ᠪᠦᠬᠦ ᠰᠢᠶᠠᠩ ᠤᠨ ᠠᠪᠤ ᠨᠤᠲᠤᠭ ᠤᠨ ᠠᠬ᠎ᠠ ᠳᠡᠭᠦᠦ ᠨᠠᠷ᠄ | ᠰᠢᠨ᠎ᠡ ᠴᠠᠭ ᠦᠶ᠎ᠡ ᠶᠢᠨ ︽ᠹᠧᠩ ᠴᠢᠶᠣᠤ ᠶᠢᠨ ᠲᠤᠷᠰᠢᠯᠭ᠎ᠠ︾ ᠶᠢ ᠪᠠᠷᠢᠮᠲᠠᠯᠠᠨ ᠬᠥᠭᠵᠢᠭᠦᠯᠵᠦ᠂ ᠵᠥᠷᠢᠴᠡᠯ | ᠵᠢᠭᠤᠷᠠᠯᠳᠤᠭᠠᠨ ᠢ ᠰᠡᠷᠭᠡᠶᠢᠯᠡᠨ ᠠᠷᠢᠯᠭᠠᠬᠤ ᠬᠠᠤᠯᠢ ᠪᠠᠷ ᠵᠠᠰᠠᠬᠤ ᠪᠠ ᠨᠡᠶᠢᠭᠡᠮ ᠤᠨ ᠠᠮᠤᠷ ᠲᠦᠪᠰᠢᠨ ᠢ ᠶᠡᠷᠦᠩᠬᠡᠶᠢᠯᠡᠨ | ᠵᠠᠰᠠᠬᠤ ᠵᠢᠷᠤᠮᠵᠢᠭᠤᠯᠤᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠬᠦ ᠶᠢᠨ ᠲᠥᠯᠥᠭᠡ᠂ ᠳ᠋ᠠ ᠲᠦᠩ ᠶᠣᠣ ᠰᠢᠶᠠᠩ ᠤᠨ | ᠨᠡᠶᠢᠭᠡᠮ ᠤᠨ ᠠᠮᠤᠷ ᠲᠦᠪᠰᠢᠨ ᠢ ᠶᠡᠷᠦᠩᠬᠡᠶᠢᠯᠡᠨ ᠵᠠᠰᠠᠬᠤ ᠲᠥᠪ ︵ᠳᠣᠷᠣᠭᠰᠢ ᠶᠡᠷᠦᠩᠬᠡᠶᠢᠯᠡᠨ ᠵᠠᠰᠠᠬᠤ ᠲᠥᠪ ᠭᠡᠵᠦ | ᠲᠣᠪᠴᠢᠯᠠᠨ᠎ᠠ︶ ᠢ ᠠᠰᠢᠭᠯᠠᠯᠲᠠ ᠳᠤ ᠣᠷᠣᠭᠤᠯᠤᠨ ᠠᠵᠢᠯᠯᠠᠭᠤᠯᠵᠤ᠂ ᠡᠳᠦᠭᠡ ᠠᠵᠢᠯᠯᠠᠭᠠᠨ ᠤ ᠬᠤᠯᠪᠣᠭᠳᠠᠯ ᠪᠥᠬᠦᠶ | ᠵᠦᠢᠯᠡᠰ ᠢ ᠳᠣᠤᠷᠠᠬᠢ ᠮᠡᠲᠦ ᠵᠠᠷᠯᠠᠶ᠎ᠠ᠄ | ᠨᠢᠭᠡ᠂ ᠶᠡᠷᠦᠩᠬᠡᠶᠢᠯᠡᠨ ᠵᠠᠰᠠᠬᠤ ᠲᠥᠪ ᠤᠨ ᠴᠢᠳᠠᠮᠵᠢ ᠶᠢᠨ ᠪᠠᠶᠢᠷᠢ ᠲᠣᠭᠲᠠᠭᠠᠯᠲᠠ | ᠶᠡᠷᠦᠩᠬᠡᠶᠢᠯᠡᠨ ᠵᠠᠰᠠᠬᠤ ᠲᠥᠪ ᠪᠣᠯ ᠤᠯᠤᠰ ᠲᠥᠷᠥ ᠬᠠᠤᠯᠢ ᠴᠠᠭᠠᠵᠠ ᠶᠢᠨ ᠡᠭᠦᠷᠭᠡ ᠴᠢᠳᠠᠪᠤᠷᠢ ᠳᠤ ᠰᠠᠭᠤᠷᠢᠯᠠᠨ᠂ | ᠣᠯᠠᠨ ᠲᠦᠮᠡᠨ ᠤ ᠵᠥᠷᠢᠴᠡᠯ ᠵᠢᠭᠤᠷᠠᠯᠳᠤᠭᠠᠨ ᠢ ᠶᠡᠷᠦᠩᠬᠡᠶᠢᠯᠡᠨ ᠰᠢᠢᠳᠪᠦᠷᠢᠯᠡᠬᠦ ᠪᠣᠳᠠᠲᠤ ᠴᠣᠭᠴᠠᠲᠤ ᠲᠠᠪᠴᠠᠩ ᠮᠥᠨ᠃ | ᠬᠠᠤᠯᠢ ᠴᠠᠭᠠᠵᠠ ᠶᠢᠨ ᠭᠠᠵᠠᠷ᠂ ᠲᠣᠮᠢᠯᠠᠭᠰᠠᠨ ᠰᠠᠯᠪᠤᠷᠢ ᠵᠡᠷᠭᠡ ᠰᠠᠯᠠᠭ᠎ᠠ ᠮᠥᠴᠢᠷ ᠤᠨ ᠵᠣᠬᠢᠴᠠᠯᠳᠤᠨ ᠬᠠᠮᠵᠢᠯᠴᠠᠬᠤ ᠶᠢ | ᠡᠮᠬᠢᠯᠡᠨ ᠨᠡᠶᠢᠯᠡᠭᠦᠯᠵᠦ᠂ ᠥᠷᠭᠡᠨ ᠣᠯᠠᠨ ᠲᠦᠮᠡᠨ ᠤ ︽ᠨᠢᠭᠡ ᠥᠷᠲᠡᠭᠡ ᠮᠠᠶ᠋ᠢᠭ︾ ᠤᠨ ᠬᠦᠰᠡᠯ ᠱᠠᠭᠠᠷᠳᠠᠯᠭ᠎ᠠ ᠶᠢ | ᠰᠢᠢᠳᠪᠦᠷᠢᠯᠡᠨ᠂ ᠣᠯᠠᠨ ᠲᠦᠮᠡᠨ ᠤ ᠵᠥᠷᠢᠴᠡᠯ ᠵᠢᠭᠤᠷᠠᠯᠳᠤᠭᠠᠨ ᠵᠡᠷᠭᠡ ᠠᠰᠢᠭ ᠲᠤᠰᠠ ᠶᠢᠨ ᠬᠦᠰᠡᠯ ᠱᠠᠭᠠᠷᠳᠠᠯᠭ᠎ᠠ ᠶᠢ ︽ | ᠨᠢᠭᠡ ᠯᠡ ᠡᠭᠦᠳᠡ ᠪᠠᠷ ᠣᠷᠣᠵᠤ᠂ ᠬᠠᠮᠤᠭ ᠤᠨ ᠠᠷᠪᠢᠨ ᠳᠠᠭᠠᠨ ᠨᠢᠭᠡ ᠯᠡ ᠭᠠᠵᠠᠷ ᠲᠤ ᠭᠦᠶᠦᠬᠦ︾ ᠶᠢ ᠪᠡᠶᠡᠯᠡᠭᠦᠯᠦᠨ᠎ᠡ᠃ | ᠬᠤᠶᠠᠷ᠂ ᠶᠡᠷᠦᠩᠬᠡᠶᠢᠯᠡᠨ ᠵᠠᠰᠠᠬᠤ ᠲᠥᠪ ᠤᠨ ᠬᠦᠯᠢᠶᠡᠨ ᠠᠪᠴᠤ ᠰᠢᠢᠳᠪᠦᠷᠢᠯᠡᠬᠦ ᠵᠦᠢᠯᠡᠰ ᠤᠨ ᠬᠡᠪᠴᠢᠶ᠎ᠡ | 1. ᠵᠠᠬᠢᠳᠠᠯ ᠰᠤᠷᠪᠤᠯᠵᠢᠯᠠᠯ ᠤᠨ ᠵᠦᠢᠯ ᠢ ᠬᠦᠯᠢᠶᠡᠨ ᠠᠪᠴᠤ ᠰᠢᠢᠳᠪᠦᠷᠢᠯᠡᠨ᠎ᠡ᠃ ᠣᠯᠠᠨ ᠲᠦᠮᠡᠨ ᠤ ᠵᠠᠬᠢᠳᠠᠯ | ᠰᠤᠷᠪᠤᠯᠵᠢᠯᠠᠯ ᠤᠨ ᠭᠤᠮᠣᠳᠠᠯ ᠱᠠᠭᠠᠷᠳᠠᠯᠭ᠎ᠠ ᠶᠢ ᠬᠠᠤᠯᠢ ᠶᠣᠰᠣᠭᠠᠷ ᠬᠦᠯᠢᠶᠡᠨ ᠠᠪᠴᠤ ᠰᠢᠢᠳᠪᠦᠷᠢᠯᠡᠨ᠂ ᠵᠠᠬᠢᠳᠠᠯ | ᠰᠤᠷᠪᠤᠯᠵᠢᠯᠠᠯ ᠤᠨ ᠣᠷᠣᠯᠠᠨ ᠭᠦᠢᠴᠡᠳᠬᠡᠬᠦ ᠦᠢᠯᠡᠴᠢᠯᠡᠭᠡ ᠬᠠᠩᠭᠠᠵᠤ᠂ ᠤᠯᠠᠨ ᠲᠦᠮᠡᠨ ᠢ ᠬᠠᠪᠰᠤᠷᠤᠨ ᠬᠠᠤᠯᠢ ᠲᠣᠭᠲᠠᠭᠠᠯ | ᠶᠣᠰᠣᠭᠠᠷ ᠠᠰᠠᠭᠤᠳᠠᠯ ᠢ ᠰᠢᠢᠳᠪᠦᠷᠢᠯᠡᠬᠦ ᠬᠡᠷᠡᠭᠲᠡᠢ᠃ | 2. ᠵᠥᠷᠢᠴᠡᠯ ᠵᠢᠭᠤᠷᠠᠯᠳᠤᠭᠠᠨ ᠢ ᠠᠷᠢᠯᠭᠠᠬᠤ ᠬᠡᠷᠡᠭᠲᠡᠶ᠃ ᠬᠥᠷᠰᠢ ᠵᠡᠷᠭᠡᠯᠡᠳᠡᠭᠡ ᠶᠢᠨ ᠵᠢᠭᠤᠷᠠᠯᠳᠤᠭᠠᠨ᠂ ᠤᠷᠤᠭ | ᠭᠡᠷ ᠪᠦᠯᠢ ᠶᠢᠨ ᠵᠥᠷᠢᠴᠡᠯ᠂ ᠭᠠᠵᠠᠷ ᠰᠢᠷᠣᠶ ᠶᠢᠨ ᠵᠢᠭᠤᠷᠠᠯᠳᠤᠭᠠᠨ ᠵᠡᠷᠭᠡ ᠡᠯ᠎ᠡ ᠲᠥᠷᠥᠯ ᠤᠨ ᠵᠢᠭᠤᠷᠠᠯᠳᠤᠭᠠᠨ ᠢ ᠭᠥᠯᠢᠶᠡᠨ | ᠠᠪᠴᠤ ᠰᠢᠢᠳᠪᠦᠷᠢᠯᠡᠨ᠎ᠡ᠃ | 3. ᠶᠡᠷᠦᠩᠬᠡᠶᠢᠯᠡᠨ ᠵᠠᠰᠠᠬᠤ ᠪᠤᠰᠤᠳ ᠲᠥᠪ ᠤᠨ ᠡᠭᠦᠷᠭᠡ ᠬᠠᠷᠢᠭᠤᠴᠠᠯᠭ᠎ᠠ ᠶᠢᠨ ᠬᠡᠪᠴᠢᠶᠡᠨ ᠳᠣᠲᠣᠷᠠᠬᠢ | ᠭᠦᠢᠴᠡᠳᠬᠡᠬᠦ ᠵᠦᠢᠯ ᠤᠳ᠃ ᠪᠣᠳᠠᠲᠠᠶ ᠠᠵᠢᠯᠯᠠᠭᠠᠨ ᠤ ᠳᠤᠮᠳᠠ᠂ ᠣᠯᠠᠨ ᠲᠦᠮᠡᠨ ᠵᠥᠷᠢᠴᠡᠯ ᠵᠢᠭᠤᠷᠠᠯᠳᠤᠭᠠᠨ ᠤ ᠤᠴᠢᠷ | ᠶᠠᠪᠤᠳᠠᠯ ᠳᠤ ᠲᠤᠯᠭᠠᠷᠠᠭᠰᠠᠨ ᠤ ᠳᠠᠷᠠᠭ᠎ᠠ᠂ ᠰᠢᠭᠤᠳ ᠳ᠋ᠠ ᠲᠦᠩ ᠶᠣᠣ ᠰᠢᠶᠠᠩ ᠤᠨ ᠶᠡᠷᠦᠩᠬᠡᠶᠢᠯᠡᠨ ᠵᠠᠰᠠᠬᠤ ᠲᠥᠪ ᠲᠤ | ᠬᠦᠷᠴᠦ ᠳᠡᠩᠰᠡᠯᠡᠨ ᠲᠡᠮᠳᠡᠭᠯᠡᠭᠦᠯᠵᠦ ᠪᠣᠯᠤᠨ᠎ᠠ᠂ ᠳ᠋ᠠ ᠲᠦᠩ ᠶᠣᠣ ᠰᠢᠶᠠᠩ ᠤᠨ ᠶᠡᠷᠦᠩᠬᠡᠶᠢᠯᠡᠨ ᠵᠠᠰᠠᠬᠤ ᠲᠥᠪ ᠠᠴᠠ | ᠬᠠᠮᠢᠶ᠎ᠠ ᠪᠥᠬᠦᠶ ᠡᠭᠦᠷᠭᠡ ᠴᠢᠳᠠᠪᠤᠷᠢᠲᠤ ᠰᠠᠯᠠᠭ᠎ᠠ ᠮᠥᠴᠢᠷ᠂ ᠠᠷᠠᠳ ᠤᠨ ᠡᠶᠡᠳᠡᠭᠦᠯᠬᠦ ᠬᠦᠴᠦᠨ᠂ ᠠᠵᠢᠯ ᠲᠥᠷᠥᠯ ᠤᠨ | ᠡᠶᠡᠳᠡᠭᠦᠯᠬᠦ ᠬᠦᠴᠦᠨ ᠢ ᠵᠣᠬᠢᠴᠠᠭᠤᠯᠤᠨ ᠡᠶᠡᠳᠡᠭᠦᠯᠬᠦ ᠪᠣᠯᠤᠨ᠎ᠠ᠃ ᠶᠡᠷᠦᠩᠬᠡᠶᠢᠯᠡᠨ ᠵᠠᠰᠠᠬᠤ ᠲᠥᠪ ᠤᠨ ᠡᠭᠦᠷᠭᠡ | ᠬᠠᠷᠢᠭᠤᠴᠠᠯᠭ᠎ᠠ ᠶᠢᠨ ᠬᠡᠪᠴᠢᠶ᠎ᠡ ᠠᠴᠠ ᠭᠠᠳᠠᠨᠠᠬᠢ ᠵᠦᠢᠯᠡᠰ ᠢ ᠬᠠᠤᠯᠢ ᠶᠣᠰᠣᠭᠠᠷ ᠡᠷᠭᠢᠯᠳᠦᠭᠦᠯᠬᠦ ᠪᠤᠶᠤ ᠮᠡᠳᠡᠭᠦᠯᠦᠨ᠎ᠡ᠃ | ᠭᠤᠷᠪᠠ᠂ ᠶᠡᠷᠦᠩᠬᠡᠢᠯᠡᠨ ᠵᠠᠰᠠᠬᠤ ᠲᠥᠪ ᠤᠨ ᠬᠠᠶᠢᠭ ᠵᠢᠴᠢ ᠬᠠᠷᠢᠯᠴᠠᠬᠤ ᠠᠷᠭ᠎ᠠ ᠮᠠᠶᠢᠭ | 1. ᠠᠵᠢᠯᠯᠠᠬᠤ ᠭᠠᠵᠠᠷ᠄ ᠳ᠋ᠠ ᠲᠦᠩ ᠶᠣᠣ ᠰᠢᠶᠠᠩ ᠤᠨ ᠠᠷᠠᠳ ᠤᠨ ᠵᠠᠰᠠᠭ ᠤᠨ ᠣᠷᠳᠣᠨ ᠤ ᠡᠮᠨᠡᠯᠭᠡ ᠶᠢᠨ | ᠬᠤᠷᠢᠶ᠎ᠠ | 2. ᠠᠯᠪᠠᠯᠠᠬᠤ ᠴᠠᠭ᠄ ᠭᠠᠷᠠᠭ ᠤᠨ ᠨᠢᠭᠡᠨ ᠠᠴᠠ ᠭᠠᠷᠠᠭ ᠤᠨ ᠲᠠᠪᠤᠨ ᠤ 9᠄ 00-12᠄ 00᠂ 14᠄ | 30-18᠄ 00 ︵ᠤᠯᠤᠰ ᠤᠨ ᠬᠠᠤᠯᠢ ᠪᠠᠷ ᠲᠤᠭᠲᠠᠭᠠᠭᠰᠠᠨ ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠢ ᠨᠢᠭᠡᠳᠦᠯᠲᠡᠢ | ᠲᠤᠬᠢᠷᠠᠭᠤᠯᠵᠤ ᠬᠡᠷᠡᠭᠵᠢᠭᠦᠯᠦᠨ᠎ᠡ︶ | 3. ᠬᠠᠷᠢᠯᠴᠠᠬᠤ ᠤᠲᠠᠰᠤ᠄ 0474 - 7545003 | ᠵᠤᠬᠢᠶᠠᠭᠴᠢ᠄ ᠰᠢᠩ ᠾᠧ ᠰᠢᠶᠠᠨ ᠤ ᠵᠠᠰᠠᠭ ᠤᠨ ᠤᠷᠳᠤᠨ | ᠤᠷᠴᠢᠭᠤᠯᠤᠭᠴᠢ᠄ ᠮᠥᠩᠭᠦᠨᠰᠤᠶᠢᠬᠡ | ᠬᠢᠨᠠᠨ ᠬᠠᠷᠭᠤᠭᠤᠯᠤᠭᠴᠢ᠄ ᠮᠥᠩᠭᠦᠨᠰᠤᠶᠢᠬᠡ |