ᠰᠠᠶᠢᠬᠤᠰᠤ ᠪᠠᠯᠭᠠᠰᠤ ︽ᠬᠤᠶᠠᠷ ᠲᠥᠯᠥᠭᠡᠯᠡᠭᠴᠢ ᠨᠢᠭᠡ ᠭᠡᠰᠢᠭᠦᠨ︾ ᠤ ᠣᠶᠢᠷ᠎ᠠ ᠶᠢᠨ ᠬᠤᠭᠤᠴᠠᠭᠠᠨ ᠤ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/4/25
     ᠰᠢᠶᠠᠨ ᠤ ᠬᠤᠯᠪᠣᠭ᠎ᠠ ᠠᠪᠬᠤ ᠠᠯᠪᠠᠨ ᠬᠡᠷ ᠤᠨ ︽ᠬᠤᠶᠠᠷ ᠲᠥᠯᠥᠭᠡᠯᠡᠭᠴᠢ ᠨᠢᠭᠡ ᠭᠡᠰᠢᠭᠦᠨ︾ ᠤ ᠠᠵᠢᠯ ᠤᠨ ᠱᠠᠭᠠᠷᠳᠠᠯᠭ᠎ᠠ ᠶᠢ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠲᠥᠯᠥᠭᠡᠯᠡᠭᠴᠢ ᠭᠡᠰᠢᠭᠦᠳ ᠤᠨ ᠦᠢᠯᠡᠳᠦᠯ ᠢ ᠤᠯᠠᠮ ᠨᠢᠭᠡ ᠠᠯᠬᠤᠮ ᠪᠠᠳᠠᠷᠠᠭᠤᠯᠤᠨ᠂ ᠦᠨᠳᠦᠰᠦᠨ ᠱᠠᠲᠤᠨ ᠤ ᠵᠠᠰᠠᠯᠲᠠ ᠶᠢᠨ ᠦᠢᠯᠡᠳᠦᠯ ᠴᠢᠳᠠᠪᠤᠷᠢ ᠶᠢ ᠳᠡᠭᠡᠭᠰᠢᠯᠡᠭᠦᠯᠬᠦ ᠶᠢᠨ ᠲᠥᠯᠥᠭᠡ᠂ ᠰᠠᠶᠢᠬᠤᠰᠤ ᠪᠠᠯᠭᠠᠰᠤ ︽ᠬᠤᠶᠠᠷ ᠲᠥᠯᠥᠭᠡᠯᠡᠭᠴᠢ ᠨᠢᠭᠡ ᠭᠡᠰᠢᠭᠦᠨ︾ ᠤ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ᠣᠶᠢᠷ᠎ᠠ ᠶᠢᠨ ᠬᠤᠭᠤᠴᠠᠭᠠᠨ ᠤ ᠭᠤᠤᠯᠳᠠᠯᠭ᠎ᠠ ᠲᠠᠢ ᠡᠭᠦᠷᠭᠡ ᠶᠢ ᠲᠣᠳᠣᠷᠬᠠᠶᠢᠯᠠᠨ᠂ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠴᠢᠩᠭᠠᠳᠬᠠᠪᠠ᠃ ᠪᠠᠯᠭᠠᠰᠤᠨ ᠤ ᠨᠠᠮ ᠵᠠᠰᠠᠭ ᠤᠨ ᠤᠳᠤᠷᠢᠳᠬᠤ ᠪᠠᠭ ᠤᠨ ᠪᠦᠷᠢᠯᠳᠦᠬᠦᠨ᠂ ᠬᠡᠰᠡᠭ ᠲᠥᠯᠥᠭᠡᠯᠡᠭᠴᠢ ᠭᠡᠰᠢᠭᠦᠨ ᠵᠢᠴᠢ ᠡᠯ᠎ᠡ ᠬᠤᠯᠪᠣᠭ᠎ᠠ ᠠᠪᠬᠤ ᠦᠷᠳᠡᠭᠡ ᠶᠢᠨ ᠭᠤᠣᠯ ᠬᠠᠷᠢᠭᠤᠴᠠᠯᠭᠠᠲᠠᠨ ᠨᠥᠬᠦᠳ ᠬᠤᠷᠠᠯ ᠳᠤ ᠣᠷᠣᠯᠴᠠᠪᠠ᠃      ᠬᠤᠷᠠᠯ ᠠᠴᠠ ᠡᠨᠡ ᠵᠢᠯ ᠠᠴᠠ ᠨᠠᠰᠢᠬᠢ ︽ᠬᠤᠶᠠᠷ ᠲᠥᠯᠥᠭᠡᠯᠡᠭᠴᠢ ᠨᠢᠭᠡ ᠭᠡᠰᠢᠭᠦᠨ︾ ᠤ ᠰᠤᠷᠪᠤᠯᠵᠢᠯᠠᠨ ᠪᠠᠶᠢᠴᠠᠭᠠᠨ ᠰᠤᠳᠤᠯᠬᠤ᠂ ᠰᠠᠨᠠᠯ ᠰᠠᠨᠠᠭᠤᠯᠭ᠎ᠠ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠬᠢᠨᠠᠯᠲᠠ ᠵᠡᠷᠭᠡ ᠲᠠᠯ᠎ᠠ ᠶᠢᠨ ᠠᠵᠢᠯ ᠤᠨ ᠦᠷ᠎ᠡ ᠪᠦᠲᠦᠮᠵᠢ ᠶᠢ ᠵᠠᠷᠯᠠᠨ ᠮᠡᠳᠡᠭᠳᠡᠵᠦ᠂ ᠲᠥᠯᠥᠭᠡᠯᠡᠭᠴᠢ ᠭᠡᠰᠢᠭᠦᠳ ᠤᠨ ᠠᠵᠤ ᠦᠢᠯᠡᠰ ᠤᠨ ᠬᠥᠭᠵᠢᠯᠲᠡ ᠶᠢ ᠠᠬᠢᠭᠤᠯᠬᠤ᠂ ᠵᠥᠷᠢᠴᠡᠯ ᠵᠢᠭᠤᠷᠠᠯᠳᠤᠭᠠᠨ ᠢ ᠠᠷᠢᠯᠭᠠᠬᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠬᠦ ᠳᠤᠮᠳᠠᠬᠢ ᠢᠳᠡᠪᠬᠢ ᠦᠢᠯᠡᠳᠦᠯ ᠢ ᠭᠦᠢᠴᠡᠳ ᠨᠤᠲᠠᠯᠠᠪᠠ᠃      ᠬᠤᠷᠠᠯ ᠠᠴᠠ ᠵᠢᠭᠠᠵᠤ ᠭᠠᠷᠭᠠᠭᠰᠠᠨ ᠨᠢ᠂ ᠡᠯ᠎ᠡ ᠬᠤᠯᠪᠣᠭ᠎ᠠ ᠠᠪᠬᠤ ᠦᠷᠳᠡᠭᠡ ᠡᠳᠦᠷ ᠳᠤᠳᠤᠮ ᠤᠨ ᠬᠦᠯᠢᠶᠡᠨ ᠠᠪᠬᠤ᠂ ᠤᠯᠠᠨ ᠲᠦᠮᠡᠨ ᠢ ᠰᠤᠷᠪᠤᠯᠵᠢᠯᠠᠬᠤ ᠶᠠᠪᠤᠴᠠ ᠳᠤ ᠤᠯᠠᠨ ᠲᠦᠮᠡᠨ ᠳᠤ ︽ᠤᠮᠠᠷᠠᠲᠤ ᠶᠢᠨ ᠠᠷᠠᠳ ᠤᠨ ᠰᠡᠳᠬᠢᠯ ᠤᠨ ᠬᠥᠭᠦᠷᠭᠡ︾ ᠶᠢᠨ ᠸᠢᠴᠠᠲ ᠤᠨ ᠶᠠᠪᠤᠴᠠ ᠶᠢ ᠦᠷᠭᠦᠯᠵᠢᠯᠡᠨ ᠤᠬᠠᠭᠤᠯᠤᠨ ᠳᠡᠯᠭᠡᠷᠡᠭᠦᠯᠵᠦ᠂ ᠳᠠᠩᠰᠠᠯᠠᠭᠤᠯᠵᠤ ᠬᠡᠷᠡᠭᠯᠡᠬᠦ ᠨᠤᠷᠮ᠎ᠠ ᠶᠢ ᠳᠡᠭᠡᠭᠰᠢᠯᠡᠭᠦᠯᠵᠦ᠂ ᠤᠯᠠᠨ ᠲᠦᠮᠡᠨ ᠢ ᠬᠦᠳᠦᠯᠦᠨ ᠵᠢᠯᠣᠭᠤᠳᠴᠤ ᠪᠠᠶᠢᠭᠠᠳ ᠵᠢᠵᠢᠭ ᠵᠢᠷᠤᠮ ᠢᠶᠠᠷ ᠳᠠᠮᠵᠢᠭᠤᠯᠤᠨ ᠠᠰᠠᠭᠤᠳᠠᠯ ᠢ ᠲᠤᠰᠬᠠᠵᠤ᠂ ᠰᠠᠨᠠᠭᠤᠯᠭ᠎ᠠ ᠳᠤᠷᠠᠳᠬᠤ ᠬᠡᠷᠡᠭᠲᠡᠢ᠃ 12345 ᠬᠠᠯᠠᠮᠰᠢᠯ ᠤᠲᠠᠰᠤ ᠶᠢᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠠᠵᠢᠯ ᠢ ᠰᠠᠶᠢᠲᠤᠷ ᠬᠢᠵᠦ᠂ ᠲᠥᠯᠥᠭᠡᠯᠡᠭᠴᠢ ᠭᠡᠰᠢᠭᠦᠳ ᠤᠨ ︽12345︾ ᠶᠢᠨ ᠬᠦᠴᠢᠷ ᠲᠦᠪᠡᠭᠲᠡᠢ ᠠᠵᠢᠯ ᠤᠨ ᠬᠠᠭᠤᠳᠠᠰᠤ ᠶᠢ ᠳᠠᠭᠠᠭᠤᠯᠤᠨ ᠭᠦᠢᠴᠡᠳᠬᠡᠬᠦ ᠠᠵᠢᠯ ᠢ ᠢᠳᠡᠪᠬᠢᠲᠡᠢ ᠠᠬᠢᠭᠤᠯᠵᠤ᠂ ᠬᠦᠴᠢᠷ ᠲᠦᠪᠡᠭᠲᠡᠢ ᠠᠵᠢᠯ ᠤᠨ ᠬᠠᠭᠤᠳᠠᠰᠤ ᠶᠢ ᠳᠠᠭᠠᠭᠤᠯᠤᠨ ᠭᠦᠢᠴᠡᠳᠬᠡᠬᠦ ᠬᠠᠷᠢᠭᠤ ᠰᠤᠷᠪᠤᠯᠵᠢᠯᠠᠬᠤ ᠲᠣᠭᠲᠠᠴᠠ ᠶᠢ ᠰᠠᠶᠢᠲᠤᠷ ᠨᠠᠶᠢᠳᠠᠪᠤᠷᠢᠵᠢᠭᠤᠯᠬᠤ ᠶᠢᠨ ᠬᠠᠮᠲᠤ ᠲᠥᠯᠥᠭᠡᠯᠡᠭᠴᠢ ᠭᠡᠰᠢᠭᠦᠳ ᠤᠨ ︽12345︾ ᠬᠠᠯᠠᠭᠤᠨ ᠤᠲᠠᠰᠤᠨ ᠳᠤ ᠤᠲᠠᠰᠤᠳᠠᠵᠤ ᠤᠯᠠᠨ ᠲᠦᠮᠡᠨ ᠤ ᠪᠠᠴᠢᠮᠳᠠᠵᠤ ᠬᠦᠴᠢᠷᠳᠡᠵᠦ ᠵᠣᠪᠠᠨᠢᠵᠤ ᠬᠦᠰᠡᠵᠦ ᠪᠠᠶᠢᠭ᠎ᠠ ᠬᠦᠰᠡᠯ ᠢ ᠲᠤᠰᠬᠠᠬᠤ ᠶᠢ ᠬᠦᠳᠦᠯᠦᠨ ᠵᠢᠯᠣᠭᠤᠳᠬᠤ ᠬᠡᠷᠡᠭᠲᠡᠢ᠃ ᠰᠡᠳᠦᠪ ᠳᠠᠭᠠᠭᠤᠯᠤᠨ ᠠᠵᠢᠯ ᠶᠠᠪᠤᠳᠠᠯ ᠭᠦᠢᠴᠡᠳᠭᠡᠬᠦ ᠠᠵᠢᠯ ᠤᠨ ᠲᠥᠰᠦᠯ ᠢ ᠴᠢᠩᠭ᠎ᠠ ᠨᠠᠶᠢᠳᠠᠪᠤᠷᠢᠵᠢᠭᠤᠯᠵᠤ᠂ ᠣᠯᠠᠨ ᠲᠦᠮᠡᠨ ᠤ ᠬᠡᠷᠡᠭᠴᠡᠭᠡ ᠱᠠᠭᠠᠷᠳᠠᠯᠭ᠎ᠠ ᠶᠢ ᠴᠢᠩᠭ᠎ᠠ ᠠᠩᠬᠠᠷᠴᠤ ᠰᠠᠨᠠᠭᠠᠴᠢᠯᠠᠭ᠎ᠠ ᠠᠴᠠ ᠪᠠᠨ ᠰᠡᠳᠦᠪ ᠳᠠᠭᠠᠭᠤᠯᠵᠤ᠂ ᠲᠣᠰ ᠲᠣᠰ ᠤᠨ ᠲᠤᠰᠬᠠᠶ ᠳᠠᠪᠠᠭᠤᠯᠢᠭ ᠢᠶᠠᠨ ᠪᠠᠳᠠᠷᠠᠭᠤᠯᠬᠤ ᠪᠠᠷ ᠳᠠᠮᠵᠢᠭᠤᠯᠤᠨ᠂ ᠣᠯᠠᠨ ᠲᠦᠮᠡᠨ ᠤ ᠠᠩᠬᠠᠷᠴᠤ ᠪᠠᠶᠢᠭ᠎ᠠ ᠠᠰᠠᠭᠤᠳᠠᠯ ᠢ ᠪᠥᠬᠦ ᠬᠦᠴᠦᠨ ᠢᠶᠠᠷ ᠢᠶᠠᠨ ᠰᠢᠢᠳᠪᠦᠷᠢᠯᠡᠵᠦ᠂ ᠠᠷᠠᠳ ᠣᠯᠠᠨ ᠤ ᠬᠦᠷᠲᠡᠮᠵᠢ ᠶᠢᠨ ᠲᠥᠷᠥᠭᠳᠡᠯ᠂ ᠵᠢᠷᠭᠠᠯᠲᠤ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢ ᠦᠨᠡᠨ ᠬᠦ ᠳᠡᠭᠡᠭᠰᠢᠯᠡᠭᠦᠯᠬᠦ ᠬᠡᠷᠡᠭᠲᠡᠶ᠃      ᠰᠠᠶᠢᠬᠤᠰᠤ ᠪᠠᠯᠭᠠᠰᠤ ᠦᠷᠭᠦᠯᠵᠢᠯᠡᠨ ᠣᠯᠠᠨ ᠲᠦᠮᠡᠨ ᠤ ᠬᠡᠷᠡᠭᠴᠡᠭᠡ ᠱᠠᠭᠠᠷᠳᠠᠯᠭ᠎ᠠ ᠪᠠᠷ ᠭᠠᠷᠳᠠᠴᠠ ᠪᠣᠯᠭᠠᠵᠤ᠂ ᠣᠯᠠᠨ ᠲᠦᠮᠡᠨ ᠤ ᠬᠡᠷᠡᠭᠴᠡᠭᠡ ᠱᠠᠭᠠᠷᠳᠠᠯᠭ᠎ᠠ ᠶᠢᠨ ᠨᠠᠷᠢᠨ ᠲᠠᠩᠰᠠ ᠶᠢ ᠠᠵᠢᠯ ᠤᠨ ᠨᠠᠷᠢᠨ ᠲᠠᠩᠰᠠ ᠪᠣᠯᠭᠠᠨ ᠬᠤᠪᠢᠷᠠᠭᠤᠯᠵᠤ᠂ ᠨᠢᠭᠡ ᠵᠦᠢᠯ ᠤᠨ ︽ᠠᠰᠠᠭᠤᠳᠠᠯ ᠤᠨ ᠨᠠᠷᠢᠨ ᠲᠠᠩᠰᠠ︾ ᠶᠢ ︽ᠬᠢᠷᠢ ᠪᠦᠲᠦᠮᠵᠢ ᠶᠢᠨ ᠨᠠᠷᠢᠨ ᠲᠠᠩᠰᠠ︾ ᠪᠣᠯᠭᠠᠨ ᠬᠤᠪᠢᠷᠠᠭᠤᠯᠵᠤ᠂ ᠣᠯᠵᠤ ᠦᠵᠡᠭᠰᠡᠨ ᠬᠤᠪᠢᠷᠠᠯᠲᠠ ᠪᠠᠷ ᠣᠯᠠᠨ ᠲᠦᠮᠡᠨ ᠤ ᠬᠦᠰᠡᠯ ᠡᠷᠡᠮᠡᠯᠵᠡᠯ ᠳᠤ ᠬᠠᠷᠢᠭᠤᠯᠲᠠ ᠥᠭᠭᠦᠨ᠎ᠡ                               ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ                               ᠤᠷᠴᠢᠭᠤᠯᠤᠭᠴᠢ᠄ ᠮᠥᠩᠭᠦᠨᠰᠤᠶᠢᠬᠡ                               ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3