ᠤᠯᠠᠭᠠᠨᠴᠠᠪ ᠬᠤᠲᠠ ᠶᠢᠨ ᠰᠢᠩ ᠾᠧ ᠰᠢᠶᠠᠨ ᠤ ᠵᠢᠶᠧ ᠶᠣᠣ ᠺᠣᠮᠫᠠᠨᠢ ᠶᠢᠨ ᠲᠡᠮᠦᠷ ᠤᠨ ᠬᠠᠶᠢᠯᠤᠰᠢ ᠶᠢᠨ ᠲᠥᠷᠥᠯ ᠵᠦᠢᠯ ᠤᠨ ᠴᠠᠬᠢᠯᠭᠠᠨ ᠬᠠᠩᠭᠠᠬᠤ ᠢᠨᠵᠧᠨᠧᠷᠢᠩ ᠤᠨ ᠨᠡᠶᠢᠭᠡᠮ ᠤᠨ ᠲᠣᠭᠲᠠᠭᠤᠨ ᠤ ᠲᠦᠭᠰᠢᠭᠦᠷᠢ ᠶᠢᠨ ᠦᠨᠡᠯᠡᠨ ᠵᠢᠱᠢᠯᠲᠡ ᠶᠢᠨ ᠮᠡᠳᠡᠭᠡ ᠵᠠᠩᠭᠢ ᠶᠢᠨ ᠵᠠᠷᠯᠠᠯ
ᠨᠡᠶᠢᠲᠡᠯᠡᠭᠰᠡᠨ ᠴᠠᠭ᠄
2025/4/28
     ︽︿ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠢᠬᠤᠯᠠ ᠶᠡᠭᠡ ᠵᠦᠢᠯᠡᠰ ᠤᠨ ᠨᠡᠶᠢᠭᠡᠮ ᠤᠨ ᠲᠣᠭᠲᠠᠭᠤᠨ ᠤ ᠲᠦᠭᠰᠢᠭᠦᠷᠢ ᠶᠢ ᠦᠨᠡᠯᠡᠨ ᠵᠢᠱᠢᠬᠦ ᠠᠵᠢᠯ ᠤᠨ ᠤᠳᠤᠷᠢᠳᠬᠤ ᠳᠤᠭᠤᠶᠢᠯᠠᠩ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠯᠪᠠᠨ ᠲᠢᠩᠬᠢᠮ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ︿ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠢᠬᠤᠯᠠ ᠶᠡᠭᠡ ᠵᠦᠢᠯᠡᠰ ᠤᠨ ᠨᠡᠶᠢᠭᠡᠮ ᠤᠨ ᠲᠣᠭᠲᠠᠭᠤᠨ ᠤ ᠲᠦᠭᠰᠢᠭᠦᠷᠢ ᠶᠢ ᠦᠨᠡᠯᠡᠨ ᠵᠢᠱᠢᠬᠦ ᠬᠡᠷᠡᠭᠵᠢᠭᠦᠯᠬᠦ ᠠᠷᠭ᠎ᠠ﹀ ᠶᠢ ᠳᠠᠷᠤᠮᠠᠯᠯᠠᠨ ᠶᠠᠪᠤᠭᠤᠯᠬᠤ ᠲᠤᠬᠠᠶ ᠮᠡᠳᠡᠭᠳᠡᠯ︾ ︵ᠥᠪᠥᠷ ᠨᠠᠮ ᠲᠠᠷᠬᠠᠭᠠᠭᠰᠠᠨ ︹2016︺ 1 ᠳ᠋ᠤᠭᠡᠷ ᠲᠣᠭᠠᠲᠤ︶ ᠵᠡᠷᠭᠡ ᠬᠠᠮᠢᠶ᠎ᠠ ᠪᠥᠬᠦᠶ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠣᠰᠣᠭᠠᠷ᠂ ᠡᠳᠦᠭᠡ ᠲᠥᠷᠥᠯ ᠵᠦᠢᠯ ᠤᠨ ᠨᠡᠶᠢᠭᠡᠮ ᠤᠨ ᠲᠣᠭᠲᠠᠭᠤᠨ ᠤ ᠲᠦᠭᠰᠢᠭᠦᠷᠢ ᠶᠢ ᠦᠨᠡᠯᠡᠨ ᠵᠢᠱᠢᠬᠦ ᠠᠵᠢᠯ ᠤᠨ ᠬᠤᠯᠪᠣᠭᠳᠠᠯ ᠪᠥᠬᠦᠶ ᠵᠦᠢᠯᠡᠰ ᠢ ᠳᠣᠤᠷᠠᠬᠢ ᠮᠡᠲᠦ ᠵᠠᠷᠯᠠᠶ᠎ᠠ᠄      ᠨᠢᠭᠡ᠂ ᠲᠥᠷᠥᠯ ᠵᠦᠢᠯ ᠤᠨ ᠦᠨᠳᠦᠰᠦᠨ ᠪᠠᠶᠢᠳᠠᠯ      1. ᠲᠥᠷᠥᠯ ᠵᠦᠢᠯ ᠤᠨ ᠨᠡᠷᠡᠶᠢᠳᠦᠯ᠄ ᠤᠯᠠᠭᠠᠨᠴᠠᠪ ᠬᠤᠲᠠ ᠶᠢᠨ ᠰᠢᠩ ᠾᠧ ᠰᠢᠶᠠᠨ ᠤ ᠵᠢᠶᠧ ᠶᠣᠣ ᠺᠣᠮᠫᠠᠨᠢ ᠶᠢᠨ ᠲᠡᠮᠦᠷ ᠤᠨ ᠬᠠᠶᠢᠯᠤᠰᠢ ᠶᠢᠨ ᠲᠥᠷᠥᠯ ᠵᠦᠢᠯ ᠤᠨ ᠴᠠᠬᠢᠯᠭᠠᠨ ᠬᠠᠩᠭᠠᠬᠤ ᠢᠨᠵᠧᠨᠧᠷᠢᠩ᠃      2. ᠪᠥᠲᠥᠭᠡᠨ ᠪᠠᠶᠢᠭᠤᠯᠤᠯᠲᠠ ᠶᠢᠨ ᠨᠢᠭᠡᠴᠡ᠄ ᠥᠪᠥᠷ ᠮᠣᠩᠭᠤᠯ ᠤᠨ ᠴᠠᠬᠢᠯᠭᠠᠨ ᠬᠦᠴᠦᠨ ︵ᠪᠦᠯᠦᠭᠯᠡᠯ︶ ᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠤᠯᠠᠭᠠᠨᠴᠠᠪ ᠤᠨ ᠴᠠᠬᠢᠯᠭᠠᠨ ᠬᠠᠩᠭᠠᠬᠤ ᠬᠤᠪᠢᠶᠠᠷᠢ ᠺᠣᠮᠫᠠᠨᠢ᠃      3. ᠪᠥᠲᠥᠭᠡᠨ ᠪᠠᠶᠢᠭᠤᠯᠬᠤ ᠭᠠᠵᠠᠷ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠠᠭᠠᠨᠴᠠᠪ ᠬᠤᠲᠠ ᠶᠢᠨ ᠰᠢᠩ ᠾᠧ ᠰᠢᠶᠠᠨ ᠤ ᠡᠷᠳᠡᠨᠢ ᠪᠠᠯᠭᠠᠰᠤ ᠶᠢᠨ ᠭᠤᠴᠢᠨ ᠨᠠᠢᠮᠠᠳᠤᠭᠠᠷ ᠲᠣᠭᠠᠲᠤ ᠲᠣᠰᠬᠤᠨ ᠪᠠ ᠴᠧᠩ ᠭᠤᠸᠠᠨ ᠪᠠᠯᠭᠠᠰᠤ ᠶᠢᠨ ᠰᠢ ᠭᠤᠸᠠᠨ ᠼᠦᠨ ᠲᠣᠰᠬᠤᠨ ᠤ ᠬᠢᠯᠢ ᠳᠣᠲᠣᠷ᠎ᠠ︔      4. ᠪᠥᠲᠥᠭᠡᠨ ᠪᠠᠶᠢᠭᠤᠯᠬᠤ ᠬᠤᠭᠤᠴᠠᠭ᠎ᠠ᠄ 2025 ᠣᠨ ᠤ 6 ᠰᠠᠷ᠎ᠠ ᠳᠤ ᠬᠡᠷᠡᠭᠵᠢᠭᠦᠯᠵᠦ᠂ 2025 ᠣᠨ ᠤ 12 ᠰᠠᠷ᠎ᠠ ᠳᠤ ᠪᠠᠶᠢᠭᠤᠯᠵᠤ ᠳᠠᠭᠤᠰᠬᠠᠭᠠᠳ ᠠᠰᠢᠭᠯᠠᠯᠲᠠ ᠳᠤ ᠣᠷᠣᠭᠤᠯᠤᠨ᠂ ᠠᠵᠢᠯ ᠤᠨ ᠬᠤᠭᠤᠴᠠᠭ᠎ᠠ ᠶᠢ 6 ᠰᠠᠷ᠎ᠠ ᠪᠣᠯᠭᠠᠨ᠎ᠠ᠃      5. ᠪᠥᠲᠥᠭᠡᠨ ᠪᠠᠶᠢᠭᠤᠯᠤᠯᠲᠠ ᠶᠢᠨ ᠠᠭᠤᠯᠭ᠎ᠠ᠄ ᠲᠣᠰ ᠢᠨᠵᠧᠨᠧᠷᠢᠩ ᠤᠨ ᠰᠢᠨ᠎ᠡ ᠪᠠᠷ ᠪᠠᠶᠢᠭᠤᠯᠤᠭᠰᠠᠨ ᠬᠥᠭᠵᠢᠯ ᠪᠠᠳᠠᠷᠠᠯ ᠤᠨ ᠬᠦᠴᠦᠳᠡᠯ ᠥᠭᠡᠷᠡᠴᠢᠯᠡᠬᠦ - ᠵᠢᠶᠧ ᠶᠣᠣ ᠶᠢᠨ 220kV ᠱᠤᠭᠤᠮ ᠪᠣᠯ ᠰᠢᠩ ᠸᠠᠩ 220kV ᠬᠦᠴᠦᠳᠡᠯ ᠥᠭᠡᠷᠡᠴᠢᠯᠡᠬᠦ ᠥᠷᠲᠡᠭᠡ ᠶᠢᠨ 220kV ᠱᠤᠭᠤᠮ ᠠᠴᠠ ᠡᠭᠦᠰᠦᠭᠰᠡᠨ ᠵᠠᠶ ᠠᠴᠠ ᠡᠭᠦᠰᠴᠦ᠂ ᠵᠢᠶᠧ ᠶᠣᠣ ᠶᠢᠨ 220kV ᠬᠦᠴᠦᠳᠡᠯ ᠥᠭᠡᠷᠡᠴᠢᠯᠡᠬᠦ ᠥᠷᠲᠡᠭᠡ ᠶᠢ ᠪᠠᠶᠢᠭᠤᠯᠬᠤ ᠪᠠᠷ ᠲᠥᠯᠥᠪᠯᠡᠵᠦ ᠪᠣᠶ᠃ ᠪᠦᠬᠦ ᠤᠷᠳᠤ ᠨᠢ 11.5km ᠪᠠᠶᠢᠵᠤ᠂ ᠡᠭᠦᠨ ᠳᠤ ᠠᠭᠠᠷ ᠤᠳᠠᠰᠤᠨ ᠤ ᠱᠤᠭᠤᠮ ᠤᠨ ᠤᠷᠳᠤ ᠨᠢ 11.37km ᠪᠠᠶᠢᠵᠤ᠂ ᠳᠠᠩ ᠪᠤᠴᠠᠯ ᠳᠡᠭᠡᠰᠦᠨ ᠵᠠᠮ ᠤᠨ ᠤᠷᠳᠤ ᠨᠢ 0.13km ᠪᠠᠶᠢᠳᠠᠭ᠃      6. ᠪᠡᠯᠡ ᠣᠷᠣᠭᠤᠯᠣᠯᠳᠠ ᠶᠢᠨ ᠵᠣᠭᠤᠰ᠄ ᠲᠣᠰ ᠪᠠᠷᠢᠯᠭ᠎ᠠ ᠶᠢᠨ ᠬᠢᠨᠠᠨ ᠲᠣᠭᠳᠠᠭᠠᠯᠳᠠ ᠶᠢᠨ ᠲᠣᠭᠳᠠᠩᠭᠤᠢ ᠪᠡᠯᠡ ᠣᠷᠣᠭᠤᠯᠣᠯᠳᠠ 2 382 ᠲᠦᠮᠡᠨ ᠲᠦᠭᠦᠷᠢᠭ᠂ ᠬᠦᠳᠡᠯᠦᠩᠬᠦᠢ ᠪᠡᠯᠡ ᠣᠷᠣᠭᠤᠯᠣᠯᠳᠠ 2 400 ᠲᠦᠮᠡᠨ ᠲᠦᠭᠦᠷᠢᠭ᠃      7. ᠰᠤᠪᠤᠷᠭ᠎ᠠ ᠶᠢᠨ ᠰᠠᠭᠤᠷᠢ ᠲᠤᠭ᠎ᠠ᠄ ᠰᠤᠪᠤᠷᠭ᠎ᠠ ᠶᠢᠨ ᠰᠠᠭᠤᠷᠢ ᠲᠤᠭ᠎ᠠ ᠨᠡᠶᠢᠲᠡ 46 ᠰᠠᠭᠤᠷᠢ᠂ ᠡᠭᠦᠨ ᠳᠤ ᠦᠨᠴᠦᠭᠲᠦ ᠪᠣᠯᠣᠳ ᠰᠤᠪᠤᠷᠭ᠎ᠠ ᠶᠢᠨ ᠬᠡᠰᠡᠭ 5.2 km᠂ ᠪᠣᠯᠣᠳ ᠬᠤᠭᠤᠯᠠᠢ ᠶᠢᠨ ᠪᠠᠭᠠᠨ᠎ᠠ 6.17km᠂ ᠳᠠᠩ ᠪᠤᠴᠠᠯ ᠵᠠᠮ ᠤᠨ ᠪᠠᠭᠠᠨ᠎ᠠ ᠪᠣᠯᠣᠨ᠎ᠠ᠃      ᠬᠤᠶᠠᠷ᠂ ᠠᠰᠠᠭᠤᠨ ᠯᠠᠪᠯᠠᠬᠤ ᠵᠦᠢᠯᠡᠰ      1. ᠠᠰᠠᠭᠤᠨ ᠯᠠᠪᠯᠠᠬᠤ ᠬᠡᠪᠴᠢᠶ᠎ᠡ᠄ ᠪᠠᠶᠢᠭᠤᠯᠬᠤ ᠪᠠᠷ ᠪᠠᠶᠢᠭ᠎ᠠ ᠲᠥᠷᠥᠯ ᠵᠦᠢᠯ ᠤᠨ ᠣᠷᠣᠨ ᠪᠦᠰᠡ ᠶᠢᠨ ᠣᠯᠠᠨ ᠨᠡᠶᠢᠲᠡ ᠶᠢᠨ ᠡᠭᠦᠷᠢᠳᠡ ᠶᠢᠨ ᠪᠠ ᠲᠦᠷ ᠴᠠᠭ ᠤᠨ ᠭᠠᠵᠠᠷ ᠡᠵᠡᠯᠡᠬᠦ ᠬᠥᠮᠦᠰ ᠢ ᠬᠤᠷᠢᠶᠠᠨ᠎ᠠ᠃ ᠪᠣᠳᠠᠲᠤ ᠪᠠᠶᠢᠳᠠᠯ ᠬᠢᠭᠡᠳ ᠪᠣᠯᠤᠯᠴᠠᠭ᠎ᠠ ᠶᠢ ᠭᠦᠢᠴᠡᠳ ᠪᠣᠳᠣᠯᠬᠢᠯᠠᠵᠤ᠂ ᠣᠨ ᠤ ᠪᠣᠳᠠᠲᠠᠶ ᠬᠠᠷᠠᠯᠲᠠ ᠡᠭᠦᠷᠭᠡ ᠶᠢ ᠲᠣᠳᠣᠷᠬᠠᠶᠢᠯᠠᠵᠤ᠂ ᠠᠭᠤᠯᠭ᠎ᠠ ᠨᠢ ᠲᠣᠳᠣᠷᠬᠠᠶ᠂ ᠬᠡᠮᠵᠢᠶᠡᠵᠢᠭᠦᠯᠵᠦ ᠪᠣᠯᠤᠨ᠎ᠠ᠂ ᠬᠢᠨᠠᠯᠲᠠ ᠲᠠᠯᠪᠢᠵᠤ ᠰᠢᠯᠭᠠᠨ ᠦᠨᠡᠯᠡᠬᠦ ᠳᠤ ᠲᠥᠬᠦᠮ ᠪᠣᠯᠭᠠᠨ᠎ᠠ᠃      2. ᠰᠠᠨᠠᠯ ᠬᠤᠷᠢᠶᠠᠬᠤ ᠭᠤᠤᠯ ᠠᠭᠤᠯᠭ᠎ᠠ᠄ ᠪᠠᠶᠢᠭᠤᠯᠬᠤ ᠪᠠᠷ ᠪᠠᠶᠢᠭ᠎ᠠ ᠲᠥᠷᠥᠯ ᠵᠦᠢᠯ ᠳᠤ ᠣᠷᠣᠰᠢᠵᠤ ᠮᠡᠳᠡᠬᠦ ᠨᠡᠶᠢᠭᠡᠮ ᠤᠨ ᠲᠣᠭᠲᠠᠭᠤᠨ ᠪᠠᠶᠢᠳᠠᠯ ᠤᠨ ᠳᠠᠯᠳᠠ ᠬᠦᠴᠦᠨ ᠵᠦᠢᠯ᠂ ᠣᠯᠠᠨ ᠨᠡᠶᠢᠲᠡ ᠶᠢᠨ ᠠᠰᠢᠭ ᠲᠤᠰᠠ ᠶᠢ ᠨᠥᠯᠥᠭᠡᠯᠡᠬᠦ ᠡᠰᠡᠬᠦ᠂ ᠲᠥᠷᠥᠯ ᠵᠦᠢᠯ ᠳᠤ ᠶᠠᠮᠠᠷ ᠬᠦᠰᠡᠯ ᠱᠠᠭᠠᠷᠳᠠᠯᠭ᠎ᠠ ᠪᠠᠶᠢᠬᠤ ᠵᠢᠴᠢ ᠵᠦᠶ ᠵᠣᠬᠢᠰᠲᠠᠶ ᠬᠡᠷᠡᠭᠵᠢᠭᠦᠯᠵᠦ ᠪᠣᠯᠬᠤᠶᠢᠴᠠ ᠰᠡᠷᠭᠡᠶᠢᠯᠡᠬᠦ ᠠᠷᠭ᠎ᠠ ᠬᠡᠮᠵᠢᠶ᠎ᠡ ᠪᠠ ᠰᠠᠨᠠᠭᠤᠯᠭ᠎ᠠ ᠪᠠᠶᠢᠬᠤ ᠡᠰᠡᠬᠦ᠃      ᠭᠤᠷᠪᠠ᠂ ᠢᠯᠡ ᠨᠡᠶᠢᠲᠡᠯᠡᠭᠰᠡᠨ ᠲᠣᠳᠣᠷᠬᠠᠶᠢᠯᠠᠯᠲᠠ      1. ᠣᠯᠠᠨ ᠲᠦᠮᠡᠨ ᠵᠠᠬᠢᠳᠠᠯ᠂ ᠳ᠋ᠢᠶᠠᠩᠬᠤᠸᠠ᠂ ᠢᠮᠧᠯ ᠵᠡᠷᠭᠡ ᠬᠡᠯᠪᠡᠷᠢ ᠪᠠᠷ ᠰᠠᠨᠠᠯ ᠳᠤᠷᠠᠳᠴᠤ ᠪᠣᠯᠤᠨ᠎ᠠ᠃      2. ᠵᠠᠷᠯᠠᠨ ᠨᠡᠶᠢᠲᠡᠯᠡᠭᠰᠡᠨ ᠡᠳᠦᠷ ᠠᠴᠠ ᠡᠬᠢᠯᠡᠨ ᠠᠷᠪᠠᠨ ᠲᠠᠪᠤᠨ ᠡᠳᠦᠷ ᠤᠨ ᠳᠣᠲᠣᠷ᠎ᠠ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠨᠢᠭᠡᠴᠡ ᠵᠢᠴᠢ ᠦᠨᠡᠯᠡᠬᠦ ᠨᠢᠭᠡᠴᠡ ᠠᠴᠠ ᠣᠯᠠᠨ ᠨᠡᠶᠢᠲᠡ ᠳᠤ ᠬᠠᠮᠢᠶ᠎ᠠ ᠪᠥᠬᠦᠶ ᠮᠠᠲ᠋ᠧᠷᠢᠶᠠᠯ ᠢ ᠪᠠᠶᠢᠴᠠᠭᠠᠨ ᠯᠠᠪᠯᠠᠬᠤ᠂ ᠪᠠᠶᠢᠴᠠᠭᠠᠨ ᠦᠵᠡᠬᠦ ᠦᠢᠯᠡᠴᠢᠯᠡᠭᠡ ᠬᠠᠩᠭᠠᠨ᠎ᠠ᠃      3. ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠣᠷᠣᠨ ᠤ ᠳᠣᠲᠣᠷ᠎ᠠ ᠪᠤᠶᠤ ᠡᠷᠬᠢᠨ ᠲᠣᠭᠤᠷᠢᠨ ᠤ ᠣᠯᠠᠨ ᠲᠦᠮᠡᠨ᠂ ᠬᠠᠤᠯᠢ ᠶᠢᠨ ᠡᠷᠬᠡᠲᠡᠨ ᠵᠢᠴᠢ ᠪᠤᠰᠤᠳ ᠵᠣᠬᠢᠶᠠᠨ ᠪᠠᠶᠢᠭᠤᠯᠤᠯᠲᠠ ᠶᠢ ᠵᠠᠷᠯᠠᠨ ᠨᠡᠶᠢᠲᠡᠯᠡᠭᠰᠡᠨ ᠡᠳᠦᠷ ᠠᠴᠠ ᠡᠬᠢᠯᠡᠨ ᠠᠷᠪᠠᠨ ᠲᠠᠪᠤᠨ ᠡᠳᠦᠷ ᠤᠨ ᠳᠣᠲᠣᠷ᠎ᠠ᠂ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠳᠤ ᠰᠠᠨᠠᠭᠤᠯᠭ᠎ᠠ ᠪᠤᠶᠤ ᠰᠠᠨᠠᠯ ᠳᠤᠷᠠᠳᠴᠤ ᠪᠣᠯᠤᠨ᠎ᠠ᠂ ᠪᠠᠰᠠ ᠪᠢᠴᠢᠭ ᠤᠨ ᠰᠠᠨᠠᠯ ᠢᠶᠠᠨ ᠲᠤᠬᠠᠶ ᠶᠢᠨ ᠭᠠᠵᠠᠷ ᠤᠨ ᠤᠯᠤᠰ ᠲᠥᠷᠥ ᠬᠠᠤᠯᠢ ᠴᠠᠭᠠᠵᠠ ᠶᠢᠨ ᠰᠠᠯᠠᠭ᠎ᠠ ᠮᠥᠴᠢᠷ ᠲᠤ ᠠᠰ ᠲᠤᠨᠢ ᠬᠠᠭᠤᠯᠤᠨ ᠬᠦᠷᠭᠡᠵᠦ ᠪᠣᠯᠤᠨ᠎ᠠ᠃      ᠳᠥᠷᠪᠡ᠂ ᠬᠠᠷᠢᠯᠴᠠᠬᠤ ᠠᠷᠭ᠎ᠠ ᠮᠠᠶ᠋ᠢᠭ      ᠪᠦᠲᠦᠭᠡᠨ ᠪᠠᠶᠢᠭᠤᠯᠤᠯᠲᠠ ᠶᠢᠨ ᠨᠢᠭᠡᠴᠡ᠄ ᠥᠪᠥᠷ ᠮᠣᠩᠭᠤᠯ ᠤᠨ ᠴᠠᠬᠢᠯᠭᠠᠨ ᠬᠦᠴᠦᠨ ︵ᠪᠦᠯᠦᠭᠯᠡᠯ︶ ᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠤᠯᠠᠭᠠᠨᠴᠠᠪ ᠤᠨ ᠴᠠᠬᠢᠯᠭᠠᠨ ᠬᠠᠩᠭᠠᠬᠤ ᠬᠤᠪᠢᠶᠠᠷᠢ ᠺᠣᠮᠫᠠᠨᠢ      ᠬᠠᠷᠢᠯᠴᠠᠬᠤ ᠬᠥᠮᠦᠨ᠄ ᠮᠧᠶ ᠽᠧ ᠯᠢᠨ      ᠬᠠᠷᠢᠯᠴᠠᠬᠤ ᠤᠲᠠᠰᠤ᠄ 15247453403      ᠬᠠᠷᠢᠯᠴᠠᠬᠤ ᠬᠠᠶ᠋ᠢᠭ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠠᠭᠠᠨᠴᠠᠪ ᠬᠤᠲᠠ ᠶᠢᠨ ᠵᠢᠨᠢᠩ ᠲᠣᠭᠤᠷᠢᠭ ᠤᠨ ᠴᠠᠬᠠᠷ ᠵᠡᠭᠦᠨ ᠭᠠᠷᠤᠨ ᠪᠣᠭᠤᠮᠲᠠ ᠶᠢᠨ ᠪᠣᠭᠤᠮᠲᠠ ᠳᠤ ᠮᠡᠳᠡᠭᠦᠯᠬᠦ ᠲᠢᠩᠬᠢᠮ ᠤᠨ ᠬᠤᠶᠢᠲᠤ ᠤᠯᠠᠭᠠᠨᠴᠠᠪ ᠤᠨ ᠴᠠᠬᠢᠯᠭᠠᠨ ᠬᠠᠩᠭᠠᠬᠤ ᠺᠣᠮᠫᠠᠨᠢ      ᠦᠨᠡᠯᠡᠬᠦ ᠨᠢᠭᠡᠴᠡ᠄ ᠥᠪᠥᠷ ᠮᠣᠩᠭᠤᠯ ᠤᠨ ᠬᠤᠸᠠᠨ ᠶᠣᠣ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ      ᠬᠠᠷᠢᠯᠴᠠᠬᠤ ᠬᠥᠮᠦᠨ᠄ ᠵᠣᠣ ᠪᠢᠩ ᠹᠧᠩ      ᠬᠠᠷᠢᠯᠴᠠᠬᠤ ᠤᠲᠠᠰᠤ᠄ 0471 - 3968861      ᠢᠮᠧᠯ ᠤᠨ ᠬᠠᠶ᠋ᠢᠭ᠄ 172305126@qq. com                               ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ                               ᠤᠷᠴᠢᠭᠤᠯᠤᠭᠴᠢ᠄ ᠮᠥᠩᠭᠦᠨᠰᠤᠶᠢᠬᠡ                               ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ
 
ᠢᠷᠡᠯᠲᠡ᠄ ᠰᠢᠩ ᠾᠧ ᠰᠢᠶᠠᠨ ᠤ ᠵᠠᠰᠠᠭ ᠤᠨ ᠣᠷᠳᠣᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2019 ©  ᠮᠦᠩᠭᠡᠭᠠᠯ ᠮᠣᠩᠭᠤᠯ ᠰᠣᠶᠣᠯ ᠤᠨ ᠠᠵᠣ ᠠᠬᠤᠶᠢᠯᠠᠯ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12001417号-3