4 ᠰᠠᠷ᠎ᠠ ᠶᠢᠨ 25 ᠤ ᠡᠳᠦᠷ᠂ ᠪᠦᠬᠦ ᠰᠢᠶᠠᠨ ᠤ ᠵᠣᠬᠢᠶᠠᠨ ᠪᠠᠶᠢᠭᠤᠯᠬᠤ᠂ ᠤᠬᠠᠭᠤᠯᠬᠤ᠂ ᠨᠢᠭᠡᠳᠦᠮᠡᠯ | ᠹᠷᠣᠨᠲ᠂ ᠤᠯᠤᠰ ᠲᠦᠷᠦ ᠬᠠᠤᠯᠢ ᠴᠠᠭᠠᠵᠠ ᠶᠢᠨ ᠠᠵᠢᠯ ᠤᠨ ᠬᠤᠷᠠᠯ ᠬᠤᠷᠠᠯᠳᠤᠵᠤ᠂ ᠰᠢᠶᠠᠨ ᠤ ᠨᠠᠮ ᠤᠨ | ᠬᠤᠷᠢᠶᠠᠨ ᠤ ᠱᠦᠵᠢ ᠸᠠᠩ ᠬᠤᠢ ᠢᠦᠢ ᠬᠤᠷᠠᠯ ᠳᠤ ᠣᠷᠣᠯᠴᠠᠵᠤ ᠶᠠᠷᠢᠶ᠎ᠠ ᠲᠠᠯᠪᠢᠵᠠᠢ᠃ | ᠸᠠᠩ ᠬᠤᠢ ᠢᠦᠢ ᠥᠩᠭᠡᠷᠡᠭᠰᠡᠨ ᠨᠢᠭᠡ ᠵᠢᠯ ᠤᠨ ᠪᠦᠬᠦ ᠰᠢᠶᠠᠨ ᠤ ᠵᠣᠬᠢᠶᠠᠨ ᠪᠠᠶᠢᠭᠤᠯᠬᠤ᠂ ᠤᠬᠠᠭᠤᠯᠬᠤ᠂ | ᠨᠢᠭᠡᠳᠦᠮᠡᠯ ᠹᠷᠣᠨᠲ᠂ ᠤᠯᠤᠰ ᠲᠦᠷᠦ ᠬᠠᠤᠯᠢ ᠴᠠᠭᠠᠵᠠ ᠶᠢᠨ ᠰᠠᠯᠠᠭ᠎ᠠ ᠮᠥᠴᠢᠷ ᠤᠨ ᠠᠵᠢᠯ ᠤᠨ ᠦᠷ᠎ᠡ | ᠪᠦᠲᠦᠮᠵᠢ ᠶᠢ ᠭᠦᠢᠴᠡᠳ ᠨᠤᠲᠠᠯᠠᠪᠠ᠃ ᠲᠡᠷᠡ᠂ ᠡᠯ᠎ᠡ ᠰᠠᠯᠠᠭ᠎ᠠ ᠮᠥᠴᠢᠷ ᠤᠨ ᠬᠢᠨ ᠰᠢ ᠶᠢᠨ ᠫᠢᠩ ᠤᠨ ᠰᠢᠨ᠎ᠡ ᠴᠠᠭ | ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ | ᠪᠣᠯᠭᠠᠬᠤ ᠶᠢ ᠪᠠᠷᠢᠮᠲᠠᠯᠠᠵᠤ᠂ ᠰᠢᠶᠠᠨ ᠤ ᠨᠠᠮ ᠤᠨ ᠬᠤᠷᠢᠶᠠᠨ ᠤ ᠭᠤᠣᠯ ᠠᠵᠢᠯ ᠪᠣᠯᠤᠨ ᠭᠤᠣᠯᠳᠠᠯᠭ᠎ᠠ ᠲᠠᠢ | ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠶᠡᠭᠡ ᠬᠡᠮᠵᠢᠶ᠎ᠡ ᠪᠠᠷ ᠰᠠᠭᠤᠷᠢ ᠲᠠᠯᠪᠢᠬᠤ᠂ ᠶᠠᠰᠤ ᠴᠢᠨᠠᠷ ᠦᠷ᠎ᠡ | ᠠᠰᠢᠭ ᠢ ᠳᠡᠭᠡᠭᠰᠢᠯᠡᠭᠦᠯᠬᠦ᠂ ᠲᠣᠭᠲᠠᠭᠤᠨ ᠢ ᠠᠬᠢᠭᠤᠯᠬᠤ᠂ ᠠᠯᠤᠰ ᠬᠡᠳᠦ ᠳᠤ ᠠᠰᠢᠭᠲᠠᠢ ᠠᠵᠢᠯ ᠢ ᠬᠢᠵᠦ᠂ ᠰᠢᠩ | ᠾᠧ ᠰᠢᠶᠠᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠢᠳᠡᠪᠬᠢᠲᠡᠢ ᠬᠤᠪᠢ ᠨᠡᠮᠡᠷᠢ | ᠦᠵᠡᠭᠦᠯᠵᠡᠢ ᠭᠡᠵᠦ ᠵᠢᠭᠠᠵᠤ ᠭᠠᠷᠭᠠᠪᠠ᠃ | ᠸᠠᠩ ᠬᠤᠢ ᠢᠦᠢ ᠴᠢᠬᠤᠯᠠᠴᠢᠯᠠᠭᠰᠠᠨ ᠨᠢ᠂ ᠡᠨᠡ ᠵᠢᠯ ᠪᠣᠯ ︽ᠠᠷᠪᠠᠨ ᠳᠥᠷᠪᠡᠳᠦᠭᠡᠷ ᠲᠠᠪᠤᠨ ᠵᠢᠯ︾ ᠤᠨ | ᠲᠥᠯᠥᠪᠵᠢᠭᠦᠯᠭᠡ ᠶᠢᠨ ᠡᠴᠦᠰ ᠤᠨ ᠵᠢᠯ ᠪᠣᠯᠤᠨ᠎ᠠ᠂ ᠮᠥᠨᠴᠦ ︽ᠠᠷᠪᠠᠨ ᠲᠠᠪᠤᠳᠤᠭᠠᠷ ᠲᠠᠪᠤᠨ ᠵᠢᠯ︾ ᠤᠨ ᠰᠠᠶᠢᠨ | ᠡᠬᠢᠯᠡᠯᠲᠡ ᠳᠤ ᠰᠠᠭᠤᠷᠢ ᠶᠢ ᠪᠠᠲᠤ ᠲᠠᠯᠪᠢᠬᠤ ᠵᠠᠩᠭᠢᠯᠠᠭ᠎ᠠ ᠶᠢᠨ ᠵᠢᠯ ᠪᠣᠯᠤᠨ᠎ᠠ᠂ ᠵᠣᠬᠢᠶᠠᠨ ᠪᠠᠶᠢᠭᠤᠯᠬᠤ᠂ | ᠤᠬᠠᠭᠤᠯᠬᠤ᠂ ᠨᠢᠭᠡᠳᠦᠮᠡᠯ ᠹᠷᠣᠨᠲ᠂ ᠤᠯᠤᠰ ᠲᠦᠷᠦ ᠬᠠᠤᠯᠢ ᠴᠠᠭᠠᠵᠠ ᠶᠢᠨ ᠠᠵᠢᠯ ᠢ ᠰᠠᠶᠢᠲᠤᠷ ᠬᠢᠬᠦ ᠳᠤ ᠴᠢᠬᠤᠯᠠ | ᠶᠡᠭᠡ ᠠᠴᠢ ᠬᠤᠯᠪᠣᠭᠳᠠᠯ ᠲᠠᠢ ᠶᠤᠮ᠃ ᠪᠦᠬᠦ ᠰᠢᠶᠠᠨ ᠤ ᠳᠡᠭᠡᠳᠦ ᠲᠤᠤᠷᠠᠳᠤ ᠱᠠᠳᠤ ᠪᠠᠷ ᠢᠶᠠᠨ ᠤᠯᠤᠰ ᠲᠦᠷᠦ ᠶᠢᠨ | ᠵᠣᠭᠰᠣᠴᠠ ᠪᠠᠨ ᠤᠯᠠᠮ ᠴᠢᠨᠠᠭᠰᠢᠳᠠ ᠳᠡᠭᠡᠭᠰᠢᠯᠡᠭᠦᠯᠵᠦ᠂ ᠶᠡᠷᠦᠩᠬᠡᠢ ᠱᠦᠵᠢ ᠰᠢ ᠶᠢᠨ ᠫᠢᠩ ᠤᠨ ᠵᠣᠬᠢᠶᠠᠨ | ᠪᠠᠶᠢᠭᠤᠯᠬᠤ᠂ ᠤᠬᠠᠭᠤᠯᠬᠤ᠂ ᠨᠢᠭᠡᠳᠦᠮᠡᠯ ᠹᠷᠣᠨᠲ᠂ ᠤᠯᠤᠰ ᠲᠦᠷᠦ ᠬᠠᠤᠯᠢ ᠴᠠᠭᠠᠵᠠ ᠶᠢᠨ ᠠᠵᠢᠯ ᠤᠨ ᠲᠤᠬᠠᠢ | ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ ᠣᠶᠢᠯᠠᠭᠠᠵᠤ᠂ ᠳᠡᠭᠡᠳᠦ ᠬᠡᠮᠵᠢᠶᠡᠨ ᠤ ᠤᠯᠤᠰ ᠲᠦᠷᠦ ᠶᠢᠨ | ᠬᠠᠷᠢᠭᠤᠴᠠᠯᠭᠠᠲᠤ ᠰᠡᠳᠬᠢᠯᠭᠡ᠂ ᠬᠦᠴᠦᠯᠡᠨ ᠴᠢᠷᠮᠠᠶᠢᠵᠤ ᠦᠢᠯᠡᠰ ᠪᠦᠲᠦᠭᠡᠬᠦ ᠤᠷᠤᠭᠰᠢᠯᠠᠨ ᠲᠠᠪᠰᠢᠬᠤ ᠵᠣᠷᠢᠭ | ᠰᠠᠨᠠᠭ᠎ᠠ᠂ ᠦᠨᠡᠨ ᠢ ᠪᠠᠷᠢᠮᠲᠠᠯᠠᠨ ᠪᠣᠳᠠᠲᠠᠢ ᠶᠢ ᠡᠷᠬᠢᠮᠯᠡᠬᠦ ᠠᠵᠢᠯ ᠤᠨ ᠰᠤᠷᠲᠠᠯ ᠢᠶᠠᠷ ᠡᠯ᠎ᠡ ᠵᠦᠢᠯ ᠤᠨ ᠠᠵᠢᠯ ᠤᠨ | ᠳᠡᠭᠲᠡᠷ ᠲᠤ ᠭᠠᠷᠬᠤ᠂ ᠲᠦᠪᠰᠢᠨ ᠢᠶᠠᠨ ᠳᠡᠭᠡᠭᠰᠢᠯᠡᠭᠦᠯᠬᠦ ᠶᠢ ᠠᠬᠢᠭᠤᠯᠬᠤ ᠬᠡᠷᠡᠭᠲᠡᠢ᠃ | ᠸᠠᠩ ᠬᠤᠢ ᠢᠦᠢ ᠴᠢᠬᠤᠯᠠᠴᠢᠯᠠᠭᠰᠠᠨ ᠨᠢ᠂ ᠤᠯᠤᠰ ᠲᠦᠷᠦ ᠶᠢᠨ ᠪᠠᠶᠢᠭᠤᠯᠤᠯᠲᠠ ᠶᠢ ᠴᠢᠩᠭᠠᠳᠬᠠᠵᠤ᠂ | ᠤᠨᠤᠯ ᠢᠶᠠᠷ ᠵᠡᠪᠰᠡᠭᠯᠡᠬᠦ ᠶᠢ ᠰᠠᠶᠢᠲᠤᠷ ᠠᠳᠬᠤᠵᠤ᠂ ᠺᠠᠳ᠋ᠷ ᠤᠨ ᠬᠥᠮᠦᠵᠢᠯ ᠪᠣᠯᠪᠠᠰᠤᠷᠠᠯ ᠪᠣᠯᠤᠨ ᠨᠠᠮ ᠤᠨ ᠵᠣᠬᠢᠶᠠᠨ | ᠪᠠᠶᠢᠭᠤᠯᠤᠯᠲᠠ ᠶᠢᠨ ᠰᠢᠰᠲ᠋ᠧᠮ ᠤᠨ ᠪᠠᠶᠢᠭᠤᠯᠤᠯᠲᠠ ᠶᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠦᠨᠳᠦᠰᠦᠨ | ᠱᠠᠲᠤᠨ ᠤ ᠵᠣᠬᠢᠶᠠᠨ ᠪᠠᠶᠢᠭᠤᠯᠤᠯᠲᠠ ᠶᠢᠨ ᠰᠠᠭᠤᠷᠢ ᠶᠢ ᠪᠠᠬᠢᠵᠢᠭᠦᠯᠵᠦ᠂ ︽1+2+5︾ ᠦᠨᠳᠦᠰᠦᠨ ᠱᠠᠲᠤᠨ ᠤ | ᠨᠠᠮ ᠤᠨ ᠪᠠᠶᠢᠭᠤᠯᠤᠯᠲᠠ ᠶᠢᠨ ᠠᠵᠢᠯ ᠤᠨ ᠪᠠᠶᠢᠷᠢᠰᠢᠯ ᠢ ᠪᠦᠷᠢᠨᠰᠢᠬᠦᠯᠦᠨ ᠲᠡᠭᠦᠯᠳᠡᠷᠵᠢᠭᠦᠯᠵᠦ᠂ ᠦᠨᠳᠦᠰᠦᠨ | ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠠᠵᠢᠯ ᠤᠨ ᠶᠠᠰᠤ ᠴᠢᠨᠠᠷ ᠢ ᠲᠠᠰᠤᠷᠠᠯᠳᠠ ᠦᠭᠡᠢ ᠳᠡᠭᠡᠭᠰᠢᠯᠡᠭᠦᠯᠬᠦ | ᠬᠡᠷᠡᠭᠲᠡᠢ᠃ ᠴᠢᠳᠠᠪᠤᠷᠢᠲᠠᠨ ᠢ ᠤᠨᠢᠨ ᠳᠡᠭᠡᠷ᠎ᠡ ᠨᠢ ᠰᠣᠩᠭᠤᠵᠤ᠂ ᠺᠠᠳ᠋ᠷ ᠢ ᠰᠣᠩᠭᠤᠨ ᠬᠥᠮᠦᠵᠢᠭᠦᠯᠬᠦ ᠳᠤ ᠲᠤᠰᠠᠳᠠᠢ | ᠪᠠᠶᠢᠬᠤ ᠶᠢ ᠰᠢᠯᠢᠳᠡᠭᠵᠢᠭᠦᠯᠵᠦ᠂ ᠴᠢᠳᠠᠪᠤᠷᠢᠲᠠᠨ ᠢ ᠬᠥᠮᠦᠵᠢᠭᠦᠯᠵᠦ ᠣᠷᠣᠭᠤᠯᠤᠨ ᠠᠪᠴᠢᠷᠠᠬᠤ ᠡᠷᠴᠢᠮ ᠢᠶᠠᠨ | ᠴᠢᠩᠭᠠᠷᠠᠭᠤᠯᠵᠤ᠂ ᠨᠢᠭᠡ ᠪᠦᠯᠦᠭ ᠬᠦᠨᠳᠦ ᠡᠭᠦᠷᠭᠡ ᠶᠢ ᠡᠭᠦᠷᠭᠡᠯᠡᠵᠦ ᠳᠡᠶᠢᠯᠬᠦ ᠵᠠᠯᠭᠠᠮᠵᠢᠯᠠᠭᠴᠢ ᠶᠢ ᠬᠥᠮᠦᠵᠢᠭᠦᠯᠦᠨ | ᠪᠤᠶᠢᠵᠢᠭᠤᠯᠬᠤ ᠬᠡᠷᠡᠭᠲᠡᠢ᠃ ᠰᠢ ᠶᠢᠨ ᠫᠢᠩ ᠤᠨ ᠰᠣᠶᠣᠯ ᠤᠨ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠨ | ᠲᠤᠭᠤᠰᠢᠯᠠᠭᠤᠯᠵᠤ᠂ ᠨᠠᠮ ᠤᠨ ᠰᠢᠨ᠎ᠡ ᠶᠢ ᠡᠭᠦᠳᠬᠦ ᠣᠨᠣᠯ ᠢᠶᠠᠷ ᠵᠡᠪᠰᠡᠭᠯᠡᠬᠦ ᠶᠢ ᠦᠷᠭᠦᠯᠵᠢᠯᠡᠨ ᠴᠢᠩᠭᠠᠳᠬᠠᠵᠤ᠂ | ᠭᠤᠤᠯ ᠦᠵᠡᠯ ᠰᠠᠨᠠᠭ᠎ᠠ ᠶᠠᠷᠢᠶ᠎ᠠ ᠬᠡᠯᠡᠯᠴᠡᠭᠡ ᠶᠢ ᠪᠠᠬᠢᠵᠢᠭᠦᠯᠦᠨ ᠪᠤᠵᠠᠭᠠᠶᠢᠷᠠᠭᠤᠯᠵᠤ᠂ ᠭᠤᠤᠯ ᠰᠡᠳᠦᠪᠲᠦ | ᠤᠬᠠᠭᠤᠯᠭ᠎ᠠ ᠶᠢ ᠨᠠᠷᠢᠨ ᠨᠢᠮᠪᠠᠶ ᠰᠠᠶᠢᠲᠤᠷ ᠲᠥᠰᠦᠪᠯᠡᠵᠦ᠂ ᠤᠬᠠᠭᠤᠯᠭ᠎ᠠ ᠶᠢᠨ ᠠᠵᠢᠯ ᠤᠨ ᠲᠦᠪᠰᠢᠨ ᠢ ᠲᠠᠰᠤᠷᠠᠯᠲᠠ | ᠥᠬᠡᠶ ᠳᠡᠭᠡᠭᠰᠢᠯᠡᠭᠦᠯᠬᠦ ᠬᠡᠷᠡᠭᠲᠡᠶ᠃ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠵᠠᠩᠭᠢᠯᠠᠭ᠎ᠠ ᠶᠢᠨ ᠬᠦᠷᠢᠶ᠎ᠡ | ᠪᠣᠯᠤᠨ ᠭᠤᠭᠴᠤᠭ᠎ᠠ ᠶᠢ ᠪᠠᠲᠤ ᠡᠵᠡᠮᠳᠡᠵᠦ᠂ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠬᠠᠷᠢᠭᠤᠴᠠᠯᠭ᠎ᠠ ᠶᠢᠨ | ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠦᠵᠡᠯ ᠤᠬᠠᠮᠰᠠᠷ ᠤᠨ ᠬᠡᠯᠪᠡᠷᠢ ᠶᠢᠨ ᠬᠦᠷᠢᠶᠡᠨ ᠳᠠᠬᠢ ᠬᠠᠷᠢᠴᠠᠯᠠᠰᠢᠭᠦᠢ | ᠠᠮᠤᠷ ᠲᠦᠪᠰᠢᠨ ᠢ ᠪᠠᠲᠤᠯᠠᠬᠤ ᠬᠡᠷᠡᠭᠲᠡᠢ᠃ ᠤᠮᠠᠷᠠᠲᠤ ᠬᠢᠯᠢ ᠶᠢᠨ ᠰᠣᠶᠣᠯ ᠤᠨ ᠪᠠᠶᠢᠭᠤᠯᠤᠯᠲᠠ ᠶᠢ ᠳᠡᠭᠡᠭᠰᠢᠯᠡᠭᠦᠯᠬᠦ | ᠠᠵᠢᠯᠯᠠᠭ᠎ᠠ ᠶᠢ ᠯᠠᠪᠳᠠᠭᠤᠨ ᠪᠠᠲᠤᠲᠠᠢ ᠥᠷᠨᠢᠭᠦᠯᠵᠦ᠂ ᠰᠤᠳᠤᠯᠤᠨ ᠲᠠᠶᠢᠯᠪᠤᠷᠢᠯᠠᠬᠤ ᠶᠢ ᠦᠷᠭᠦᠯᠵᠢᠯᠡᠨ | ᠭᠦᠨᠵᠡᠭᠡᠶᠢᠷᠡᠭᠦᠯᠵᠦ᠂ ᠤᠳᠬ᠎ᠠ ᠤᠷᠠᠯᠢᠭ ᠤᠨ ᠵᠣᠬᠢᠶᠠᠨ ᠪᠦᠲᠦᠭᠡᠯᠭᠡ ᠶᠢ ᠳᠡᠮᠵᠢᠨ ᠵᠣᠷᠢᠭᠵᠢᠭᠤᠯᠵᠤ᠂ ᠤᠬᠠᠭᠤᠯᠤᠨ | ᠳᠡᠯᠭᠡᠨ ᠦᠵᠡᠭᠦᠯᠬᠦ ᠶᠢ ᠪᠦᠬᠦ ᠲᠠᠯ᠎ᠠ ᠪᠠᠷ ᠴᠢᠩᠭᠠᠳᠬᠠᠵᠤ᠂ ᠨᠡᠶᠢᠭᠡᠮ ᠤᠨ ᠪᠣᠯᠪᠠᠰᠤᠨ ᠤ ᠬᠡᠪ ᠰᠤᠷᠲᠠᠯ ᠢ ᠪᠤᠢ | ᠪᠣᠯᠭᠠᠬᠤ ᠬᠡᠷᠡᠭᠲᠡᠢ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ | ᠪᠣᠯᠭᠠᠬᠤ ᠠᠵᠢᠯ ᠤᠨ ᠭᠤᠣᠯ ᠰᠢᠵᠢᠮ ᠢ ᠪᠦᠬᠦ ᠲᠠᠯ᠎ᠠ ᠪᠠᠷ ᠲᠤᠤᠱᠯᠠᠭᠤᠯᠵᠤ᠂ ᠮᠠᠨ ᠤ ᠤᠯᠤᠰ ᠤᠨ ᠱᠠᠰᠢᠨ | ᠰᠤᠷᠲᠠᠬᠤᠨ ᠢ ᠳᠤᠮᠳᠠᠳᠤ ᠤᠯᠤᠰᠴᠢᠯᠠᠬᠤ ᠶᠢ ᠰᠢᠰᠲ᠋ᠧᠮ ᠲᠠᠢ ᠠᠬᠢᠭᠤᠯᠵᠤ᠂ ︽ᠬᠤᠶᠠᠷ ᠡᠷᠡᠭᠦᠯ ᠮᠡᠨᠳᠦ︾ ᠶᠢᠨ | ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ᠨᠠᠮ ᠤᠨ | ᠭᠠᠳᠠᠨᠠᠬᠢ ᠰᠡᠬᠡᠭᠡᠲᠡᠨ᠂ ᠨᠡᠶᠢᠭᠡᠮ ᠤᠨ ᠰᠢᠨ᠎ᠡ ᠳᠠᠪᠬᠤᠷᠭ᠎ᠠ ᠶᠢᠨ ᠬᠥᠮᠦᠰ ᠪᠣᠯᠤᠨ ᠦᠨᠳᠦᠰᠦᠲᠡᠨ ᠱᠠᠰᠢᠨ | ᠰᠤᠷᠲᠠᠬᠤᠨ ᠵᠡᠷᠭᠡ ᠭᠤᠣᠯᠳᠠᠯᠭ᠎ᠠ ᠲᠠᠢ ᠠᠵᠢᠯ ᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠨᠢᠭᠡᠳᠦᠮᠡᠯ | ᠹᠷᠣᠨᠲ ᠤᠨ ᠬᠥᠮᠦᠰ ᠤᠨ ᠰᠡᠳᠬᠢᠯ ᠢ ᠨᠢᠭᠲᠠᠷᠠᠭᠤᠯᠬᠤ᠂ ᠬᠦᠴᠦᠨ ᠴᠢᠳᠠᠯ ᠢ ᠨᠢᠭᠲᠠᠷᠠᠭᠤᠯᠬᠤ ᠤᠯᠤᠰ ᠲᠦᠷᠦ ᠶᠢᠨ | ᠦᠢᠯᠡᠳᠦᠯ ᠢ ᠨᠡᠩ ᠰᠠᠶᠢᠲᠤᠷ ᠪᠠᠳᠠᠷᠠᠭᠤᠯᠬᠤ ᠬᠡᠷᠡᠭᠲᠡᠢ᠃ ᠤᠯᠤᠰ ᠲᠦᠷᠦ ᠬᠠᠤᠯᠢ ᠴᠠᠭᠠᠵᠠ ᠶᠢᠨ ᠠᠵᠢᠯ ᠳᠠᠬᠢ | ᠨᠠᠮ ᠤᠨ ᠬᠠᠷᠢᠴᠠᠯᠠᠰᠢᠭᠦᠢ ᠤᠳᠤᠷᠢᠳᠤᠯᠭ᠎ᠠ ᠶᠢ ᠢᠮᠠᠭᠲᠠ ᠪᠠᠷᠢᠮᠲᠠᠯᠠᠵᠤ᠂ ᠠᠶᠤᠯ ᠲᠦᠭᠰᠢᠭᠦᠷᠢ ᠶᠢ ᠰᠡᠷᠭᠡᠶᠢᠯᠡᠬᠦ᠂ | ᠠᠮᠤᠷ ᠲᠦᠪᠰᠢᠨ ᠢ ᠪᠠᠲᠤᠯᠠᠬᠤ᠂ ᠲᠣᠭᠲᠠᠭᠤᠨ ᠢ ᠬᠠᠮᠠᠭᠠᠯᠠᠬᠤ᠂ ᠬᠥᠭᠵᠢᠯᠲᠡ ᠶᠢ ᠠᠬᠢᠭᠤᠯᠬᠤ ᠡᠯ᠎ᠡ ᠵᠦᠢᠯ ᠤᠨ | ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠳᠬᠤᠵᠤ᠂ ᠤᠯᠤᠰ ᠲᠦᠷᠦ ᠶᠢᠨ ᠠᠮᠤᠷ ᠲᠦᠪᠰᠢᠨ ᠪᠣᠯᠤᠨ | ᠨᠡᠶᠢᠭᠡᠮ ᠤᠨ ᠶᠡᠭᠡ ᠲᠠᠯ᠎ᠠ ᠶᠢᠨ ᠲᠣᠭᠲᠠᠭᠤᠨ ᠢ ᠪᠦᠬᠦ ᠬᠦᠴᠦᠨ ᠢᠶᠠᠷ ᠢᠶᠠᠨ ᠬᠠᠮᠠᠭᠠᠯᠠᠬᠤ ᠬᠡᠷᠡᠭᠲᠡᠢ︔ ᠰᠢᠨ᠎ᠡ ᠴᠠᠭ | ᠦᠶ᠎ᠡ ᠶᠢᠨ ︽ᠹᠧᠩᠴᠢᠶᠤᠤ ᠶᠢᠨ ᠲᠤᠷᠰᠢᠯᠭ᠎ᠠ︾ ᠶᠢ ᠪᠠᠷᠢᠮᠲᠠᠯᠠᠨ ᠬᠥᠭᠵᠢᠭᠦᠯᠵᠦ᠂ ᠦᠨᠳᠦᠰᠦᠨ ᠱᠠᠲᠤᠨ ᠤ | ᠨᠡᠶᠢᠭᠡᠮ ᠤᠨ ᠵᠠᠰᠠᠯᠲᠠ ᠶᠢᠨ ᠲᠦᠪᠰᠢᠨ ᠢ ᠦᠷᠭᠦᠯᠵᠢᠯᠡᠨ ᠳᠡᠭᠡᠭᠰᠢᠯᠡᠭᠦᠯᠬᠦ ᠬᠡᠷᠡᠭᠲᠡᠢ︔ ᠲᠥᠪ ᠭᠤᠣᠯᠴᠢ | ᠪᠣᠯᠪᠠᠰᠤᠨ ᠢᠶᠠᠷ ᠬᠠᠤᠯᠢ ᠬᠡᠷᠡᠭᠵᠢᠭᠦᠯᠬᠦ ᠶᠢ ᠴᠢᠩᠭ᠎ᠠ ᠵᠢᠷᠤᠮᠵᠢᠭᠤᠯᠵᠤ᠂ ᠬᠠᠤᠯᠢ ᠬᠡᠷᠡᠭᠵᠢᠭᠦᠯᠬᠦ ᠬᠠᠤᠯᠢ ᠴᠠᠭᠠᠵᠠ ᠶᠢᠨ | ᠬᠢᠨᠠᠯᠲᠠ ᠶᠢ ᠴᠢᠩᠭᠠᠳᠬᠠᠨ᠂ ᠬᠠᠤᠯᠢ ᠴᠠᠭᠠᠵᠠ ᠶᠢᠨ ᠦᠢᠯᠡᠴᠢᠯᠡᠭᠡᠨ ᠤ ᠬᠠᠩᠭᠠᠯᠭ᠎ᠠ ᠶᠢ ᠰᠢᠯᠢᠳᠡᠭᠵᠢᠭᠦᠯᠵᠦ᠂ ᠬᠠᠤᠯᠢ | ᠬᠡᠷᠡᠭᠵᠢᠭᠦᠯᠬᠦ ᠬᠠᠤᠯᠢ ᠴᠠᠭᠠᠵᠠ ᠶᠢᠨ ᠤᠯᠠᠨ ᠨᠡᠶᠢᠲᠡ ᠶᠢ ᠢᠲᠡᠭᠡᠭᠦᠯᠬᠦ ᠬᠦᠴᠦᠨ ᠢ ᠪᠦᠬᠦ ᠬᠦᠴᠦᠨ ᠢᠶᠠᠷ ᠢᠶᠠᠨ | ᠳᠡᠭᠡᠭᠰᠢᠯᠡᠭᠦᠯᠵᠦ᠂ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠬᠦᠴᠦᠯᠡᠨ ᠠᠬᠢᠭᠤᠯᠬᠤ ᠳᠤ ᠪᠠᠲᠤ | ᠴᠢᠩᠭ᠎ᠠ ᠤᠯᠤᠰ ᠲᠦᠷᠦ ᠬᠠᠤᠯᠢ ᠴᠠᠭᠠᠵᠠ ᠶᠢᠨ ᠪᠠᠲᠤᠯᠠᠭ᠎ᠠ ᠬᠠᠩᠭᠠᠬᠤ ᠬᠡᠷᠡᠭᠲᠡᠢ᠃ | ᠸᠠᠩ ᠬᠤᠢ ᠢᠦᠢ ᠱᠠᠭᠠᠷᠳᠠᠭᠰᠠᠨ ᠨᠢ᠂ ᠵᠣᠬᠢᠶᠠᠨ ᠪᠠᠶᠢᠭᠤᠯᠬᠤ᠂ ᠤᠬᠠᠭᠤᠯᠬᠤ᠂ ᠨᠢᠭᠡᠳᠦᠮᠡᠯ ᠹᠷᠣᠨᠲ᠂ | ᠤᠯᠤᠰ ᠲᠦᠷᠦ ᠬᠠᠤᠯᠢ ᠴᠠᠭᠠᠵᠠ ᠶᠢᠨ ᠰᠠᠯᠠᠭ᠎ᠠ ᠮᠥᠴᠢᠷ ᠤᠨ ᠬᠢᠨ ᠰᠢᠯᠭᠠᠷᠠᠭᠰᠠᠨ ᠬᠡᠪ ᠴᠢᠨᠠᠷ ᠢᠶᠠᠨ ᠳᠠᠪᠲᠠᠨ | ᠪᠣᠯᠪᠠᠰᠤᠷᠠᠭᠤᠯᠵᠤ᠂ ᠰᠠᠬᠢᠯᠭ᠎ᠠ ᠪᠠᠲᠤ ᠶᠣᠰᠣ ᠲᠦᠷᠢᠮ ᠢ ᠴᠢᠩᠭ᠎ᠠ ᠰᠠᠬᠢᠵᠤ᠂ ᠵᠣᠬᠢᠴᠠᠭᠤᠯᠤᠨ ᠬᠠᠮᠵᠢᠯᠴᠠᠬᠤ ᠪᠠᠨ | ᠴᠢᠩᠭᠠᠳᠬᠠᠵᠤ᠂ ᠡᠭᠦᠷᠭᠡ ᠲᠤᠰᠢᠶᠠᠯ ᠢᠶᠠᠨ ᠭᠦᠢᠴᠡᠳᠬᠡᠬᠦ ᠴᠢᠳᠠᠪᠤᠷᠢ ᠪᠠᠨ ᠴᠢᠩᠭᠠᠳᠬᠠᠵᠤ᠂ ᠠᠵᠢᠯ ᠤᠨ | ᠲᠦᠪᠰᠢᠨ ᠢᠶᠠᠨ ᠳᠡᠭᠡᠭᠰᠢᠯᠡᠭᠦᠯᠵᠦ᠂ ᠡᠯ᠎ᠡ ᠬᠦᠷᠢᠶᠡᠨ ᠤ ᠠᠵᠢᠯ ᠤᠨ ᠡᠮᠬᠢ ᠵᠢᠷᠤᠮ ᠲᠠᠢ ᠥᠷᠨᠢᠬᠦ ᠶᠢ ᠠᠬᠢᠭᠤᠯᠵᠤ᠂ | ᠨᠡᠶᠢᠭᠡᠮ ᠵᠢᠷᠤᠮ ᠤᠨ ᠣᠳᠣᠬᠢᠴᠢᠯᠠᠯᠲᠠ ᠶᠢᠨ ᠬᠥᠭᠵᠢᠯ ᠮᠠᠨᠳᠤᠯ ᠤᠨ ᠰᠢᠨ᠎ᠡ ᠬᠠᠭᠤᠳᠠᠰᠤ ᠶᠢ ᠪᠢᠴᠢᠭᠯᠡᠬᠦ ᠳᠤ ᠨᠡᠩ | ᠶᠡᠭᠡ ᠰᠢᠨ᠎ᠡ ᠬᠤᠪᠢ ᠨᠡᠮᠡᠷᠢ ᠦᠵᠡᠭᠦᠯᠬᠦ ᠬᠡᠷᠡᠭᠲᠡᠢ ᠭᠡᠵᠦ ᠱᠠᠭᠠᠷᠳᠠᠪᠠ᠃ | ᠬᠤᠷᠠᠯ ᠳᠡᠭᠡᠷ᠎ᠡ᠂ ᠰᠢᠶᠠᠨ ᠤ ᠤᠳᠤᠷᠢᠳᠤᠯᠭ᠎ᠠ ᠳ᠋ᠦᠩ ᠰᠢᠶᠤᠤ ᠨᠢᠩ᠂ ᠵᠣᠣ ᠬᠤᠶ ᠵᠢᠤᠢ᠂ ᠶᠠᠩ ᠯᠢ ᠷᠦᠩ᠂ | ᠵᠧᠤ ᠷᠦᠢ ᠵᠢᠶᠦ᠋ᠨ ᠲᠣᠰ ᠲᠣᠰ 2024 ᠣᠨ ᠤ ᠡᠯ᠎ᠡ ᠬᠦᠷᠢᠶᠡᠨ ᠤ ᠠᠵᠢᠯ ᠢᠶᠠᠨ ᠳ᠋ᠦᠩᠨᠡᠵᠦ᠂ 2025 ᠣᠨ ᠤ | ᠠᠵᠢᠯ ᠤᠨ ᠡᠭᠦᠷᠭᠡ ᠪᠠᠨ ᠳᠣᠭᠢᠷᠠᠭᠤᠯᠤᠨ ᠪᠠᠶᠢᠷᠢᠯᠠᠭᠤᠯᠪᠠ᠃ | | ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ | ᠤᠷᠴᠢᠭᠤᠯᠤᠭᠴᠢ᠄ ᠮᠥᠩᠭᠦᠨᠰᠤᠶᠢᠬᠡ | ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ |