠡ ᠠᠵᠤ ᠠᠬᠤᠢ ᠶᠢ ᠬᠥᠭᠵᠢᠭᠦᠯᠦᠨ ᠮᠠᠨᠳᠤᠭᠤᠯᠬᠤ ᠪᠠᠷ ᠬᠥᠳᠡᠭᠡ ᠠᠵᠤ ᠠᠬᠤᠢ ᠶᠢᠨ ᠤᠨᠠᠯᠲᠠ ᠶᠢ | ᠨᠡᠮᠡᠭᠳᠡᠭᠦᠯᠬᠦ᠂ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ᠂ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠳᠤ ᠬᠦᠴᠦᠨ ᠨᠡᠮᠡᠷᠢᠯᠡᠨ᠎ᠡ᠃ ᠤᠰᠤ ᠠᠷᠪᠢᠯᠠᠬᠤ ᠤᠬᠠᠮᠰᠠᠷ ᠢᠶᠠᠨ ᠳᠡᠭᠡᠭᠰᠢᠯᠡᠭᠦᠯᠵᠦ᠂ ᠥᠨᠳᠥᠷ | ᠪᠦᠲᠦᠮᠵᠢᠲᠡᠢ ᠤᠰᠤ ᠠᠷᠪᠢᠯᠠᠬᠤ ᠮᠡᠷᠭᠡᠵᠢᠯ ᠢ ᠳᠡᠯᠭᠡᠷᠡᠭᠦᠯᠬᠦ ᠬᠡᠷᠡᠭᠲᠡᠢ᠃ ᠦᠨᠳᠦᠰᠦᠨ ᠱᠠᠲᠤᠨ ᠤ ᠺᠠᠳ᠋ᠷ ᠤᠨ | ᠠᠷᠢᠭᠤᠨ ᠴᠢᠬᠡᠴᠢ ᠪᠠᠷ ᠵᠠᠰᠠᠭ ᠪᠠᠷᠢᠬᠤ ᠤᠬᠠᠮᠰᠠᠷ ᠢ ᠴᠢᠩᠭᠠᠳᠬᠠᠵᠤ᠂ ᠠᠷᠢᠭᠤᠨ ᠴᠢᠬᠡᠴᠢ ᠪᠠᠷ ᠵᠠᠰᠠᠭ ᠪᠠᠷᠢᠬᠤ | ᠬᠥᠮᠦᠵᠢᠯ ᠪᠣᠯᠤᠨ ᠬᠢᠨᠠᠯᠲᠠ ᠲᠠᠯᠪᠢᠬᠤ ᠲᠣᠭᠲᠠᠴᠠ ᠶᠢ ᠲᠡᠭᠦᠯᠳᠡᠷᠵᠢᠭᠦᠯᠵᠦ᠂ ᠢᠯᠵᠠᠷᠠᠯ ᠤᠨ ᠠᠰᠠᠭᠤᠳᠠᠯ ᠢ ᠴᠢᠩᠭ᠎ᠠ | ᠪᠠᠶᠢᠴᠠᠭᠠᠨ ᠰᠢᠢᠳᠪᠦᠷᠢᠯᠡᠵᠦ᠂ ᠰᠤᠷᠲᠠᠯ ᠴᠢᠬᠡᠴᠢ ᠣᠪᠣᠷ ᠲᠥᠪ ᠦᠨᠳᠦᠰᠦᠨ ᠱᠠᠲᠤᠨ ᠤ ᠤᠯᠤᠰ ᠲᠦᠷᠦ ᠶᠢᠨ ᠠᠮᠢ | ᠠᠬᠤᠢ ᠶᠢ ᠪᠤᠢ ᠪᠣᠯᠭᠠᠬᠤ ᠬᠡᠷᠡᠭᠲᠡᠢ᠃ | ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ | ᠤᠷᠴᠢᠭᠤᠯᠤᠭᠴᠢ᠄ ᠮᠥᠩᠭᠦᠨᠰᠤᠶᠢᠬᠡ | ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ |